《 ᠬᠣᠶᠠᠷ ᠬᠠᠯᠬᠠᠪᠴᠢ》《 ᠬᠣᠶᠠᠷ ᠰᠠᠭᠤᠷᠢᠨ》《 ᠨᠢᠭᠡ ᠪᠡᠬᠢᠯᠡᠯᠲᠡ》᠎ᠶ᠋ᠢ ᠯᠠᠪᠳᠠᠭᠤᠨ ᠪᠠᠲᠤᠲᠠᠢ ᠠᠬᠢᠭᠤᠯᠤᠶ᠎ᠠ   -   ᠪᠠᠶ᠋ᠢᠷᠢᠯᠠᠭᠤᠯᠤᠯᠲᠠ ᠨᠠᠶ᠋ᠢᠳᠠᠪᠤᠷᠢᠵᠢᠭᠤᠯᠤᠯᠲᠠ
ᠰᠢᠨ᠎ᠡ ᠡᠨᠧᠷᠭᠢ ᠪᠡᠷ ᠭᠡᠷᠡᠯᠳᠦᠭᠦᠯᠦᠭᠰᠡᠨ ᠤᠷᠤᠭᠰᠢᠯᠠᠯᠲᠠ ᠵᠢᠨ ᠵᠠᠮ᠄  ᠬᠡᠯᠬᠢᠶᠡᠵᠢᠯ᠎ᠤᠨ ᠪᠣᠭᠣᠮᠲᠠ ᠰᠢᠪᠲᠤᠯᠤᠯᠲᠠ ᠪᠠᠷ ᠠᠵᠠ ᠲᠤᠭᠢᠶᠠᠯ᠎ᠢ ᠵᠠᠪᠳᠤᠨ ᠡᠵᠡᠮᠳᠡᠨ᠎ᠡ —  ᠪᠦᠭᠦ ᠠᠵᠤ ᠦᠢᠯᠡᠰ᠎ᠦᠨ ᠬᠡᠯᠬᠢᠶᠡᠵᠢᠯ᠎ᠤᠨ ᠴᠣᠭᠴᠠᠯᠠᠯᠲᠠ ᠡᠴᠡ ᠥᠪᠥᠷ ᠮᠣᠩᠭᠣᠯ᠎ᠤᠨ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠢᠷᠡᠭᠡᠳᠦᠢ᠎ᠶᠢ ᠬᠠᠷᠠᠬᠤᠢ
ᠨᠡᠶ᠋ᠢᠲᠡᠯᠡᠭᠰᠡᠨ ᠴᠠᠭ᠄ 2025-08-12

8 ᠰᠠᠷ᠎ᠠ᠎ᠳᠤ᠂ ᠤᠮᠠᠷᠠᠲᠤ ᠬᠢᠯᠢ᠎ᠶᠢᠨ ᠡᠬᠡ ᠭᠠᠵᠠᠷ᠎ᠲᠤ ᠥᠩᠭᠡ ᠦᠵᠡᠮᠵᠢ ᠢᠯᠭᠠᠷᠠᠵᠤ᠂ ᠡᠷᠡᠮᠡᠬᠡᠢᠯᠡᠨ ᠤᠷᠤᠭᠰᠢᠯᠠᠬᠤ ᠠᠯᠬᠤᠭ᠎ᠠ ᠡᠷᠴᠢ ᠬᠦᠴᠦᠨ ᠵᠢᠠᠷ ᠪᠠᠳᠠᠷᠠᠨ᠎ᠠ᠃

ᠬᠠᠢ᠎ᠲᠠᠢ ᠰᠢᠨ᠎ᠡ ᠡᠨᠧᠷᠭᠢ (ᠰᠢᠯᠢ᠎ᠶᠢᠨ ᠭᠣᠣᠯ)᠎ᠶ᠋ᠢᠨ ᠬᠢᠵᠠᠭᠠᠷᠲᠤ ᠺᠤᠮᠫᠠᠨᠢ᠎ᠶᠢᠨ ᠦᠢᠯᠡᠳᠪᠦᠷᠢᠯᠡᠯ᠎ᠦᠨ ᠲᠠᠰᠤᠭ᠎ᠲᠤ᠂ ᠦᠢᠯᠡᠳᠪᠦᠷᠢᠯᠡᠯ᠎ᠦᠨ ᠱᠤᠭᠤᠮ ᠳᠡᠭᠡᠷ᠎ᠡ ᠤᠯᠠᠨ᠎ᠢᠶᠡᠷ᠎ᠢᠶᠡᠨ ᠶᠠᠭᠠᠷᠠᠯᠲᠠᠢ ᠠᠵᠢᠯᠯᠠᠵᠤ᠂ ᠠᠵᠢᠯᠴᠢᠳ ᠶᠠᠭ ᠡᠷᠴᠢ ᠵᠣᠷᠢᠭ᠋᠎ᠢᠶᠠᠨ ᠬᠥᠪᠴᠢᠯᠡᠨ ᠭᠡᠷᠡᠯᠴᠢ ᠴᠡᠨᠡᠭ᠎ᠤᠨ ᠲᠣᠨᠣᠭᠯᠠᠯ ᠦᠢᠯᠡᠳᠪᠦᠷᠢᠯᠡᠵᠦ ᠪᠠᠢᠯ᠎ᠠ᠃ ᠨᠢᠳᠤᠨᠤᠨ᠎ᠤ 12 ᠰᠠᠷ᠎ᠠ᠎ᠶᠢᠨ ᠳᠤᠮᠳᠠᠴᠢ᠎ᠪᠠᠷ᠂ ᠬᠠᠢ ᠲᠠᠢ ᠰᠢᠨ᠎ᠡ ᠡᠨᠧᠷᠭᠢ᠎ᠶᠢᠨ ᠲᠦᠷᠦᠭᠦᠤ ᠪᠦᠯᠦᠭ᠎ᠤᠨ 1GW ᠭᠡᠷᠡᠯᠴᠢ ᠴᠡᠨᠡᠭ᠎ᠦᠨ ᠲᠣᠨᠣᠭᠯᠠᠯ᠎ᠤᠨ ᠦᠢᠯᠡᠳᠬᠦᠨ᠎ᠢ ᠵᠢᠩᠬᠢᠨᠢ᠎ᠪᠡᠷ ᠵᠠᠬ᠎ᠠ ᠳᠡᠯᠭᠡᠭᠦᠷ᠎ᠲᠤ ᠭᠠᠷᠭᠠᠵᠤ᠂ ᠰᠢᠯᠢ᠎ᠶᠢᠨ ᠭᠣᠣᠯ ᠠᠢᠮᠠᠭ᠎ᠤᠨ ᠭᠡᠷᠡᠯᠴᠢ ᠴᠡᠨᠡᠭ᠎ᠦᠨ ᠲᠣᠨᠣᠭᠯᠠᠯ᠎ᠤᠨ ᠬᠡᠯᠬᠢᠶ᠎ᠡ᠎ᠶᠢ ᠳᠠᠭᠢᠨ ᠤᠷᠲᠤᠳᠬᠠᠵᠤ᠂ ᠲᠣᠰ ᠠᠢᠮᠠᠭ᠎ᠤᠨ ᠭᠡᠷᠡᠯᠴᠢ ᠴᠡᠨᠡᠭ᠎ᠦᠨ ᠲᠣᠨᠣᠭᠯᠠᠯ ᠦᠢᠯᠡᠳᠬᠦ ᠬᠣᠭᠣᠰᠤᠨ᠎ᠢ ᠨᠥᠬᠥᠪᠦᠷᠢᠯᠡᠪᠡ᠃ ᠲᠠᠨᠢᠯᠴᠠᠭᠤᠯᠤᠭᠰᠠᠨ᠎ᠢᠶᠠᠷ᠂ ᠲᠣᠰ ᠲᠥᠷᠥᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ ᠨᠢ 1 ᠳ᠋ᠦᠩᠰᠢᠭᠤᠷ ᠲᠥᠭᠥᠷᠢᠭ ᠪᠠᠢᠵᠤ᠂ ᠠᠰᠢᠭ᠍ᠯᠠᠯᠲᠠ᠎ᠳᠤ ᠣᠷᠣᠭᠰᠠᠨ᠎ᠤ ᠳᠠᠷᠠᠭ᠎ᠠ ᠵᠢᠱ᠌ᠢᠯᠲᠡ᠎ᠪᠡᠷ ᠵᠢᠯ᠎ᠦᠨ ᠦᠢᠯᠡᠳᠬᠦᠨ᠎ᠦ ᠥᠷᠲᠡᠭ ᠨᠢ 7 ᠳ᠋ᠦᠩᠰᠢᠭᠤᠷ ᠲᠥᠭᠥᠷᠢᠭ᠎ᠲᠤ ᠬᠦᠷᠴᠦ᠂ 1500 ᠲᠦᠮᠡᠨ ᠲᠥᠭᠥᠷᠢᠭ᠎ᠤᠨ ᠭᠠᠢᠯᠢ᠎ᠶᠢᠨ ᠣᠷᠣᠯᠭ᠎ᠠ᠎ᠶᠢ ᠡᠭᠦᠳᠬᠦ ᠪᠣᠯᠣᠨ᠎ᠠ᠃

ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠬᠤ ᠬᠡᠯᠬᠢᠶ᠎ᠡ᠎ᠶᠢ ᠨᠥᠬᠥᠪᠦᠷᠢᠯᠡᠬᠦ ᠬᠡᠯᠬᠢᠶ᠎ᠡ᠎ᠶᠢ ᠬᠦᠴᠦᠷᠬᠡᠭᠵᠢᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠪᠡ᠃ 《ᠪᠦᠭᠦ ᠤᠯᠤᠰ᠎ᠲᠤ ᠬᠣᠪᠣᠷ ᠪᠠᠢᠳᠠᠭ ᠴᠢᠨᠠᠷ ᠰᠠᠢᠲᠠᠢ ᠰᠠᠯᠬᠢ ᠭᠡᠷᠡᠯ᠎ᠤᠨ ᠡᠬᠢ ᠪᠠᠶᠠᠯᠢᠭ᠋᠎ᠤᠨ ᠣᠷᠣᠨ》᠎ᠤ ᠳᠠᠪᠠᠭᠤᠯᠢᠭ᠋ ᠲᠠᠭᠠᠨ ᠲᠦᠰᠢᠭᠯᠡᠨ᠂ ᠰᠢᠯᠢ᠎ᠶᠢᠨ ᠭᠣᠣᠯ ᠠᠢᠮᠠᠭ 《ᠰᠢᠨ᠎ᠡ ᠡᠨᠧᠷᠭᠢ᠎ᠶᠢ ᠨᠡᠭᠡᠭᠡᠨ ᠬᠥᠭᠵᠢᠭᠦᠯᠬᠦ ᠪᠠ ᠲᠣᠨᠣᠭᠯᠠᠯ ᠦᠢᠯᠡᠳᠬᠦ᠎ᠶᠢ ᠵᠡᠷᠭᠡ᠎ᠪᠡᠷ ᠬᠥᠭᠵᠢᠭᠦᠯᠬᠦ》 ᠴᠢᠭᠯᠡᠯᠲᠡ᠎ᠶᠢ ᠲᠣᠭᠲᠠᠭᠠᠵᠤ᠂ ᠮᠢᠩ ᠶᠠᠩ ᠣᠶᠤᠨᠲᠤ᠂ ᠱᠠᠩᠬᠠᠢ᠎ᠶᠢᠨ ᠴᠠᠭᠢᠯᠭᠠᠨ ᠬᠡᠢ᠂ ᠬᠠᠢ ᠵᠤᠸᠠᠩ ᠰᠠᠯᠬᠢᠨ ᠬᠦᠴᠦᠨ᠎ᠦ ᠴᠠᠭᠢᠯᠭᠠᠨ᠂ ᠵᠢᠨ ᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠶᠤᠸᠠᠨ ᠵᠢᠩ ᠡᠨᠧᠷᠭᠢ ᠵᠡᠷᠭᠡ ᠨᠢᠭᠡ ᠪᠦᠯᠦᠭ ᠲᠣᠨᠣᠭᠯᠠᠯ ᠦᠢᠯᠡᠳᠬᠦ ᠳᠠᠭᠠᠭᠤᠯᠤᠭ᠍ᠴᠢ ᠠᠵᠤ ᠠᠬᠤᠢᠯᠠᠯ᠎ᠢ ᠲᠡᠳᠡᠨ ᠠᠪᠴᠢᠷᠠᠵᠤ ᠪᠡᠯᠡ ᠣᠷᠣᠭᠤᠯᠤᠨ ᠠᠵᠤ ᠦᠢᠯᠡᠰ᠎ᠢ ᠬᠥᠭᠵᠢᠭᠦᠯᠵᠦ᠂ ᠪᠦᠭᠦ ᠠᠵᠤ ᠦᠢᠯᠡᠰ᠎ᠦᠨ ᠬᠡᠯᠬᠢᠶ᠎ᠡ᠎ᠶᠢᠨ ᠢᠵᠢ ᠪᠦᠷᠢᠳᠦᠭᠦᠯᠬᠦ ᠴᠢᠳᠠᠪᠤᠷᠢ ᠪᠦᠭᠦ ᠣᠷᠣᠨ᠎ᠤ ᠡᠮᠦᠨ᠎ᠡ ᠡᠩᠨᠡᠭᠡᠨ᠎ᠳᠦ ᠣᠷᠣᠪᠠ᠃

ᠪᠦᠭᠦ ᠬᠡᠯᠬᠢᠶ᠎ᠡ᠎ᠶᠢᠨ ᠠᠵᠤ ᠦᠢᠯᠡᠰ᠎ᠢᠶᠡᠷ ᠬᠤᠪᠢᠷᠠᠯᠲᠠ᠎ᠶᠢ ᠰᠦᠪᠡᠭᠴᠢᠯᠡᠵᠦ᠂ ᠬᠦᠴᠦᠷᠬᠡᠭᠵᠢᠬᠦ᠎ᠪᠡᠷ ᠴᠢᠷᠮᠠᠢᠪᠠ᠃ ᠰᠢᠯᠢ᠎ᠶᠢᠨ ᠭᠣᠣᠯ ᠠᠢᠮᠠᠭ᠎ᠤᠨ ᠬᠠᠢᠨ ᠰᠦᠪᠡᠭᠴᠢᠯᠡᠯᠲᠡ ᠨᠢ ᠥᠪᠥᠷ ᠮᠣᠩᠭᠣᠯ᠎ᠤᠨ ᠬᠡᠯᠬᠢᠶᠡᠲᠦ ᠰᠡᠳᠬᠢᠬᠦᠢ᠎ᠪᠡᠷ ᠰᠢᠨ᠎ᠡ ᠡᠨᠧᠷᠭᠢ᠎ᠶᠢ ᠬᠥᠭᠵᠢᠭᠦᠯᠦᠭᠰᠡᠨ ᠠᠮᠢᠳᠤᠯᠢᠭ᠋ ᠵᠢᠷᠤᠭᠯᠠᠯ ᠪᠣᠯᠵᠤ ᠲᠣᠳᠣᠷᠠᠭᠰᠠᠨ ᠪᠠᠢᠨ᠎ᠠ᠃

ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ ᠨᠢᠭᠡ ᠲᠠᠯ᠎ᠠ᠎ᠪᠠᠷ ᠰᠢᠨ᠎ᠡ ᠡᠨᠧᠷᠭᠢ᠎ᠶᠢ ᠨᠡᠭᠡᠭᠡᠨ ᠬᠥᠭᠵᠢᠭᠦᠯᠬᠦ᠎ᠶᠢ ᠠᠳᠬᠤᠵᠤ᠂ ᠨᠥᠭᠦᠭᠡ ᠲᠠᠯ᠎ᠠ᠎ᠪᠠᠷ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠦᠢᠯᠡᠰ᠎ᠢ ᠠᠳᠬᠤᠵᠤ᠂ ᠪᠦᠭᠦ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ᠎ᠶᠢᠨ ᠰᠡᠳᠬᠢᠬᠦᠢ᠎ᠪᠡᠷ ᠰᠢᠨ᠎ᠡ ᠡᠨᠧᠷᠭᠢ᠎ᠶᠢ ᠨᠡᠭᠡᠭᠡᠨ ᠠᠰᠢᠭ᠍ᠯᠠᠬᠤ ᠪᠠ ᠲᠣᠨᠣᠭᠯᠠᠯ ᠦᠢᠯᠡᠳᠬᠦ ᠠᠵᠤ ᠦᠢᠯᠡᠰ᠎ᠦᠨ ᠬᠥᠭᠵᠢᠯᠲᠡ᠎ᠶᠢ ᠬᠠᠮᠵᠢᠯᠴᠠᠨ ᠠᠬᠢᠭᠤᠯᠵᠤ᠂ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠠᠵᠤ ᠦᠢᠯᠡᠰ ᠨᠢ ᠨᠢᠭᠡᠨᠲᠡ ᠥᠪᠥᠷ ᠮᠣᠩᠭᠣᠯ᠎ᠤᠨ ᠠᠵᠤ ᠠᠬᠤᠢ᠎ᠶᠢᠨ ᠨᠡᠮᠡᠭᠳᠡᠯ᠎ᠦᠨ ᠴᠢᠬᠤᠯᠠ ᠬᠥᠳᠡᠯᠭᠡᠭᠦᠷ ᠪᠣᠯᠤᠭᠰᠠᠨ ᠪᠠᠢᠨ᠎ᠠ᠃

ᠪᠤᠭᠤᠲᠤ ᠬᠣᠲᠠ᠎ᠶᠢᠨ ᠰᠢᠭᠤᠢᠲᠤ ᠲᠣᠭᠣᠷᠢᠭ᠋᠂ ᠮᠢᠩ ᠶᠠᠩ ᠰᠢᠨ᠎ᠡ ᠡᠨᠧᠷᠭᠢ᠎ᠶᠢᠨ ᠣᠶᠤᠨᠲᠤ ᠦᠢᠯᠡᠳᠬᠦ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠎ᠲᠤ᠂ ᠰᠠᠶᠢᠬᠠᠨ ᠦᠢᠯᠡᠳᠪᠦᠷᠢᠯᠡᠯ᠎ᠦᠨ ᠱᠤᠭᠤᠮ᠎ᠠᠴᠠ 《ᠭᠠᠷᠤᠭᠰᠠᠨ》 ᠵᠠᠭᠤᠨ ᠮᠧᠲᠷ ᠣᠷᠳᠣ᠌ ᠰᠠᠯᠬᠢᠨ ᠬᠦᠴᠦᠨ᠎ᠤ ᠮᠠᠰᠢᠨ᠎ᠤ ᠨᠠᠪᠴᠢᠨ ᠢᠯᠲᠠᠰᠤ᠎ᠶᠢ ᠳᠠᠷᠠᠭᠠᠯᠠᠨ ᠵᠢᠭ᠍ᠰᠠᠭᠠᠵᠤ᠂ ᠠᠰᠢᠭ᠍ᠯᠠᠯᠲᠠ᠎ᠳᠤ ᠤᠷᠤᠭᠤᠯᠬᠤ ᠪᠡᠷ ᠪᠡᠯᠡᠬᠡᠨ ᠪᠣᠯᠭᠠᠪᠠ᠃ ᠨᠥᠭᠦᠭᠡ ᠲᠠᠯ᠎ᠠ᠎ᠶᠢᠨ ᠭᠣᠣᠯ ᠮᠠᠰᠢᠨ ᠦᠢᠯᠡᠳᠪᠦᠷᠢᠯᠡᠬᠦ ᠲᠠᠰᠤᠭ᠎ᠲᠤ ᠠᠵᠢᠯᠴᠢᠳ ᠰᠠᠯᠬᠢᠨ ᠬᠦᠴᠦᠨ᠎ᠤ ᠮᠠᠰᠢᠨ᠎ᠤ ᠭᠣᠣᠯ ᠮᠠᠰᠢᠨ ᠲᠥᠬᠦᠭᠡᠷᠦᠮᠵᠢ᠎ᠶᠢ ᠡᠮᠬᠢ ᠴᠡᠭᠴᠡ ᠲᠡᠶ᠎ᠪᠡᠷ ᠤᠭᠰᠠᠷᠠᠵᠤ ᠪᠠᠢᠯ᠎ᠠ᠃

ᠨᠢᠳᠤᠨᠤᠨ᠎ᠤ 5 ᠰᠠᠷ᠎ᠠ᠎ᠳᠤ᠂ ᠮᠢᠩ ᠶᠠᠩ ᠪᠦᠯᠦᠭᠯᠡᠯ ᠪᠣᠯᠣᠨ ᠪᠤᠭᠤᠲᠤ ᠬᠣᠲᠠ᠎ᠶᠢᠨ ᠵᠠᠰᠠᠭ᠎ᠤᠨ ᠣᠷᠳᠣᠨ ᠬᠠᠭᠤᠷᠠᠢ ᠳᠡᠭᠡᠷᠡᠬᠢ ᠲᠣᠨᠣᠭᠯᠠᠯ᠎ᠤᠨ ᠠᠵᠤ ᠦᠢᠯᠡᠰ᠎ᠦᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠶᠢᠨ ᠬᠠᠮᠲᠤᠷᠠᠯᠴᠠᠭᠠᠨ᠎ᠤ ᠵᠥᠪᠯᠡᠯᠴᠡᠭᠡᠷ ᠲᠣᠭᠲᠠᠵᠤ᠂ 3 ᠵᠢᠯ᠎ᠦᠨ ᠬᠤᠭᠤᠴᠠᠭᠠᠨ᠎ᠳᠤ 500 ᠳ᠋ᠦᠩᠰᠢᠭᠤᠷ ᠲᠥᠭᠥᠷᠢᠭ᠎ᠦᠨ ᠦᠢᠯᠡᠳᠬᠦᠨ᠎ᠦ ᠥᠷᠲᠡᠭ ᠪᠦᠬᠦᠢ ᠠᠵᠤ ᠦᠢᠯᠡᠰ᠎ᠦᠨ ᠪᠦᠯᠦᠭᠵᠢᠯ᠎ᠢ ᠪᠦᠲᠦᠭᠡᠨ ᠪᠠᠢᠭᠤᠯᠵᠤ᠂ ᠪᠤᠭᠤᠲᠤ᠎ᠶᠢᠨ ᠮᠢᠩᠭᠠᠨ ᠳ᠋ᠦᠩᠰᠢᠭᠤᠷ ᠲᠠᠰ᠎ᠤᠨ ᠰᠢᠨ᠎ᠡ ᠡᠨᠧᠷᠭᠢ᠎ᠶᠢᠨ ᠳᠡᠭᠡᠳᠦ ᠲᠠᠰ᠎ᠤᠨ ᠲᠣᠨᠣᠭᠯᠠᠯ᠎ᠤᠨ ᠠᠵᠤ ᠦᠢᠯᠡᠰ᠎ᠦᠨ ᠪᠦᠯᠦᠭᠵᠢᠯ᠎ᠢ ᠴᠣᠭᠴᠠᠯᠠᠬᠤ᠎ᠳᠤ ᠬᠦᠴᠦᠨ ᠨᠡᠮᠡᠷᠢᠯᠡᠬᠦ᠎ᠪᠡᠷ ᠲᠥᠯᠥᠪᠯᠡᠵᠦ ᠡᠬᠢᠯᠡᠪᠡ᠃ ᠪᠤᠭᠤᠲᠤ ᠬᠣᠲᠠ᠎ᠳᠤ ᠨᠤᠲᠤᠭᠰᠢᠭ᠍ᠰᠠᠨ᠎ᠠᠴᠠ ᠨᠠᠭᠠᠰᠢ᠂ ᠮᠢᠩ ᠶᠠᠩ ᠪᠦᠯᠦᠭᠯᠡᠯ ᠠᠵᠤ ᠦᠢᠯᠡᠰ᠎ᠦᠨ ᠬᠡᠯᠬᠢᠶ᠎ᠡ᠎ᠶᠢᠨ ᠳᠡᠭᠡᠷ᠎ᠡ ᠳᠣᠣᠷ᠎ᠠ ᠤᠷᠤᠰᠬᠠᠯ᠂ ᠵᠡᠭᠦᠨ ᠪᠠᠷᠠᠭᠤᠨ ᠲᠠᠯ᠎ᠠ᠎ᠶᠢᠨ ᠠᠵᠤ ᠠᠬᠤᠢᠯᠠᠯ᠎ᠤᠨ ᠬᠠᠮᠵᠢᠯᠴᠠᠨ ᠬᠥᠭᠵᠢᠬᠦ᠎ᠶᠢ ᠢᠳᠡᠪᠬᠢᠲᠡᠢ ᠳᠠᠢᠴᠢᠯᠠᠵᠤ᠂ ᠨᠡᠢᠲᠡ 21 ᠬᠠᠷᠢᠶ᠎ᠠ ᠣᠷᠣᠨ᠎ᠢᠶᠠᠷ ᠪᠣᠢᠵᠢᠭᠤᠯᠬᠤ ᠠᠵᠤ ᠠᠬᠤᠢᠯᠠᠯ᠎ᠢ ᠬᠥᠭᠵᠢᠭᠦᠯᠬᠦ᠎ᠶᠢ ᠪᠡᠶᠡᠯᠡᠭᠦᠯᠵᠦ᠂ ᠭᠠᠳᠠᠨ᠎ᠠ᠎ᠠᠴᠠ 9 ᠠᠵᠤ ᠠᠬᠤᠢᠯᠠᠯ᠎ᠢ ᠣᠷᠣᠭᠤᠯᠤᠨ ᠠᠪᠴᠢᠷᠠᠵᠤ᠂ ᠰᠢᠨ᠎ᠡ᠎ᠶᠢ ᠡᠭᠦᠳᠴᠦ ᠰᠤᠳᠤᠯᠤᠨ ᠨᠡᠭᠡᠭᠡᠬᠦ᠎ᠪᠡᠷ ᠬᠥᠲᠥᠯᠥᠨ ᠳᠠᠭᠠᠭᠤᠯᠤᠭᠰᠠᠨ ᠠᠵᠤ ᠦᠢᠯᠡᠰ᠎ᠦᠨ ᠬᠡᠯᠬᠢᠶ᠎ᠡ᠎ᠶᠢᠨ ᠰᠢᠰᠲᠧᠮ᠎ᠢ ᠪᠠᠢᠭᠤᠯᠵᠤ᠂ ᠰᠠᠯᠬᠢᠨ ᠬᠦᠴᠦᠨ᠎ᠦ ᠴᠠᠭᠢᠯᠭᠠᠨ᠎ᠤ ᠪᠦᠬᠦᠯᠢ ᠮᠠᠰᠢᠨ ᠲᠤᠨᠤᠬ ᠤᠭᠰᠠᠷᠠᠬᠤ ᠵᠠᠩᠭᠢᠯᠠᠭ᠎ᠠ᠎ᠶᠢᠨ ᠭᠣᠣᠯ ᠲᠣᠨᠣᠭᠯᠠᠭᠠᠰᠤ᠎ᠶᠢ ᠬᠠᠷᠢᠶ᠎ᠠ ᠣᠷᠣᠨ᠎ᠳᠦ ᠦᠢᠯᠡᠳᠪᠦᠷᠢᠯᠡᠬᠦ᠎ᠶᠢ ᠠᠮᠵᠢᠯᠲᠠ᠎ᠲᠠᠢ ᠪᠡᠶᠡᠯᠡᠭᠦᠯᠪᠡ᠃

ᠲᠦᠩᠯᠢᠶᠣᠣ ᠬᠣᠲᠠ᠎ᠶᠢᠨ ᠬᠣᠷᠴᠢᠨ ᠲᠣᠭᠣᠷᠢᠭ᠋᠂ ᠥᠪᠥᠷ ᠮᠣᠩᠭᠣᠯ᠎ᠤᠨ ᠵᠡᠭᠦᠨ ᠬᠡᠰᠡᠭ (ᠲᠦᠩᠯᠢᠶᠣᠣ) ᠤ᠋ᠨ ᠳᠡᠭᠡᠳᠦ ᠲᠠᠰ᠎ᠤᠨ ᠬᠦᠨᠳᠦ ᠭᠡᠯᠪᠡᠷᠢ᠎ᠶᠢᠨ ᠰᠠᠭᠤᠷᠢ ᠲᠣᠨᠣᠭᠯᠠᠯ ᠦᠢᠯᠡᠳᠬᠦ ᠠᠵᠤ ᠦᠢᠯᠡᠰ᠎ᠦᠨ ᠰᠠᠭᠤᠷᠢᠨ᠎ᠳᠦ᠂ ᠥᠪᠥᠷ ᠮᠣᠩᠭᠣᠯ᠎ᠤᠨ ᠯᠦᠩ ᠮᠠ ᠬᠦᠨᠳᠦ ᠠᠵᠤ ᠦᠢᠯᠡᠳᠪᠦᠷᠢ᠎ᠶᠢᠨ ᠪᠦᠯᠦᠭᠯᠡᠯ᠎ᠦᠨ ᠬᠢᠵᠠᠭᠠᠷᠲᠤ ᠺᠤᠮᠫᠠᠨᠢ᠎ᠶᠢᠨ ᠡᠯ᠎ᠡ ᠦᠢᠯᠡᠳᠪᠦᠷᠢ᠎ᠶᠢᠨ ᠲᠠᠰᠤᠭ᠎ᠤᠨ ᠲᠤᠨᠤᠭ ᠭᠠᠩᠨᠠᠬᠤ ᠪᠠ ᠰᠠᠯᠬᠢᠨ ᠬᠦᠴᠦᠨ᠎ᠢᠶᠡᠷ ᠴᠠᠭᠢᠯᠭᠠᠨ ᠭᠠᠷᠭᠠᠬᠤ ᠮᠠᠰᠢᠨ᠎ᠤ ᠴᠢᠳᠬᠤᠮᠠᠯ ᠲᠣᠨᠣᠭ ᠦᠢᠯᠡᠳᠪᠦᠷᠢᠯᠡᠬᠦ ᠠᠵᠢᠯ ᠶᠠᠭ ᠡᠮᠬᠢ ᠵᠢᠷᠤᠮ᠎ᠲᠠᠢ᠎ᠪᠠᠷ ᠠᠬᠢᠵᠤ ᠪᠠᠢᠯ᠎ᠠ᠃

《ᠬᠡᠯᠬᠢᠶ᠎ᠡ᠎ᠶᠢᠨ ᠡᠵᠡᠨ》 ᠠᠵᠤ ᠠᠬᠤᠢᠯᠠᠯ ᠪᠣᠯᠤᠭᠰᠠᠨ᠎ᠤ ᠬᠤᠪᠢ᠎ᠳᠤ᠂ 2020 ᠣᠨ᠎ᠳᠤ ᠥᠪᠥᠷ ᠮᠣᠩᠭᠣᠯ᠎ᠤᠨ ᠵᠡᠭᠦᠨ ᠬᠡᠰᠡᠭ (ᠲᠦᠩᠯᠢᠶᠣᠣ)᠎ᠤᠨ ᠳᠡᠭᠡᠳᠦ ᠲᠠᠰ᠎ᠤᠨ ᠬᠦᠨᠳᠦ ᠭᠡᠯᠪᠡᠷᠢ᠎ᠶᠢᠨ ᠰᠠᠭᠤᠷᠢ ᠲᠣᠨᠣᠭᠯᠠᠯ ᠦᠢᠯᠡᠳᠬᠦ ᠠᠵᠤ ᠦᠢᠯᠡᠰ᠎ᠦᠨ ᠰᠠᠭᠤᠷᠢᠨ᠎ᠢ ᠡᠬᠢᠯᠡᠨ ᠪᠠᠢᠭᠤᠯᠤᠭᠰᠠᠨ᠎ᠠᠴᠠ ᠨᠠᠭᠠᠰᠢ᠂ ᠥᠪᠥᠷ ᠮᠣᠩᠭᠣᠯ᠎ᠤᠨ ᠯᠦᠩ ᠮᠠ ᠬᠦᠨᠳᠦ ᠠᠵᠤ ᠦᠢᠯᠡᠳᠪᠦᠷᠢ᠎ᠶᠢᠨ ᠪᠦᠯᠦᠭᠯᠡᠯ ᠨᠢᠭᠡᠨᠲᠡ ᠯᠦᠧᠧᠶᠠᠩ᠎ᠤᠨ ᠱᠤᠸᠠᠩ ᠷᠦᠢ᠂ ᠵᠢᠨ ᠹᠧᠩ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠂ ᠷᠦᠢ ᠰᠢᠶᠠᠩ ᠬᠦᠨᠳᠦ ᠠᠵᠤ ᠦᠢᠯᠡᠳᠪᠦᠷᠢ ᠵᠡᠷᠭᠡ ᠳᠡᠭᠡᠷ᠎ᠡ ᠳᠣᠣᠷ᠎ᠠ ᠤᠷᠤᠰᠬᠠᠯ᠎ᠤᠨ 10 ᠭᠠᠷᠤᠢ ᠰᠢᠯᠢᠳᠡᠭ ᠠᠵᠤ ᠠᠬᠤᠢᠯᠠᠯ᠎ᠢ ᠣᠷᠣᠭᠤᠯᠤᠨ ᠠᠪᠴᠢᠷᠠᠵᠤ᠂ ᠨᠢᠭᠡᠨ ᠵᠤᠷᠪᠤᠰ ᠰᠢᠯᠢᠳᠡᠭ᠎ᠢ ᠪᠣᠢᠵᠢᠭᠤᠯᠤᠨ ᠬᠦᠴᠦᠷᠬᠡᠭᠵᠢᠭᠦᠯᠦᠭᠰᠡᠨ ᠠᠵᠤ ᠦᠢᠯᠡᠰ᠎ᠦᠨ ᠬᠡᠯᠬᠢᠶ᠎ᠡ ᠶᠠᠭ ᠪᠦᠷᠢᠨᠰᠢᠵᠦ᠂ ᠲᠦᠩᠯᠢᠶᠣᠣ ᠬᠣᠲᠠ ᠪᠦᠭᠦ ᠤᠯᠤᠰ᠎ᠤᠨ ᠬᠠᠮᠤᠭ᠎ᠤᠨ ᠲᠣᠮᠣ᠌ ᠬᠠᠭᠤᠷᠠᠢ ᠳᠡᠭᠡᠷᠡᠬᠢ ᠰᠠᠯᠬᠢᠨ ᠬᠦᠴᠦᠨ᠎ᠦ ᠴᠠᠭᠢᠯᠭᠠᠨ᠎ᠤ ᠲᠣᠨᠣᠭᠯᠠᠯ ᠦᠢᠯᠡᠳᠬᠦ ᠰᠠᠭᠤᠷᠢᠨ᠎ᠢ ᠪᠠᠶ᠋ᠢᠭᠤᠯᠬᠤ᠎ᠳᠤ ᠪᠠᠲᠤ ᠪᠡᠬᠢ ᠰᠠᠭᠤᠷᠢ᠎ᠶᠢ ᠲᠠᠯᠪᠢᠵᠤ ᠥᠭᠴᠡᠢ᠃

ᠭᠦᠭᠡᠬᠣᠲᠠ᠂ ᠪᠤᠭᠤᠲᠤ᠂ ᠣᠷᠳᠣᠰ᠂ ᠲᠦᠩᠯᠢᠶᠣᠣ ᠵᠢᠨ 4 ᠰᠠᠭᠤᠷᠢᠨ ᠵᠢᠡᠷ ᠰᠠᠭᠤᠷᠢ ᠪᠤᠯᠭᠠᠵᠤ᠂ ᠰᠠᠯᠬᠢᠨ᠂ ᠭᠡᠷᠡᠯ᠂ ᠤᠰᠤᠲᠥ᠋ᠷᠥᠭᠴᠢ᠂ ᠨᠥᠭᠡᠴᠡ 4 ᠠᠵᠤ ᠦᠢᠯᠡᠰ᠎ᠦᠨ ᠬᠡᠯᠬᠢᠶ᠎ᠡ᠎ᠪᠡᠷ ᠭᠣᠣᠯᠳᠠᠯᠭ᠎ᠠ ᠪᠤᠯᠭᠠᠵᠤ᠂ ᠥᠪᠥᠷ ᠮᠣᠩᠭᠣᠯ ᠰᠠᠯᠬᠢᠨ ᠬᠦᠴᠦᠨ᠎ᠦ ᠴᠠᠭᠢᠯᠭᠠᠨ᠎ᠤ ᠪᠦᠬᠦᠯᠢ ᠮᠠᠰᠢᠨ ᠲᠤᠨᠤᠭ᠂ ᠭᠡᠷᠡᠯᠴᠢ ᠴᠡᠨᠡᠭ᠎ᠦᠨ ᠲᠣᠨᠣᠭᠯᠠᠯ᠂ ᠤᠰᠤᠲᠥ᠋ᠷᠥᠭᠴᠢ ᠡᠨᠧᠷᠭᠢ᠎ᠶᠢᠨ ᠲᠥᠬᠦᠭᠡᠷᠦᠮᠵᠢ᠂ ᠡᠨᠧᠷᠭᠢ ᠬᠠᠳᠠᠭᠠᠯᠠᠬᠤ ᠲᠣᠨᠣᠭᠯᠠᠯ ᠵᠡᠷᠭᠡ᠎ᠶᠢᠨ ᠲᠣᠭᠣᠷᠢᠨ᠎ᠳᠤ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠪᠦᠭᠦ ᠠᠵᠤ ᠦᠢᠯᠡᠰ᠎ᠦᠨ ᠬᠡᠯᠬᠢᠶ᠎ᠡ᠎ᠶᠢ ᠴᠣᠭᠴᠠᠯᠠᠵᠤ᠂ 《ᠬᠡᠯᠬᠢᠶᠡᠵᠢᠭᠰᠡᠨ ᠮᠠᠶᠢᠭ᠋》ᠤ᠋ᠨ ᠪᠣᠭᠣᠮᠲᠠ ᠰᠢᠪᠲᠤᠯᠤᠯᠲᠠ᠎ᠪᠠᠷ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢ ᠰᠢᠯᠢᠳᠡᠭᠵᠢᠭᠦᠯᠦᠨ ᠲᠠᠰ ᠳᠡᠪᠰᠢᠭᠦᠯᠬᠦ᠎ᠶᠢ ᠠᠬᠢᠭᠤᠯᠵᠠᠢ᠃

ᠡᠨᠡ ᠬᠦ᠌ ᠶᠠᠪᠤᠴᠠ᠎ᠳᠤ᠂ ᠥᠪᠥᠷ ᠮᠣᠩᠭᠣᠯ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠠᠪᠴᠢᠷᠠᠬᠤ 《ᠵᠠᠩᠭᠢᠯᠠᠭ᠎ᠠ᠎ᠶᠢᠨ ᠠᠷᠭ᠎ᠠ》 ᠶ᠋ᠢ ᠰᠠᠢᠲᠤᠷ ᠬᠡᠷᠡᠭᠯᠡᠵᠦ᠂ ᠲᠣᠮᠣ᠌ ᠠᠵᠤ ᠠᠬᠤᠢᠯᠠᠯ ᠪᠠ ᠲᠣᠯᠣᠭᠠᠢᠯᠠᠭ᠍ᠴᠢ ᠠᠵᠤ ᠠᠬᠤᠢᠯᠠᠯ᠎ᠢ ᠤᠷᠢᠬᠤ᠂ ᠰᠢᠨ᠎ᠡ ᠲᠦᠷᠦᠯ ᠵᠦᠢᠯ᠎ᠢ ᠣᠷᠣᠭᠤᠯᠤᠨ ᠠᠪᠴᠢᠷᠠᠵᠤ᠂ ᠰᠢᠯᠢᠳᠡᠭ ᠠᠵᠤ ᠠᠬᠤᠢᠯᠠᠯ᠎ᠢ ᠤᠷᠢᠬᠤ᠂ ᠠᠵᠤ ᠦᠢᠯᠡᠰ ᠤ᠋ᠨ ᠬᠡᠯᠬᠢᠶ᠎ᠡ ᠵᠢᠨ ᠳᠡᠭᠡᠷ᠎ᠡ ᠳᠣᠣᠷ᠎ᠠ ᠤᠷᠤᠰᠬᠠᠯ᠎ᠤᠨ ᠠᠵᠤ ᠠᠬᠤᠢᠯᠠᠯ᠎ᠢ ᠲᠠᠳᠠᠨ ᠠᠪᠴᠢᠷᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠪᠡ᠃

《ᠪᠢᠳᠡ ᠰᠠᠯᠬᠢ ᠭᠡᠷᠡᠯ ᠤᠰᠤᠲᠥ᠋ᠷᠥᠭᠴᠢ ᠨᠥᠭᠡᠴᠡ 4 ᠠᠵᠤ ᠦᠢᠯᠡᠰ᠎ᠦᠨ ᠬᠡᠯᠬᠢᠶ᠎ᠡ᠎ᠶᠢᠨ ᠲᠣᠭᠣᠷᠢᠨ᠎ᠳᠤ᠂ ᠠᠵᠤ ᠦᠢᠯᠡᠰ᠎ᠦᠨ ᠬᠡᠯᠬᠢᠶ᠎ᠡ᠎ᠶᠢᠨ ᠪᠦᠭᠦ ᠦᠵᠡᠮᠵᠢ᠎ᠶᠢᠨ ᠵᠢᠷᠤᠭ ᠪᠠ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠠᠯᠤᠰ᠎ᠤᠨ ᠵᠢᠷᠤᠭ᠎ᠢ ᠨᠠᠢᠷᠠᠭᠤᠯᠤᠨ ᠵᠣᠬᠢᠶᠠᠵᠤ᠂ ᠭᠣᠣᠯᠳᠠᠯᠭ᠎ᠠ᠎ᠲᠠᠢ ᠠᠢᠮᠠᠭ ᠬᠣᠲᠠ᠎ᠶᠢᠨ 〈ᠭᠠᠳᠠᠭ᠍ᠰᠢ ᠭᠠᠷᠬᠤ〉᠂〈ᠤᠷᠢᠨ ᠠᠪᠴᠢᠷᠠᠬᠤ〉 ᠶ᠋ᠢ ᠵᠣᠬᠢᠶᠠᠨ ᠪᠠᠢᠭᠤᠯᠵᠤ ᠪᠠᠢᠭᠠᠳ ᠲᠤᠢᠯ᠎ᠤᠨ ᠣᠨᠣᠪᠴᠢᠲᠠᠶ᠎ᠪᠠᠷ ᠠᠷᠠᠯᠵᠢᠶᠠᠴᠢᠨ ᠤᠷᠢᠵᠤ᠂ ᠬᠠᠮᠲᠤᠷᠠᠯᠴᠠᠵᠤ ᠬᠠᠮᠲᠤ᠎ᠪᠠᠷ ᠠᠰᠢᠭ᠋ ᠭᠦᠷᠳᠡᠭᠦ 〈ᠨᠠᠢᠵᠠ᠎ᠶᠢᠨ ᠲᠣᠭᠣᠷᠢᠭ᠋〉᠎ᠢ ᠦᠷᠭᠦᠯᠵᠢᠯᠡᠨ ᠥᠷᠭᠡᠳᠬᠡᠪᠡ》 ᠭᠡᠵᠦ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠢᠯᠡᠪᠡ᠃

ᠡᠨᠡ ᠵᠢᠯ᠎ᠦᠨ ᠡᠬᠢ᠎ᠪᠡᠷ᠂ ᠬᠢᠩᠭᠠᠨ ᠠᠢᠮᠠᠭ᠎ᠤᠨ ᠨᠠᠮ ᠵᠠᠰᠠᠭ᠎ᠤᠨ ᠰᠢᠨᠵᠢᠯᠡᠨ ᠪᠠᠢᠴᠠᠭᠠᠬᠤ ᠪᠦᠯᠭᠦᠮ ᠪᠡᠭᠡᠵᠢᠩ ᠬᠣᠲᠠ᠎ᠳᠤ ᠰᠢᠨᠵᠢᠯᠡᠨ ᠪᠠᠢᠴᠠᠭᠠᠵᠤ᠂ ᠤᠷᠢᠳ ᠬᠣᠵᠢᠳ ᠪᠡᠭᠡᠵᠢᠩ᠎ᠦᠨ ᠡᠨᠧᠷᠭᠢ᠎ᠶᠢᠨ ᠪᠦᠯᠦᠭᠯᠡᠯ᠂ ᠵᠢᠨ ᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠥᠩ ᠭᠤᠸᠠᠩ ᠾᠧ ᠵᠡᠷᠭᠡ ᠠᠵᠤ ᠠᠬᠤᠢᠯᠠᠯ᠎ᠲᠠᠢ ᠵᠣᠯᠭᠠᠯᠴᠠᠵᠤ᠂ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠵᠥᠪᠳᠡᠯᠴᠡᠨ᠂ ᠪᠡᠯᠡ ᠣᠷᠣᠭᠤᠯᠤᠯᠲᠠ᠎ᠶᠢ ᠥᠷᠭᠡᠳᠬᠡᠬᠦ᠎ᠪᠡᠷ ᠴᠢᠷᠮᠠᠢᠵᠤ᠂ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠵᠤ ᠬᠡᠯᠬᠢᠶ᠎ᠡ᠎ᠶᠢ ᠨᠥᠬᠥᠪᠦᠷᠢᠯᠡᠵᠦ ᠬᠡᠯᠬᠢᠶ᠎ᠡ᠎ᠶᠢ ᠴᠢᠩᠭᠠᠳᠬᠠᠬᠤ᠎ᠶᠢ ᠠᠬᠢᠭᠤᠯᠪᠠ᠃  

3 ᠰᠠᠷ᠎ᠠ᠎ᠶᠢᠨ ᠰᠡᠭᠦᠯᠴᠢ᠎ᠪᠡᠷ᠂ ᠣᠷᠳᠣᠰ᠎ᠤᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠬᠠᠮᠢᠶ᠎ᠠ ᠪᠦᠬᠦᠢ ᠰᠠᠯᠠᠭ᠎ᠠ ᠮᠥᠴᠢᠷ ᠠᠷᠠᠯᠵᠢᠶᠠᠴᠢᠨ ᠤᠷᠢᠬᠤ ᠳᠤᠭᠤᠢᠯᠠᠩ ᠪᠠᠢᠭᠤᠯᠤᠨ ᠪᠡᠭᠡᠵᠢᠩ ᠬᠣᠲᠠ᠎ᠳᠤ ᠬᠦᠷᠴᠦ ᠠᠷᠪᠠᠨ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠴᠡᠪᠡᠷ ᠡᠨᠧᠷᠭᠢ᠎ᠶᠢᠨ ᠦᠵᠡᠰᠭᠦᠯᠡᠩ ᠤ᠋ᠨ ᠴᠤᠭᠯᠠᠭᠠᠨ ᠳ᠋ᠸ᠋ ᠣᠷᠣᠯᠴᠠᠵᠠᠢ᠃ ᠬᠤᠷᠠᠯ ᠳᠡᠭᠡᠷ᠎ᠡ᠂ ᠠᠷᠠᠯᠵᠢᠶᠠᠴᠢᠨ ᠤᠷᠢᠬᠤ ᠳᠤᠭᠤᠢᠯᠠᠩ᠎ᠤᠨ ᠭᠢᠨ ᠦᠵᠡᠰᠭᠦᠯᠡᠩ ᠤ᠋ᠨ ᠴᠤᠭᠯᠠᠭᠠᠨ ᠳ᠋ᠸ᠋ ᠤᠷᠤᠯᠴᠠᠬ᠍ᠰᠠᠨ ᠠᠵᠤ ᠠᠬᠤᠢᠯᠠᠯ ᠲᠠᠢ ᠬᠠᠮᠲᠤᠷᠠᠯᠴᠠᠭ᠎ᠠ ᠵᠢᠨ ᠰᠠᠨᠠᠮᠵᠢ᠎ᠪᠠᠨ ᠰᠣᠯᠢᠯᠴᠠᠵᠤ᠂ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠠᠵᠤ ᠦᠢᠯᠡᠰ᠎ᠦᠨ ᠲᠥᠷᠥ᠎ᠶᠢᠨ ᠪᠣᠳᠣᠯᠭ᠎ᠠ᠂ ᠪᠡᠯᠡ ᠣᠷᠣᠭᠤᠯᠤᠯᠲᠠ᠎ᠶᠢᠨ ᠣᠷᠴᠢᠨ ᠲᠣᠭᠣᠷᠢᠨ ᠪᠠ ᠬᠥᠭᠵᠢᠯᠲᠡ᠎ᠶᠢᠨ ᠳᠠᠪᠠᠭᠤᠯᠢᠭ᠋᠎ᠢ ᠨᠠᠷᠢᠨ ᠲᠠᠨᠢᠯᠴᠠᠭᠤᠯᠵᠤ᠂ ᠤᠰᠤᠲᠥ᠋ᠷᠥᠭᠴᠢ ᠡᠨᠧᠷᠭᠢ ᠵᠢᠴᠢ ᠡᠨᠧᠷᠭᠢ ᠨᠥᠭᠡᠴᠡᠯᠡᠬᠦ ᠠᠵᠤ ᠦᠢᠯᠡᠰ᠎ᠦᠨ ᠲᠠᠯ᠎ᠠ᠎ᠪᠠᠷ ᠭᠢ ᠬᠥᠭᠵᠢᠯᠲᠡ᠎ᠶᠢᠨ ᠲᠥᠯᠦᠪᠵᠢᠭᠦᠯᠭᠡ ᠪᠠ ᠭᠣᠣᠯᠳᠠᠯᠭ᠎ᠠ᠎ᠲᠠᠢ ᠲᠥᠷᠥᠯ ᠵᠦᠢᠯ᠎ᠢ ᠭᠣᠣᠯᠳᠠᠯᠭ᠎ᠠ᠎ᠲᠠᠢ ᠲᠠᠨᠢᠯᠴᠠᠭᠤᠯᠤᠭᠰᠠᠨ ᠪᠥᠭᠡᠳ 60 ᠭᠠᠷᠤᠢ ᠠᠵᠤ ᠠᠬᠤᠢᠯᠠᠯ᠎ᠲᠠᠢ ᠬᠠᠷᠢᠯᠴᠠᠭ᠎ᠠ ᠪᠠᠢᠭᠤᠯᠪᠠ᠃

ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠠᠵᠢᠯ᠎ᠤᠨ ᠦᠷᠭᠦᠯᠵᠢᠯᠡᠨ ᠠᠭᠢᠬᠤ᠎ᠶᠢ ᠳᠠᠭᠠᠯᠳᠤᠨ᠂ ᠥᠪᠥᠷ ᠮᠣᠩᠭᠣᠯ ᠨᠢᠭᠡ ᠪᠦᠯᠦᠭ 《ᠬᠡᠯᠬᠢᠶ᠎ᠡ᠎ᠶᠢᠨ ᠡᠵᠡᠨ》 ᠠᠵᠤ ᠠᠬᠤᠢᠯᠠᠯ᠎ᠢ ᠤᠷᠢᠵᠤ᠂ ᠨᠢᠭᠡ ᠪᠦᠯᠦᠭ ᠴᠢᠬᠤᠯᠠ ᠶᠡᠬᠡ ᠲᠦᠷᠦᠯ ᠵᠦᠢᠯ᠎ᠢ ᠨᠠᠢᠳᠠᠪᠤᠷᠢᠵᠢᠭᠤᠯᠵᠤ᠂ ᠰᠢᠨ᠎ᠡ ᠡᠨᠧᠷᠭᠢ᠎ᠶᠢᠨ ᠡᠬᠢ ᠪᠠᠶᠠᠯᠢᠭ᠋᠎ᠤᠨ ᠠᠵᠤ ᠠᠬᠤᠢᠯᠠᠯ᠎ᠤᠨ ᠪᠡᠯᠡ ᠣᠷᠣᠭᠤᠯᠤᠯᠲᠠ᠎ᠶᠢᠨ ᠬᠠᠯᠠᠭᠤᠨ ᠬᠥᠷᠥᠰᠥ ᠪᠣᠯᠵᠠᠢ᠃ ᠶᠤᠸᠠᠨ ᠵᠢᠩ᠂ ᠮᠢᠩ ᠶᠠᠩ᠂ ᠲᠢᠶᠠᠨ ᠾᠧ᠂ ᠯᠦᠩ ᠮᠠ᠂ ᠯᠦᠩ ᠵᠢᠢ᠂ ᠵᠢᠩ ᠡᠤᠤ᠂ ᠵᠢᠨ ᠹᠧᠩ ᠵᠡᠷᠭᠡ 30 ᠭᠠᠷᠤᠢ ᠰᠢᠨ᠎ᠡ ᠡᠨᠧᠷᠭᠢ᠎ᠶᠢᠨ 《ᠬᠡᠯᠬᠢᠶ᠎ᠡ᠎ᠶᠢᠨ ᠡᠵᠡᠨ》 ᠠᠵᠤ ᠠᠬᠤᠢᠯᠠᠯ ᠬᠣᠢᠨ᠎ᠠ ᠬᠣᠢᠨ᠎ᠠ ᠡᠴᠨ ᠪᠡᠨ ᠥᠪᠥᠷ ᠮᠣᠩᠭᠣᠯ᠎ᠳᠤ ᠨᠤᠲᠤᠭᠰᠢᠬᠤ ᠪᠡᠷ ᠥᠷᠢᠰᠦᠯᠳᠦᠨ᠂ 2024 ᠣᠨ᠎ᠳᠤ᠂ ᠶᠤᠸᠠᠨ ᠵᠢᠩ᠂ ᠮᠢᠩ ᠶᠠᠩ᠂ ᠯᠦᠩ ᠵᠢᠢ᠂ ᠯᠦᠩ ᠮᠠ ᠵᠡᠷᠭᠡ ᠨᠢᠭᠡ ᠪᠦᠯᠦᠭ ᠠᠵᠤ ᠠᠬᠤᠢᠯᠠᠯ᠎ᠤᠨ ᠶᠡᠷᠦᠩᠬᠡᠢ ᠬᠡᠯᠲᠡᠰ ᠥᠪᠥᠷ ᠮᠣᠩᠭᠣᠯ᠎ᠳᠤ ᠳᠠᠩᠰᠠᠯᠠᠭᠤᠯᠵᠤ ᠨᠤᠲᠤᠭᠰᠢᠪᠠ᠃

ᠰᠤᠪᠤᠳ ᠬᠣᠯᠪᠣᠯᠳᠤᠨ ᠬᠡᠯᠬᠢᠶ᠎ᠡ ᠪᠣᠯᠵᠤ᠂ ᠬᠡᠯᠬᠢᠶ᠎ᠡ ᠬᠤᠷᠠᠮᠳᠤᠨ ᠪᠦᠯᠦᠭᠵᠢᠯ ᠪᠣᠯᠵᠤ᠂ ᠪᠦᠯᠦᠭᠵᠢᠯ ᠪᠥᠭᠡᠮᠨᠡᠷᠡᠨ ᠬᠦᠴᠦᠨ ᠪᠦᠷᠢᠯᠳᠦᠨ᠎ᠡ! ᠡᠳᠦᠭᠡ᠂ ᠥᠪᠥᠷ ᠮᠣᠩᠭᠣᠯ᠎ᠤᠨ ᠰᠠᠯᠬᠢᠨ ᠬᠦᠴᠦᠨ᠎ᠦ ᠴᠠᠭᠢᠯᠭᠠᠨ᠎ᠤ ᠲᠣᠨᠣᠭᠯᠠᠯ ᠨᠢ ᠨᠢᠭᠡᠨᠲᠡ ᠰᠢᠨ᠎ᠡ ᠡᠨᠧᠷᠭᠢ᠎ᠶᠢ ᠨᠡᠭᠡᠭᠡᠨ ᠬᠥᠭᠵᠢᠭᠦᠯᠬᠦ᠎ᠲᠠᠢ ᠵᠣᠬᠢᠴᠠᠯᠳᠤᠭᠰᠠᠨ ᠦᠢᠯᠡᠳᠬᠦ ᠴᠢᠳᠠᠪᠤᠷᠢ᠎ᠶᠢ ᠪᠦᠭᠦ ᠲᠠᠯ᠎ᠠ᠎ᠪᠠᠷ ᠪᠦᠷᠢᠯᠳᠦᠭᠦᠯᠵᠦ᠂ ᠭᠡᠷᠡᠯᠴᠢ ᠴᠡᠨᠡᠭ᠎ᠦᠨ ᠲᠣᠨᠣᠭᠯᠠᠯ᠎ᠤᠨ ᠠᠵᠤ ᠦᠢᠯᠡᠰ᠎ᠦᠨ ᠬᠡᠯᠬᠢᠶ᠎ᠡ᠎ᠶᠢᠨ ᠦᠵᠦᠭᠦᠷᠯᠢᠭ ᠨᠢ ᠪᠦᠭᠦ ᠪᠥᠮᠪᠥᠷᠴᠡᠭ᠎ᠦᠨ ᠥᠷᠢᠰᠦᠯᠳᠦᠭᠡᠨ᠎ᠦ ᠳᠠᠪᠠᠭᠤᠯᠢᠭ᠋᠎ᠢ ᠪᠦᠷᠢᠯᠳᠦᠭᠦᠯᠵᠦ᠂ ᠤᠰᠤᠲᠥ᠋ᠷᠥᠭᠴᠢ ᠡᠨᠧᠷᠭᠢ᠎ᠶᠢᠨ ᠲᠣᠨᠣᠭᠯᠠᠯ᠂ ᠡᠨᠧᠷᠭᠢ ᠨᠥᠭᠡᠴᠡᠯᠡᠬᠦ ᠲᠣᠨᠣᠭᠯᠠᠯ᠎ᠤᠨ ᠠᠵᠤ ᠦᠢᠯᠡᠰ᠎ᠦᠨ ᠬᠡᠯᠬᠢᠶ᠎ᠡ᠎ᠶᠢ ᠦᠨᠳᠦᠰᠦᠨ᠎ᠳᠡᠭᠡᠨ ᠪᠦᠷᠢᠯᠳᠦᠭᠦᠯᠪᠡ᠃ ᠪᠦᠭᠦ ᠣᠷᠣᠨ᠎ᠳᠤ ᠨᠢᠭᠡᠨᠲᠡ 7000 ᠲᠦᠮᠡᠨ ᠺᠢᠯᠣᠸᠠᠲ᠎ᠤᠨ ᠰᠠᠯᠬᠢᠨ ᠬᠦᠴᠦᠨ᠎ᠦ ᠴᠠᠭᠢᠯᠭᠠᠨ᠎ᠤ ᠭᠣᠣᠯ ᠮᠠᠰᠢᠨ᠂ 4190 ᠲᠦᠮᠡᠨ ᠺᠢᠯᠣᠸᠠᠲ᠎ᠤᠨ ᠭᠡᠷᠡᠯᠴᠢ ᠴᠡᠨᠡᠭ᠎ᠦᠨ ᠲᠣᠨᠣᠭᠯᠠᠭᠠᠰᠤ᠂ 650 ᠢᠵᠢ ᠤᠰᠤᠲᠥ᠋ᠷᠥᠭᠴᠢ ᠦᠢᠯᠡᠳᠬᠦ ᠲᠣᠨᠣᠭᠯᠠᠯ᠂ 4350 ᠲᠦᠮᠡᠨ ᠺᠢᠯᠣᠸᠠᠲ ᠴᠠᠭ᠎ᠤᠨ ᠡᠨᠧᠷᠭᠢ ᠨᠥᠭᠡᠴᠡᠯᠡᠬᠦ ᠲᠣᠨᠣᠭᠯᠠᠯ᠎ᠤᠨ ᠦᠢᠯᠡᠳᠪᠦᠷᠢᠯᠡᠯ᠎ᠦᠨ ᠴᠢᠳᠠᠪᠤᠷᠢ᠎ᠶᠢ ᠪᠦᠷᠢᠯᠳᠦᠭᠦᠯᠵᠦ᠂ ᠰᠠᠯᠬᠢ ᠭᠡᠷᠡᠯ ᠤᠰᠤᠲᠥ᠋ᠷᠥᠭᠴᠢ ᠨᠥᠭᠡᠴᠡ ᠵᠢᠨ ᠲᠣᠨᠣᠭᠯᠠᠯ ᠦᠢᠯᠡᠳᠬᠦ ᠪᠦᠭᠦ ᠠᠵᠤ ᠦᠢᠯᠡᠰ ᠤ᠋ᠨ ᠬᠡᠯᠬᠢᠶ᠎ᠡ ᠵᠢᠨ ᠦᠢᠯᠡᠳᠪᠦᠷᠢᠯᠡᠯ ᠤ᠋ᠨ ᠦᠷᠳᠡᠭ ᠨᠢ 1.2 ᠲᠦᠮᠡᠨ ᠳ᠋ᠦᠩᠰᠢᠭᠤᠷ ᠲᠥᠭᠥᠷᠢᠭ᠎ᠢ ᠳᠠᠪᠠᠪᠠ᠃

ᠥᠪᠥᠷ ᠮᠣᠩᠭᠣᠯ᠎ᠢ ᠬᠠᠷᠠᠬᠤᠶ᠎ᠠ᠂ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠦᠢᠯᠡᠰ ᠨᠢ ᠨᠢᠭᠡᠨᠲᠡ ᠠᠵᠤ ᠠᠬᠤᠢ᠎ᠶᠢᠨ ᠨᠡᠮᠡᠭᠳᠡᠯ᠎ᠦᠨ ᠬᠦᠴᠦᠷᠬᠡᠭ ᠶᠡᠬᠡ ᠬᠥᠳᠡᠯᠭᠡᠬᠦ ᠬᠦᠴᠦᠨ᠎ᠦ ᠡᠬᠢ ᠰᠤᠷᠪᠤᠯᠵᠢ ᠪᠣᠯᠵᠠᠢ᠃ 2024 ᠣᠨ᠎ᠳᠤ᠂ ᠪᠦᠭᠦ ᠣᠷᠣᠨ᠎ᠤ ᠰᠢᠨ᠎ᠡ ᠡᠨᠧᠷᠭᠢ᠎ᠶᠢᠨ ᠲᠣᠨᠣᠭᠯᠠᠯ᠎ᠤᠨ ᠠᠵᠤ ᠦᠢᠯᠡᠰ 2700 ᠳ᠋ᠦᠩᠰᠢᠭᠤᠷ ᠲᠥᠭᠥᠷᠢᠭ᠎ᠦᠨ ᠦᠢᠯᠡᠳᠬᠦᠨ᠎ᠦ ᠥᠷᠲᠡᠭ᠎ᠢ ᠪᠡᠶᠡᠯᠡᠭᠦᠯᠵᠦ᠂ ᠪᠦᠭᠦ ᠣᠷᠣᠨ᠎ᠤ ᠠᠵᠤ ᠦᠢᠯᠡᠳᠪᠦᠷᠢ᠎ᠶᠢᠨ ᠦᠢᠯᠡᠳᠬᠦᠨ᠎ᠦ ᠥᠷᠲᠡᠭ ᠤ᠋ᠨ ᠡᠵᠡᠯᠡᠬᠦ ᠬᠠᠷᠢᠴᠠᠯ᠎ᠤᠨ 10% ᠰᠢᠬᠠᠮ ᠪᠣᠯᠪᠠ᠃

ᠣᠳᠣᠬᠠᠨ ᠳ᠋ᠤ᠌᠂ ᠠᠵᠤ ᠦᠢᠯᠡᠰ᠎ᠦᠨ ᠬᠡᠯᠬᠢᠶ᠎ᠡ᠎ᠶᠢᠨ ᠲᠣᠭᠣᠷᠢᠨ᠎ᠳᠤ ᠠᠷᠭ᠎ᠠ ᠤᠬᠠᠭᠠᠨ ᠭᠠᠷᠭᠠᠵᠤ᠂ ᠬᠡᠯᠬᠢᠶ᠎ᠡ ᠮᠠᠶᠢᠭ᠋᠎ᠤᠨ ᠰᠡᠳᠬᠢᠬᠦᠢ᠎ᠶᠢ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠪᠦᠭᠦ ᠶᠠᠪᠤᠴᠠ᠎ᠳᠤ ᠠᠭᠤᠰᠤᠯᠴᠠᠭᠤᠯᠬᠤ ᠨᠢ ᠥᠪᠥᠷ ᠮᠣᠩᠭᠣᠯ᠎ᠳᠤ ᠨᠢᠭᠡᠨᠲᠡ ᠬᠠᠮᠲᠤ᠎ᠶᠢᠨ ᠲᠠᠨᠢᠯᠲᠠ ᠪᠣᠯᠵᠠᠢ᠃

ᠡᠨᠡ ᠵᠢᠯ᠎ᠦᠨ 6 ᠰᠠᠷ᠎ᠠ᠎ᠶᠢᠨ 10 ᠤ᠋ ᠦᠳᠡ᠎ᠶᠢᠨ ᠬᠣᠢᠨ᠎ᠠ ᠶᠠᠪᠤᠭᠳᠠᠭᠰᠠᠨ 2025 ᠣᠨ ᠤ᠋ ᠳᠤᠮᠳᠠᠳᠤ ᠤᠯᠤᠰ᠎ᠤᠨ ᠠᠵᠤ ᠦᠢᠯᠡᠰ᠎ᠦᠨ ᠰᠢᠯᠵᠢᠯᠲᠡ᠎ᠶᠢᠨ ᠬᠥᠭᠵᠢᠯᠲᠡ᠎ᠶᠢ ᠵᠣᠯᠭᠠᠭᠤᠯᠬᠤ ᠠᠵᠢᠯᠯᠠᠭ᠎ᠠ (ᠥᠪᠥᠷ ᠮᠣᠩᠭᠣᠯ)ᠶ᠋ᠢᠨ 5 ᠲᠠᠯᠠᠪᠠᠢ ᠲᠤᠰᠬᠠᠢ ᠰᠡᠳᠦᠪᠲᠦ ᠵᠣᠯᠭᠠᠭᠤᠯᠬᠤ ᠠᠵᠢᠯᠯᠠᠭ᠎ᠠ᠎ᠶᠢᠨ ᠨᠢᠭᠡ ᠪᠤᠯᠬᠤ ᠣᠲᠣ᠌ ᠦᠶ᠎ᠡ᠎ᠶᠢᠨ ᠲᠣᠨᠣᠭᠯᠠᠯ ᠦᠢᠯᠡᠳᠬᠦ ᠦᠢᠯᠡᠰ᠎ᠦᠨ ᠲᠤᠰᠬᠠᠢ ᠰᠡᠳᠦᠪᠲᠦ ᠵᠣᠯᠭᠠᠭᠤᠯᠬᠤ ᠬᠤᠷᠠᠯ ᠳᠡᠭᠡᠷ᠎ᠡ᠂ 《ᠰᠠᠯᠬᠢ ᠭᠡᠷᠡᠯ ᠤᠰᠤᠲᠥ᠋ᠷᠥᠭᠴᠢ ᠨᠥᠭᠡᠴᠡ》᠂ 《ᠪᠦᠭᠦ ᠠᠵᠤ ᠦᠢᠯᠡᠰ᠎ᠦᠨ ᠬᠡᠯᠬᠢᠶ᠎ᠡ》᠂ 《ᠠᠵᠤ ᠦᠢᠯᠡᠰ᠎ᠦᠨ ᠪᠦᠯᠦᠭᠵᠢᠯ》ᠨᠢ ᠥᠨᠳᠥᠷ ᠳᠠᠪᠲᠠᠮᠵᠢᠲᠤ ᠦᠭᠡᠰ ᠪᠣᠯᠵᠠᠢ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠎ᠦᠨ ᠳᠡᠳ᠋ ᠳᠠᠷᠤᠭ᠎ᠠ ᠬᠤ᠌ ᠷᠦᠢ ᠹᠧᠨ ᠪᠦᠭᠦ ᠣᠷᠣᠨ᠎ᠤ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠠᠵᠤ ᠦᠢᠯᠡᠰ᠎ᠢ ᠲᠠᠨᠢᠯᠴᠠᠭᠤᠯᠬᠤ᠎ᠳᠠᠭᠠᠨ᠂ ᠣᠳᠣᠬᠠᠨ᠎ᠳᠤ᠂ ᠥᠪᠥᠷ ᠮᠣᠩᠭᠣᠯ ᠶᠠᠭ 《ᠰᠠᠯᠬᠢ ᠭᠡᠷᠡᠯ ᠤᠰᠤᠲᠥ᠋ᠷᠥᠭᠴᠢ ᠨᠥᠭᠡᠴᠡ》 ᠵᠡᠷᠭᠡ ᠭᠣᠣᠯᠳᠠᠯᠭ᠎ᠠ᠎ᠲᠠᠢ ᠠᠵᠤ ᠦᠢᠯᠡᠰ᠎ᠦᠨ ᠬᠡᠯᠬᠢᠶ᠎ᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠠᠵᠤ ᠦᠢᠯᠡᠰ᠎ᠦᠨ ᠪᠦᠯᠦᠭᠵᠢᠯ᠎ᠢ ᠬᠦᠴᠦᠯᠡᠨ ᠴᠣᠭᠴᠠᠯᠠᠵᠤ ᠪᠠᠢᠨ᠎ᠠ᠃ ᠲᠠᠷᠠᠭᠠᠴᠢ᠎ᠶᠢᠨ ᠠᠯᠬᠤᠮ᠎ᠳᠤ ᠬᠡᠯᠬᠢᠶ᠎ᠡ᠎ᠶᠢ ᠤᠷᠲᠤᠳᠬᠠᠬᠤ ᠬᠡᠯᠬᠢᠶ᠎ᠡ᠎ᠶᠢ ᠨᠥᠬᠥᠪᠦᠷᠢᠯᠡᠬᠦ ᠲᠥᠷᠥᠯ ᠵᠦᠢᠯ᠎ᠢ ᠦᠷᠭᠦᠯᠵᠢᠯᠡᠨ ᠳᠠᠳᠠᠨ ᠣᠷᠣᠭᠤᠯᠵᠤ᠂ ᠰᠠᠯᠬᠢᠨ ᠬᠦᠴᠦᠨ ᠵᠢᠠᠷ ᠴᠠᠭᠢᠯᠭᠠᠨ ᠭᠠᠷᠭᠠᠬᠤ ᠲᠣᠨᠣᠭᠯᠠᠯ᠂ ᠭᠡᠷᠡᠯᠴᠢ ᠴᠡᠨᠡᠭ᠎ᠦᠨ ᠲᠣᠨᠣᠭᠯᠠᠯ ᠤ᠋ᠨ ᠪᠦᠭᠦ ᠠᠵᠤ ᠦᠢᠯᠡᠰ᠎ᠦᠨ ᠬᠡᠯᠬᠢᠶᠡᠵᠢᠯ᠎ᠤᠨ ᠦᠢᠯᠡᠳᠬᠦ ᠴᠢᠳᠠᠪᠤᠷᠢ᠎ᠶᠢ ᠳᠡᠭᠡᠭᠰᠢᠯᠡᠭᠦᠯᠵᠦ᠂ ᠤᠰᠤᠲᠥ᠋ᠷᠥᠭᠴᠢ ᠦᠢᠯᠡᠳᠪᠦᠷᠢᠯᠡᠵᠦ ᠵᠥᠭᠡᠭᠡᠪᠦᠷᠢᠯᠡᠬᠦ ᠵᠢᠴᠢ ᠡᠨᠧᠷᠭᠢ ᠬᠠᠳᠠᠭᠠᠯᠠᠬᠤ ᠳ᠋ᠢᠶᠠᠨ ᡂᠢ᠂ ᠡᠵᠡᠮᠳᠡᠬᠦ ᠰᠢᠰᠲᠧᠮ ᠵᠡᠷᠭᠡ ᠲᠣᠨᠣᠭᠯᠠᠯ ᠦᠢᠯᠡᠳᠬᠦ ᠲᠥᠷᠥᠯ ᠵᠦᠢᠯ᠎ᠢ ᠣᠷᠣᠭᠤᠯᠤᠨ ᠠᠪᠴᠢᠷᠠᠵᠤ᠂ ᠠᠵᠤ ᠦᠢᠯᠡᠰ᠎ᠦᠨ ᠬᠡᠯᠬᠢᠶᠡᠵᠢᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃

ᠲᠣᠰ ᠤᠳᠠᠭ᠎ᠠ᠎ᠶᠢᠨ ᠵᠣᠯᠭᠠᠭᠤᠯᠬᠤ ᠬᠤᠷᠠᠯ ᠳᠡᠭᠡᠷ᠎ᠡ᠂ ᠭᠦᠭᠡᠬᠣᠲᠠ᠂ ᠪᠤᠭᠤᠲᠤ᠂ ᠣᠷᠳᠣᠰ᠂ ᠲᠦᠩᠯᠢᠶᠣᠣ᠂ ᠤᠯᠠᠭᠠᠨᠬᠠᠳᠠ ᠬᠣᠲᠠ ᠬᠣᠢᠨ᠎ᠠ ᠬᠣᠢᠨ᠎ᠠ᠎ᠠᠴᠠ᠎ᠪᠠᠨ 《ᠠᠷᠤᠷ᠎ᠠ᠎ᠶᠢᠨ ᠮᠥᠴᠢᠷ》᠂《ᠬᠡᠯᠬᠢᠶ᠎ᠡ ᠮᠠᠶᠢᠭ᠋》᠎ᠢᠶᠠᠷ ᠠᠷᠠᠯᠵᠢᠶᠠᠴᠢᠨ ᠤᠷᠢᠵᠤ᠂ ᠬᠠᠮᠲᠤ᠎ᠪᠠᠷ ᠠᠰᠢᠭ᠋ ᠭᠦᠷᠳᠡᠭᠦ 《ᠨᠠᠢᠵᠠ᠎ᠶᠢᠨ ᠲᠣᠭᠣᠷᠢᠭ᠋》᠎ᠢ ᠥᠷᠭᠡᠳᠬᠡᠪᠡ᠃ 《 ᠪᠦᠭᠦ ᠳᠡᠯᠡᠬᠡᠢ᠎ᠶᠢᠨ ᠲᠡᠷᠢᠭᠦᠨ᠎ᠦ ᠲᠠᠯᠠᠰᠲᠤ ᠴᠠᠬᠢᠭᠤᠷ ᠭᠡᠷᠡᠯᠴᠢ ᠴᠡᠨᠡᠭ᠎ᠤᠨ ᠠᠵᠤ ᠦᠢᠯᠡᠰ᠎ᠦᠨ ᠠᠮᠢ ᠠᠬᠤᠢ᠎ᠶᠢ ᠴᠣᠭᠴᠠᠯᠠᠬᠤ᠎ᠶᠢᠨ ᠲᠥᠯᠥᠭᠡ᠂ ᠪᠢᠳᠡ ᠨᠢᠮᠭᠡᠨ ᠪᠦᠷᠬᠦᠭᠦᠯᠲᠦ ᠨᠡᠷᠡᠨ᠎ᠦ ᠡᠨᠧᠷᠭᠢ᠎ᠶᠢᠨ ᠭᠡᠷᠡᠯᠴᠢ ᠴᠡᠨᠡᠭ ᠤ᠋ᠨ ᠲᠣᠨᠣᠭᠯᠠᠭᠠᠰᠤ᠂ ᠮᠥᠩᠭᠥᠨ ᠡᠭᠡᠳᠡᠩ᠂ ᠠᠷᠤ ᠬᠠᠪᠲᠠᠰᠤ᠂ ᠴᠠᠪᠠᠤᠯᠢᠭ᠋ ᠪᠦᠷᠬᠦᠪᠴᠢ᠂ ᠬᠤᠷᠠᠮᠠᠯ ᠤᠷᠤᠰᠬᠠᠯ᠎ᠤᠨ ᠬᠠᠢᠷᠴᠠᠭ ᠵᠢᠴᠢ ᠡᠯᠧᠺᠲᠷᠣᠨ ᠲᠠᠰ᠎ᠤᠨ ᠴᠠᠬᠢᠭᠤᠷᠲᠤ ᠰᠠᠭᠤᠷᠢ ᠬᠠᠭᠠᠰ ᠳᠠᠮᠵᠢᠭᠤᠯᠤᠭ᠍ᠴᠢ ᠵᠡᠷᠭᠡ ᠲᠥᠷᠥᠯ ᠵᠦᠢᠯ᠎ᠢ ᠣᠷᠣᠭᠤᠯᠤᠨ ᠠᠪᠴᠢᠷᠠᠬᠤ ᠴᠢᠬᠤᠯᠠᠲᠠᠢ᠃》 - ᠪᠤᠭᠤᠲᠤ ᠬᠣᠲᠠ ᠴᠢᠩ ᠰᠡᠳᠬᠢᠯ᠎ᠦᠨ ᠤᠷᠢᠯᠭ᠎ᠠ ᠲᠠᠯᠪᠢᠪᠠ᠃

《ᠣᠷᠳᠣᠰ ᠬᠣᠲᠠ ᠵᠢᠨ ᠭᠢᠨ ᠬᠥᠨᠳᠡᠢᠷᠡᠭᠦᠯᠦᠭᠴᠢ᠂ ᠴᠠᠪᠠᠤᠯᠢᠭ᠋ ᠪᠦᠷᠬᠦᠪᠴᠢ᠂ ᠰᠥᠷᠭᠡᠦ ᠬᠤᠪᠢᠰᠤᠭ᠍ᠴᠢ᠂ ᠰᠤᠪᠤᠷᠭᠠᠨ ᠲᠦᠩᠰᠡ᠂ ᠬᠣᠯᠬᠣᠪᠴᠢ ᠵᠡᠷᠭᠡ ᠠᠵᠤ ᠦᠢᠯᠡᠰ᠎ᠦᠨ ᠬᠣᠭᠣᠰᠤᠨ᠎ᠢ ᠬᠦᠴᠦᠯᠡᠨ ᠣᠷᠣᠭᠤᠯᠤᠨ ᠠᠪᠴᠢᠷᠠᠵᠤ᠂ ᠺᠠᠯᠼ ᠲᠢᠲᠠᠨ᠎ᠤ ᠠᠭᠤᠷᠬᠠᠢ᠎ᠶᠢᠨ ᠳᠠᠪᠬᠤᠷᠯᠢᠭ᠋᠎ᠤᠨ ᠮᠡᠷᠭᠡᠵᠢᠯ᠂ ᠬᠠᠲᠠᠭᠤ ᠲᠥᠯᠥᠪᠲᠦ ᠳ᠋ᠢᠶᠠᠨ ᡂᠢ᠂ ᠰᠢᠩᠭᠡᠨ ᠤᠷᠤᠰᠬᠠᠯᠲᠤ ᠳ᠋ᠢᠶᠠᠨ ᡂᠢ ᠵᠡᠷᠭᠡ ᠲᠡᠷᠢᠭᠦᠨ᠎ᠦ ᠦᠢᠯᠡᠳᠪᠦᠷᠢᠯᠡᠬᠦ ᠴᠢᠳᠠᠪᠤᠷᠢ᠎ᠶᠢ ᠢᠳᠡᠪᠬᠢᠲᠡᠢ ᠪᠠᠢᠷᠢᠰᠢᠭᠤᠯᠤᠨ᠂ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠪᠦᠭᠦ ᠠᠵᠤ ᠦᠢᠯᠡᠰ᠎ᠦᠨ ᠬᠡᠯᠬᠢᠶ᠎ᠡ᠎ᠶᠢᠨ ᠵᠢᠭ᠍ᠰᠠᠭᠠᠯ᠎ᠢ ᠪᠦᠭᠦ ᠬᠦᠴᠦᠨ᠎ᠢᠶᠡᠷ᠎ᠢᠶᠡᠨ ᠴᠣᠭᠴᠠᠯᠠᠨ ᠪᠠᠢᠭᠤᠯᠤᠨ᠎ᠠ᠃》 - ᠣᠷᠳᠣᠰ ᠴᠢᠩ ᠦᠨᠡᠨᠴᠢ ᠬᠠᠮᠲᠤᠷᠠᠯᠴᠠᠭᠠᠨ᠎ᠤ ᠰᠡᠳᠬᠢᠯᠭᠡ ᠪᠠᠨ ᠳᠡᠪᠰᠢᠭᠦᠯᠪᠡ᠃

《ᠲᠦᠩᠯᠢᠶᠣᠣ ᠬᠤᠳᠠ ᠥᠪᠥᠷ ᠮᠣᠩᠭᠣᠯ᠎ᠤᠨ ᠵᠡᠭᠦᠨ ᠬᠡᠰᠡᠭ (ᠲᠦᠩᠯᠢᠶᠣᠣ) ᠤ᠋ᠨ ᠳᠡᠭᠡᠳᠦ ᠲᠡᠰ᠎ᠤᠨ ᠬᠦᠨᠳᠦ ᠭᠡᠯᠪᠡᠷᠢ ᠵᠢᠨ ᠲᠣᠨᠣᠭᠯᠠᠯ ᠦᠢᠯᠡᠳᠬᠦ ᠠᠵᠤ ᠦᠢᠯᠡᠰ᠎ᠦᠨ ᠰᠠᠭᠤᠷᠢᠨ᠎ᠢ ᠲᠥᠯᠥᠪᠵᠢᠭᠦᠯᠦᠨ ᠪᠦᠲᠦᠭᠡᠨ ᠪᠠᠢᠭᠤᠯᠵᠤ᠂ ᠪᠢᠳᠡ ᠬᠣᠯᠪᠣᠭᠳᠠᠯ ᠪᠦᠬᠦᠢ ᠬᠦᠷᠢᠶᠡᠨ᠎ᠦ ᠠᠵᠤ ᠠᠬᠤᠢᠯᠠᠯ᠎ᠲᠠᠢ ᠬᠠᠮᠲᠤᠷᠠᠯᠴᠠᠵᠤ᠂ ᠪᠦᠭᠦ ᠤᠯᠤᠰ᠎ᠤᠨ ᠬᠠᠮᠤᠭ᠎ᠤᠨ ᠳᠡᠭᠡᠳᠦ ᠲᠡᠰ᠎ᠤᠨ ᠬᠦᠨᠳᠦ ᠭᠡᠯᠪᠠᠷᠢ ᠵᠢᠨ ᠲᠣᠨᠣᠭᠯᠠᠯ ᠦᠢᠯᠡᠳᠬᠦ ᠠᠵᠤ ᠦᠢᠯᠡᠰ᠎ᠦᠨ ᠰᠠᠭᠤᠷᠢᠨ᠎ᠢ ᠬᠠᠮᠲᠤ᠎ᠪᠠᠷ ᠪᠠᠢᠭᠤᠯᠬᠤ᠎ᠶᠢ ᠬᠦᠰᠡᠵᠦ ᠪᠠᠢᠨ᠎ᠠ᠃》 - ᠲᠦᠩᠯᠢᠶᠣᠣ ᠬᠠᠮᠲᠤᠷᠠᠨ ᠠᠵᠢᠯᠯᠠᠬᠤ ᠬᠠᠭᠠᠯᠭ᠎ᠠ᠎ᠪᠡᠨ ᠨᠡᠭᠡᠭᠡᠪᠡ᠃

ᠪᠠᠷᠠᠯᠠᠯᠳᠤ ᠴᠢᠨᠠᠷᠲᠠᠢ ᠪᠣᠳᠣᠯᠬᠢᠯᠠᠯ᠂ ᠪᠦᠭᠦ ᠲᠠᠯ᠎ᠠ᠎ᠶᠢᠨ ᠴᠢᠨᠠᠷᠲᠠᠢ ᠲᠥᠯᠦᠪᠵᠢᠭᠦᠯᠭᠡ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠪᠠᠢᠷᠢᠰᠢᠭᠤᠯᠤᠯᠲᠠ᠂ ᠪᠦᠬᠦᠯᠢ ᠴᠣᠭᠴᠠᠲᠤ ᠴᠢᠨᠠᠷᠲᠠᠢ ᠠᠭᠢᠭᠤᠯᠤᠯᠲᠠ᠃ ᠣᠳᠣᠬᠠᠨ᠎ᠳᠤ ᠥᠪᠥᠷ ᠮᠣᠩᠭᠣᠯ 《ᠬᠣᠣᠰ ᠨᠡᠭᠦᠷᠡᠰᠦᠲᠥ᠋ᠷᠥᠭᠴᠢᠲᠦ》ᠬᠠᠷᠠᠯᠲᠠ᠎ᠲᠠᠢ ᠨᠢᠭ᠍ᠲᠠ ᠤᠶᠠᠯᠳᠤᠭᠤᠯᠤᠨ᠂ ᠬᠡᠯᠬᠢᠶᠡᠲᠦ ᠰᠡᠳᠬᠢᠬᠦᠢ ᠪᠠ ᠪᠦᠯᠦᠭᠵᠢᠯ᠎ᠢ ᠢᠵᠢ ᠪᠦᠷᠢᠳᠦᠭᠦᠯᠦᠨ ᠬᠥᠭᠵᠢᠭᠦᠯᠬᠦ᠎ᠶᠢ ᠪᠠᠷᠢᠮᠲᠠᠯᠠᠵᠤ᠂ ᠦᠢᠯᠡᠳᠬᠦᠨ᠎ᠦ ᠬᠠᠮᠵᠢᠯᠴᠠᠭ᠎ᠠ᠎ᠶᠢ ᠢᠵᠢ ᠪᠦᠷᠢᠳᠦᠭᠦᠯᠬᠦ ᠪᠠ ᠬᠡᠯᠬᠢᠶᠡᠲᠦ ᠬᠠᠮᠲᠤᠷᠠᠯᠴᠠᠭ᠎ᠠ᠎ᠶᠢ ᠦᠷᠭᠦᠯᠵᠢᠯᠡᠨ ᠴᠢᠩᠭᠠᠳᠬᠠᠵᠤ᠂ ᠤᠯᠤᠰ᠎ᠤᠨ ᠲᠠᠰ᠎ᠤᠨ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠰᠠᠭᠤᠷᠢᠨ᠎ᠢ ᠬᠦᠴᠦᠯᠡᠨ ᠴᠣᠭᠴᠠᠯᠠᠵᠤ ᠪᠤᠢ᠃

ᠪᠠᠢᠷᠢᠯᠠᠭᠤᠯᠤᠯᠲᠠ ᠶᠣᠰᠣᠭᠠᠷ᠂ ᠡᠨᠡ ᠵᠢᠯ ᠥᠪᠥᠷ ᠮᠣᠩᠭᠣᠯ 《ᠰᠠᠯᠬᠢ ᠭᠡᠷᠡᠯ ᠤᠰᠤᠲᠥ᠋ᠷᠥᠭᠴᠢ ᠨᠥᠭᠡᠴᠡ》 ᠵᠢᠨ ᠪᠦᠭᠦ ᠬᠡᠯᠬᠢᠶᠡᠵᠢᠯ᠎ᠤᠨ ᠬᠥᠭᠵᠢᠯᠲᠡ᠎ᠶᠢ ᠦᠷᠭᠦᠯᠵᠢᠯᠡᠨ ᠪᠠᠷᠢᠮᠲᠠᠯᠠᠵᠤ᠂ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠦᠢᠯᠡᠰ᠎ᠢ ᠬᠦᠴᠦᠷᠬᠡᠭᠵᠢᠭᠦᠯᠦᠨ᠂ ᠴᠠᠭᠢᠯᠭᠠᠨ ᠭᠠᠷᠭᠠᠬᠤ ᠮᠠᠰᠢᠨ᠂ ᠬᠦᠴᠦᠳᠡᠯ ᠥᠭᠡᠷᠡᠴᠢᠯᠡᠭᠴᠢ᠂ ᠰᠥᠷᠭᠡᠦ ᠬᠤᠪᠢᠰᠤᠭ᠍ᠴᠢ᠂ ᠰᠢᠰᠲᠧᠮᠳᠦ ᠴᠢᠩᠭᠡᠯᠢᠭ ᠵᠡᠷᠭᠡ ᠭᠣᠣᠯ ᠰᠡᠯᠪᠢᠭ ᠲᠣᠨᠣᠭ᠎ᠲᠤ ᠠᠩᠬᠠᠷᠤᠯ᠎ᠢᠶᠠᠨ ᠲᠥᠪᠯᠡᠷᠡᠭᠦᠯᠵᠦ᠂ 113 ᠬᠡᠯᠬᠢᠶ᠎ᠡ ᠶ᠋ᠢ ᠤᠷᠲᠤᠳᠬᠠᠵᠤ ᠬᠡᠯᠬᠢᠶ᠎ᠡ ᠶ᠋ᠢ ᠨᠥᠬᠥᠪᠦᠷᠢᠯᠡᠬᠦ ᠲᠥᠷᠥᠯ ᠵᠦᠢᠯ᠎ᠢ ᠭᠣᠣᠯᠳᠠᠯᠭ᠎ᠠ᠎ᠲᠠᠢ ᠬᠡᠷᠡᠭᠵᠢᠭᠦᠯᠵᠦ᠂ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠦᠢᠯᠡᠰ᠎ᠦᠨ ᠦᠢᠯᠡᠳᠬᠦᠨ᠎ᠦ ᠥᠷᠲᠡᠭ᠎ᠢ 2700 ᠳ᠋ᠦᠩᠰᠢᠭᠤᠷ ᠲᠥᠭᠥᠷᠢᠭ᠎ᠡᠴᠡ ᠳᠠᠪᠠᠭᠤᠯᠬᠤ᠎ᠪᠠᠷ ᠴᠢᠷᠮᠠᠢᠵᠤ ᠪᠤᠢ᠃

ᠴᠢᠭᠯᠡᠯ ᠲᠣᠳᠣᠷᠬᠠᠢ᠂ ᠬᠠᠷᠠᠯᠲᠠ ᠲᠣᠳᠣ᠌᠂ ᠠᠵᠢᠯᠯᠠᠭ᠎ᠠ ᠬᠦᠴᠦᠲᠡᠢ᠃ ᠥᠪᠥᠷ ᠮᠣᠩᠭᠣᠯ ᠬᠦᠴᠦᠨ᠎ᠢᠶᠡᠨ ᠲᠥᠪᠯᠡᠷᠡᠭᠦᠯᠦᠨ ᠬᠡᠯᠬᠢᠶ᠎ᠡ ᠮᠠᠶᠢᠭ᠋ ᠤ᠋ᠨ ᠬᠥᠭᠵᠢᠯᠲᠡ᠎ᠪᠠᠷ ᠳᠤᠲᠠᠭᠤᠳᠠᠯ᠎ᠢᠶᠠᠨ ᠨᠥᠬᠥᠪᠦᠷᠢᠯᠡᠨ᠂ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠵᠦ᠂ ᠪᠦᠯᠦᠭᠵᠢᠯ᠎ᠢ ᠬᠤᠷᠠᠮᠳᠤᠭᠤᠯᠤᠨ᠂ ᠰᠢᠨ᠎ᠡ ᠡᠨᠧᠷᠭᠢ᠎ᠶᠢᠨ ᠪᠦᠭᠦ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ ᠵᠢᠨ ᠭᠡᠭᠡᠨ ᠰᠠᠷᠠᠭᠤᠯ ᠢᠷᠡᠭᠡᠳᠦᠢ ᠵᠦᠭ ᠤᠷᠤᠭᠰᠢᠯᠠᠨᠠᠮ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ