《 ᠬᠣᠶᠠᠷ ᠬᠠᠯᠬᠠᠪᠴᠢ》《 ᠬᠣᠶᠠᠷ ᠰᠠᠭᠤᠷᠢᠨ》《 ᠨᠢᠭᠡ ᠪᠡᠬᠢᠯᠡᠯᠲᠡ》᠎ᠶ᠋ᠢ ᠯᠠᠪᠳᠠᠭᠤᠨ ᠪᠠᠲᠤᠲᠠᠢ ᠠᠬᠢᠭᠤᠯᠤᠶ᠎ᠠ   -   ᠪᠠᠶ᠋ᠢᠷᠢᠯᠠᠭᠤᠯᠤᠯᠲᠠ ᠨᠠᠶ᠋ᠢᠳᠠᠪᠤᠷᠢᠵᠢᠭᠤᠯᠤᠯᠲᠠ
ᠨᠢᠰᠬᠡᠯ᠎ᠢᠶᠡᠷ ᠣᠢᠵᠢᠭᠤᠯᠤᠯᠲᠠ ᠬᠢᠵᠦ ᠬᠠᠳᠤᠨ ᠭᠣᠣᠯ᠎ᠤᠨ ᠶᠡᠬᠡ ᠲᠣᠬᠣᠢ᠎ᠳᠦ ᠨᠣᠭᠣᠭᠠᠨ ᠥᠩᠭᠡ ᠨᠡᠮᠡᠷᠢᠯᠡᠨ᠎ᠡ
ᠨᠡᠶ᠋ᠢᠲᠡᠯᠡᠭᠰᠡᠨ ᠴᠠᠭ᠄ 2025-08-13

ᠨᠢᠭᠡᠨ ᠡᠭᠴᠡ ᠨᠢᠰᠬᠡᠯ ᠡᠮᠦᠨᠡᠬᠡᠨ ᠪᠠᠶᠠᠨᠨᠠᠭᠤᠷ ᠬᠣᠲᠠ ᠵᠢᠨ ᠤᠷᠠᠳ ᠤ᠋ᠨ ᠡᠮᠦᠨᠡᠲᠦ ᠬᠣᠰᠢᠭᠤᠨ ᠤ᠋ ᠨᠠᠮ ᠵᠢᠮ ᠢ᠋ ᠡᠪᠳᠡᠵᠦ᠂ ᠰᠠᠭᠠᠳᠠᠭ ᠰᠤᠮᠤ ᠵᠢᠨ ᠬᠠᠢᠯᠠᠰᠤᠲᠠᠢ ᠭᠠᠴᠠᠭᠠᠨ ᠤ᠋ ᠣᠭᠲᠠᠷᠭᠤᠢ ᠡᠴᠡ ᠬᠦᠰᠡᠯ ᠤ᠋ᠨ ᠨᠣᠭᠣᠭᠠᠨ ᠦᠷ᠎ᠡ ᠶ᠋ᠢ ᠡᠬᠡ ᠭᠠᠵᠠᠷ ᠲᠦ᠍ ᠰᠠᠴᠤᠨ᠎ᠠ᠃ ᠡᠨᠡ ᠬᠦ᠌ 《ᠣᠭᠲᠠᠷᠭᠤᠢ ᠡᠴᠡ ᠦᠷ᠎ᠡ ᠰᠠᠴᠤᠵᠤ ᠳᠠᠷᠢᠬᠤ》 ᠠᠵᠢᠯᠯᠠᠭ᠎ᠠ ᠨᠢ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠬᠠᠲᠤᠨ ᠭᠣᠣᠯ ᠤ᠋ᠨ ᠶᠡᠬᠡ ᠲᠣᠬᠣᠢ ᠵᠢᠨ ᠪᠣᠭᠣᠮᠲᠠ ᠰᠢᠪᠲᠤᠯᠬᠤ ᠳᠠᠢᠯᠠᠯᠳᠤᠭᠠᠨ᠎ᠳᠤ ᠬᠥᠮᠥᠰ ᠤ᠋ᠨ ᠰᠡᠳᠬᠢᠯ ᠢ᠋ ᠬᠥᠳᠡᠯᠭᠡᠮ᠎ᠡ ᠠᠮᠢ ᠠᠬᠤᠢ ᠵᠢᠨ ᠭᠡᠷᠡᠯ ᠭᠢᠯᠪᠠᠭ᠎ᠠ ᠶ᠋ᠢ ᠨᠡᠮᠡᠷᠢᠯᠡᠪᠡ᠃

ᠨᠢᠰᠬᠡᠯ ᠵᠢᠡᠷ ᠣᠢᠵᠢᠭᠤᠯᠤᠯᠲᠠ ᠬᠢᠬᠦ ᠠᠬᠤᠢ ᠲᠠᠯᠠᠪᠠᠶ ᠳ᠋ᠤ᠌᠂ ᠬᠥᠳᠡᠯᠭᠡᠭᠦᠷ ᠤ᠋ᠨ ᠬᠦᠩᠭᠢᠨᠡᠬᠦ ᠲᠠᠭᠤ ᠶ᠋ᠢ ᠳᠠᠭᠠᠯᠳᠤᠨ ᠡᠭᠴᠡ ᠨᠢᠰᠬᠡᠯ ᠤᠷᠢᠳᠴᠢᠯᠠᠨ ᠲᠣᠭᠲᠠᠭᠠᠭᠰᠠᠨ ᠠᠶᠠᠯᠠᠯ ᠤ᠋ᠨ ᠱᠤᠭᠤᠮ ᠢ᠋ ᠲᠠᠭᠠᠨ ᠣᠢᠷ᠎ᠠ ᠣᠭᠲᠠᠷᠭᠤᠢ ᠪᠡᠷ ᠨᠢᠰᠴᠦ᠂ ᠵᠢᠵᠢᠭ ᠵᠢᠵᠢᠭ ᠡᠪᠡᠰᠦᠨ ᠤ᠋ ᠦᠷ᠎ᠡ ᠤᠨᠴᠠᠭᠠᠢ ᠦᠢᠯᠡᠳᠦᠭᠰᠡᠨ ᠲᠥᠬᠦᠭᠡᠷᠦᠮᠵᠢ ᠪᠡᠷ ᠳᠡᠮᠵᠢᠨ ᠵᠢᠭᠳᠡ ᠪᠡᠷ ᠰᠠᠴᠤᠭᠳᠠᠨ᠂ ᠡᠯᠡᠰᠦᠨ ᠳᠣᠪᠣᠴᠠᠭ ᠵᠢᠡᠷ ᠥᠩᠭᠡᠷᠡᠵᠦ᠂ ᠡᠪᠡᠰᠦᠨ ᠤ᠋ ᠦᠷ᠎ᠡ ᠵᠢᠨ 《ᠭᠠᠵᠠᠷ ᠲᠦ᠍ ᠤᠨᠠᠵᠤ ᠦᠨᠳᠦᠰᠦ ᠬᠠᠳᠬᠤᠬᠤ》 ᠶ᠋ᠢ ᠪᠠᠲᠤᠯᠠᠨ᠎ᠠ᠃ ᠡᠢᠮᠦᠷᠬᠦᠦ ᠨᠢᠰᠬᠡᠯ ᠵᠢᠡᠷ ᠳᠠᠷᠢᠬᠤ ᠲᠡᠷᠢᠭᠦᠨ ᠤ᠋ ᠮᠡᠷᠭᠡᠵᠢᠯ ᠨᠢ ᠠᠵᠢᠯ ᠤ᠋ᠨ ᠦᠷ᠎ᠡ ᠪᠦᠲᠦᠮᠵᠢ ᠶ᠋ᠢ ᠳᠡᠭᠡᠭᠰᠢᠯᠡᠭᠦᠯᠦᠭᠰᠡᠨ ᠵᠢᠡᠷ ᠪᠠᠷᠠᠬᠤ ᠦᠭᠡᠢ᠂ ᠨᠠᠷᠢᠨ ᠪᠤᠳᠤᠯᠢᠶᠠᠨᠲᠠᠢ ᠭᠠᠵᠠᠷ ᠤ᠋ᠨ ᠪᠠᠢᠴᠠ ᠳ᠋ᠤ᠌ ᠬᠥᠮᠥᠨ ᠤ᠋ ᠬᠦᠴᠦ ᠪᠡᠷ ᠡᠪᠡᠰᠦ ᠳᠠᠷᠢᠬᠤ ᠳ᠋ᠤ᠌ ᠬᠦᠴᠢᠷ ᠪᠠᠢᠳᠠᠭ ᠠᠰᠠᠭᠤᠳᠠᠯ ᠢ᠋ ᠴᠤ᠌ ᠰᠢᠢᠳᠪᠦᠷᠢᠯᠡᠵᠡᠢ᠃

《ᠨᠢᠰᠬᠡᠯ ᠵᠢᠡᠷ ᠡᠪᠡᠰᠦ ᠳᠠᠷᠢᠬᠤ ᠪᠣᠯ 〈ᠤᠮᠠᠷᠠᠲᠤ ᠵᠢᠨ ᠭᠤᠷᠪᠠᠨ ᠣᠷᠣᠨ〉 ᠤ᠋ ᠢᠨᠵᠧᠨᠧᠷᠢᠩ ᠤ᠋ᠨ ᠠᠮᠢ ᠠᠬᠤᠢ ᠶ᠋ᠢ ᠵᠠᠰᠠᠨ ᠰᠡᠷᠭᠦᠭᠡᠬᠦ ᠴᠢᠬᠤᠯᠠ ᠠᠷᠭ᠎ᠠ ᠪᠠᠷᠢᠯ ᠮᠥᠨ᠂ ᠡᠨᠡ ᠨᠢ ᠭᠠᠵᠠᠷ ᠤ᠋ᠨ ᠪᠠᠢᠴᠠ ᠨᠠᠷᠢᠨ ᠪᠤᠳᠤᠯᠢᠶᠠᠨᠲᠠᠢ᠂ ᠲᠠᠯᠠᠪᠠᠶ ᠪᠡᠷ ᠨᠡᠯᠢᠶᠡᠳ ᠶᠡᠬᠡ ᠣᠷᠣᠨ ᠪᠦᠰᠡ ᠳ᠋ᠤ᠌ ᠲᠣᠬᠢᠷᠠᠵᠤ᠂ ᠣᠬᠣᠷᠬᠠᠨ ᠬᠤᠭᠤᠴᠠᠭᠠᠨ ᠳ᠋ᠤ᠌ ᠶᠡᠬᠡ ᠬᠡᠪᠴᠢᠶ᠎ᠡ ᠪᠡᠷ ᠡᠪᠡᠰᠦ ᠳᠠᠷᠢᠬᠤ ᠶ᠋ᠢ ᠪᠡᠶᠡᠯᠡᠭᠦᠯᠦᠨ᠂ ᠨᠤᠲᠤᠭ ᠪᠡᠯᠴᠢᠭᠡᠷ ᠤ᠋ᠨ ᠠᠮᠢ ᠠᠬᠤᠢ ᠶ᠋ᠢ ᠰᠡᠷᠭᠦᠭᠡᠵᠦ ᠴᠢᠳᠠᠬᠤ ᠶᠤᠮ᠃ ᠪᠢᠳᠡ ᠡᠭᠴᠡ ᠨᠢᠰᠬᠡᠯ ᠳ᠋ᠤ᠌ GPS ᠵᠠᠮᠴᠢᠯᠠᠭ᠍ᠴᠢ ᠵᠢᠨ ᠰᠢᠰᠲᠧᠮ ᠢ᠋ ᠠᠴᠢᠶᠠᠯᠠᠵᠤ᠂ ᠨᠢᠰᠦᠯᠲᠡ ᠵᠢᠨ ᠥᠨᠳᠥᠷ ᠢ᠋ ᠨᠢ 50 ᠮᠧᠲᠷ ᠵᠢᠡᠷ ᠬᠢᠵᠠᠭᠠᠷᠯᠠᠨ᠂ ᠨᠢᠰᠦᠯᠲᠡ᠎ᠶᠢᠨ ᠬᠤᠷᠳᠤᠴᠠ ᠶ᠋ᠢ ᠨᠢ ᠴᠠᠭ ᠪᠦᠷᠢ 87 ᠺᠢᠯᠣᠮᠧᠲᠷ ᠪᠠᠢᠯᠭᠠᠵᠤ᠂ ᠲᠡᠭᠰᠢ ᠳᠥᠷᠪᠡᠯᠵᠢᠨ ᠮᠧᠲᠷ ᠪᠦᠷᠢ ᠳ᠋ᠤ᠌ ᠦᠷ᠎ᠡ ᠰᠠᠴᠤᠬᠤ ᠬᠡᠮᠵᠢᠶ᠎ᠡ ᠶ᠋ᠢ ᠲᠥᠯᠥᠪᠯᠡᠭᠰᠡᠨ ᠪᠠᠷᠢᠮᠵᠢᠶ᠎ᠠ ᠳ᠋ᠤ᠌ ᠬᠦᠷᠭᠡᠬᠦ ᠶ᠋ᠢ ᠪᠠᠲᠤᠯᠠᠵᠤ ᠪᠤᠢ᠃ ᠡᠭᠴᠡ ᠨᠢᠰᠬᠡᠯ ᠤᠳᠠᠭ᠎ᠠ ᠪᠦᠷᠢ 430 ᠺᠢᠯᠣᠭ᠌ᠷᠠᠮ ᠦᠷ᠎ᠡ ᠠᠴᠢᠶᠠᠯᠠᠵᠤ᠂ 426 ᠮᠦ᠍ ᠡᠯᠡᠰᠦᠨ ᠭᠠᠵᠠᠷ ᠲᠸ᠋ ᠦᠷ᠎ᠡ ᠰᠠᠴᠤᠵᠤ ᠳᠡᠢᠯᠦᠨ᠎ᠡ》 ᠭᠡᠵᠦ ᠤᠷᠠᠳ ᠤ᠋ᠨ ᠡᠮᠦᠨᠡᠲᠦ ᠬᠣᠰᠢᠭᠤᠨ ᠤ᠋ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ ᠨᠠᠮ ᠤ᠋ᠨ ᠪᠠᠢᠭᠤᠯᠤᠯᠲᠠ ᠵᠢᠨ ᠠᠯᠪᠠᠨ ᠭᠡᠷ᠎ᠦᠨ ᠡᠷᠭᠢᠯᠡᠭᠴᠢ ᠸᠠᠩ ᠶᠠᠨ ᠲᠠᠨᠢᠯᠴᠠᠭᠤᠯᠤᠨ᠎ᠠ᠃

ᠸᠠᠩ ᠶᠠᠨ ᠤ᠋ ᠬᠡᠯᠡᠬᠦ ᠪᠡᠷ᠂ ᠲᠣᠰ ᠤᠳᠠᠭ᠎ᠠ ᠵᠢᠨ ᠨᠢᠰᠬᠡᠯ ᠵᠢᠡᠷ ᠰᠠᠴᠤᠭᠰᠠᠨ ᠡᠪᠡᠰᠦᠨ ᠤ᠋ ᠦᠷ᠎ᠡ ᠨᠢ ᠭᠠᠩ ᠬᠠᠭᠰᠠᠷᠠᠭᠠᠨ ᠳ᠋ᠤ᠌ ᠲᠡᠰᠪᠦᠷᠢᠲᠡᠢ ᠴᠠᠭᠠᠨ ᠡᠷᠮ᠎ᠡ᠂ ᠳᠠᠷᠪᠠᠯᠵᠢ᠂ ᠨᠠᠢᠯᠵᠠᠭᠤᠷ ᠬᠠᠷᠭᠠᠨ᠎ᠠ ᠵᠢᠨ ᠦᠷ᠎ᠡ ᠵᠡᠷᠭᠡ ᠪᠣᠯᠣᠨ᠎ᠠ᠃ ᠰᠢᠯᠢᠵᠦ ᠰᠣᠩᠭᠣᠵᠤ ᠠᠪᠤᠭᠰᠠᠨ ᠡᠳᠡᠭᠡᠷ ᠡᠪᠡᠰᠦᠨ ᠤ᠋ ᠦᠷ᠎ᠡ ᠨᠢ ᠥᠪᠡᠷ ᠥᠪᠡᠷ ᠤ᠋ᠨ ᠵᠢᠡᠨ ᠣᠨᠴᠠᠯᠢᠭ᠋ ᠲᠠᠶ ᠪᠤᠯᠪᠠᠴᠤ ᠴᠥᠮ ᠨᠢᠭᠡᠨ ᠨᠡᠢᠲᠡᠯᠢᠭ ᠲᠠᠯ᠎ᠠ ᠲᠠᠶ ᠪᠠᠢᠳᠠᠭ ᠨᠢ ᠳᠠᠷᠤᠢ ᠪᠠᠢᠭᠠᠯᠢ ᠵᠢᠨ ᠨᠥᠬᠥᠴᠡᠯ ᠵᠢᠡᠷ ᠮᠠᠭᠤ ᠣᠷᠴᠢᠨ ᠳ᠋ᠤ᠌ ᠴᠦ᠍ ᠦᠨᠳᠦᠰᠦ ᠬᠠᠳᠬᠤᠨ ᠤᠷᠭᠤᠵᠤ ᠴᠢᠳᠠᠳᠠᠭ᠃

《ᠨᠠᠢᠯᠵᠠᠭᠤᠷ ᠬᠠᠷᠭᠠᠨ᠎ᠠ ᠶ᠋ᠢᠨ ᠦᠨᠳᠦᠰᠦ ᠵᠢᠨ ᠰᠢᠰᠲᠧᠮ ᠨᠢ ᠭᠠᠵᠠᠷ ᠳᠣᠣᠷ᠎ᠠ 5 ᠮᠧᠲᠷ᠎ᠤᠨ ᠭᠦᠨ ᠳ᠋ᠤ᠌ ᠬᠠᠳᠬᠤᠵᠤ᠂ ᠨᠡᠭᠦᠳᠡᠯ ᠡᠯᠡᠰᠦ ᠶ᠋ᠢ ᠲᠣᠭᠲᠠᠪᠤᠷᠢᠵᠢᠭᠤᠯᠬᠤ 〈ᠪᠠᠢᠭᠠᠯᠢᠯᠢᠭ᠋ ᠵᠠᠩᠭᠤᠤ ᠵᠢᠨ ᠡᠰᠢ〉 ᠪᠣᠯᠣᠨ᠎ᠠ᠃ ᠡᠲᠡᠭᠡᠷ 〈ᠠᠮᠢ ᠠᠬᠤᠢ ᠵᠢᠨ ᠬᠠᠮᠠᠭᠠᠯᠠᠭ᠍ᠴᠢ〉 ᠭᠠᠵᠠᠷ ᠤ᠋ᠨ ᠭᠠᠳᠠᠷᠭᠤ ᠶ᠋ᠢ ᠲᠦᠷᠭᠡᠨ ᠪᠦᠷᠬᠦᠵᠦ ᠴᠢᠳᠠᠬᠤ ᠪᠠᠷ ᠪᠠᠷᠠᠬᠤ ᠦᠭᠡᠢ ᠪᠠᠰᠠ ᠦᠨᠳᠦᠰᠦ᠎ᠶᠢᠨ ᠰᠢᠰᠲᠧᠮ ᠤ᠋ᠨ ᠢᠯᠭᠠᠷᠠᠭᠤᠯᠤᠭᠰᠠᠨ ᠪᠣᠳᠠᠰ ᠵᠢᠡᠷ ᠬᠥᠷᠥᠰᠥ ᠰᠢᠷᠣᠢ ᠶ᠋ᠢ ᠰᠠᠢᠵᠢᠷᠠᠭᠤᠯᠵᠤ᠂ ᠬᠣᠢᠰᠢᠳᠠ ᠵᠢᠨ ᠤᠷᠭᠤᠮᠠᠯ ᠤ᠋ᠨ ᠤᠷᠭᠤᠯᠲᠠ ᠳ᠋ᠤ᠌ ᠠᠰᠢᠭ᠍ᠲᠠᠢ ᠨᠥᠬᠥᠴᠡᠯ ᠢ᠋ ᠪᠦᠷᠢᠯᠳᠦᠭᠦᠯᠵᠦ ᠥᠭᠲᠡᠭ》 ᠭᠡᠵᠦ ᠸᠠᠩ ᠶᠠᠨ ᠨᠠᠢᠯᠵᠠᠭᠤᠷ ᠬᠠᠷᠭᠠᠨ᠎ᠠ᠎ᠶᠢᠨ ᠦᠷ᠎ᠡ ᠶ᠋ᠢ ᠵᠢᠭᠠᠵᠤ ᠬᠡᠯᠡᠨ᠎ᠡ᠃

ᠣᠢᠯᠠᠭᠠᠭᠰᠠᠨ ᠵᠢᠡᠷ᠂ ᠬᠠᠢᠯᠠᠰᠤᠲᠠᠢ ᠭᠠᠴᠠᠭᠠᠨ ᠤ᠋ ᠰᠦᠵᠢ ᠵᠢᠨ ᠡᠯᠡᠰᠦᠷᠬᠡᠭ ᠭᠠᠵᠠᠷ ᠪᠣᠯ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠭᠣᠣᠯᠳᠠᠯᠭ᠎ᠠ ᠲᠠᠶ ᠵᠠᠰᠠᠯᠲᠠ ᠵᠢᠨ ᠣᠷᠣᠨ ᠪᠣᠯᠣᠨ᠎ᠠ᠂ ᠡᠨᠳᠡ ᠵᠢᠯ ᠲᠤᠷᠰᠢ ᠰᠠᠯᠬᠢ ᠡᠯᠡᠰᠦᠨ ᠤ᠋ ᠳᠠᠭᠠᠷᠢᠯᠲᠠ ᠳ᠋ᠤ᠌ ᠤᠴᠠᠷᠠᠵᠤ᠂ ᠨᠤᠲᠤᠭ ᠪᠡᠯᠴᠢᠭᠡᠷ ᠮᠠᠭᠤᠳᠠᠨ᠂ ᠡᠯᠡᠰᠦᠷᠬᠡᠭᠵᠢᠬᠦ ᠪᠠᠢᠳᠠᠯ ᠬᠦᠨᠳᠦ ᠨᠣᠴᠢᠲᠠᠢ ᠪᠠᠢᠳᠠᠭ᠃ ᠲᠣᠰ ᠤᠳᠠᠭ᠎ᠠ ᠵᠢᠨ ᠨᠢᠰᠬᠡᠯ ᠵᠢᠡᠷ ᠡᠪᠡᠰᠦ ᠳᠠᠷᠢᠬᠤ ᠠᠵᠢᠯ ᠤ᠋ᠨ ᠲᠠᠯᠠᠪᠠᠶ 2 ᠲᠦᠮᠡᠨ ᠮᠦ᠍ ᠳ᠋ᠤ᠌ ᠬᠦᠷᠴᠦ᠂ ᠠᠵᠢᠯᠲᠠᠳ ᠡᠭᠴᠡ ᠨᠢᠰᠬᠡᠯ ᠵᠢᠡᠷ ᠳᠠᠷᠢᠬᠤ ᠠᠷᠭ᠎ᠠ ᠶ᠋ᠢ ᠬᠡᠷᠡᠭᠯᠡᠨ᠂ ᠣᠨᠣᠪᠴᠢᠲᠠᠶ ᠡᠵᠡᠮᠳᠡᠬᠦ ᠮᠡᠷᠭᠡᠵᠢᠯ ᠳ᠋ᠤ᠌ ᠲᠦᠰᠢᠭᠯᠡᠵᠦ᠂ ᠳᠠᠷᠢᠬᠤ ᠬᠡᠮᠵᠢᠶ᠎ᠡ ᠪᠠ ᠨᠢᠰᠦᠯᠲᠡ ᠵᠢᠨ ᠱᠤᠭᠤᠮ ᠳ᠋ᠤ᠌ ᠨᠠᠷᠢᠨ ᠲᠥᠯᠦᠪᠵᠢᠭᠦᠯᠭᠡ ᠬᠢᠵᠦ᠂ ᠨᠢᠰᠬᠡᠯ ᠵᠢᠡᠷ ᠨᠡᠢᠲᠡ 20 ᠲᠣᠨ ᠡᠪᠡᠰᠦᠨ ᠤ᠋ ᠦᠷ᠎ᠡ ᠶ᠋ᠢ ᠰᠠᠴᠤᠵᠤ᠂ 47 ᠤᠳᠠᠭ᠎ᠠ ᠨᠢᠰᠬᠦ ᠴᠢᠬᠤᠯᠠᠲᠠᠢ ᠶᠤᠮ᠃

ᠨᠢᠰᠬᠡᠯ ᠵᠢᠡᠷ ᠡᠪᠡᠰᠦ ᠲᠠᠷᠢᠬᠤ ᠵᠢᠨ ᠬᠠᠮᠲᠤ᠂ ᠥᠭᠡᠷ᠎ᠡ ᠨᠢᠭᠡᠨ ᠪᠠᠷᠢᠯᠭ᠎ᠠ ᠵᠢᠨ ᠠᠩᠭᠢ ᠵᠢᠨ ᠭᠢᠨ ᠶᠠᠭ ᠲᠣᠣᠷ ᠬᠦᠷᠢᠶ᠎ᠡ ᠲᠠᠲᠠᠵᠤ ᠪᠠᠢᠯ᠎ᠠ᠃ 《ᠡᠨᠡᠬᠦ 21 ᠺᠢᠯᠣᠮᠧᠲᠷ ᠤ᠋ᠨ ᠲᠣᠣᠷ ᠬᠦᠷᠢᠶ᠎ᠡ ᠪᠣᠯ ᠡᠪᠡᠰᠦᠨ ᠦᠷ᠎ᠡ ᠵᠢᠨ 〈ᠬᠠᠮᠠᠭᠠᠯᠠᠭ᠍ᠴᠢ〉 ᠪᠣᠯᠣᠨ᠎ᠠ᠃ ᠪᠢᠳᠡ ᠪᠡᠯᠴᠢᠭᠡᠷᠯᠡᠭᠦᠯᠬᠦ ᠶ᠋ᠢ ᠴᠢᠩᠭ᠎ᠠ ᠬᠣᠷᠢᠭ᠍ᠯᠠᠵᠤ᠂ ᠬᠥᠮᠥᠨ ᠤ᠋ ᠡᠪᠳᠡᠯᠡᠭᠡ ᠡᠴᠡ ᠵᠠᠢᠯᠠᠰᠬᠢᠨ᠂ ᠰᠡᠭᠦᠯᠴᠢ ᠵᠢᠨ ᠬᠤᠭᠤᠴᠠᠭᠠᠨ ᠤ᠋ ᠬᠠᠮᠢᠶᠠᠷᠴᠤ ᠬᠠᠮᠠᠭᠠᠯᠠᠬᠤ ᠠᠵᠢᠯ ᠳ᠋ᠤ᠌ ᠰᠠᠭᠤᠷᠢ ᠲᠠᠯᠪᠢᠵᠤ᠂ ᠡᠪᠡᠰᠦᠨ ᠦᠷ᠎ᠡ ᠳ᠋ᠤ᠌ ᠠᠮᠤᠷ ᠲᠦᠪᠰᠢᠨ ᠲᠣᠭᠲᠠᠭᠤᠨ ᠤᠷᠭᠤᠯᠲᠠ ᠵᠢᠨ ᠣᠷᠴᠢᠨ ᠲᠣᠭᠣᠷᠢᠨ ᠢ᠋ ᠪᠤᠶ ᠪᠣᠯᠭᠠᠨ᠂ ᠡᠯᠡᠰᠦᠷᠬᠡᠭᠵᠢᠭᠰᠡᠨ ᠭᠠᠵᠠᠷ ᠰᠢᠷᠣᠢ ᠶ᠋ᠢ ᠦᠨᠡᠨ ᠬᠦ᠌ 〈ᠨᠣᠭᠣᠭᠠᠷᠠᠭᠤᠯᠤᠯᠲᠠ ᠵᠢᠨ ᠪᠠᠩᠬᠢ〉 ᠪᠣᠯᠭᠠᠨ᠎ᠠ》 ᠭᠡᠵᠦ ᠤᠷᠠᠳ ᠤ᠋ᠨ ᠡᠮᠦᠨᠡᠲᠦ ᠬᠣᠰᠢᠭᠤᠨ ᠤ᠋ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ ᠣᠶ ᠰᠢᠭᠤᠢ ᠵᠢᠨ ᠡᠪᠡᠳᠴᠢᠨ ᠬᠣᠷᠣᠬᠠᠢ ᠵᠢᠨ ᠬᠥᠨᠥᠭᠡᠯ ᠢ᠋ ᠰᠡᠷᠭᠡᠢᠯᠡᠨ ᠵᠠᠰᠠᠬᠤ ᠬᠢᠵᠢᠭ ᠪᠠᠢᠴᠠᠭᠠᠬᠤ ᠥᠷᠲᠡᠭᠡ ᠵᠢᠨ ᠳᠠᠷᠤᠭ᠎ᠠ ᠯᠢ ᠭᠠᠩ ᠬᠡᠯᠡᠪᠡ᠃

ᠣᠳᠣᠬᠠᠨ ᠳ᠋ᠤ᠌ ᠤᠷᠠᠳ ᠤ᠋ᠨ ᠡᠮᠦᠨᠡᠲᠦ ᠬᠣᠰᠢᠭᠤ ᠶᠠᠭ 《ᠨᠢᠰᠬᠡᠯ ᠵᠢᠡᠷ ᠳᠠᠷᠢᠬᠤ + ᠬᠦᠷᠢᠶ᠎ᠡ ᠬᠠᠰᠢᠶ᠎ᠠ + ᠬᠠᠮᠢᠶᠠᠷᠤᠯᠲᠠ ᠬᠠᠮᠠᠭᠠᠯᠠᠯᠲᠠ》 ᠶ᠋ᠢᠨ ᠪᠣᠰᠣᠭ᠎ᠠ ᠴᠣᠭᠴᠠᠲᠤ ᠬᠠᠮᠠᠭᠠᠯᠠᠯᠲᠠ ᠵᠢᠨ ᠰᠢᠰᠲᠧᠮ ᠢ᠋ ᠪᠠᠢᠭᠤᠯᠵᠤ ᠪᠤᠢ᠃ ᠡᠨᠡ ᠵᠢᠯ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠬᠠᠳᠤᠨ ᠭᠣᠣᠯ ᠤ᠋ᠨ ᠤᠰᠤᠯᠠᠯᠲᠠ ᠵᠢᠨ ᠣᠷᠣᠨ ᠤ᠋ ᠠᠮᠢ ᠠᠬᠤᠢ᠎ᠶᠢ ᠶᠡᠷᠦᠩᠬᠡᠢᠯᠡᠨ ᠵᠠᠰᠠᠬᠤ ᠲᠦᠷᠦᠯ ᠵᠦᠢᠯ ᠳ᠋ᠤ᠌ 6.84 ᠲᠦᠮᠡᠨ ᠮᠦ᠍ ᠵᠢᠨ ᠵᠠᠰᠠᠯᠲᠠ ᠵᠢᠨ ᠡᠭᠦᠷᠭᠡ ᠶ᠋ᠢ ᠪᠡᠶᠡᠯᠡᠭᠦᠯᠬᠦ ᠪᠡᠷ ᠪᠣᠯᠵᠤ᠂ ᠤᠳᠤ 2.1 ᠲᠦᠮᠡᠨ ᠮᠦ᠍ ᠶ᠋ᠢᠨ ᠵᠠᠰᠠᠯᠲᠠ ᠶ᠋ᠢ ᠨᠢᠭᠡᠨᠲᠡ ᠪᠡᠶᠡᠯᠡᠭᠦᠯᠪᠡ᠃

ᠰᠤᠷᠪᠤᠯᠵᠢᠯᠠᠬ᠍ᠴᠢ ᠵᠢᠯᠣᠭᠣᠴᠢ ᠦᠭᠡᠢ ᠨᠢᠰᠬᠡᠯ ᠵᠢᠠᠷ ᠠᠪᠤᠭᠰᠠᠨ ᠵᠢᠷᠤᠭ ᠡᠴᠡ ᠥᠩᠭᠡᠷᠡᠭᠰᠡᠨ ᠳ᠋ᠤ᠌ ᠢᠯᠡ ᠪᠠᠢᠭᠰᠠᠨ ᠡᠯᠡᠰᠦᠨ ᠳᠣᠪᠣᠴᠠᠭ ᠨᠢᠭᠡᠨᠲᠡ ᠭᠦᠢᠬᠡᠨ ᠨᠣᠭᠣᠭᠠᠨ ᠥᠩᠭᠡ ᠪᠡᠷ ᠬᠤᠴᠢᠭ᠍ᠳᠠᠭᠰᠠᠨ ᠢ᠋ ᠣᠯᠵᠤ ᠬᠠᠷᠠᠯ᠎ᠠ᠃ 《ᠤᠤᠯ ᠨᠢ ᠡᠨᠡ ᠦᠶ᠎ᠡ ᠪᠡᠷ ᠰᠠᠯᠬᠢ ᠡᠯᠡᠰᠦ ᠮᠣᠩᠭᠣᠯ ᠭᠡᠷ ᠢ᠋ ᠠᠯᠢ ᠬᠡᠳᠦᠢᠨ ᠪᠤᠯᠠᠴᠢᠬᠠᠳᠠᠭ ᠪᠠᠢᠭᠰᠠᠨ᠂ ᠣᠳᠣ᠌ ᠡᠯᠡᠰᠦ ᠬᠡᠢᠰᠬᠦ ᠨᠢ ᠬᠠᠷᠢᠨ ᠨᠠᠮᠳᠠᠴᠢᠬᠠᠵᠠᠢ᠃ ᠡᠨᠡ ᠵᠢᠯ ᠬᠤᠷ᠎ᠠ ᠪᠣᠷᠣᠭᠠᠨ ᠡᠯᠪᠡᠭ ᠡᠪᠡᠰᠦ ᠪᠡᠯᠴᠢᠭᠡᠷ ᠰᠠᠢᠨ᠂ ᠮᠠᠨ ᠤ᠋ ᠦᠬᠡᠷ ᠬᠣᠨᠢ ᠴᠤ᠌ ᠲᠠᠷᠭᠤ ᠰᠠᠢᠲᠠᠢ ᠪᠠᠢᠨ᠎ᠠ》 ᠭᠡᠵᠦ ᠮᠠᠯᠴᠢᠨ ᠪᠢᠯᠢᠭ ᠪᠠᠶᠠᠷ ᠲᠠᠢ ᠬᠡᠯᠡᠨ᠎ᠡ᠃

ᠦᠳᠡᠰᠢ ᠵᠢᠨ ᠨᠡᠷᠡᠨ ᠪᠠᠷᠠᠭᠤᠨ᠎ᠠ ᠲᠠᠰᠢᠵᠤ᠂ ᠡᠭᠴᠡ ᠨᠢᠰᠬᠡᠯ ᠬᠠᠮᠤᠭ ᠤ᠋ᠨ ᠰᠡᠭᠦᠯᠴᠢ ᠵᠢᠨ ᠡᠭᠡᠯᠵᠢ ᠵᠢᠨ ᠠᠵᠢᠯ᠎ᠢᠶᠠᠨ ᠳᠠᠭᠤᠰᠬᠠᠪᠠ᠃ ᠦᠳᠡᠰᠢ ᠵᠢᠨ ᠲᠤᠯᠤᠩ ᠳᠤᠮᠳᠠ ᠰᠠᠶᠢᠬᠠᠨ ᠰᠠᠴᠤᠭᠰᠠᠨ ᠡᠪᠡᠰᠦᠨ ᠤ᠋ ᠦᠷ᠎ᠡ ᠨᠦ᠍ᠭᠦᠳ ᠡᠯᠡᠰᠦᠨ ᠳᠡᠭᠡᠷ᠎ᠡ ᠵᠢᠭᠳᠡ ᠰᠠᠭᠤᠵᠤ᠂ ᠪᠣᠷᠣᠭᠠᠨ ᠤ᠋ ᠤᠰᠤᠨ ᠳ᠋ᠤ᠌ ᠤᠮᠳᠠᠯᠠᠭᠳᠠᠬᠤ ᠶ᠋ᠢ ᠬᠦᠯᠢᠶᠡᠨ᠎ᠡ᠃ ᠡᠨᠡ ᠬᠦ᠌ 《ᠣᠭᠲᠠᠷᠭᠤᠢ ᠡᠴᠡ ᠦᠷ᠎ᠡ ᠰᠠᠴᠤᠵᠤ ᠳᠠᠷᠢᠬᠤ》 ᠠᠵᠢᠯᠯᠠᠭ᠎ᠠ ᠨᠢ ᠨᠣᠭᠣᠭᠠᠷᠠᠭᠤᠯᠤᠯᠲᠠ ᠵᠢᠨ ᠬᠦᠰᠡᠯ ᠡᠷᠡᠮᠡᠯᠵᠡᠯ ᠢ᠋ ᠰᠠᠴᠤᠭᠰᠠᠨ ᠵᠢᠡᠷ ᠪᠠᠷᠠᠬᠤ ᠦᠭᠡᠢ᠂ ᠨᠠᠩ ᠴᠤ᠌ ᠠᠮᠢ ᠠᠬᠤᠢ ᠵᠢᠨ ᠪᠣᠯᠪᠠᠰᠤᠨ ᠤ᠋ ᠦᠷ᠎ᠡ ᠶ᠋ᠢ ᠰᠠᠴᠤᠪᠠ᠃ ᠶᠠᠭ ᠸᠠᠩ ᠶᠠᠨ ᠤ᠋ ᠬᠡᠯᠡᠭᠰᠡᠨ ᠰᠢᠭ ᠵᠢᠡᠷ 《ᠡᠨᠡ ᠨᠢ ᠡᠯᠡᠰᠦ ᠶ᠋ᠢ ᠵᠠᠰᠠᠵᠤ ᠪᠠᠢᠭ᠎ᠠ ᠪᠢᠰᠢ᠂ ᠬᠠᠷᠢᠨ ᠬᠥᠮᠥᠨ ᠬᠢᠭᠡᠳ ᠪᠠᠢᠭᠠᠯᠢ ᠵᠢᠨ ᠬᠠᠷᠢᠴᠠᠭ᠎ᠠ ᠶ᠋ᠢ ᠵᠠᠰᠠᠨ ᠰᠡᠷᠭᠦᠭᠡᠵᠦ ᠪᠠᠢᠨ᠎ᠠ》᠃

《ᠡᠯᠡᠰᠦ ᠤᠷᠤᠭᠰᠢᠯᠠᠵᠤ ᠬᠥᠮᠥᠨ ᠤᠬᠤᠷᠢᠵᠤ》 ᠪᠠᠢᠭᠰᠠᠨ ᠡᠴᠡ 《ᠨᠣᠭᠣᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ》 ᠭᠦᠷᠲᠡᠯ᠎ᠡ᠂ ᠤᠷᠠᠳ ᠤ᠋ᠨ ᠡᠮᠦᠨᠡᠲᠦ ᠬᠣᠰᠢᠭᠤ ᠰᠢᠨᠵᠢᠯᠡᠬᠦ ᠤᠬᠠᠭᠠᠨ ᠲᠸᠭ᠌ᠨᠢ᠌ᠠ᠋ ᠮᠡᠷᠭᠡᠵᠢᠯ ᠤ᠋ᠨ ᠪᠢᠷ ᠵᠢᠡᠷ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠠᠤᠭ᠎ᠠ ᠵᠢᠷᠤᠭ ᠲᠥᠰᠥᠪ ᠳᠡᠭᠡᠷ᠎ᠡ ᠰᠡᠳᠬᠢᠯ ᠬᠥᠳᠡᠯᠭᠡᠮ᠎ᠡ ᠨᠣᠮᠢᠨ ᠨᠣᠭᠣᠭᠠᠨ ᠬᠠᠭᠤᠳᠠᠰᠤ ᠶ᠋ᠢ ᠵᠢᠷᠤᠭᠯᠠᠵᠤ᠂ ᠤᠤᠯ ᠤ᠋ᠨ ᠠᠲᠠᠷᠰᠢᠭ᠍ᠰᠠᠨ ᠭᠠᠵᠠᠷ ᠨᠤᠲᠤᠭ ᠲᠦ᠍ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠶ᠋ᠢ ᠪᠠᠲᠤ ᠴᠣᠭᠴᠠᠯᠠᠬᠤ ᠠᠢᠵᠠᠮ ᠡᠭᠡᠰᠢᠭ ᠠᠯᠭᠤᠷᠬᠠᠨ ᠴᠤᠤᠷᠢᠶᠠᠲᠤᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ