ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠭᠤᠨ ᠮᠠᠯᠵᠢᠬᠤ ᠣᠷᠣᠨ᠎ᠤ ᠲᠢᠩᠬᠢᠮ᠎ᠡᠴᠡ ᠣᠢᠯᠠᠭᠠᠭᠰᠠᠨ᠎ᠢᠶᠡᠷ᠄ ᠥᠪᠥᠷ ᠮᠣᠩᠭᠣᠯ ᠣᠢᠷ᠎ᠠ᠎ᠳᠤ ᠲᠠᠷᠢᠶᠠᠯᠠᠩ ᠲᠤᠰᠠᠯᠠᠬᠤ ᠠᠵᠤ ᠠᠬᠤᠢ᠎ᠶ᠋ᠢᠨ ᠢᠳᠡᠭᠡᠨ᠎ᠦ ᠵᠦᠢᠯ ᠡᠳ᠋ᠱᠢᠭᠦᠯᠦᠨ ᠪᠣᠯᠪᠠᠰᠤᠷᠠᠭᠤᠯᠬᠤ ᠬᠡᠯᠬᠢᠶᠡᠨ᠎ᠦ 39 ᠭᠣᠣᠯᠯᠠᠭ᠍ᠴᠢ ᠠᠵᠤ ᠠᠬᠤᠢᠯᠠᠯ᠎ᠢ ᠱᠢᠯᠢᠨ ᠰᠤᠩᠭᠤᠵᠤ᠂ ᠠᠵᠤ ᠦᠢᠯᠡᠰ᠎ᠦᠨ ᠬᠡᠯᠬᠢᠶᠡᠨ᠎ᠦ ᠬᠠᠮᠵᠢᠯᠴᠠᠨ ᠬᠥᠭᠵᠢᠬᠦ᠎ᠶᠢ ᠬᠦᠴᠦᠯᠡᠨ ᠳᠠᠶ᠋ᠢᠴᠢᠯᠠᠵᠤ᠂ ᠲᠠᠷᠢᠶᠠᠯᠠᠩ ᠲᠤᠰᠠᠯᠠᠬᠤ ᠠᠵᠤ ᠠᠬᠤᠢ᠎ᠶ᠋ᠢᠨ ᠢᠳᠡᠭᠡᠨ᠎ᠦ ᠵᠦᠢᠯ ᠡᠳ᠋ᠱᠢᠭᠦᠯᠦᠨ ᠪᠣᠯᠪᠠᠰᠤᠷᠠᠭᠤᠯᠬᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠨᠢ ᠲᠦᠯᠬᠢᠨ ᠠᠬᠢᠭᠤᠯᠵᠤ ᠪᠠᠢᠨ᠎ᠠ᠃
ᠬᠡᠯᠬᠢᠶᠡᠨ᠎ᠦ ᠭᠣᠣᠯᠯᠠᠭ᠍ᠴᠢ ᠠᠵᠤ ᠠᠬᠤᠢᠯᠠᠯ ᠨᠢ ᠠᠵᠤ ᠦᠢᠯᠡᠰ᠎ᠦᠨ ᠬᠡᠯᠬᠢᠶ᠎ᠡ᠎ᠳᠦ ᠴᠢᠬᠤᠯᠠ ᠪᠠᠢᠷᠢ ᠰᠠᠭᠤᠷᠢ᠎ᠶᠢ ᠡᠵᠡᠯᠡᠵᠦ᠂ ᠠᠵᠤ ᠦᠢᠯᠡᠰ᠎ᠦᠨ ᠬᠥᠭᠵᠢᠯᠲᠡ᠎ᠳᠦ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠵᠦ ᠪᠠᠢᠳᠠᠭ᠃ 《ᠪᠦᠬᠦ ᠣᠷᠣᠨ᠎ᠤ ᠲᠠᠷᠢᠶᠠᠯᠠᠩ ᠲᠤᠰᠠᠯᠠᠬᠤ ᠠᠵᠤ ᠠᠬᠤᠢ᠎ᠶ᠋ᠢᠨ ᠢᠳᠡᠭᠡᠨ᠎ᠦ ᠵᠦᠢᠯ ᠡᠳ᠋ᠱᠢᠭᠦᠯᠦᠨ ᠪᠣᠯᠪᠠᠰᠤᠷᠠᠭᠤᠯᠬᠤ ᠬᠡᠯᠬᠢᠶᠡᠨ᠎ᠦ ᠭᠣᠣᠯᠯᠠᠭ᠍ᠴᠢ ᠠᠵᠤ ᠠᠬᠤᠢᠯᠠᠯ᠎ᠢ ᠨᠤᠲᠠᠯᠠᠨ ᠲᠣᠭᠲᠠᠭᠠᠬᠤ ᠳᠦᠷᠢᠮᠯᠡᠯ (ᠲᠤᠷᠰᠢᠨ ᠬᠡᠷᠡᠭᠵᠢᠭᠦᠯᠬᠦ)》᠎ᠦᠨ ᠱᠠᠭᠠᠷᠳᠠᠯᠭ᠎ᠠ᠎ᠶᠢ ᠦᠨᠳᠦᠰᠦᠯᠡᠨ᠂ ᠠᠵᠤ ᠠᠬᠤᠢᠯᠠᠯ᠎ᠤᠨ ᠬᠦᠷᠢᠶ᠎ᠡ ᠬᠡᠪᠴᠢᠶ᠎ᠡ ᠪᠣᠳᠠᠲᠤ ᠬᠦᠴᠦᠨ᠂ ᠵᠠᠬ᠎ᠠ ᠳᠡᠯᠭᠡᠭᠦᠷ᠎ᠦᠨ ᠨᠥᠯᠥᠭᠡᠯᠡᠬᠦ ᠬᠦᠴᠦᠨ᠂ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ ᠴᠢᠳᠠᠪᠤᠷᠢ᠂ ᠠᠵᠤ ᠦᠢᠯᠡᠰ᠎ᠦᠨ ᠳᠠᠢᠴᠢᠯᠠᠬᠤ ᠴᠢᠳᠠᠪᠤᠷᠢ ᠵᠡᠷᠭᠡ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠭᠤᠨ ᠮᠠᠯᠵᠢᠬᠤ ᠣᠷᠣᠨ᠎ᠤ ᠲᠢᠩᠬᠢᠮ ᠨᠢ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠯᠤᠭ᠎ᠠ ᠬᠠᠮᠲᠤᠷᠠᠨ ᠲᠠᠷᠢᠶᠠᠯᠠᠩ ᠲᠤᠰᠠᠯᠠᠬᠤ ᠠᠵᠤ ᠠᠬᠤᠢ᠎ᠶ᠋ᠢᠨ ᠢᠳᠡᠭᠡᠨ᠎ᠦ ᠵᠦᠢᠯ ᠡᠳ᠋ᠱᠢᠭᠦᠯᠦᠨ ᠪᠣᠯᠪᠠᠰᠤᠷᠠᠭᠤᠯᠬᠤ ᠬᠡᠯᠬᠢᠶᠡᠨ᠎ᠦ 39 ᠭᠣᠣᠯᠯᠠᠭ᠍ᠴᠢ ᠠᠵᠤ ᠠᠬᠤᠢᠯᠠᠯ᠎ᠢ ᠰᠢᠯᠢᠨ ᠰᠣᠩᠭᠣᠵᠤ᠂ ᠰᠦ ᠴᠠᠭᠠᠨ ᠢᠳᠡᠭᠡᠨ᠂ ᠦᠬᠡᠷ ᠬᠣᠨᠢ ᠢᠮᠠᠭᠠᠨ ᠮᠢᠬᠠᠨ᠎ᠤ ᠪᠦᠲᠦᠭᠡᠭᠳᠡᠬᠦᠨ᠂ ᠡᠷᠳᠡᠨᠢ ᠰᠢᠰᠢ᠎ᠶᠢᠨ ᠪᠦᠲᠦᠭᠡᠭᠳᠡᠬᠦᠨ ᠵᠡᠷᠭᠡ 10 ᠲᠥᠷᠥᠯ ᠢᠯᠭᠠᠯ᠎ᠢ ᠬᠠᠮᠤᠷᠪᠠ᠃ ᠡᠭᠦᠨ᠎ᠳᠦ ᠰᠦ ᠴᠠᠭᠠᠨ ᠢᠳᠡᠭᠡᠨ᠎ᠦ 3 ᠠᠵᠤ ᠠᠬᠤᠢᠯᠠᠯ᠂ ᠦᠬᠡᠷ ᠬᠣᠨᠢ ᠢᠮᠠᠭᠠᠨ ᠮᠢᠬᠠᠨ᠎ᠤ 6 ᠠᠵᠤ ᠠᠬᠤᠢᠯᠠᠯ᠂ ᠡᠷᠳᠡᠨᠢ ᠰᠢᠰᠢ᠎ᠶᠢᠨ ᠪᠦᠲᠦᠭᠡᠭᠳᠡᠬᠦᠨ᠎ᠦ 4 ᠠᠵᠤ ᠠᠬᠤᠢᠯᠠᠯ᠂ ᠲᠥᠮᠥᠰᠥ᠎ᠶᠢᠨ ᠪᠦᠲᠦᠭᠡᠭᠳᠡᠬᠦᠨ᠎ᠦ 2 ᠠᠵᠤ ᠠᠬᠤᠢᠯᠠᠯ᠂ ᠰᠢᠷ᠎ᠠ ᠪᠤᠷᠴᠠᠭ᠎ᠤᠨ ᠪᠦᠲᠦᠭᠡᠭᠳᠡᠬᠦᠨ᠎ᠦ 2 ᠠᠵᠤ ᠠᠬᠤᠢᠯᠠᠯ᠂ ᠠᠮᠤ ᠭᠤᠯᠢᠷ ᠲᠣᠰᠣ᠌ ᠰᠢᠬᠢᠷ ᠵᠢᠴᠢ ᠡᠯᠳᠡᠪ ᠠᠮᠤ᠎ᠶᠢᠨ ᠪᠦᠲᠦᠭᠡᠭᠳᠡᠬᠦᠨ᠎ᠦ 8 ᠠᠵᠤ ᠠᠬᠤᠢᠯᠠᠯ᠂ ᠨᠡᠷᠡᠨ ᠬᠤᠸᠠᠷ᠎ᠤᠨ ᠦᠷ᠎ᠡ ᠵᠡᠷᠭᠡ ᠰᠡᠯᠡᠭᠦᠴᠡᠯ᠎ᠦᠨ ᠲᠥᠬᠥᠮ ᠢᠳᠡᠭᠡᠨ᠎ᠦ 7 ᠠᠵᠤ ᠠᠬᠤᠢᠯᠠᠯ᠂ ᠠᠮᠲᠠ ᠣᠷᠣᠭᠤᠯᠬᠤ ᠪᠦᠲᠦᠭᠡᠭᠳᠡᠬᠦᠨ᠎ᠦ 2 ᠠᠵᠤ ᠠᠬᠤᠢᠯᠠᠯ᠂ ᠣᠨᠴᠠᠯᠢᠭ᠍ᠲᠤ ᠡᠷᠡᠭᠦᠯᠵᠢᠯ᠎ᠦᠨ ᠪᠦᠲᠦᠭᠡᠭᠳᠡᠬᠦᠨ᠎ᠦ 2 ᠠᠵᠤ ᠠᠬᠤᠢᠯᠠᠯ᠂ ᠠᠷᠢᠬᠢᠨ᠎ᠤ ᠵᠦᠢᠯ᠎ᠦᠨ ᠪᠦᠲᠦᠭᠡᠭᠳᠡᠬᠦᠨ᠎ᠦ 3 ᠠᠵᠤ ᠠᠬᠤᠢᠯᠠᠯ ᠪᠣᠶ᠃
ᠲᠠᠷᠢᠶᠠᠯᠠᠩ ᠲᠤᠰᠠᠯᠠᠬᠤ ᠠᠵᠤ ᠠᠬᠤᠢ᠎ᠶ᠋ᠢᠨ ᠢᠳᠡᠭᠡᠨ᠎ᠦ ᠵᠦᠢᠯ ᠡᠳ᠋ᠱᠢᠭᠦᠯᠦᠨ ᠪᠣᠯᠪᠠᠰᠤᠷᠠᠭᠤᠯᠬᠤ ᠦᠢᠯᠡᠰ᠎ᠦᠨ ᠤᠯᠠᠮ ᠨᠢᠭᠡ ᠠᠯᠬᠤᠮ ᠬᠥᠭᠵᠢᠬᠦ᠎ᠶᠢ ᠠᠬᠢᠭᠤᠯᠬᠤ᠎ᠶᠢᠨ ᠲᠥᠯᠥᠭᠡ᠂ ᠥᠪᠥᠷ ᠮᠣᠩᠭᠣᠯ ᠠᠯᠢ ᠣᠯᠠᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠨᠡᠢᠲᠡᠯᠡᠪᠡ᠃ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠲᠤᠰᠠᠯᠠᠬᠤ ᠠᠵᠤ ᠠᠬᠤᠢ᠎ᠶ᠋ᠢᠨ ᠢᠳᠡᠭᠡᠨ᠎ᠦ ᠵᠦᠢᠯ ᠡᠳ᠋ᠱᠢᠭᠦᠯᠦᠨ ᠪᠣᠯᠪᠠᠰᠤᠷᠠᠭᠤᠯᠬᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ ᠠᠵᠢᠯᠯᠠᠭᠠᠨ᠎ᠤ ᠲᠥᠰᠥᠯ (2025 2027 ᠣᠨ)》 (ᠳᠣᠷᠣᠭ᠍ᠰᠢ 《ᠠᠵᠢᠯᠯᠠᠭᠠᠨ᠎ᠤ ᠲᠥᠰᠥᠯ》 ᠭᠡᠵᠦ ᠲᠤᠪᠴᠢᠯᠠᠪᠠ)᠎ᠢ ᠳᠠᠷᠤᠮᠠᠯᠯᠠᠨ ᠶᠠᠪᠤᠭᠤᠯᠵᠤ᠂ ᠰᠦ ᠴᠠᠭᠠᠨ ᠢᠳᠡᠭᠡᠨ᠂ ᠦᠬᠡᠷ ᠬᠣᠨᠢ ᠢᠮᠠᠭᠠᠨ ᠮᠢᠬᠠᠨ᠎ᠤ ᠪᠦᠲᠦᠭᠡᠭᠳᠡᠬᠦᠨ᠂ ᠡᠷᠳᠡᠨᠢ ᠰᠢᠰᠢ᠎ᠶᠢᠨ ᠪᠦᠲᠦᠭᠡᠭᠳᠡᠬᠦᠨ ᠵᠡᠷᠭᠡ 10 ᠭᠣᠣᠯ ᠲᠦᠷᠦᠯ ᠢᠯᠭᠠᠯ᠎ᠢ ᠲᠣᠳᠣᠷᠬᠠᠢᠯᠠᠵᠤ᠂ 5 ᠲᠠᠯ᠎ᠠ᠎ᠶᠢᠨ 14 ᠵᠦᠢᠯ᠎ᠦᠨ ᠭᠣᠣᠯᠳᠠᠯᠭ᠎ᠠ ᠪᠣᠯᠬᠣ ᠡᠭᠦᠷᠭᠡ᠎ᠶᠢ ᠳᠤᠷᠠᠳᠴᠤ᠂ ᠤᠳᠤ᠎ᠶᠢᠨ ᠪᠠᠢᠭ᠎ᠠ ᠳᠡᠮᠵᠢᠬᠦ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ 20 ᠵᠦᠢᠯ ᠡᠮᠬᠢᠯᠡᠵᠦ᠂ ᠨᠠᠷᠢᠯᠢᠭ᠋ ᠭᠦᠨ ᠡᠳ᠋ᠱᠢᠭᠦᠯᠦᠨ ᠪᠣᠯᠪᠠᠰᠤᠷᠠᠭᠤᠯᠬᠤ ᠪᠠ ᠳᠠᠭᠠᠯᠲᠠ ᠪᠦᠲᠦᠭᠡᠭᠳᠡᠬᠦᠨ᠎ᠢ ᠶᠡᠷᠦᠩᠬᠡᠢᠯᠡᠨ ᠠᠰᠢᠭ᠍ᠯᠠᠬᠤ᠎ᠶᠢ ᠶᠡᠬᠡᠪᠡᠷ ᠬᠥᠭᠵᠢᠭᠦᠯᠪᠡ᠃ 《ᠠᠵᠢᠯᠯᠠᠭᠠᠨ᠎ᠤ ᠲᠥᠰᠥᠯ》᠎ᠳᠤ 《ᠬᠡᠯᠬᠢᠶᠡᠨ᠎ᠦ ᠭᠣᠣᠯᠯᠠᠭ᠍ᠴᠢ ᠠᠵᠤ ᠠᠬᠤᠢᠯᠠᠯ᠎ᠤᠨ ᠳᠠᠢᠴᠢᠯᠠᠬᠤ ᠦᠢᠯᠡᠳᠦᠯ᠎ᠢ ᠪᠠᠳᠠᠷᠠᠭᠤᠯᠬᠤ》᠎ᠶ᠋ᠢ ᠨᠢᠭᠡ ᠵᠦᠢᠯ᠎ᠦᠨ ᠭᠣᠣᠯᠳᠠᠯᠭ᠎ᠠ ᠪᠣᠯᠬᠣ ᠠᠭᠤᠯᠭ᠎ᠠ ᠪᠣᠯᠭᠠᠵᠤ᠂ ᠬᠡᠯᠬᠢᠶᠡᠨ᠎ᠦ ᠭᠣᠣᠯᠯᠠᠭ᠍ᠴᠢ ᠠᠵᠤ ᠠᠬᠤᠢᠯᠠᠯ ᠬᠢᠭᠡᠳ ᠲᠠᠷᠢᠶᠠᠯᠠᠩ ᠮᠠᠯ ᠠᠵᠤ ᠠᠬᠤᠢ᠎ᠶᠢᠨ ᠳᠤᠮᠳᠠ ᠵᠢᠵᠢᠭ ᠠᠵᠤ ᠠᠬᠤᠢᠯᠠᠯ᠎ᠤᠨ ᠬᠠᠮᠵᠢᠯᠴᠠᠨ ᠬᠥᠭᠵᠢᠬᠦ᠎ᠶᠢ ᠴᠢᠩᠭᠠᠳᠬᠠᠨ᠂ ᠳᠠᠭᠠᠭᠤᠯᠤᠭ᠍ᠴᠢ ᠠᠵᠤ ᠠᠬᠤᠢᠯᠠᠯ᠎ᠢ ᠲᠦᠷᠭᠡᠳᠬᠡᠨ ᠪᠣᠢᠵᠢᠭᠤᠯᠵᠤ᠂ ᠠᠵᠤ ᠦᠢᠯᠡᠰ᠎ᠦᠨ ᠬᠡᠯᠬᠢᠶᠡᠨ᠎ᠦ ᠪᠤᠵᠠᠭᠠᠢᠷᠠᠨ ᠬᠦᠴᠦᠷᠬᠡᠭᠵᠢᠬᠦ᠎ᠶᠢ ᠳᠠᠶ᠋ᠢᠴᠢᠯᠠᠨ᠎ᠠ᠃
ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠭᠤᠨ ᠮᠠᠯᠵᠢᠬᠤ ᠣᠷᠣᠨ᠎ᠤ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠠᠢᠮᠠᠭ ᠬᠣᠲᠠ ᠯᠤᠭ᠎ᠠ ᠬᠠᠮᠳᠤᠷᠠᠨ ᠳᠠᠭᠠᠭᠠᠴᠢᠯᠠᠨ ᠬᠣᠯᠪᠣᠭᠠᠯᠠᠬᠤ ᠲᠣᠭᠲᠠᠴᠠ᠎ᠶᠢ ᠪᠠᠢᠭᠤᠯᠵᠤ᠂ ᠲᠢᠩᠬᠢᠮ᠎ᠦᠨ ᠲᠠᠰ᠎ᠤᠨ ᠺᠠᠳ᠋ᠷᠴᠤᠳ᠎ᠤᠨ 《ᠨᠢᠭᠡᠳ ᠨᠢᠭᠡ ᠪᠠᠷ》 ᠬᠠᠷᠢᠯᠴᠠᠬᠤ ᠦᠢᠯᠡᠴᠢᠯᠡᠭᠡ᠎ᠶᠢ ᠬᠡᠷᠡᠭᠵᠢᠭᠦᠯᠦᠨ᠂ ᠬᠡᠯᠬᠢᠶᠡᠨ᠎ᠦ ᠭᠣᠣᠯᠯᠠᠭ᠍ᠴᠢ ᠠᠵᠤ ᠠᠬᠤᠢᠯᠠᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠵᠠᠬ᠎ᠠ ᠳᠡᠯᠭᠡᠭᠦᠷ᠎ᠢ ᠥᠷᠭᠡᠳᠬᠡᠬᠦ᠎ᠳᠦ ᠬᠦᠴᠦᠨ ᠨᠡᠮᠡᠷᠢᠯᠡᠵᠦ ᠪᠠᠢᠨ᠎ᠠ᠃ ᠲᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠭᠤᠨ ᠮᠠᠯᠵᠢᠬᠤ ᠣᠷᠣᠨ᠎ᠤ ᠲᠢᠩᠬᠢᠮ᠎ᠤᠨ ᠬᠢᠨ ᠰᠢᠮᠳᠠᠭᠤᠯᠤᠨ ᠵᠢᠯᠤᠭᠣᠳᠬᠤ᠎ᠪᠠᠨ ᠴᠢᠩᠭᠠᠳᠬᠠᠬᠤ᠂ ᠮᠥᠷᠳᠡᠨ ᠳᠠᠭᠠᠵᠤ ᠦᠷ᠎ᠡ ᠪᠦᠲᠦᠮᠵᠢ᠎ᠶᠢ ᠨᠢ ᠠᠰᠠᠭᠤᠬᠤ᠎ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠠᠢᠮᠠᠭ ᠬᠣᠲᠠ᠎ᠶᠢᠨ ᠨᠠᠷᠢᠯᠢᠭ᠋ ᠣᠨᠣᠴᠠᠲᠠᠢ᠎ᠪᠠᠷ ᠬᠡᠯᠬᠢᠶᠡᠨ᠎ᠦ ᠭᠣᠣᠯᠯᠠᠭ᠍ᠴᠢ ᠠᠵᠤ ᠠᠬᠤᠢᠯᠠᠯ᠎ᠳᠤ ᠦᠢᠯᠡᠴᠢᠯᠡᠬᠦ᠌᠎ᠶ᠋ᠢ ᠲᠦᠯᠬᠢᠨ ᠠᠬᠢᠭᠤᠯᠵᠤ᠂ ᠠᠵᠤ ᠠᠬᠤᠢᠯᠠᠯ᠎ᠢ ᠦᠨᠡᠨ ᠬᠦ᠌ ᠬᠠᠪᠰᠤᠷᠤᠨ ᠪᠣᠳᠠᠲᠠᠢ ᠬᠦᠴᠢᠷᠳᠡᠯ᠎ᠢ ᠨᠢ ᠰᠢᠢᠳᠪᠦᠷᠢᠯᠡᠵᠦ᠂ ᠲᠠᠷᠢᠶᠠᠯᠠᠩ ᠲᠤᠰᠠᠯᠠᠬᠤ ᠠᠵᠤ ᠠᠬᠤᠢ᠎ᠶ᠋ᠢᠨ ᠢᠳᠡᠭᠡᠨ᠎ᠦ ᠵᠦᠢᠯ ᠡᠳ᠋ᠱᠢᠭᠦᠯᠦᠨ ᠪᠣᠯᠪᠠᠰᠤᠷᠠᠭᠤᠯᠬᠤ ᠬᠡᠯᠬᠢᠶᠡᠨ᠎ᠦ ᠭᠣᠣᠯᠯᠠᠭ᠍ᠴᠢ ᠠᠵᠤ ᠠᠬᠤᠢᠯᠠᠯ ᠬᠢᠭᠡᠳ ᠲᠠᠷᠢᠶᠠᠯᠠᠩ ᠮᠠᠯ ᠠᠵᠤ ᠠᠬᠤᠢ᠎ᠶᠢᠨ ᠳᠤᠮᠳᠠ ᠵᠢᠵᠢᠭ ᠠᠵᠤ ᠠᠬᠤᠢᠯᠠᠯ᠎ᠤᠨ ᠬᠠᠮᠵᠢᠯᠴᠠᠨ ᠬᠥᠭᠵᠢᠬᠦ᠎ᠳᠦ ᠬᠦᠴᠦᠨ ᠨᠡᠮᠡᠷᠢᠯᠡᠵᠦ᠂ ᠵᠠᠬ᠎ᠠ ᠳᠡᠯᠭᠡᠭᠦᠷ᠎ᠦᠨ ᠥᠷᠢᠰᠦᠯᠳᠦᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠤ ᠦᠢᠯᠡᠰ᠎ᠦᠨ ᠬᠡᠯᠬᠢᠶᠡᠨ᠎ᠦ ᠪᠤᠵᠠᠭᠠᠢᠷᠠᠨ ᠬᠦᠴᠦᠷᠬᠡᠭᠵᠢᠬᠦ᠎ᠶᠢ ᠳᠠᠶ᠋ᠢᠴᠢᠯᠠᠨ᠎ᠠ᠃