《 ᠬᠣᠶᠠᠷ ᠬᠠᠯᠬᠠᠪᠴᠢ》《 ᠬᠣᠶᠠᠷ ᠰᠠᠭᠤᠷᠢᠨ》《 ᠨᠢᠭᠡ ᠪᠡᠬᠢᠯᠡᠯᠲᠡ》᠎ᠶ᠋ᠢ ᠯᠠᠪᠳᠠᠭᠤᠨ ᠪᠠᠲᠤᠲᠠᠢ ᠠᠬᠢᠭᠤᠯᠤᠶ᠎ᠠ   -   ᠪᠠᠶ᠋ᠢᠷᠢᠯᠠᠭᠤᠯᠤᠯᠲᠠ ᠨᠠᠶ᠋ᠢᠳᠠᠪᠤᠷᠢᠵᠢᠭᠤᠯᠤᠯᠲᠠ
ᠥᠪᠥᠷ ᠮᠣᠩᠭᠣᠯ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠬᠥᠬᠡᠮᠳᠦᠭ ᠨᠣᠭᠣᠭᠠᠨ ᠠᠭᠤᠯᠠ ᠤᠰᠤ᠎ᠪᠠᠨ ᠰᠠᠬᠢᠨ ᠬᠠᠮᠠᠭᠠᠯᠠᠵᠤ ᠪᠤᠢ
ᠨᠡᠶ᠋ᠢᠲᠡᠯᠡᠭᠰᠡᠨ ᠴᠠᠭ᠄ 2025-08-15

ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠌ ᠪᠣᠯ ᠥᠪᠥᠷ ᠮᠣᠩᠭᠣᠯ᠎ᠤᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ 《ᠤᠯᠤᠰ᠎ᠤᠨ ᠶᠡᠬᠡ ᠶᠠᠪᠤᠳᠠᠯ》 ᠪᠣᠯᠣᠨ᠎ᠠ᠃ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠠᠬᠢᠭᠤᠯᠵᠤ᠂ ᠬᠥᠬᠡᠮᠳᠦᠭ ᠨᠣᠭᠣᠭᠠᠨ ᠠᠭᠤᠯᠠ ᠤᠰᠤ᠎ᠶᠢ ᠰᠠᠬᠢᠨ ᠬᠠᠮᠠᠭᠠᠯᠠᠬᠤ᠎ᠳᠤ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠢᠶᠡᠷ ᠲᠣᠯᠤᠭᠠᠢᠯᠠᠭᠤᠯᠤᠨ ᠠᠵᠢᠯᠯᠠᠭᠤᠯᠬᠤ᠃ ᠮᠠᠨ᠎ᠤ ᠣᠷᠣᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶ᠋ᠢᠨ ᠲᠠᠢ᠍ᠢᠴᠢᠯᠠᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠮᠢ ᠠᠬᠤᠢ᠎ᠶᠢ ᠰᠡᠷᠭᠦᠭᠡᠨ ᠬᠠᠮᠠᠭᠠᠯᠠᠬᠤ᠂ ᠣᠷᠴᠢᠨ ᠲᠣᠭᠣᠷᠢᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠵᠡᠷᠭᠡ ᠬᠦᠷᠢᠶᠡᠨ᠎ᠳᠦ ᠣᠨᠣᠴᠠᠲᠠᠢ ᠬᠦᠴᠦᠯᠡᠵᠦ᠂ ᠭᠣᠣᠯᠳᠠᠯᠭ᠎ᠠ᠎ᠲᠠᠢ ᠱᠢᠪᠲᠤᠯᠤᠨ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠦ ᠲᠤᠯᠭᠠᠭᠤᠷᠢᠯᠠᠯ ᠪᠤᠯᠠᠪᠠ᠃ 

ᠨᠢᠳᠤᠨᠤᠨ᠂ ᠮᠠᠨ᠎ᠤ ᠣᠷᠣᠨ ᠡᠯᠡᠰᠤᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠬᠦᠷᠢᠶᠡᠨ᠎ᠳᠦ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ 14 ᠲᠤᠰᠬᠠᠢ ᠲᠦᠷᠦᠯ᠎ᠢ ᠡᠬᠢᠯᠡᠭᠦᠯᠵᠡᠢ᠃ 2025 ᠣᠨ᠎ᠳᠤ᠂ ᠮᠠᠨ᠎ᠤ ᠣᠷᠣᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠬᠦᠷᠢᠶᠡᠨ᠎ᠳᠦ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠲᠤᠰᠬᠠᠢ ᠳᠦᠷᠦᠯ᠎ᠢ ᠡᠬᠢᠯᠡᠨ ᠬᠡᠷᠡᠭᠵᠢᠭᠦᠯᠵᠦ᠂ 5 ᠳᠦᠷᠦᠯ ᠵᠦᠢᠯ᠎ᠢ ᠳᠡᠮᠵᠢᠵᠦ᠂ ᠡᠳ᠋᠎ᠦᠨ ᠵᠠᠰᠠᠭ᠎ᠠᠴᠠ 3000 ᠲᠦᠮᠡᠨ ᠲᠥᠭᠥᠷᠢᠭ᠎ᠦᠨ ᠪᠡᠯᠡ ᠣᠷᠣᠭᠤᠯᠤᠭᠰᠠᠨ᠎ᠤ ᠬᠠᠮᠲᠤ᠂ ᠬᠣᠣᠰ ᠨᠡᠭᠦᠷᠡᠰᠦᠲᠥ᠋ᠷᠥᠭᠴᠢ᠂ ᠰᠢᠨ᠎ᠡ ᠡᠨᠧᠷᠭᠢ᠎ᠶᠢᠨ ᠲᠤᠨᠤᠭ ᠲᠥᠬᠦᠭᠡᠷᠦᠮᠵᠢ᠂ ᠳᠣᠣᠷ᠎ᠠ ᠨᠡᠭᠦᠷᠡᠰᠦᠲᠥ᠋ᠷᠥᠭᠴᠢᠲᠦ ᠡᠨᠧᠷᠭᠢ ᠵᠡᠷᠭᠡ ᠬᠦᠷᠢᠶ᠎ᠡ᠎ᠶᠢ ᠬᠠᠮᠤᠷᠤᠭᠰᠠᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠦᠨ 30 ᠳᠦᠷᠦᠯ ᠵᠦᠢᠯ᠎ᠢ ᠦᠷᠭᠦᠯᠵᠢᠯᠡᠨ ᠬᠡᠷᠡᠭᠵᠢᠭᠦᠯᠪᠡ᠃ 

ᠣᠢᠷ᠎ᠠ᠎ᠶᠢᠨ ᠵᠢᠯ᠎ᠤᠳ᠎ᠲᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠡᠬᠢ ᠰᠢᠨ᠎ᠡ᠎ᠶᠢ ᠡᠭᠦᠳᠬᠦ ᠲᠠᠪᠴᠡᠩ᠎ᠤᠨ ᠪᠦᠲᠦᠭᠡᠨ ᠪᠠᠢᠭᠤᠯᠤᠯᠲᠠ᠎ᠶ᠋ᠢ ᠦᠷᠬᠦᠯᠵᠢᠯᠡᠨ ᠴᠢᠩᠭᠠᠳᠭᠠᠵᠤ᠂ ᠣᠷᠳᠣᠰ ᠬᠣᠲᠠ᠎ᠶᠢᠨ 《ᠠᠭᠤᠯᠠ ᠤᠰᠤ ᠣᠶ ᠲᠠᠷᠢᠶ᠎ᠠ ᠨᠠᠭᠤᠷ ᠪᠡᠯᠴᠢᠭᠡᠷ ᠡᠯᠡᠰᠦ》᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮᠵᠢᠭᠦᠯᠦᠨ ᠵᠠᠰᠠᠬᠤ᠎ᠶᠢ ᠨᠢᠭᠡᠳᠦᠯᠲᠡᠢ ᠲᠥᠯᠥᠪᠯᠡᠬᠦ᠎ᠶᠢ ᠳᠡᠮᠵᠢᠵᠦ᠂ ᠨᠡᠭᠦᠷᠡᠰᠦᠲᠥ᠋ᠷᠥᠭᠴᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠨᠡᠮᠡᠭ᠌ᠳᠡᠯ᠎ᠢ ᠪᠠᠳᠤᠯᠠᠬᠤ᠎ᠶ᠋ᠢ ᠬᠠᠮᠵᠢᠯᠴᠠᠭᠤᠯᠤᠨ ᠠᠬᠢᠭᠤᠯᠵᠤ᠂ ᠴᠦᠯᠡᠷᠬᠡᠭ᠌ᠵᠢᠯ᠎ᠢ ᠰᠡᠷᠭᠡᠢᠯᠡᠨ ᠵᠠᠰᠠᠬᠤ᠂ ᠤᠰᠤᠨ᠎ᠤ ᠡᠬᠢ ᠪᠠᠶᠠᠯᠢᠭ᠋᠎ᠢ ᠥᠨᠳᠥᠷ ᠪᠦᠲᠦᠮᠵᠢᠲᠡᠢ᠎ᠪᠡᠷ ᠠᠰᠢᠭ᠍ᠯᠠᠬᠤ ᠎ᠶ᠋ᠢ ᠴᠢᠩᠭᠠᠳᠭᠠᠬᠤ ᠵᠡᠷᠭᠡ ᠵᠠᠩᠭᠢᠯᠠᠭ᠎ᠠ᠎ᠶᠢᠨ ᠭᠣᠣᠯᠯᠠᠭ᠍ᠴᠢ ᠮᠡᠷᠭᠡᠵᠢᠯ᠎ᠦᠨ ᠪᠡᠷᠭᠡ ᠰᠡᠳᠤᠪ᠎ᠲᠤ ᠱᠢᠪᠲᠤᠯᠤᠯᠲᠠ ᠭᠠᠷᠭᠠᠵᠤ᠂ ᠬᠥᠷᠥᠰᠥ ᠰᠢᠷᠣᠢ᠎ᠶᠢᠨ ᠢᠳᠡᠭᠳᠡᠯ᠎ᠢ ᠵᠠᠰᠠᠬᠤ᠂ ᠠᠮᠢ ᠠᠬᠤᠢ᠎ᠶᠢ ᠰᠡᠷᠭᠦᠭᠡᠬᠦ᠂ ᠴᠦᠯᠡᠷᠬᠡᠭ᠌ᠵᠢᠯ᠎ᠢ ᠰᠡᠷᠭᠡᠢᠯᠡᠨ ᠵᠠᠰᠠᠬᠤ᠂ ᠰᠢᠨ᠎ᠡ ᠡᠨᠧᠷᠭᠢ᠎ᠶᠢᠨ ᠲᠣᠮᠣ᠌ ᠰᠠᠭᠤᠷᠢᠨ ᠭᠠᠵᠠᠷ᠎ᠢ ᠪᠦᠲᠦᠭᠡᠨ ᠪᠠᠢᠭᠤᠯᠬᠤ ᠵᠡᠷᠭᠡ ᠲᠠᠯ᠎ᠠ᠎ᠪᠠᠷ ᠥᠪᠡᠷᠮᠢᠴᠡ ᠣᠨᠴᠠᠯᠢᠭ᠋ᠲᠡᠢ ᠪᠤᠯᠭᠠᠵᠤ᠂ ᠵᠢᠱ᠌ᠢᠶ᠎ᠡ ᠦᠵᠡᠭᠦᠯᠬᠦ᠎ᠶᠢ ᠠᠬᠢᠭᠤᠯᠤᠨ᠎ᠠ᠃ 

ᠣᠷᠳᠣᠰ ᠬᠤᠲᠠ᠎ᠶ᠋ᠢᠨ ᠤᠯᠤᠰ᠎ᠤᠨ ᠦᠷᠬᠦᠯᠵᠢᠯᠡᠬᠦᠢᠴᠡ ᠬᠥᠭᠵᠢᠯᠲᠡ᠎ᠶᠢᠨ ᠵᠥᠪᠯᠡᠬᠦ ᠵᠦᠢᠯ᠎ᠦᠨ ᠰᠢᠨ᠎ᠡ᠎ᠶᠢ ᠡᠭᠦᠳᠬᠦ ᠵᠢᠱ᠌ᠢᠶ᠎ᠡ ᠦᠵᠡᠭᠦᠯᠬᠦ ᠲᠣᠭᠣᠷᠢᠭ᠋ ᠨᠢ 2022 ᠣᠨ᠎ᠳᠤ ᠴᠣᠬᠣᠯᠠᠪᠤᠷᠢ ᠣᠯᠵᠤ ᠪᠦᠲᠦᠭᠡᠨ ᠪᠠᠢᠭᠤᠯᠤᠭ᠍ᠳᠠᠭ᠍ᠰᠠᠨ᠎ᠠᠴᠠ ᠨᠠᠭᠠᠰᠢ᠂ 《ᠴᠦᠯᠡᠷᠭᠡᠭ᠌ᠵᠢᠯ᠎ᠢ ᠰᠡᠷᠭᠡᠢᠯᠡᠨ ᠵᠠᠰᠠᠬᠤ ᠪᠠ ᠪᠣᠬᠢᠷᠲᠤᠯ ᠦᠭᠡᠢ ᠬᠥᠭᠵᠢᠯᠲᠡ》 ᠭᠡᠬᠦ᠌ ᠪᠦᠳᠦᠭᠡᠨ ᠪᠠᠶ᠋ᠢᠭᠤᠯᠬᠤ ᠭᠣᠣᠯ ᠰᠡᠳᠦᠪ᠎ᠦᠨ ᠲᠣᠭᠣᠷᠢᠨ᠎ᠳᠤ᠂ ᠦᠷᠬᠦᠯᠵᠢᠯᠡᠬᠦᠢᠴᠡ ᠬᠥᠭᠵᠢᠯᠲᠡ᠎ᠶᠢᠨ 《ᠲᠠᠪᠤᠨ ᠶᠡᠬᠡ ᠠᠵᠢᠯᠯᠠᠭᠠᠨ》᠎ᠢ ᠬᠡᠷᠡᠭᠵᠢᠭᠦᠯᠵᠦ᠂ ᠵᠠᠩᠭᠢᠯᠠᠭ᠎ᠠ᠎ᠶᠢᠨ ᠮᠡᠷᠭᠡᠵᠢᠯ᠎ᠦᠨ ᠪᠡᠷᠭᠡ ᠰᠡᠳᠤᠪ ᠰᠢᠪᠲᠤᠯᠬᠤ ᠠᠵᠢᠯ᠎ᠢᠶᠠᠨ ᠭᠦᠨᠵᠡᠭᠡᠢ ᠥᠷᠨᠢᠭᠦᠯᠵᠡᠢ᠃ 

ᠣᠷᠳᠣᠰ ᠬᠤᠳᠠ᠎ᠶᠢᠨ ᠳᠠᠯᠠᠳ ᠬᠣᠰᠢᠭᠤᠨ᠎ᠳᠤ᠂ 1.3 ᠲᠦᠮᠡ ᠭᠠᠷᠤᠢ ᠮᠦ᠍ ᠤᠰᠤᠨ ᠲᠤᠲᠤᠷᠭ᠎ᠠ ᠨᠣᠭᠣᠭᠠᠨ ᠥᠩᠭᠡ᠎ᠪᠡᠷ ᠳᠠᠪᠠᠯᠭᠠᠯᠠᠵᠤ᠂ ᠬᠦᠭ᠌ᠵᠢᠶᠡᠨᠲᠦ ᠪᠠᠢᠳᠠᠯ᠎ᠢᠶᠠᠷ ᠪᠢᠯᠬᠠᠨ᠎ᠠ᠃ ᠢᠮᠠᠬᠤ᠎ᠶ᠋ᠢᠨ ᠲᠡᠳᠤᠢ ᠡᠪᠡᠰᠦ ᠴᠦ᠍ ᠤᠷᠭᠤᠬᠤ ᠦᠭᠡᠢ ᠬᠤᠵᠢᠷᠯᠢᠭ᠋ ᠭᠠᠵᠠᠷ᠎ᠠᠴᠠ ᠤᠳᠤ ᠲᠤᠲᠤᠷᠭ᠎ᠠ ᠳᠠᠪᠠᠯᠭᠠᠯᠠᠭᠰᠠᠨ ᠡᠯᠪᠡᠭ ᠬᠤᠷᠢᠶᠠᠯᠲᠠ᠎ᠲᠡᠢ ᠲᠠᠷᠢᠶᠠᠨ ᠭᠠᠵᠠᠷ ᠪᠣᠯᠲᠠᠯ᠎ᠠ᠂ ᠰᠢᠨ᠎ᠡ᠎ᠶᠢ ᠡᠭᠦᠳᠬᠦ ᠲᠠᠪᠴᠠᠩ᠎ᠤᠨ ᠵᠢᠱ᠌ᠢᠶ᠎ᠡ ᠦᠵᠡᠭᠦᠯᠵᠦ ᠳᠠᠢᠴᠢᠯᠠᠬᠤ ᠦᠢᠯᠡᠳᠦᠯ ᠨᠢ ᠲᠤᠩ ᠲᠦᠷᠭᠡᠨ᠎ᠢᠶᠡᠷ ᠢᠯᠡᠷᠡᠯ᠎ᠢᠶᠠᠨ ᠤᠯᠪᠠ᠃ ᠲᠤᠬᠠᠢ᠎ᠶᠢᠨ ᠭᠠᠵᠠᠷ᠎ᠤᠨ ᠬᠢᠨ ᠤᠰᠤᠨ ᠲᠤᠲᠤᠷᠭ᠎ᠠ᠂ ᠬᠤᠵᠢᠷ᠎ᠲᠤ ᠲᠡᠰᠪᠦᠷᠢᠲᠡᠢ ᠢᠳᠡᠰᠢᠨ ᠨᠠᠷᠠᠨ ᠬᠤᠸᠠᠷ ᠲᠠᠷᠢᠭ᠍ᠰᠠᠨ᠎ᠢᠶᠠᠷ ᠪᠠᠷᠠᠬᠤ ᠦᠭᠡᠢ᠂ ᠪᠠᠰᠠ ᠬᠤᠵᠢᠷᠯᠢᠭ᠋ ᠭᠠᠵᠠᠷ᠎ᠢ ᠴᠡᠭᠴᠡᠯᠡᠨ ᠵᠠᠰᠠᠬᠤ ᠪᠠ ᠲᠠᠷᠢᠶᠠᠯᠠᠬᠤ᠎ᠳᠤ ᠲᠤᠰᠬᠠᠢ ᠬᠡᠷᠡᠭᠯᠡᠬᠦ ᠲᠠᠷᠢᠶᠠᠯᠠᠩ᠎ᠤᠨ ᠮᠠᠰᠢᠨ ᠪᠠᠭᠠᠵᠢ᠎ᠶᠢ ᠬᠡᠷᠡᠭᠯᠡᠭᠰᠡᠨ ᠪᠠᠢᠨ᠎ᠠ᠃ ᠳᠠᠯᠠᠳ ᠬᠣᠰᠢᠭᠤᠨ᠎ᠤ ᠵᠤᠤ ᠵᠢᠶᠦ᠋ᠨ ᠪᠠᠯᠭᠠᠰᠤᠨ᠎ᠤ ᠱᠠ ᠭᠧ ᠳᠦ ᠲᠣᠰᠬᠣᠨ᠎ᠤ ᠲᠠᠷᠢᠮᠠᠯ᠎ᠤᠨ ᠡᠷᠦᠬᠡ ᠯᠢᠦ ᠵᠢᠶᠸ ᠲᠠᠨᠢᠯᠴᠠᠭᠤᠯᠬᠤ᠎ᠳᠤ᠎ᠪᠠᠨ《ᠨᠢᠳᠤᠨᠤᠨ ᠵᠢᠯ᠎ᠳᠤ ᠤᠰᠤᠨ ᠲᠤᠲᠤᠷᠭ᠎ᠠ᠎ᠶᠢᠨ ᠮᠦ᠍ ᠪᠦᠷᠢ᠎ᠶᠢᠨ ᠳᠤᠮᠳᠠᠴᠢ ᠤᠨᠠᠯᠲᠠ 1300 ᠵᠢᠩ᠎ᠳᠦ ᠬᠦᠷᠴᠡᠢ᠂ ᠡᠨᠡ ᠵᠢᠯ ᠪᠢ ᠪᠠᠰᠠ 270 ᠭᠠᠷᠤᠢ ᠮᠦ᠍ ᠤᠰᠤᠨ ᠲᠤᠲᠤᠷᠭ᠎ᠠ ᠲᠠᠷᠢᠪᠠ᠂ ᠡᠨᠡ ᠵᠢᠯ᠎ᠦᠨ ᠤᠷᠭᠤᠴᠠ᠎ᠶᠢᠨ ᠪᠠᠢᠳᠠᠯ᠎ᠡᠴᠡ ᠦᠵᠡᠪᠡᠯ᠂ ᠯᠠᠪᠲᠠᠢ ᠪᠠᠰᠠ ᠨᠢᠭᠡ ᠡᠯᠪᠡᠭ ᠬᠤᠷᠢᠶᠠᠯᠲᠠ᠎ᠲᠠᠢ ᠵᠢᠯ ᠪᠣᠯᠣᠨ᠎ᠠ》 ᠭᠡᠵᠤ ᠬᠡᠯᠡᠪᠡ᠃

ᠡᠭᠦᠨ᠎ᠡᠴᠡ ᠭᠠᠳᠠᠨ᠎ᠠ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ ᠨᠢ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠪᠤᠯᠠᠬᠤ ᠲᠤᠷᠰᠢᠯᠲᠠ᠎ᠶᠢᠨ ᠲᠠᠰᠤᠭ ᠪᠠ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠦᠨ ᠪᠦᠲᠦᠭᠡᠨ ᠪᠠᠢᠭᠤᠯᠤᠯᠲᠠ᠎ᠶᠢᠨ ᠪᠠᠢᠷᠢᠰᠢᠭᠤᠯᠤᠯᠲᠠ᠎ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠡᠪᠡᠰᠦᠨ᠎ᠦ ᠦᠢᠯᠡᠰ᠎ᠦᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠢ ᠪᠦᠲᠦᠭᠡᠨ ᠪᠠᠢᠭᠤᠯᠵᠤ᠂ ᠡᠯᠡᠰᠦᠷᠬᠡᠭ ᠭᠠᠵᠠᠷ (ᠡᠯᠡᠰᠦᠨ ᠴᠥᠯ)᠎ᠦᠨ ᠠᠮᠢ ᠠᠬᠤᠢ᠎ᠶᠢᠨ ᠰᠢᠰᠲᠧᠮ᠂ ᠠᠮᠢ ᠠᠬᠤᠢ᠎ᠶᠢᠨ ᠤᠰᠤᠨ᠎ᠤ ᠱᠢᠨᠵᠢᠯᠡᠭᠡᠨ ᠬᠢᠭᠡᠳ ᠤᠰᠤᠨ᠎ᠤ ᠡᠬᠢ ᠪᠠᠶᠠᠯᠢᠭ᠋᠂ ᠡᠪᠡᠰᠦᠲᠦ ᠭᠠᠵᠠᠷ᠎ᠤᠨ ᠠᠮᠢ ᠠᠬᠤᠢ᠎ᠶᠢᠨ ᠵᠦᠢ ᠵᠡᠷᠭᠡ ᠬᠦᠷᠢᠶᠡᠨ᠎ᠳᠦ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠪᠤᠯᠠᠬᠤ ᠲᠤᠷᠰᠢᠯᠲᠠ᠎ᠶᠢᠨ ᠲᠠᠰᠤᠭ᠎ᠢ 11 ᠪᠠᠢᠭᠤᠯᠪᠠ᠃ ᠪᠠᠰᠠ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠬᠥᠭᠵᠢᠯᠲᠡ᠎ᠶᠢᠨ ᠲᠥᠯᠦᠪᠵᠢᠭᠦᠯᠭᠡ᠎ᠳᠦ ᠵᠢᠭ᠍ᠰᠠᠭᠠᠨ ᠣᠷᠣᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠦᠷᠢᠶᠡᠨ᠎ᠳᠡᠬᠢ ᠮᠡᠷᠭᠡᠵᠢᠯ᠎ᠦᠨ ᠪᠡᠷᠬᠡ ᠰᠡᠳᠤᠪ ᠰᠢᠪᠲᠤᠯᠬᠤ᠎ᠳᠤ ᠤᠷᠢᠳ ᠎ᠢᠶᠠᠷ ᠪᠣᠳᠤᠯᠬᠢᠯᠠᠬᠤ ᠴᠢᠭᠯᠡᠯ ᠪᠠ ᠳᠡᠮᠵᠢᠬᠦ᠌ ᠭᠤᠤᠯᠳᠠᠯᠭ᠎ᠠ᠎ᠶ᠋ᠢ ᠲᠣᠲᠤᠷᠬᠠᠢᠯᠠᠪᠠ᠃

ᠢᠷᠡᠯᠲᠡ᠄    