ᠥᠪᠥᠷ ᠮᠣᠩᠭᠣᠯ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠳᠦ ᠰᠠᠭᠤᠷᠢᠯᠠᠵᠤ᠂ ᠨᠡᠭᠡᠭᠡᠯᠲᠡ᠎ᠶᠢᠨ ᠶᠡᠬᠡ ᠨᠡᠪᠲᠡᠷᠡᠯ ᠵᠠᠮ᠎ᠤᠨ ᠪᠦᠲᠦᠭᠡᠨ ᠪᠠᠢᠭᠤᠯᠤᠯᠲᠠ᠎ᠶᠢ ᠨᠢᠭᠡᠳᠦᠯᠲᠡᠢ ᠲᠦᠯᠦᠪᠯᠡᠨ ᠠᠬᠢᠭᠤᠯᠵᠤ ᠪᠤᠢ᠃ ᠡᠨᠡ ᠵᠢᠯ᠂ ᠪᠥᠬᠥ ᠣᠷᠣᠨ᠎ᠤ ᠬᠢᠯᠢ᠎ᠶ᠋ᠢᠨ ᠪᠣᠭᠣᠮᠲᠠ᠎ᠶᠢᠨ ᠭᠣᠣᠯᠳᠠᠯᠭ᠎ᠠ ᠪᠣᠯᠬᠤ 85 ᠲᠥᠷᠥᠯ ᠵᠦᠢᠯ᠎ᠢᠶᠠᠨ ᠪᠦᠬᠦᠨ᠎ᠢ ᠠᠵᠢᠯ ᠡᠬᠢᠯᠡᠭᠦᠯᠵᠦ᠂ ᠣᠳᠣᠬᠠᠨ᠎ᠳᠤ ᠨᠢᠭᠡᠨᠲᠡ ᠪᠠᠢᠭᠤᠯᠵᠤ ᠳᠠᠭᠤᠰᠬᠠᠭᠰᠠᠨ ᠪᠥᠭᠡᠳ ᠠᠰᠢᠭ᠍ᠯᠠᠯᠲᠠ᠎ᠳᠤ ᠣᠷᠣᠭᠤᠯᠤᠭᠰᠠᠨ ᠲᠥᠷᠥᠯ ᠵᠦᠢᠯ 43 ᠪᠠᠢᠵᠤ᠂ ᠪᠤᠰᠤᠳ ᠲᠥᠷᠥᠯ ᠵᠦᠢᠯ᠎ᠢ ᠨᠢ ᠶᠠᠭ ᠡᠮᠬᠢ ᠵᠢᠷᠤᠮ᠎ᠲᠠᠢ ᠠᠬᠢᠭᠤᠯᠵᠤ ᠪᠠᠢᠨ᠎ᠠ ᠃

8 ᠳ᠋ᠤᠭᠠᠷ ᠰᠠᠷ᠎ᠠ᠎ᠶᠢᠨ 28᠎ᠤ ᠡᠳᠦᠷ᠂ ᠬᠥᠬᠡᠬᠣᠲᠠ᠎ᠶᠢᠨ ᠶᠡᠷᠦᠩᠬᠡᠢᠯᠡᠭᠰᠡᠨ ᠭᠠᠢᠯᠢ ᠪᠠᠲᠤᠯᠠᠬᠤ ᠲᠣᠭᠣᠷᠢᠭ᠋᠎ᠲᠤ᠂ ᠱᠢᠵᠢᠷ ᠠᠯᠲᠠᠨ᠎ᠤ ᠪᠦᠲᠦᠭᠡᠭᠳᠡᠬᠦᠨ᠎ᠦ ᠨᠢᠭᠡᠨ ᠠᠵᠤ ᠠᠬᠤᠢᠯᠠᠯ᠎ᠤᠨ ᠠᠵᠢᠯᠴᠢᠳ ᠰᠢᠶᠠᠩᠭᠠᠩ᠎ᠠᠴᠠ ᠢᠷᠡᠭᠰᠡᠨ ᠵᠠᠬᠢᠶᠠᠯᠠᠭ᠎ᠠ᠎ᠶ᠋ᠢ ᠱᠠᠯᠠᠪᠳᠠᠨ ᠦᠢᠯᠡᠳᠴᠦ ᠪᠠᠢᠪᠠ᠃ ᠡᠨᠡ ᠬᠦ᠌ ᠠᠵᠤ ᠠᠬᠤᠢᠯᠠᠯ ᠨᠢ ᠡᠨᠡ ᠵᠢᠯ᠎ᠦᠨ ᠡᠬᠢᠨ᠎ᠢᠶᠠᠷ ᠲᠣᠭᠣᠷᠢᠭ᠎ᠲᠤ ᠣᠷᠣᠬᠤ ᠦᠶ᠎ᠡ᠎ᠳᠦ᠎ᠪᠡᠨ ᠭᠠᠳᠠᠭᠠᠳᠤ᠎ᠠᠴᠠ ᠣᠷᠣᠭᠤᠯᠬᠤ ᠪᠣᠭᠣᠮᠲᠠ᠎ᠶᠢᠨ ᠭᠠᠢᠯᠢ᠎ᠶᠢ ᠬᠡᠯᠲᠦᠷᠢᠭᠦᠯᠬᠦ ᠵᠡᠷᠭᠡ ᠲᠥᠷᠥ᠎ᠶᠢᠨ ᠪᠣᠳᠣᠯᠭ᠎ᠠ᠎ᠶᠢ ᠬᠦᠷᠲᠡᠭ᠌ᠰᠡᠨ ᠪᠣᠯᠬᠣᠷ᠂ ᠭᠦᠢᠯᠭᠡᠭᠡᠨ᠎ᠦ ᠪᠡᠯᠡ ᠮᠥᠩᠭᠥ᠎ᠶᠢᠨ ᠳᠠᠷᠤᠭᠠᠰᠤ᠎ᠶ᠋ᠢ ᠨᠢ ᠲᠤᠢᠯ᠎ᠤᠨ ᠶᠡᠬᠡᠪᠡᠷ ᠬᠥᠩᠭᠡᠷᠡᠭᠦᠯᠦᠭᠰᠡᠨ ᠪᠠᠢᠨ᠎ᠠ᠃

ᠥᠪᠥᠷ ᠮᠣᠩᠭᠣᠯ᠎ᠤᠨ ᠠᠰᠲᠸ ᠰᠢᠵᠢᠷ ᠠᠯᠲᠠᠨ᠎ᠤ ᠪᠦᠲᠦᠭᠡᠭᠳᠡᠬᠦᠨ᠎ᠦ ᠬᠢᠵᠠᠭᠠᠷᠲᠤ ᠺᠣᠮᠫᠠᠨᠢ᠎ᠶᠢᠨ ᠦᠢᠯᠡᠳᠪᠦᠷᠢᠯᠡᠯ᠎ᠦᠨ ᠲᠠᠰᠤᠭ᠎ᠤᠨ ᠬᠠᠷᠢᠭᠤᠴᠠᠯᠭᠠᠲᠠᠨ ᠪᠦᠦ ᠮᠢᠨ ᠴᠢᠶᠠᠩ ᠶᠡᠷᠦᠩᠬᠡᠢᠯᠡᠭᠰᠡᠨ ᠭᠠᠢᠯᠢ ᠪᠠᠲᠤᠯᠠᠬᠤ ᠲᠣᠭᠣᠷᠢᠭ᠋ ᠨᠢ ᠪᠢᠳᠡᠨ᠎ᠳᠦ ᠪᠡᠯᠡᠨ ᠦᠢᠯᠡᠳᠪᠦᠷᠢ᠎ᠶᠢᠨ ᠪᠠᠢᠰᠢᠩ ᠬᠠᠩᠭᠠᠵᠤ᠂ ᠤᠰᠤ ᠴᠠᠬᠢᠯᠭᠠᠨ᠎ᠢ ᠢᠵᠢ ᠪᠦᠷᠢᠳᠦᠭᠦᠯᠵᠦ᠍ ᠲᠡᠭᠦᠯᠳᠡᠷᠵᠢᠭᠦᠯᠦᠭᠰᠡᠨ᠎ᠢᠶᠡᠷ ᠪᠠᠷᠠᠬᠤ ᠦᠭᠡᠢ᠂ ᠪᠠᠰᠠ ᠪᠢᠳᠡᠨ᠎ᠢ ᠪᠣᠭᠣᠮᠲᠠ᠂ ᠭᠠᠢᠯᠢ᠎ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠯᠦ᠍ᠭᠡ ᠨᠡᠪᠲᠡᠷᠡᠯᠴᠡᠭᠦᠯᠵᠦ᠍᠂ ᠪᠦᠬᠦ᠌ ᠠᠵᠢᠯ᠎ᠢ ᠪᠡᠯᠡᠬᠡᠨ ᠪᠣᠯᠭᠠᠵᠠᠢ᠃

ᠬᠥᠬᠡᠬᠣᠲᠠ᠎ᠶᠢᠨ ᠶᠡᠷᠦᠩᠬᠡᠢᠯᠡᠭᠰᠡᠨ ᠭᠠᠢᠯᠢ ᠪᠠᠲᠤᠯᠠᠬᠤ ᠲᠣᠭᠤᠷᠢᠭ᠎ᠲᠤ ᠣᠲᠣ᠌ ᠦᠢᠯᠡᠳᠪᠦᠷᠢᠯᠡᠯ᠎ᠦᠨ ᠮᠠᠶᠢᠭ᠎ᠤᠨ᠂ ᠠᠷᠠᠯᠵᠢᠶᠠᠨ᠎ᠤ ᠮᠠᠶᠢᠭ᠎ᠤᠨ ᠵᠡᠷᠭᠡ ᠠᠵᠤ ᠠᠬᠤᠢᠯᠠᠯ ᠨᠡᠶ᠋ᠢᠲᠡ 240 ᠭᠠᠷᠤᠢ ᠪᠠᠢᠨ᠎ᠠ᠃ ᠲᠦᠷᠦᠭᠦᠸ᠋ ᠬᠠᠭᠠᠰ ᠵᠢᠯ᠎ᠳᠦ ᠬᠦᠷᠢᠶᠡᠯᠡᠩ ᠲᠣᠭᠤᠷᠢᠭ᠎ᠤᠨ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠢᠯᠡᠳᠪᠦᠷᠢ᠎ᠶᠢᠨ ᠦᠢᠯᠡᠳᠬᠦᠨ᠎ᠦ ᠶᠡᠷᠦᠩᠬᠡᠢ ᠥᠷᠲᠡᠭ 20.25 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 599%᠎ᠪᠠᠷ ᠨᠡᠮᠡᠭᠳᠡᠪᠡ᠃

ᠰᠢᠯᠢ᠎ᠶᠢᠨ ᠭᠣᠣᠯ ᠠᠢᠮᠠᠭ᠎ᠤᠨ ᠵᠡᠭᠦᠨ ᠬᠠᠲᠠᠪᠴᠢ ᠬᠢᠯᠢ᠎ᠶ᠋ᠢᠨ ᠪᠣᠭᠣᠮᠲᠠ᠎ᠶᠢᠨ ᠬᠢᠨᠠᠨ ᠡᠵᠡᠮᠳᠡᠵᠦ᠍ ᠵᠢᠯᠤᠭᠣᠳᠬᠤ ᠲᠥᠪ᠎ᠲᠦ᠂ ᠥᠭᠡᠷᠡᠴᠢᠯᠡᠨ ᠪᠠᠢᠭᠤᠯᠤᠭᠰᠠᠨ᠎ᠤ ᠳᠠᠷᠠᠭ᠎ᠠ ᠰᠢᠨ᠎ᠡ᠎ᠪᠡᠷ ᠨᠡᠮᠡᠵᠦ᠍ ᠤᠭ᠍ᠰᠠᠷᠠᠭ᠍ᠰᠠᠨ H986 ᠲᠣᠮᠣ᠌ ᠬᠡᠯᠪᠡᠷᠢ᠎ᠶᠢᠨ ᠴᠢᠩᠭᠡᠯᠢᠭ᠎ᠦᠨ ᠱᠢᠯᠭᠠᠨ ᠪᠠᠢᠴᠠᠭᠠᠬᠤ ᠱᠢᠰᠲ᠋ᠧᠮ ᠨᠢ ᠴᠢᠩᠭᠡᠯᠢᠭ᠂ ᠲᠡᠷᠭᠡ ᠬᠥᠰᠭᠡ᠎ᠶ᠋ᠢᠨ ᠳᠣᠲᠣᠷᠠᠬᠢ ᠪᠠᠷᠠᠭ᠎ᠠ᠎ᠶᠢ ᠰᠢᠷᠪᠢᠵᠦ ᠳᠦᠷᠰᠦ ᠪᠦᠲᠦᠭᠡᠨ᠂ ᠪᠣᠭᠣᠮᠲᠠ᠎ᠶᠢᠨ ᠠᠵᠢᠯᠲᠠᠳ ᠴᠢᠩᠭᠡᠯᠢᠭ᠎ᠢ ᠨᠡᠭᠡᠭᠡᠬᠦ ᠦᠭᠡᠢ᠎ᠪᠡᠷ ᠪᠠᠷᠠᠭ᠎ᠠ᠂ ᠨᠢᠭᠤᠴᠠ ᠱᠤᠭᠤᠮ ᠵᠢᠴᠢ ᠴᠠᠭᠠᠵᠠ᠎ᠲᠠᠢ ᠪᠣᠳᠠᠰ ᠪᠠᠢᠬᠤ ᠡᠰᠡᠬᠦ᠌᠎ᠶ᠋ᠢ ᠨᠢ ᠮᠠᠰᠢ ᠲᠦᠷᠭᠡᠨ ᠢᠯᠭᠠᠨ ᠲᠠᠨᠢᠵᠤ᠂ ᠬᠥᠮᠥᠨ᠎ᠦ ᠬᠦᠴᠦ᠎ᠪᠡᠷ ᠪᠠᠢᠴᠠᠭᠠᠨ ᠰᠢᠯᠭᠠᠬᠤ ᠴᠠᠭ᠎ᠢ ᠬᠡᠳᠦᠨ ᠴᠠᠭ ᠪᠠᠢᠭᠰᠠᠨ᠎ᠠᠴᠠ ᠨᠢ ᠬᠡᠳᠦᠨ ᠮᠢᠨᠦ᠋ᠲ ᠪᠣᠯᠭᠠᠨ ᠪᠣᠭᠣᠨᠢᠰᠬᠠᠪᠠ᠃

ᠨᠡᠭᠡᠭᠡᠯᠲᠡ᠎ᠶᠢᠨ ᠶᠡᠬᠡ ᠨᠡᠪᠲᠡᠷᠡᠯ ᠵᠠᠮ᠎ᠤᠨ ᠪᠦᠲᠦᠭᠡᠨ ᠪᠠᠢᠭᠤᠯᠤᠯᠲᠠ᠎ᠶᠢ ᠨᠢᠭᠡᠳᠦᠯᠲᠡᠢ ᠲᠦᠯᠦᠪᠯᠡᠨ ᠠᠬᠢᠭᠤᠯᠬᠤ᠎ᠶᠢᠨ ᠲᠥᠯᠥᠭᠡ᠂ 2024 ᠣᠨ᠎ᠠᠴᠠ ᠡᠬᠢᠯᠡᠨ᠂ ᠥᠪᠥᠷ ᠮᠣᠩᠭᠣᠯ 3 ᠵᠢᠯ᠎ᠦᠨ ᠳᠣᠲᠣᠷ᠎ᠠ ᠬᠢᠯᠢ᠎ᠶ᠋ᠢᠨ ᠪᠣᠭᠣᠮᠲᠠ᠎ᠶᠢᠨ ᠭᠣᠣᠯᠳᠠᠯᠭ᠎ᠠ ᠪᠣᠯᠬᠤ 85 ᠲᠦᠷᠦᠯ ᠵᠦᠢᠯ᠎ᠢ ᠬᠡᠷᠡᠭᠵᠢᠭᠦᠯᠬᠦ᠎ᠪᠡᠷ ᠲᠦᠯᠦᠪᠯᠡᠵᠡᠢ᠂ ᠲᠦᠷᠦᠯ ᠵᠦᠢᠯ ᠨᠢ ᠣᠶᠤᠨᠲᠤ ᠬᠢᠯᠢ᠎ᠶ᠋ᠢᠨ ᠪᠣᠭᠣᠮᠲᠠ᠎ᠶᠢᠨ ᠪᠦᠲᠦᠭᠡᠨ ᠪᠠᠢᠭᠤᠯᠤᠯᠲᠠ᠂ ᠵᠠᠰᠠᠮᠠᠯ ᠵᠠᠮ᠎ᠤᠨ ᠬᠢᠯᠢ᠎ᠶ᠋ᠢᠨ ᠪᠣᠭᠣᠮᠲᠠ᠎ᠶᠢᠨ ᠶᠡᠬᠡ ᠬᠥᠭᠥᠷᠭᠡ᠂ ᠡᠨᠧᠷᠭᠢ ᠨᠥᠭᠡᠴᠡᠯᠡᠬᠦ ᠰᠠᠭᠤᠷᠢᠨ ᠭᠠᠵᠠᠷ᠂ ᠶᠡᠷᠦᠩᠬᠡᠢᠯᠡᠭᠰᠡᠨ ᠭᠠᠢᠯᠢ ᠪᠠᠲᠤᠯᠠᠬᠤ ᠲᠣᠭᠤᠷᠢᠭ᠎ᠤᠨ ᠰᠠᠭᠤᠷᠢ ᠪᠡᠯᠡᠳᠭᠡᠮᠵᠢ᠎ᠶ᠋ᠢᠨ ᠥᠭᠡᠷᠡᠴᠢᠯᠡᠨ ᠪᠠᠢᠭᠤᠯᠬᠤ ᠵᠡᠷᠭᠡ ᠤᠯᠠᠨ ᠵᠠᠩᠭᠢᠯᠠᠭ᠎ᠠ᠎ᠶᠢᠨ ᠬᠦᠷᠢᠶ᠎ᠡ ᠴᠠᠷᠠᠭ᠎ᠠ᠎ᠶ᠋ᠢ ᠬᠠᠮᠤᠷᠪᠠ᠃ ᠡᠨᠡ ᠵᠢᠯ ᠥᠪᠡᠷᠲᠡᠭᠡᠨ ᠵᠠᠰᠠᠬᠤ ᠣᠷᠣᠨ ᠬᠢᠯᠢ᠎ᠶ᠋ᠢᠨ ᠪᠣᠭᠣᠮᠲᠠ᠎ᠶᠢᠨ 1.3 ᠳ᠋ᠦᠩᠰᠢᠭᠤᠷ ᠲᠣᠨ ᠪᠠᠷᠠᠭ᠎ᠠ ᠲᠡᠭᠡᠭᠡᠪᠦᠷᠢᠯᠡᠬᠦ ᠬᠠᠷᠠᠯᠲᠠ᠎ᠶᠢ ᠪᠡᠶᠡᠯᠡᠭᠦᠯᠬᠦ᠎ᠶᠢᠨ ᠲᠣᠭᠣᠷᠢᠨ᠎ᠳᠤ᠂ ᠬᠢᠯᠢ᠎ᠶ᠋ᠢᠨ ᠪᠣᠭᠣᠮᠲᠠ᠎ᠶᠢᠨ ᠴᠢᠬᠤᠯᠠ ᠶᠡᠬᠡ ᠲᠥᠷᠥᠯ ᠵᠦᠢᠯ᠎ᠤᠨ ᠠᠵᠢᠯ ᠡᠬᠢᠯᠡᠭᠦᠯᠬᠦ᠎ᠶᠢ ᠯᠠᠪᠳᠠᠭᠤᠨ᠎ᠢᠶᠠᠷ ᠠᠬᠢᠭᠤᠯᠪᠠ᠃ ᠣᠲᠣ᠌ ᠪᠣᠯᠲᠠᠯ᠎ᠠ ᠨᠢᠭᠡᠨᠲᠡ ᠣᠨ᠎ᠤ ᠪᠠᠷᠢᠯᠭ᠎ᠠ ᠳᠠᠭᠤᠰᠬᠠᠬᠤ ᠬᠠᠷᠠᠯᠲᠠ᠎ᠶᠢᠨ᠎ᠢᠶᠡᠨ 86%᠎ᠶ᠋ᠢ ᠪᠡᠶᠡᠯᠡᠭᠦᠯᠪᠡ᠂ ᠪᠦᠬᠦᠨ᠎ᠢ ᠪᠠᠢᠭᠤᠯᠵᠤ ᠳᠠᠭᠤᠰᠤᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠬᠢᠯᠢ᠎ᠶ᠋ᠢᠨ ᠪᠣᠭᠣᠮᠲᠠ᠎ᠶᠢᠨ ᠪᠣᠭᠣᠮᠲᠠ᠎ᠪᠠᠷ ᠥᠩᠭᠡᠷᠡᠬᠦ᠎ᠶᠢ ᠳᠥᠭᠥᠮᠴᠢᠯᠡᠬᠦ᠂ ᠣᠶᠤᠨᠴᠢᠯᠠᠬᠤ ᠬᠢᠷᠢ ᠲᠦᠪᠰᠢᠨ᠎ᠢ ᠲᠤᠢᠯ᠎ᠤᠨ ᠶᠡᠬᠡᠪᠡᠷ ᠳᠡᠭᠡᠭᠰᠢᠯᠡᠭᠦᠯᠵᠦ᠂ ᠬᠢᠯᠢ᠎ᠶ᠋ᠢᠨ ᠪᠣᠭᠣᠮᠲᠠ᠎ᠶᠢᠨ ᠪᠣᠭᠣᠮᠲᠠ᠎ᠪᠠᠷ ᠥᠩᠭᠡᠷᠡᠬᠦ ᠴᠢᠳᠠᠪᠤᠷᠢ᠎ᠶᠢ ᠶᠡᠬᠡᠪᠡᠷ ᠳᠡᠭᠡᠭᠰᠢᠯᠡᠭᠦᠯᠬᠦ᠎ᠳᠦ ᠬᠦᠴᠦᠨ ᠨᠡᠮᠡᠷᠢᠯᠡᠬᠦ᠌ ᠪᠣᠯᠣᠨ᠎ᠠ ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ᠎ᠶ᠋ᠢᠨ ᠪᠣᠭᠣᠮᠲᠠ᠎ᠶᠢᠨ ᠬᠠᠮᠢᠶᠠᠷᠤᠯᠲᠠ᠎ᠶᠢᠨ ᠠᠯᠪᠠᠨ ᠭᠡᠷ᠎ᠦᠨ ᠲᠥᠯᠦᠪᠵᠢᠭᠦᠯᠭᠡ ᠪᠦᠲᠦᠭᠡᠨ ᠪᠠᠢᠭᠤᠯᠤᠯᠲᠠ᠎ᠶᠢᠨ ᠭᠠᠵᠠᠷ᠎ᠤᠨ ᠳᠠᠷᠤᠭ᠎ᠠ ᠯᠢᠦ ᠸᠸᠨ ᠯᠢᠨ ᠪᠢᠳᠡ 《ᠶᠡᠷᠦᠩᠬᠡᠢᠯᠡᠭᠰᠡᠨ ᠬᠦᠢᠰᠦ ᠪᠣᠯᠬᠤ ᠬᠢᠯᠢ᠎ᠶ᠋ᠢᠨ ᠪᠣᠭᠣᠮᠲᠠ》᠎ᠶ᠋ᠢ ᠭᠣᠣᠯᠳᠠᠯᠭ᠎ᠠ᠎ᠲᠠᠢ ᠪᠠᠢᠭᠤᠯᠵᠤ᠂ ᠭᠣᠣᠯᠳᠠᠯᠭ᠎ᠠ ᠪᠣᠯᠬᠤ ᠲᠤᠰᠬᠠᠢ ᠮᠡᠷᠭᠡᠵᠢᠯ᠎ᠦᠨ ᠬᠢᠯᠢ᠎ᠶ᠋ᠢᠨ ᠪᠣᠭᠣᠮᠲᠠ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠨ᠂ ᠭᠠᠳᠠᠭᠠᠳᠤ ᠨᠡᠭᠡᠭᠡᠯᠲᠡ᠎ᠶᠢᠨ ᠲᠠᠪᠴᠠᠩ᠎ᠤᠨ ᠴᠢᠳᠠᠮᠵᠢ᠎ᠶᠢ ᠳᠡᠭᠡᠭᠰᠢᠯᠡᠭᠦᠯᠬᠦ᠎ᠪᠠᠨ ᠠᠬᠢᠭᠤᠯᠵᠤ᠂ 《ᠬᠢᠯᠢ᠎ᠶ᠋ᠢᠨ ᠪᠣᠭᠣᠮᠲᠠ + ᠥᠷᠥᠴᠡ ᠭᠠᠵᠠᠷ》᠂ 《ᠬᠢᠯᠢ᠎ᠶ᠋ᠢᠨ ᠪᠣᠭᠣᠮᠲᠠ + ᠬᠦᠷᠢᠶᠡᠯᠡᠩ ᠲᠣᠭᠣᠷᠢᠭ᠋》᠎ᠦᠨ ᠬᠣᠯᠪᠤᠭᠠᠯᠠᠨ ᠬᠥᠳᠡᠯᠦᠯᠴᠡᠬᠦ ᠬᠥᠭᠵᠢᠯᠲᠡ᠎ᠶᠢᠨ ᠰᠢᠨ᠎ᠡ ᠲᠦᠯᠦᠪ ᠪᠠᠢᠳᠠᠯ᠎ᠢ ᠲᠦᠷᠭᠡᠳᠬᠡᠨ ᠪᠣᠶ ᠪᠣᠯᠭᠠᠨ᠎ᠠ᠃