ᠨᠠᠮᠤᠷ᠎ᠤᠨ ᠠᠭᠤᠷ ᠪᠣᠯᠬᠤ᠎ᠪᠠᠷ᠂ ᠬᠠᠳᠤᠨ ᠭᠣᠣᠯ᠎ᠤᠨ 《ᠶᠡᠬᠡᠲᠤᠬᠤᠢ ᠤᠷᠤᠨ》᠎ᠤ ᠡᠪᠦᠷᠲᠡᠬᠢ ᠣᠷᠳᠣᠰ᠎ᠤᠨ ᠠᠢᠯ ᠲᠣᠰᠬᠣᠨᠨᠤᠭᠤᠳ ᠨᠡᠯᠦᠭᠡᠷ ᠶᠡᠬᠡ ᠨᠣᠭᠣᠭᠠᠨ ᠲᠠᠯᠠᠢ᠎ᠳᠤ ᠪᠦᠪᠡᠢᠯᠡᠭᠳᠡᠨᠡ᠃ ᠡᠨᠡ ᠬᠦ᠌ 8.7 ᠲᠦᠮᠡᠨ ᠲᠡᠭᠰᠢ ᠳᠥᠷᠪᠡᠯᠵᠢᠨ ᠺᠢᠯᠤᠮᠸᠲᠷ᠎ᠤᠨ ᠨᠤᠲᠤᠭ ᠳᠡᠪᠢᠰᠬᠡᠷ ᠥᠩᠭᠡᠷᠡᠭᠰᠡᠨᠳᠦᠲᠤᠭᠤᠰᠤ ᠰᠢᠷᠤᠢ ᠲᠡᠭᠳᠡᠨ ᠲᠡᠭᠷᠢ ᠭᠠᠵᠠᠷ᠎ᠢ ᠪᠦᠷᠬᠦᠵᠤ ᠬᠠᠯᠴᠠᠭᠠᠢ ᠨᠢᠴᠦᠬᠦᠨ ᠪᠠᠢᠭᠰᠠᠨ ᠪᠤᠯ᠂ ᠦᠨᠦᠳᠦᠷ ᠬᠠᠷᠢᠨ ᠨᠤᠮᠢᠨ ᠤᠰᠤ ᠬᠥᠬᠡᠮᠳᠦᠭ ᠠᠭᠤᠯᠠ᠂ ᠠᠯᠳᠠᠨ ᠠᠭᠤᠯᠠ ᠮᠥᠩᠭᠥᠨ ᠬᠠᠢᠷᠬᠠᠨ ᠪᠤᠯᠵᠠᠢ᠃
ᠣᠷᠳᠣᠰ ᠪᠣᠯ ᠰᠢᠷ᠎ᠠ ᠬᠥᠷᠥᠰᠥᠲᠦ ᠥᠨᠳᠥᠷᠯᠢᠭ ᠪᠠ ᠬᠠᠲᠤᠨ ᠭᠣᠣᠯ᠎ᠤᠨ ᠳᠡᠭᠡᠳᠦ ᠳᠤᠮᠳᠠ ᠤᠷᠤᠰᠬᠠᠯ᠎ᠤᠨ ᠬᠡᠰᠡᠭ᠎ᠲᠤ ᠪᠠᠢᠷᠢᠯᠠᠵᠤ᠂ ᠬᠢᠯᠢ ᠳᠣᠲᠣᠷ᠎ᠠ ᠨᠢ ᠮᠠᠨ᠎ᠤ ᠤᠯᠤᠰ᠎ᠤᠨ ᠳᠣᠯᠣᠳᠤᠭᠠᠷ ᠶᠡᠬᠡ ᠡᠯᠡᠰᠦᠨ ᠴᠥᠯ ᠪᠤᠯᠬᠤ ᠬᠥᠪᠴᠢ᠎ᠶᠢᠨ ᠡᠯᠡᠰᠦ᠂ ᠳᠥᠷᠪᠡᠨ ᠶᠡᠬᠡ ᠡᠯᠡᠰᠦᠷᠬᠡᠭ ᠭᠠᠵᠠᠷ᠎ᠤᠨ ᠨᠢᠭᠡ ᠪᠣᠯᠬᠤ ᠮᠤᠤᠠᠤᠰᠤ᠎ᠶ᠋ᠢᠨ ᠡᠯᠡᠰᠦᠷᠬᠡᠭ ᠭᠠᠵᠠᠷ ᠪᠠᠢᠵᠤ᠂ ᠮᠠᠨ᠎ᠤ ᠤᠯᠤᠰ᠎ᠤᠨ ᠡᠯᠡᠰᠦᠷᠬᠡᠭᠵᠢᠭᠰᠡᠨ ᠭᠠᠵᠠᠷ ᠰᠢᠷᠣᠢ᠎ᠶᠢᠨ ᠲᠠᠷᠬᠠᠯᠲᠠ ᠨᠡᠯᠢᠶᠡᠳ ᠲᠥᠪᠯᠡᠷᠡᠭᠰᠡᠨ᠂ ᠬᠡᠮᠵᠢᠶ᠎ᠡ ᠨᠢ ᠨᠡᠯᠢᠶᠡᠳ ᠬᠦᠨᠳᠦ ᠨᠣᠴᠢᠲᠠᠢ ᠭᠠᠵᠠᠷ ᠪᠠᠢᠵᠤ᠂ ᠠᠮᠢ ᠠᠬᠤᠢ᠎ᠶ᠋ᠢᠨ ᠵᠠᠰᠠᠯᠲᠠ᠎ᠶᠢᠨ ᠡᠭᠦᠷᠭᠡ ᠲᠦᠢᠯ᠎ᠦᠨ ᠬᠦᠨᠳᠦ ᠪᠠᠢᠳᠠᠭ᠃ ᠣᠯᠠᠨ ᠵᠢᠯ᠎ᠦᠨ ᠲᠤᠷᠰᠢ᠂ ᠣᠷᠳᠣᠰ ᠬᠤᠳᠠ ᠠᠭᠤᠯᠠ ᠤᠰᠤ ᠣᠶ ᠮᠤᠲᠤ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶ᠋ᠢ ᠪᠠᠷᠢᠮᠲᠠᠯᠠᠵᠤ᠂ 《ᠨᠠᠮ᠎ᠤᠨ ᠬᠣᠷᠢᠶ᠎ᠠ ᠵᠠᠰᠠᠭ᠎ᠤᠨ ᠣᠷᠳᠣᠨ ᠲᠥᠷᠥ᠎ᠶᠢᠨ ᠪᠣᠳᠣᠯᠭ᠎ᠠ᠎ᠶᠢᠨ ᠴᠢᠨᠠᠷᠲᠠᠢ ᠭᠣᠣᠯᠯᠠᠨ ᠤᠳᠤᠷᠢᠳᠬᠤ᠂ ᠠᠵᠤ ᠠᠬᠤᠢᠯᠠᠯ ᠠᠵᠤ ᠦᠶ᠋ᠯᠡᠰᠵᠢᠭᠦᠯᠦᠨ ᠪᠡᠯᠡ ᠣᠷᠣᠭᠤᠯᠬᠤ᠂ ᠨᠡᠢᠭᠡᠮ ᠪᠠ ᠮᠠᠯᠴᠢᠨ ᠲᠠᠷᠢᠶᠠᠴᠢᠨ ᠵᠠᠬ᠎ᠠ ᠳᠡᠯᠭᠡᠭᠦᠷᠴᠢᠯᠡᠨ ᠣᠷᠣᠯᠴᠠᠬᠤ᠂ ᠮᠡᠷᠭᠡᠵᠢᠯ᠎ᠤᠨ ᠲᠠᠯ᠎ᠠ᠎ᠪᠠᠷ ᠦᠷᠭᠦᠯᠵᠢᠯᠡᠨ ᠰᠢᠨ᠎ᠡ᠎ᠶᠢ ᠡᠭᠦᠳᠬᠦ᠂ ᠦᠷ᠎ᠡ ᠪᠦᠲᠦᠭᠡᠯ᠎ᠢ ᠨᠡᠭᠡᠭᠡᠯᠲᠡ ᠲᠡᠢ ᠬᠠᠮᠲᠤ᠎ᠪᠠᠷ ᠡᠳ᠋ᠯᠡᠬᠦ》 ᠵᠠᠰᠠᠯᠲᠠ᠎ᠶᠢᠨ ᠵᠠᠭᠪᠤᠷ᠎ᠢᠶᠠᠷ ᠳᠡᠮᠵᠢᠨ᠂ ᠨᠡᠯᠦᠭᠡᠷ ᠶᠡᠬᠡ ᠡᠯᠡᠰᠦᠨ ᠴᠥᠯ᠎ᠳᠦ 《ᠨᠣᠭᠣᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠭᠰᠠᠨ》 ᠠᠮᠢ ᠠᠬᠤᠢ᠎ᠶᠢᠨ ᠦᠵᠡᠮᠵᠢᠳᠤ ᠵᠢᠷᠤᠭ᠎ᠢ ᠲᠠᠰᠤᠷᠠᠯᠳᠠ ᠦᠬᠡᠢ ᠵᠢᠷᠤᠭᠯᠠᠵᠠᠢ᠃
ᠣᠷᠳᠣᠰ ᠡᠯᠡᠰᠦ᠎ᠶ᠋ᠢ ᠵᠠᠰᠠᠬᠤ᠎ᠳᠠᠭᠠᠨ ᠶᠠᠮᠠᠷᠰᠢᠦ ᠴᠢᠳᠠᠮᠠᠭᠠᠢ ᠪᠤᠢ? ᠵᠠᠮ᠎ᠲᠠᠭᠠᠤ ᠡᠯᠡᠰᠦ᠎ᠶᠢ ᠵᠠᠰᠠᠵᠤ ᠵᠠᠮ ᠳᠠᠭᠠᠤ ᠨᠤᠭᠤᠭᠠᠷᠠᠭᠤᠯᠤᠨ ᠤᠢᠵᠢᠭᠤᠯᠬᠤ᠂ ᠬᠦᠳᠡᠯᠮᠦᠷᠢᠯᠡᠬᠦ᠎ᠪᠠᠷ ᠲᠡᠳᠬᠦᠮᠵᠢ᠎ᠶᠢ ᠣᠷᠣᠯᠠᠭᠤᠯᠵᠤ ᠬᠠᠮᠲᠤ᠎ᠪᠠᠷ ᠪᠠᠶᠠᠵᠢᠬᠤ ᠵᠠᠮ᠎ᠢᠶᠠᠷ ᠵᠠᠮᠨᠠᠵᠤ᠂ ᠭᠡᠷᠡᠯᠴᠢ ᠴᠡᠨᠡᠭ᠎ᠦᠨ ᠬᠠᠪᠳᠠᠰᠦᠨ ᠳᠤᠤᠷ᠎ᠠ ᠠᠮᠢᠵᠢᠷᠠᠯ᠎ᠤᠨ ᠬᠦᠴᠦᠨ ᠪᠢᠯᠬᠠᠵᠤ᠂ ᠡᠯᠡᠰᠦᠨ ᠴᠦᠯ᠎ᠦᠨ ᠵᠢᠭᠤᠯᠴᠢᠯᠠᠯ ᠬᠥᠮᠥᠰ᠎ᠦᠨ ᠪᠠᠬᠠᠷᠬᠠᠯ᠎ᠢ ᠣᠯᠵᠤ᠂ ᠣᠨᠴᠠᠯᠢᠭ᠍ᠲᠤ ᠲᠠᠷᠢᠶᠠᠴᠢᠨ ᠠᠢᠯ᠎ᠤᠨ ᠵᠢᠭᠤᠯᠴᠢᠯᠠᠯ ᠢᠨᠢᠶᠡᠳᠦ ᠪᠠᠶᠠᠷ᠎ᠢᠶᠡᠷ ᠪᠢᠯᠬᠠᠨ᠎ᠠ ᠁ ᠣᠷᠳᠣᠰ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠵᠤ᠂ ᠰᠢᠨᠵᠢᠯᠡᠬᠦ ᠤᠬᠠᠭᠠᠨᠴᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠢᠰᠲ᠋ᠸᠮ᠎ᠲᠠᠢ ᠠᠬᠢᠭᠤᠯᠵᠤ᠂ 《ᠨᠣᠭᠣᠭᠠᠷᠠᠭᠤᠯᠤᠯᠳᠠ᠎ᠪᠠᠷ ᠠᠰᠢᠭ ᠬᠦᠷᠲᠡᠬᠦ》᠂ 《ᠨᠤᠭᠤᠭᠠᠷᠠᠭᠤᠯᠤᠯᠳᠠ᠎ᠪᠠᠷ ᠪᠡᠯᠡ ᠮᠦᠨᠭᠭᠦ ᠤᠷᠤᠭᠤᠯᠤᠨ ᠠᠪᠴᠢᠷᠠᠬᠤ》᠂ 《ᠨᠤᠭᠤᠭᠠᠷᠠᠭᠤᠯᠤᠯᠳᠠ᠎ᠶ᠋ᠢ ᠦᠷ᠎ᠡ ᠠᠰᠢᠭ ᠪᠤᠯᠭᠠᠬᠤ》 ᠠᠷᠭ᠎ᠠ ᠵᠠᠮ᠎ᠢ ᠪᠦᠲᠦᠮᠵᠢᠲᠡᠢ ᠦᠷᠭᠡᠳᠬᠡᠵᠤ᠂ 《ᠡᠯᠡᠰᠦ》ᠵᠢ《ᠡᠷᠳᠡᠨᠢ》 ᠪᠣᠯᠭᠠᠨ ᠬᠤᠪᠢᠷᠠᠭᠤᠯᠵᠠᠢ᠃ ᠣᠷᠳᠣᠰ᠎ᠤᠨ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠬᠰᠠᠨ ᠵᠠᠮ ᠪᠣᠯ ᠠᠮᠢ ᠠᠬᠤᠢ᠎ᠶᠢ ᠤᠷᠢᠳ᠎ᠢᠶᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠳᠤ ᠭᠤᠢᠪᠢᠰᠢ ᠦᠭᠡᠢ ᠵᠠᠮᠨᠠᠬᠤ ᠲᠡᠮᠡᠴᠡᠯ᠎ᠦᠨ ᠵᠠᠮ ᠮᠥᠨ᠂ ᠨᠡᠩ ᠴᠤ᠌ ᠨᠤᠮᠢᠨ ᠤᠰᠤ ᠬᠥᠬᠡᠮᠳᠦᠭ ᠠᠭᠤᠯᠠ ᠪᠣᠯᠣᠨ ᠠᠯᠳᠠᠨ ᠠᠭᠤᠯᠠ ᠮᠥᠩᠭᠥᠨ ᠬᠠᠢᠷᠬᠠᠨ ᠬᠡᠬᠦ ᠤᠢᠯᠠᠭᠠᠬᠳᠠᠬᠤᠨ᠎ᠢ ᠦᠷᠭᠦᠯᠵᠢᠯᠡᠨ ᠭᠡᠷᠡᠯ ᠭᠢᠯᠪᠠᠭᠠᠰᠠᠴᠤᠷᠠᠭᠤᠯᠤᠬᠰᠠᠨ ᠡᠷᠡᠯᠬᠡᠭᠯᠡᠨ ᠤᠷᠤᠭᠰᠢᠯᠠᠯᠲᠠ᠎ᠶ᠋ᠢᠨ ᠵᠠᠮ ᠮᠥᠨ ᠭᠡᠵᠦ ᠬᠡᠯᠡᠵᠦ ᠪᠤᠯᠬᠤ ᠶᠤᠮ᠃
ᠣᠷᠳᠣᠰ ᠤᠢᠵᠢᠭᠤᠯᠬᠤ᠎ᠶᠢᠨ ᠲᠦᠯᠦᠭᠡ ᠬᠡᠷᠬᠢᠨ ᠲᠡᠮᠡᠴᠡᠭᠰᠡᠨ ᠪᠤᠢ? ᠰᠢᠷᠭᠠᠯ ᠡᠯᠡᠰᠦ ᠬᠢᠬᠡᠳ ᠨᠤᠮᠢᠨ ᠨᠤᠭᠤᠭᠠᠨ᠎ᠤ ᠡᠰᠡᠷᠭᠦᠴᠡᠯᠳᠦᠯ ᠪᠣᠯ ᠣᠷᠣᠨ ᠵᠠᠢ᠎ᠶ᠋ᠢᠨ ᠳᠡᠮᠡᠴᠡᠯᠳᠦᠬᠡᠨ᠂ ᠨᠡᠩ ᠴᠤ᠌ ᠤᠶᠤᠨ ᠰᠠᠨᠠᠭᠠᠨ᠎ᠤ ᠦᠵᠡᠯᠴᠡᠭᠡᠨ ᠮᠥᠨ᠃ 40 ᠵᠢᠯ᠎ᠦᠨ ᠴᠠᠭ᠎ᠢ ᠵᠠᠷᠤᠴᠠᠭᠤᠯᠤᠨ ᠮᠤᠤᠠᠤᠰᠤ᠎ᠶ᠋ᠢᠨ 7 ᠲᠦᠮᠡᠨ ᠮᠤ᠌ ᠡᠯᠡᠰᠦᠷᠬᠡᠭ ᠭᠠᠵᠠᠷ᠎ᠢ ᠨᠤᠭᠤᠭᠠᠷᠠᠭᠤᠯᠵᠤ ᠤᠢᠵᠢᠭᠤᠯᠤᠭᠰᠠᠨ ᠶᠢᠨ ᠢᠦᠢ ᠵᠧᠨ; ᠡᠷᠬᠢᠨ ᠲᠣᠭᠣᠷᠢᠨ᠎ᠤ ᠮᠠᠯᠴᠢᠨ ᠲᠠᠷᠢᠶᠠᠴᠢᠨ᠎ᠢ ᠳᠠᠭᠠᠭᠤᠯᠤᠨ 3 ᠲᠦᠮᠡ ᠭᠠᠷᠤᠢ ᠮᠦ᠍ ᠴᠦᠯᠯᠡᠷᠭᠡᠭ᠌ᠵᠢᠭ᠌ᠰᠡᠨ ᠭᠠᠵᠠᠷ᠎ᠢ ᠨᠣᠭᠣᠭᠠᠨ ᠦᠩᠭᠡ᠎ᠪᠡᠷ ᠴᠢᠮᠡᠭ᠌ᠯᠡᠭ᠌ᠰᠡᠨ ᠤᠳᠭᠤᠨᠬᠤᠸᠠᠷ᠁ ᠤᠷᠳᠤᠰ᠎ᠤᠨ ᠥᠷᠭᠡᠨ ᠠᠭᠤᠳᠠᠮ ᠨᠤᠲᠤᠭ ᠳᠡᠪᠢᠰᠭᠡᠷ ᠳᠡᠭᠡᠷ᠎ᠡ ᠬᠥᠮᠦᠨ ᠬᠢᠭᠡᠳ ᠡᠯᠡᠰᠦᠨ᠎ᠦ ᠦᠵᠡᠯᠴᠡᠭᠡᠨ ᠶᠡᠷᠦ᠍᠎ᠡᠴᠡ ᠵᠣᠭ᠍ᠰᠣᠭ᠎ᠠ ᠦᠭᠡᠢ᠃ ᠢᠲᠡᠭᠡᠯ ᠵᠣᠷᠢᠭ᠎ᠢᠶᠠᠨ ᠪᠠᠲᠤᠳᠭᠠᠵᠤ ᠤᠯᠠᠨ ᠵᠢᠯ ᠴᠦᠬᠦᠷᠡᠰᠢ ᠦᠭᠡᠢ ᠴᠢᠷᠮᠠᠢᠯᠭ᠎ᠠ ᠭᠠᠷᠭᠠᠵᠤ᠂ ᠲᠦᠭ ᠲᠦᠮᠡᠨ ᠡᠯᠡᠰᠦ ᠵᠠᠰᠠᠭ᠍ᠴᠢᠳ ᠦᠪᠡᠷ᠎ᠤᠨ ᠭᠠᠪᠢᠶ᠎ᠠ ᠵᠢᠳᠬᠦᠯᠢᠶᠡᠷᠢᠶᠡᠨ ᠮᠢᠩᠭᠠᠨ ᠣᠨ᠎ᠤ ᠠᠱᠢᠭ ᠲᠤᠰᠠ᠎ᠶ᠋ᠢ ᠬᠤᠷᠠᠮᠳᠤᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠬᠥᠮᠦᠨ ᠬᠢᠭᠡᠳ ᠡᠯᠡᠰᠦ᠎ᠶ᠋ᠢᠨ ᠡᠶ᠎ᠡ ᠵᠣᠬᠢᠴᠠᠩᠭᠤᠢ᠂ ᠨᠤᠮᠢᠨ ᠨᠤᠭᠤᠭᠠᠨ ᠪᠠ ᠪᠠᠶᠠᠵᠢᠯ᠎ᠢ ᠬᠠᠮᠳᠤ᠎ᠳᠤᠨᠢ ᠠᠬᠢᠭᠤᠯᠬᠤ ᠴᠠᠭ ᠦᠶ᠎ᠡ᠎ᠶ᠋ᠢᠨ ᠬᠦᠴᠦᠷᠬᠡᠭ ᠳᠠᠭᠤᠨ᠎ᠢ ᠴᠤᠤᠷᠢᠶᠠᠲᠤᠭᠤᠯᠪᠠ᠃
ᠨᠠᠮᠤᠷ᠎ᠤᠨ ᠨᠠᠷᠠ ᠬᠥᠪᠴᠢ᠎ᠶ᠋ᠢᠨ ᠡᠯᠡᠰᠦ᠎ᠶ᠋ᠢ ᠦᠪᠴᠢ ᠬᠡᠢᠬᠦᠯᠵᠦ᠂ ᠬᠦᠪᠡᠭᠡ ᠬᠢᠵᠠᠭᠠᠷ ᠨᠢ ᠬᠠᠷᠠᠭ᠍ᠳᠠᠬᠤ ᠦᠭᠡᠢ ᠬᠦᠬᠡ ᠦᠩᠬᠡᠳᠦ ᠬᠡᠷᠡᠯᠴᠢ ᠴᠡᠨᠡᠭ᠎ᠦᠨ ᠬᠠᠪᠲᠠᠰᠤ ᠡᠯᠡᠰᠦᠨ ᠲᠠᠯᠠᠢ᠎ᠳᠦ ᠵᠢᠭᠳᠡᠷᠡᠵᠦ᠍᠂ ᠤᠨᠴᠠ᠎ᠶ᠋ᠢᠨ ᠰᠦᠷᠯᠢᠭ ᠬᠠᠷᠠᠭ᠍ᠳᠠᠨ᠎ᠠ᠃ ᠬᠥᠮᠦᠨ ᠬᠥᠬᠡᠮᠳᠦᠭ ᠠᠭᠤᠯᠠ᠎ᠶ᠋ᠢ ᠬᠥᠰᠡᠷᠳᠡᠭᠦᠯᠬᠦ᠌ ᠦᠭᠡᠢ ᠪᠤᠯ ᠬᠥᠬᠡᠮᠳᠦᠭ ᠠᠭᠤᠯᠠ ᠴᠤ᠌ ᠬᠥᠮᠦᠨ᠎ᠢ ᠯᠠᠪ ᠬᠥᠰᠡᠷᠳᠡᠭᠦᠯᠬᠦ᠌ ᠦᠭᠡᠢ ᠶᠤᠮ᠃ ᠨᠤᠮᠢᠨ ᠤᠰᠤ ᠬᠦᠬᠡᠮᠳᠦᠭ ᠠᠭᠤᠯᠠ ᠪᠣᠯ ᠠᠯᠳᠠᠨ ᠠᠭᠤᠯᠠ ᠮᠦᠩᠬᠦᠨ ᠬᠠᠢᠷᠬᠠᠨ ᠮᠥᠨ ᠭᠡᠬᠦ᠌ ᠣᠢᠯᠠᠭᠠᠭ᠍ᠳᠠᠬᠤᠨ᠎ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ 《ᠨᠣᠮᠢᠨ ᠨᠣᠭᠣᠭᠠᠨ》 ᠳᠡᠪᠢᠰᠬᠡᠷ ᠦᠩᠭᠡ᠎ᠶ᠋ᠢ ᠲᠠᠰᠤᠷᠠᠯᠳᠠ ᠦᠭᠡᠢ ᠦᠳᠬᠡᠷᠡᠬᠦᠯᠵᠤ᠂ 《ᠨᠣᠮᠢᠨ ᠨᠣᠭᠣᠭᠠᠨ》᠎ᠤ ᠠᠵᠤ ᠦᠢᠯᠡᠰ᠎ᠢ ᠪᠣᠢᠵᠢᠭᠤᠯᠵᠤ᠂ 《ᠨᠣᠮᠢᠨ ᠨᠣᠭᠣᠭᠠᠨ》᠎ᠤ᠋ ᠦᠷᠳᠡᠭ᠎ᠢ ᠠᠭᠤᠳᠠᠯᠵᠤ᠂ ᠤᠷᠳᠤᠰ ᠶᠠᠭ ᠪᠣᠬᠢᠷᠲᠤᠯ ᠦᠭᠡᠢ ᠬᠥᠭ᠌ᠵᠢᠯᠲᠡ᠎ᠶ᠋ᠢᠨ ᠵᠠᠮ ᠳᠡᠭᠡᠷ᠎ᠡ ᠡᠷᠡᠮᠡᠬᠡᠢᠯᠡᠨ ᠴᠢᠷᠮᠠᠢᠵᠤ᠂ ᠵᠠᠮ ᠨᠡᠭᠡᠭᠡᠨ ᠤᠷᠤᠭ᠍ᠰᠢᠯᠠᠵᠤ᠂ ᠦᠨᠳᠦᠷ ᠪᠦᠳᠦᠮᠵᠢᠳᠠᠢ ᠠᠮᠢ ᠠᠬᠤᠢ᠎ᠶ᠋ᠢᠨ ᠪᠠᠢᠭᠤᠯᠤᠯᠳᠠ ᠪᠠ ᠴᠢᠨᠡᠷ ᠰᠠᠢᠳᠠᠢ ᠬᠥᠭ᠌ᠵᠢᠯᠲᠡ᠎ᠶ᠋ᠢ ᠵᠡᠷᠭᠡ᠎ᠪᠡᠷ ᠪᠡᠶᠡᠯᠡᠬᠦᠯᠬᠦ ᠨᠤᠮᠢᠨ ᠨᠤᠭᠤᠭᠠᠨᠦ ᠬᠠᠷᠢᠭᠤᠯᠲᠠ᠎ᠶ᠋ᠢᠨ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍ ᠪᠠᠢᠨ᠎ᠠ᠃