2025 ᠣᠨ᠎ᠤ ᠥᠪᠡᠷᠲᠡᠭᠡᠨ ᠵᠠᠰᠠᠬᠤ ᠣᠷᠣᠨ᠎ᠤ ᠳᠡᠭᠡᠳᠦ ᠬᠤᠷᠳᠤ᠎ᠶᠢᠨ ᠵᠠᠰᠠᠮᠠᠯ ᠵᠠᠮ᠎ᠤᠨ ᠬᠤᠷᠳᠤᠴᠠ᠎ᠶ᠋ᠢᠨ ᠬᠢᠵᠠᠭᠠᠷᠯᠠᠯ᠎ᠢ ᠲᠣᠬᠢᠷᠠᠭᠤᠯᠬᠤ ᠠᠵᠢᠯ᠎ᠤᠨ ᠠᠷᠠᠴᠢᠯᠠᠨ ᠬᠠᠮᠠᠭᠠᠯᠠᠬᠤ ᠢᠨᠵᠧᠨᠧᠷᠢᠩ᠎ᠢᠶᠡᠨ ᠪᠦᠬᠦᠨ᠎ᠢ ᠳᠠᠭᠤᠰᠬᠠᠪᠠ᠃ ᠨᠢᠭᠡ᠎ᠳᠦ ᠬᠠᠷᠠᠯᠲᠠ᠎ᠪᠠᠨ ᠲᠣᠳᠣᠷᠬᠠᠢᠯᠠᠪᠠ᠃ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠯᠦ᠍ᠭᠡ ᠬᠠᠮᠲᠤᠷᠠᠨ 2025 ᠣᠨ᠎ᠤ ᠬᠤᠷᠳᠤᠴᠠ᠎ᠶ᠋ᠢᠨ ᠬᠢᠵᠠᠭᠠᠷᠯᠠᠯ᠎ᠢ ᠲᠣᠬᠢᠷᠠᠭᠤᠯᠬᠤ ᠠᠵᠢᠯ᠎ᠤᠨ ᠲᠥᠰᠥᠯ᠎ᠢ ᠲᠣᠭᠲᠠᠭᠠᠵᠤ᠂ 《ᠬᠤᠷᠳᠤᠴᠠ ᠲᠦᠷᠭᠡᠳᠭᠡᠬᠦ᠌ ᠨᠥᠬᠥᠴᠡᠯ᠎ᠢ ᠪᠦᠷᠢᠯᠳᠦᠭᠦᠯᠦᠭᠰᠡᠨ ᠳᠡᠭᠡᠳᠦ ᠬᠤᠷᠳᠤ᠎ᠶ᠋ᠢᠨ ᠵᠠᠰᠠᠮᠠᠯ ᠵᠠᠮ᠎ᠳᠦ ᠠᠯᠢ ᠴᠢᠳᠠᠬᠤ᠎ᠪᠠᠷ ᠲᠦᠷᠭᠡᠳᠭᠡᠵᠦ᠍ ᠪᠣᠯᠬᠤ᠎ᠶ᠋ᠢ ᠨᠢ ᠪᠦᠬᠦᠨ᠎ᠢ ᠲᠦᠷᠭᠡᠳᠭᠡᠬᠦ᠌》᠎ᠪᠡᠷ ᠬᠠᠷᠠᠯᠲᠠ ᠪᠣᠯᠭᠠᠵᠤ᠂ G6 ᠪᠡᠭᠡᠵᠢᠩ᠎ᠡᠴᠡ ᠯᠾᠠᠰᠠ ᠬᠦᠷᠬᠦ᠌ ᠳᠡᠭᠡᠳᠦ ᠬᠤᠷᠳᠤ᠎ᠶ᠋ᠢᠨ ᠵᠠᠰᠠᠮᠠᠯ ᠵᠠᠮ᠎ᠤᠨ ᠵᠢᠨᠢᠩ᠎ᠡᠴᠡ ᠥᠪᠥᠷ ᠮᠣᠩᠭᠣᠯ ᠾᠧᠪᠧᠢ᠎ᠶ᠋ᠢᠨ ᠵᠠᠭᠠᠭ ᠬᠦᠷᠬᠦ᠌ ᠬᠡᠰᠡᠭ᠂ G16 ᠳ᠋ᠠᠨᠳᠦ᠋ᠩ᠎ᠠᠴᠠ ᠱᠢᠯᠢ᠎ᠶ᠋ᠢᠨ ᠬᠣᠲᠠ ᠬᠦᠷᠬᠦ ᠳᠡᠭᠡᠳᠦ ᠬᠤᠷᠳᠤ᠎ᠶ᠋ᠢᠨ ᠵᠠᠰᠠᠮᠠᠯ ᠵᠠᠮ᠎ᠤᠨ ᠤᠯᠠᠭᠠᠨᠬᠠᠳᠠ᠎ᠶ᠋ᠢᠨ ᠡᠮᠦᠨ᠎ᠡ ᠦᠷᠲᠡᠭᠡ᠎ᠡᠴᠡ ᠥᠪᠥᠷ ᠮᠣᠩᠭᠣᠯ ᠯᠢᠶᠣᠤᠨᠢᠩ᠎ᠤᠨ ᠵᠠᠭᠠᠭ ᠬᠦᠷᠬᠦ ᠬᠡᠰᠡᠭ᠂ G59 ᠬᠥᠬᠡᠬᠣᠲᠠ᠎ᠠᠴᠠ ᠪᠧᠢ ᠬᠠᠢ ᠬᠦᠷᠬᠦ᠌ ᠳᠡᠭᠡᠳᠦ ᠬᠤᠷᠳᠤ᠎ᠶ᠋ᠢᠨ ᠵᠠᠰᠠᠮᠠᠯ ᠵᠠᠮ᠎ᠤᠨ ᠬᠥᠬᠡᠬᠣᠲᠠ᠎ᠡᠴᠡ ᠥᠪᠥᠷ ᠮᠣᠩᠭᠣᠯ ᠱᠠᠨ ᠰᠢ᠎ᠶᠢᠨ ᠵᠠᠭᠠᠭ ᠬᠦᠷᠬᠦ ᠬᠡᠰᠡᠭ ᠵᠡᠷᠭᠡ 7 ᠬᠡᠰᠡᠭ᠎ᠦᠨ 772 ᠺᠢᠯᠣᠮᠧᠲᠷ ᠵᠠᠰᠠᠮᠠᠯ ᠵᠠᠮ᠎ᠢ ᠬᠤᠷᠳᠤᠴᠠ ᠲᠦᠷᠭᠡᠳᠭᠡᠬᠦ᠌᠎ᠪᠠᠷ ᠪᠠᠢᠭ᠎ᠠ ᠵᠠᠮ᠎ᠤᠨ ᠬᠡᠰᠡᠭ ᠪᠣᠯᠭᠠᠬᠤ᠎ᠶ᠋ᠢ ᠦᠨᠡᠯᠡᠨ ᠲᠣᠭ᠍ᠲᠠᠭᠠᠵᠠᠢ᠃ ᠬᠣᠶᠠᠷ᠎ᠲᠤ ᠪᠣᠳᠠᠲᠠᠢ ᠬᠡᠷᠡᠭ᠌ᠵᠢᠭᠦᠯᠪᠡ᠃ 《ᠬᠤᠷᠳᠤᠴᠠ ᠲᠦᠷᠭᠡᠳᠭᠡᠬᠦ᠌᠎ᠳᠦ ᠵᠠᠮ᠎ᠤᠨ ᠪᠦᠲᠦᠴᠡ ᠬᠤᠪᠢᠶᠠᠷᠢᠯᠠᠯ᠎ᠢ ᠥᠯᠥ ᠬᠤᠪᠢᠷᠠᠭᠤᠯᠬᠤ᠂ ᠠᠮᠤᠷ ᠲᠦᠪᠰᠢᠨ᠎ᠳᠦ ᠶᠠᠮᠠᠷᠪᠠ ᠠᠰᠠᠭᠤᠳᠠᠯ ᠠᠯᠳᠠᠰᠢ ᠦᠯᠦ᠍ ᠭᠠᠷᠭᠠᠬᠤ》᠎ᠪᠠᠷ ᠵᠠᠷᠴᠢᠮ ᠪᠣᠯᠭᠠᠵᠤ ᠂ ᠦᠨᠡᠯᠡᠨ ᠵᠢᠱ᠌ᠢᠵᠦ ᠨᠤᠲᠠᠯᠠᠯᠲᠠ ᠬᠢᠬᠦ᠂ ᠲᠤᠬᠠᠢ᠎ᠶᠢᠨ ᠭᠠᠵᠠᠷ᠎ᠲᠤ ᠨᠢ ᠬᠠᠢᠨ ᠪᠠᠢᠴᠠᠭᠠᠬᠤ᠂ ᠵᠢᠷᠦᠵᠤ ᠲᠦᠰᠦᠪᠯᠡᠨ ᠵᠠᠰᠠᠵᠤ ᠨᠠᠢᠷᠠᠭᠤᠯᠬᠤ ᠂ ᠢᠨᠵᠧᠨᠧᠷᠢᠩ᠎ᠢ ᠬᠡᠷᠡᠭᠵᠢᠭᠦᠯᠬᠦ᠂ ᠠᠬᠤᠢ ᠲᠠᠯᠠᠪᠠᠢ᠎ᠳᠤ ᠨᠢ ᠨᠤᠲᠠᠯᠠᠬᠤ᠂ ᠠᠯᠪᠠᠨ ᠵᠠᠷ ᠨᠡᠢᠲᠡᠯᠡᠬᠦ᠂ ᠦᠷ᠎ᠡ ᠪᠦᠲᠦᠮᠵᠢ᠎ᠶᠢ ᠦᠨᠡᠯᠡᠬᠦ ᠵᠡᠷᠭᠡ ᠲᠠᠰ ᠳᠠᠷᠠᠭᠠᠯᠠᠯ ᠶᠣᠰᠣᠭᠠᠷ ᠡᠮᠬᠢ ᠵᠢᠷᠤᠮ᠎ᠲᠠᠢ᠎ᠪᠠᠷ ᠠᠬᠢᠭᠤᠯᠪᠠ᠃ ᠭᠤᠷᠪᠠ᠎ᠳᠤ ᠲᠥᠷᠥᠯ ᠬᠤᠪᠢᠶᠠᠨ ᠠᠬᠢᠭᠤᠯᠪᠠ᠃ 2025 ᠣᠨ᠎ᠳᠤ ᠭᠣᠣᠯᠳᠠᠯᠭ᠎ᠠ ᠪᠣᠯᠬᠤ ᠬᠣᠣᠰᠯᠠᠯ ᠱᠣᠭᠣᠮ ᠬᠡᠯᠪᠡᠷᠢᠲᠦ ᠭᠦᠢᠴᠡᠳᠬᠡᠯ ᠲᠣᠭ᠎ᠠ ᠨᠢ ᠬᠤᠷᠳᠤᠴᠠ ᠲᠦᠷᠭᠡᠳᠭᠡᠬᠦ᠌ ᠱᠠᠭᠠᠷᠳᠠᠯᠭ᠎ᠠ᠎ᠳᠤ ᠨᠡᠢᠴᠡᠭ᠌ᠰᠡᠨ ᠪᠠᠢᠬᠤ ᠬᠡᠷᠡᠭ᠌ᠲᠡᠢ᠂ ᠭᠡᠪᠡᠴᠦ᠍ ᠵᠠᠮ᠎ᠤᠨ ᠪᠠᠢᠳᠠᠯ ᠨᠢ ᠱᠠᠭᠠᠷᠳᠠᠯᠭ᠎ᠠ᠎ᠳᠤ ᠨᠡᠢᠴᠡᠬᠦ ᠦᠭᠡᠢ᠂ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠪᠡᠯᠡᠳᠬᠡᠮᠵᠢ᠎ᠶᠢᠨ ᠨᠡᠮᠡᠵᠦ ᠪᠠᠶ᠋ᠢᠭᠤᠯᠬᠤ ᠴᠢᠬᠤᠯᠠᠲᠠᠢ ᠵᠠᠮ᠎ᠤᠨ ᠬᠡᠰᠡᠭ᠎ᠲᠦ᠂ ᠤᠷᠢᠳ᠎ᠢᠶᠠᠷ ᠠᠷᠠᠴᠢᠯᠠᠨ ᠬᠠᠮᠠᠭᠠᠯᠠᠬᠤ ᠢᠨᠵᠧᠨᠧᠷᠢᠩ᠎ᠢ ᠬᠡᠷᠡᠭᠵᠢᠭᠦᠯᠦᠭᠰᠡᠨ᠎ᠦ ᠳᠠᠷᠠᠭ᠎ᠠ᠂ ᠬᠤᠷᠳᠤᠴᠠ᠎ᠶ᠋ᠢᠨ ᠬᠢᠵᠠᠭᠠᠷᠯᠠᠯ᠎ᠳᠤ ᠨᠢ ᠲᠣᠬᠢᠷᠠᠭᠤᠯᠤᠯᠲᠠ ᠬᠢᠨ᠎ᠡ᠃ ᠣᠳᠣ᠌ ᠪᠣᠯᠲᠠᠯ᠎ᠠ ᠂ 7 ᠬᠡᠰᠡᠭ᠎ᠦᠨ ᠠᠷᠠᠴᠢᠯᠠᠨ ᠬᠠᠮᠠᠭᠠᠯᠠᠬᠤ ᠢᠨᠵᠧᠨᠧᠷᠢᠩ᠎ᠢᠶᠠᠨ ᠪᠦᠬᠦᠨ᠎ᠢ ᠳᠠᠭᠤᠰᠭᠠᠵᠤ᠂ ᠶᠠᠭ ᠲᠥᠯᠥᠪᠯᠡᠭᠡ ᠶᠣᠰᠣᠭᠠᠷ 《ᠨᠢᠭᠡ ᠬᠡᠰᠡᠭ ᠵᠠᠮ᠎ᠳᠤ ᠭᠤᠷᠪᠠᠨ ᠲᠠᠯ᠎ᠠ᠎ᠶ᠋ᠢᠨ ᠬᠢᠨ ᠬᠠᠮᠵᠢᠯᠴᠠᠬᠤ》 ᠠᠬᠤᠢ ᠲᠠᠯᠠᠪᠠᠢ᠎ᠳᠦ ᠨᠣᠲᠠᠯᠠᠬᠤ ᠠᠵᠢᠯ᠎ᠢ ᠲᠦᠯᠬᠢᠨ ᠠᠬᠢᠭᠤᠯᠵᠤ ᠪᠠᠢᠨ᠎ᠠ᠂ ᠵᠢᠱ᠌ᠢᠯᠲᠡ᠎ᠪᠡᠷ 8 ᠳ᠋ᠤᠭᠠᠷ ᠰᠠᠷ᠎ᠠ᠎ᠶᠢᠨ 15᠎ᠤ ᠡᠳᠦᠷ ᠬᠤᠷᠳᠤᠴᠠ᠎ᠶ᠋ᠢᠨ ᠬᠢᠵᠠᠭᠠᠷᠯᠠᠯ᠎ᠢ ᠲᠣᠬᠢᠷᠠᠭᠤᠯᠬᠤ ᠠᠵᠢᠯ᠎ᠢᠶᠠᠨ ᠪᠡᠶᠡᠯᠡᠭᠦᠯᠦᠨ᠎ᠡ᠂ ᠮᠠᠨ᠎ᠤ ᠣᠷᠣᠨ᠎ᠳᠤ 772 ᠺᠢᠯᠣᠮᠧᠲᠷ᠎ᠦᠨ ᠬᠤᠷᠳᠤᠴᠠ᠎ᠶ᠋ᠢ ᠨᠢ ᠲᠦᠷᠭᠡᠳᠭᠡᠭ᠌ᠰᠡᠨ ᠵᠠᠮ᠎ᠤᠨ ᠬᠡᠰᠡᠭ ᠰᠢᠨ᠎ᠡ᠎ᠪᠡᠷ ᠨᠡᠮᠡᠭ᠌ᠳᠡᠵᠦ᠍᠂ ᠬᠤᠷᠳᠤᠴᠠ᠎ᠶ᠋ᠢᠨ ᠬᠢᠵᠠᠭᠠᠷᠯᠠᠯ᠎ᠢ ᠲᠣᠬᠢᠷᠠᠭᠤᠯᠤᠭ᠍ᠰᠠᠨ ᠵᠠᠮ᠎ᠤᠨ ᠬᠡᠰᠡᠭ 7300 ᠺᠢᠯᠣᠮᠧᠲᠷ᠎ᠲᠦ ᠬᠦᠷᠴᠦ᠍᠂ ᠪᠥᠬᠥ ᠣᠷᠣᠨ᠎ᠤ 8238 ᠺᠢᠯᠣᠮᠧᠲᠷ᠎ᠦᠨ ᠳᠡᠭᠡᠳᠦ ᠬᠤᠷᠳᠤ᠎ᠶ᠋ᠢᠨ ᠵᠠᠰᠠᠮᠠᠯ ᠵᠠᠮ᠎ᠤᠨ 88%᠎ᠶ᠋ᠢ ᠡᠵᠡᠯᠡᠬᠦ᠌ ᠪᠣᠯᠣᠨ᠎ᠠ; ᠡᠭᠦᠨ᠎ᠳᠦ ᠂ ᠴᠠᠭ ᠪᠦᠷᠢ᠎ᠶᠢᠨ ᠬᠤᠷᠳᠤᠴᠠ᠎ᠶᠢ 120 ᠺᠢᠯᠣᠮᠧᠲᠷ᠎ᠢᠶᠠᠷ ᠬᠢᠵᠠᠭᠠᠷᠯᠠᠭᠰᠠᠨ ᠵᠠᠮ᠎ᠤᠨ ᠬᠡᠰᠡᠭ 6600 ᠺᠢᠯᠣᠮᠧᠲᠷ᠎ᠲᠦ ᠬᠦᠷᠴᠦ᠍᠂ ᠡᠵᠡᠯᠡᠬᠦ ᠬᠠᠷᠢᠴᠠᠯ ᠨᠢ 80% ᠪᠣᠯᠲᠠᠯ᠎ᠠ ᠳᠡᠭᠡᠭ᠌ᠰᠢᠯᠡᠪᠡ᠃ ᠪᠥᠬᠥ ᠣᠷᠣᠨ᠎ᠤ ᠳᠡᠭᠡᠳᠦ ᠬᠤᠷᠳᠤ᠎ᠶᠢᠨ 19 ᠵᠠᠰᠠᠮᠠᠯ ᠵᠠᠮ᠎ᠤᠨ ᠮᠤᠵᠢ᠎ᠶᠢᠨ ᠬᠣᠭᠣᠷᠣᠨᠳᠣᠬᠢ ᠭᠠᠷᠬᠤ ᠵᠠᠮ᠎ᠤᠨ ᠬᠡᠰᠡᠭ᠎ᠲᠠᠬᠢ ᠬᠢᠵᠠᠭᠠᠷᠯᠠᠬᠤ ᠬᠤᠷᠳᠤᠴᠠ᠎ᠶᠢᠨ ᠬᠡᠮᠵᠢᠭᠳᠡᠯ ᠨᠢ ᠬᠥᠷᠰᠢ ᠵᠡᠷᠭᠡᠯᠡᠳᠡᠭᠡ ᠮᠤᠵᠢ ᠣᠷᠣᠨ᠎ᠤ ᠬᠢ ᠯᠤᠭ᠎ᠠ ᠠᠳᠠᠯᠢᠬᠠᠨ ᠪᠠᠷᠢᠮᠵᠢᠶ᠎ᠠ ᠲᠠᠢ ᠪᠣᠶᠤ ᠲᠡᠭᠦᠨ᠎ᠡᠴᠡ ᠥᠨᠳᠥᠷ ᠪᠠᠢᠬᠤ ᠪᠣᠯᠣᠨ᠎ᠠ ᠃