《 ᠬᠣᠶᠠᠷ ᠬᠠᠯᠬᠠᠪᠴᠢ》《 ᠬᠣᠶᠠᠷ ᠰᠠᠭᠤᠷᠢᠨ》《 ᠨᠢᠭᠡ ᠪᠡᠬᠢᠯᠡᠯᠲᠡ》᠎ᠶ᠋ᠢ ᠯᠠᠪᠳᠠᠭᠤᠨ ᠪᠠᠲᠤᠲᠠᠢ ᠠᠬᠢᠭᠤᠯᠤᠶ᠎ᠠ   -   ᠪᠠᠶ᠋ᠢᠷᠢᠯᠠᠭᠤᠯᠤᠯᠲᠠ ᠨᠠᠶ᠋ᠢᠳᠠᠪᠤᠷᠢᠵᠢᠭᠤᠯᠤᠯᠲᠠ
ᠮᠠᠨ᠎ᠤ ᠣᠷᠣᠨ ᠬᠣᠲᠠ ᠬᠥᠳᠡᠭᠡ᠎ᠶᠢ ᠬᠠᠮᠤᠷᠤᠭᠰᠠᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠣᠣᠷ᠎ᠢ ᠲᠦᠷᠭᠡᠪᠴᠢᠯᠡᠨ ᠪᠦᠷᠢᠨᠰᠢᠭᠦᠯᠦᠨ᠎ᠡ
ᠨᠡᠶ᠋ᠢᠲᠡᠯᠡᠭᠰᠡᠨ ᠴᠠᠭ᠄ 2025-08-20

ᠲᠦᠷᠦᠭᠦᠬᠡᠨ᠂ 2025 ᠣᠨ᠎ᠤ ᠪᠦᠭᠦ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠭᠡᠨ᠎ᠦ ᠰᠢᠰᠲᠧᠮ᠎ᠦᠨ ᠪᠠᠢᠭᠤᠯᠤᠯᠲᠠ᠎ᠶᠢᠨ ᠲᠤᠬᠠᠢ᠎ᠶᠢᠨ ᠭᠠᠵᠠᠷ᠎ᠤᠨ ᠬᠤᠷᠠᠯ ᠭᠦᠭᠡᠬᠣᠲᠠ᠎ᠳᠤ ᠬᠤᠷᠠᠯᠳᠤᠪᠠ᠃

ᠬᠤᠷᠠᠯ᠎ᠠᠴᠠ᠂ ᠬᠣᠲᠠ ᠬᠥᠳᠡᠭᠡ᠎ᠶᠢ ᠬᠠᠮᠤᠷᠤᠭᠰᠠᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠣᠣᠷ᠎ᠢ ᠲᠦᠷᠭᠡᠪᠴᠢᠯᠡᠨ ᠪᠦᠷᠢᠨᠰᠢᠭᠦᠯᠬᠦ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠪᠦᠭᠦ ᠣᠷᠣᠨ᠎ᠤ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠣᠣᠷ᠎ᠤᠨ ᠪᠠᠢᠭᠤᠯᠤᠯᠲᠠ ᠪᠠ ᠴᠢᠳᠠᠮᠵᠢ᠎ᠶᠢ ᠪᠠᠳᠠᠷᠠᠭᠤᠯᠤᠭᠰᠠᠨ ᠪᠠᠢᠳᠠᠯ᠎ᠢ ᠨᠠᠷᠢᠨ ᠨᠢᠮᠪᠠᠢ ᠡᠮᠬᠢᠯᠡᠨ ᠰᠢᠯᠤᠭᠤᠳᠬᠠᠵᠤ᠂ ᠰᠠᠢᠲᠤᠷ ᠬᠡᠷᠡᠭᠯᠡᠵᠦ ᠪᠣᠳᠠᠲᠠᠢ ᠬᠡᠷᠡᠭᠯᠡᠬᠦ᠎ᠶᠢ ᠪᠠᠷᠢᠮᠲᠠᠯᠠᠨ᠂ ᠲᠤᠬᠠᠢ᠎ᠶᠢᠨ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠥᠬᠦᠭᠡᠷᠦᠮᠵᠢ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠵᠦ᠂ ᠳᠤᠲᠠᠭᠤᠳᠠᠯ᠎ᠢ ᠨᠥᠬᠥᠪᠦᠷᠢᠯᠡᠨ᠂ ᠴᠢᠳᠠᠮᠵᠢ᠎ᠶᠢ ᠴᠢᠩᠭᠠᠳᠬᠠᠵᠤ᠂ 《ᠠᠷᠪᠠᠨ ᠲᠠᠪᠤᠨ ᠮᠢᠨᠦ᠋ᠲ᠎ᠦᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠣᠭᠣᠷᠢᠭ᠋》᠎ᠦᠨ ᠪᠦᠷᠢᠯᠳᠦᠯ᠎ᠢ ᠠᠬᠢᠭᠤᠯᠬᠤ ᠬᠡᠷᠡᠭᠲᠡᠢ᠃ ᠭᠡᠷ ᠪᠦᠯᠢ ᠨᠡᠢᠭᠡᠮ ᠲᠣᠭᠣᠷᠢᠭ᠋ ᠪᠠᠢᠭᠤᠯᠤᠮᠵᠢ ᠵᠢᠨ ᠭᠤᠷᠪᠠᠨ ᠲᠥᠷᠥᠯ᠎ᠦᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠭᠡᠯᠪᠡᠷᠢ᠎ᠶᠢ ᠨᠠᠩ ᠰᠠᠢᠲᠤᠷ ᠨᠡᠪᠲᠡᠷᠡᠯᠴᠡᠭᠦᠯᠦᠨ ᠵᠣᠬᠢᠴᠠᠭᠤᠯᠵᠤ᠂ ᠭᠤᠷᠪᠠᠨ ᠲᠥᠷᠥᠯ᠎ᠦᠨ ᠦᠢᠯᠡᠴᠢᠯᠡᠭᠡᠨ᠎ᠦ ᠴᠢᠳᠠᠮᠵᠢ᠎ᠶᠢ ᠴᠢᠩᠭᠠᠷᠠᠭᠤᠯᠤᠨ᠂ ᠣᠯᠠᠨ ᠲᠦᠮᠡᠨ᠎ᠦ ᠬᠡᠷᠡᠭᠴᠡᠭᠡ ᠱᠠᠭᠠᠷᠳᠠᠯᠭ᠎ᠠ᠎ᠳᠤ ᠨᠡᠢᠴᠡᠭᠦᠯᠦᠨ᠂ ᠠᠭᠤᠰᠤᠯᠴᠠᠨ ᠬᠥᠭᠵᠢᠬᠦ ᠰᠢᠨ᠎ᠡ ᠵᠠᠭᠪᠤᠷ ᠰᠢᠨ᠎ᠡ ᠲᠣᠭᠲᠠᠴᠠ᠎ᠶᠢ ᠬᠠᠢᠨ ᠰᠦᠪᠡᠭᠴᠢᠯᠡᠵᠦ᠂ ᠨᠠᠰᠤᠲᠠᠢᠴᠤᠳ ᠭᠡᠷ ᠪᠦᠯᠢ᠂ ᠨᠡᠢᠭᠡᠮ ᠲᠣᠭᠣᠷᠢᠭ᠋᠂ ᠪᠠᠢᠭᠤᠯᠤᠮᠵᠢ ᠵᠢᠨ ᠠᠯᠢᠨ ᠳ᠋ᠤᠨᠢ ᠴᠸ᠋ ᠭᠡᠰᠡᠨ ᠪᠦᠷ ᠳᠥᠭᠦᠮ ᠳᠥᠲᠡ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡ ᠬᠦᠷᠲᠡᠵᠦ ᠪᠤᠯᠬᠤ ᠶ᠋ᠢ ᠪᠠᠲᠤᠯᠠᠬᠤ ᠬᠡᠷᠡᠭᠲᠡᠢ᠃ ᠦᠨᠳᠦᠰᠦᠨ ᠵᠦᠢᠯ᠎ᠢ ᠪᠠᠲᠤᠯᠠᠬᠤ ᠲᠦᠭᠡᠮᠡᠯ ᠬᠠᠷᠠᠭᠠᠯᠵᠠᠯᠲᠤ ᠵᠠᠬ᠎ᠠ ᠳᠡᠯᠭᠡᠭᠦᠷ᠎ᠦᠨ ᠭᠤᠷᠪᠠᠨ ᠲᠥᠷᠥᠯ᠎ᠦᠨ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ᠎ᠶᠢᠨ ᠥᠭᠡᠷᠡᠴᠢᠯᠡᠯᠲᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ᠎ᠳᠤ ᠣᠷᠣᠵᠤ ᠰᠠᠭᠤᠬᠤ ᠴᠢᠬᠤᠯᠠᠲᠠᠢ ᠨᠠᠰᠤᠲᠠᠢᠴᠤᠳ ᠪᠦᠭᠦᠨ᠎ᠳᠦ ᠴᠥᠮ ᠲᠣᠬᠢᠷᠠᠮᠵᠢᠲᠠᠢ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ ᠣᠯᠭᠣᠬᠤ ᠬᠡᠷᠡᠭᠲᠡᠢ᠃ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠦᠢᠯᠡᠰ᠎ᠦᠨ ᠠᠵᠤ ᠦᠢᠯᠡᠰ᠎ᠦᠨ ᠬᠥᠭᠵᠢᠯᠲᠡ᠎ᠶᠢᠨ ᠭᠤᠷᠪᠠᠨ ᠲᠠᠯ᠎ᠠ᠎ᠶᠢᠨ ᠬᠠᠮᠵᠢᠯᠴᠠᠬᠤ ᠲᠣᠭᠲᠠᠴᠠ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠠᠰᠠᠭ᠎ᠤᠨ ᠣᠷᠳᠣᠨ᠎ᠤ ᠭᠣᠣᠯᠯᠠᠬᠤ ᠦᠢᠯᠡᠳᠦᠯ᠂ ᠡᠬᠢ ᠪᠠᠶᠠᠯᠢᠭ᠋᠎ᠢ ᠲᠣᠬᠢᠷᠠᠭᠤᠯᠬᠤ ᠵᠠᠬ᠎ᠠ ᠳᠡᠯᠭᠡᠭᠦᠷ᠎ᠦᠨ ᠦᠢᠯᠡᠳᠦᠯ᠂ ᠨᠡᠢᠭᠡᠮ᠎ᠦᠨ ᠣᠷᠤᠯᠴᠠᠬᠤ ᠦᠢᠯᠡᠳᠦᠯ᠎ᠢ ᠨᠡᠩ ᠰᠠᠢᠨ ᠪᠠᠳᠠᠷᠠᠭᠤᠯᠵᠤ᠂ ᠨᠡᠢᠲᠡ᠎ᠶᠢᠨ ᠠᠰᠠᠷᠠᠮᠵᠢ᠎ᠶᠢᠨ ᠴᠢᠨᠠᠷ ᠪᠣᠯᠣᠨ ᠵᠠᠬ᠎ᠠ ᠳᠡᠯᠭᠡᠭᠦᠷ᠎ᠦᠨ ᠴᠢᠨᠠᠷ᠎ᠢ ᠬᠠᠮᠲᠤ ᠳ᠋ᠤᠨᠢ ᠬᠠᠷᠠᠭᠠᠯᠵᠠᠬᠤ ᠬᠡᠷᠡᠭᠲᠡᠢ ᠭᠡᠵᠦ ᠱᠠᠭᠠᠷᠳᠠᠵᠠᠢ᠃

ᠬᠤᠷᠠᠯ᠎ᠠᠴᠠ᠂ ᠪᠠᠲᠤ ᠴᠢᠩᠭ᠎ᠠ ᠤᠯᠤᠰ ᠲᠥᠷᠥ᠎ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠨᠠᠷᠢᠨ ᠨᠢᠮᠪᠠᠢ ᠠᠵᠢᠯ᠎ᠤᠨ ᠰᠤᠷᠲᠠᠯ᠎ᠢᠶᠠᠷ ᠠᠷᠠᠳ᠎ᠤᠨ ᠶᠠᠪᠤᠳᠠᠯ᠎ᠤᠨ ᠠᠵᠢᠯ᠎ᠢ ᠰᠠᠢᠲᠤᠷ ᠬᠢᠵᠦ᠂ ᠣᠯᠠᠨ ᠲᠦᠮᠡᠨ᠎ᠦ ᠣᠢᠯᠠᠭᠠᠵᠤ ᠮᠡᠳᠡᠬᠦ ᠦᠭᠡ ᠭᠡᠯᠡ᠎ᠪᠡᠷ ᠨᠠᠮ᠎ᠤᠨ ᠲᠠᠭᠤᠨ᠎ᠢ ᠳᠠᠮᠵᠢᠭᠤᠯᠵᠤ᠂ ᠠᠷᠠᠳ᠎ᠤᠨ ᠲᠥᠯᠥᠭᠡ ᠦᠨᠡᠨ ᠬᠦ᠌ ᠰᠠᠢᠨ ᠶᠠᠪᠤᠳᠠᠯ ᠪᠣᠳᠠᠲᠤ ᠶᠠᠪᠤᠳᠠᠯ ᠬᠢᠬᠦ ᠬᠡᠷᠡᠭᠲᠡᠢ᠃ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠠᠷᠠᠳ᠎ᠤᠨ ᠶᠠᠪᠤᠳᠠᠯ᠎ᠤᠨ ᠬᠦᠷᠢᠶᠡᠨ᠎ᠦ ᠲᠤᠰᠬᠠᠢ ᠴᠡᠭᠴᠡᠯᠡᠨ ᠵᠠᠰᠠᠯᠲᠠ᠂ ᠣᠨ᠎ᠤ ᠭᠣᠣᠯᠳᠠᠯᠭ᠎ᠠ᠎ᠲᠠᠢ ᠠᠵᠢᠯ᠎ᠢ ᠦᠷᠭᠦᠯᠵᠢᠯᠡᠨ ᠬᠦᠴᠦᠯᠡᠨ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》ᠤ᠋ᠨ ᠠᠷᠠᠳ᠎ᠤᠨ ᠶᠠᠪᠤᠳᠠᠯ᠎ᠤᠨ ᠦᠢᠯᠡᠰ᠎ᠦᠨ ᠬᠥᠭᠵᠢᠯᠲᠡ᠎ᠶᠢᠨ ᠲᠥᠯᠦᠪᠵᠢᠭᠦᠯᠭᠡ ᠵᠢᠴᠢ ᠬᠣᠯᠪᠣᠭᠳᠠᠯ ᠪᠦᠬᠦᠢ ᠲᠤᠰᠬᠠᠢ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠠᠵᠢᠯ᠎ᠢ ᠲᠦᠷᠭᠡᠳᠬᠡᠨ ᠠᠬᠢᠭᠤᠯᠬᠤ ᠬᠡᠷᠡᠭᠲᠡᠢ᠃ ᠠᠷᠠᠳ᠎ᠤᠨ ᠶᠠᠪᠤᠳᠠᠯ᠎ᠤᠨ ᠬᠦᠷᠢᠶᠡᠨ᠎ᠦ ᠠᠶᠤᠯᠭᠦᠢ ᠦᠢᠯᠡᠳᠪᠦᠷᠢᠯᠡᠯ᠎ᠦᠨ ᠠᠶᠤᠯ ᠲᠦᠭᠰᠢᠭᠦᠷᠢ᠎ᠶᠢ ᠰᠡᠷᠭᠡᠢᠯᠡᠬᠦ ᠠᠵᠢᠯ᠎ᠢ ᠰᠠᠢᠲᠤᠷ ᠬᠢᠵᠦ᠂ ᠠᠷᠠᠳ᠎ᠤᠨ ᠶᠠᠪᠤᠳᠠᠯ᠎ᠤᠨ ᠦᠢᠯᠡᠴᠢᠯᠡᠭᠡᠨ᠎ᠦ ᠪᠠᠢᠭᠤᠯᠤᠮᠵᠢ᠎ᠶᠢᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠵᠠᠢ᠃

ᠢᠷᠡᠯᠲᠡ᠄    