《 ᠬᠣᠶᠠᠷ ᠬᠠᠯᠬᠠᠪᠴᠢ》《 ᠬᠣᠶᠠᠷ ᠰᠠᠭᠤᠷᠢᠨ》《 ᠨᠢᠭᠡ ᠪᠡᠬᠢᠯᠡᠯᠲᠡ》᠎ᠶ᠋ᠢ ᠯᠠᠪᠳᠠᠭᠤᠨ ᠪᠠᠲᠤᠲᠠᠢ ᠠᠬᠢᠭᠤᠯᠤᠶ᠎ᠠ   -   ᠪᠠᠶ᠋ᠢᠷᠢᠯᠠᠭᠤᠯᠤᠯᠲᠠ ᠨᠠᠶ᠋ᠢᠳᠠᠪᠤᠷᠢᠵᠢᠭᠤᠯᠤᠯᠲᠠ
ᠡᠷᠢᠶᠡᠨ ᠬᠢᠯᠢ᠎ᠶ᠋ᠢᠨ ᠪᠣᠭᠣᠮᠲᠠ᠎ᠶᠢᠨ ᠪᠠᠷᠠᠭᠠᠨ᠎ᠤ ᠲᠡᠭᠡᠭᠡᠪᠦᠷᠢ᠎ᠶᠢᠨ ᠪᠣᠭᠣᠮᠲᠠ᠎ᠪᠠᠷ ᠥᠩᠭᠡᠷᠡᠬᠦ ᠴᠠᠭ᠎ᠢ 4 ᠴᠠᠭ ᠤᠷᠲᠤᠳᠬᠠᠪᠠ
ᠨᠡᠶ᠋ᠢᠲᠡᠯᠡᠭᠰᠡᠨ ᠴᠠᠭ᠄ 2025-08-06

2025 ᠣᠨ᠎ᠤ 8 ᠳ᠋ᠤᠭᠠᠷ ᠰᠠᠷ᠎ᠠ᠎ᠶᠢᠨ 1᠎ᠦ ᠡᠳᠦᠷ᠎ᠡᠴᠡ 9 ᠳ᠋ᠦ᠍ᠭᠡᠷ ᠰᠠᠷ᠎ᠠ᠎ᠶᠢᠨ 30᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠡᠷᠢᠶᠡᠨ ᠬᠢᠯᠢ᠎ᠶ᠋ᠢᠨ ᠪᠣᠭᠣᠮᠲᠠ᠎ᠶᠢᠨ ᠪᠠᠷᠠᠭᠠᠨ᠎ᠤ ᠲᠡᠭᠡᠭᠡᠪᠦᠷᠢ᠎ᠶᠢᠨ ᠨᠡᠪᠲᠡᠷᠡᠯ ᠵᠠᠮ᠎ᠤᠨ ᠪᠣᠭᠣᠮᠲᠠ᠎ᠪᠠᠷ ᠥᠩᠭᠡᠷᠡᠬᠦ ᠴᠠᠭ᠎ᠢ ᠡᠳᠦᠷ ᠪᠦᠷᠢ᠎ᠶᠢᠨ 8 ᠴᠠᠭ᠎ᠡᠴᠡ 22 ᠴᠠᠭ ᠪᠣᠯᠲᠠᠯ᠎ᠠ ᠲᠣᠬᠢᠷᠠᠭᠤᠯᠵᠤ᠂ ᠣᠣᠯ᠎ᠤᠨ 18 ᠴᠠᠭ᠎ᠲᠤ ᠪᠣᠭᠣᠮᠲᠠ᠎ᠪᠠᠨ ᠬᠠᠭᠠᠬᠤ ᠪᠠᠢᠭ᠍ᠰᠠᠨ᠎ᠠᠴᠠ᠎ᠪᠠᠨ 4 ᠴᠠᠭ ᠤᠷᠲᠤᠳᠬᠠᠪᠠ᠃ ᠲᠣᠰ ᠠᠷᠭ᠎ᠠ ᠬᠡᠮᠵᠢᠶ᠎ᠡ ᠨᠢ ᠵᠣᠨ᠎ᠤ ᠤᠯᠠᠷᠢᠯ᠎ᠤᠨ ᠪᠠᠷᠠᠭᠠᠨ᠎ᠤ ᠲᠡᠭᠡᠭᠡᠪᠦᠷᠢ᠎ᠶᠢᠨ ᠣᠷᠭᠢᠯ ᠦᠶ᠎ᠡ᠎ᠶᠢ ᠠᠷᠭᠠᠴᠠᠬᠤ᠎ᠶᠢᠨ ᠲᠥᠯᠥᠭᠡ ᠶᠤᠮ᠂ ᠵᠢᠱ᠌ᠢᠯᠲᠡ᠎ᠪᠡᠷ ᠭᠠᠭᠴᠠ ᠡᠳᠦᠷ᠎ᠦᠨ ᠪᠣᠭᠣᠮᠲᠠ᠎ᠪᠠᠷ ᠥᠩᠭᠡᠷᠡᠬᠦ ᠴᠢᠳᠠᠪᠤᠷᠢ᠎ᠶᠢ 25%᠎ᠪᠡᠷ ᠳᠡᠭᠡᠭ᠌ᠰᠢᠯᠡᠭᠦᠯᠦᠨ᠎ᠡ᠃ 7 ᠳ᠋ᠤᠭᠠᠷ ᠰᠠᠷ᠎ᠠ᠎ᠶᠢᠨ 31᠎ᠦ ᠡᠳᠦᠷ ᠪᠣᠯᠲᠠᠯ᠎ᠠ᠂ ᠡᠷᠢᠶᠡᠨ ᠬᠣᠲᠠ᠎ᠶᠢᠨ ᠬᠢᠯᠢ᠎ᠪᠡᠷ ᠣᠷᠣᠵᠣ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡ ᠨᠢ ᠬᠢᠯᠢ᠎ᠪᠡᠷ ᠣᠷᠣᠵᠤ ᠭᠠᠷᠬᠤ ᠬᠥᠮᠥᠨ᠎ᠢ ᠨᠡᠶ᠋ᠢᠲᠡ 160.5 ᠲᠦᠮᠡᠨ ᠬᠥᠮᠥᠨ ᠤᠳᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠪᠠᠭᠠᠵᠢ᠎ᠶᠢ ᠨᠡᠶ᠋ᠢᠲᠡ 42.7 ᠲᠦᠮᠡᠨ ᠲᠡᠷᠭᠡ (ᠴᠤᠪᠤᠭ᠎ᠠ/ ᠰᠠᠭᠤᠷᠢ) ᠤᠳᠠᠭ᠎ᠠ ᠪᠠᠢᠴᠠᠭᠠᠨ ᠰᠢᠯᠭᠠᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 20%᠂ 19.6%᠎ᠪᠡᠷ ᠨᠡᠮᠡᠭᠳᠡᠨ᠂ ᠴᠥᠮ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ᠃ 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ