《 ᠬᠣᠶᠠᠷ ᠬᠠᠯᠬᠠᠪᠴᠢ》《 ᠬᠣᠶᠠᠷ ᠰᠠᠭᠤᠷᠢᠨ》《 ᠨᠢᠭᠡ ᠪᠡᠬᠢᠯᠡᠯᠲᠡ》᠎ᠶ᠋ᠢ ᠯᠠᠪᠳᠠᠭᠤᠨ ᠪᠠᠲᠤᠲᠠᠢ ᠠᠬᠢᠭᠤᠯᠤᠶ᠎ᠠ   -   ᠪᠠᠶ᠋ᠢᠷᠢᠯᠠᠭᠤᠯᠤᠯᠲᠠ ᠨᠠᠶ᠋ᠢᠳᠠᠪᠤᠷᠢᠵᠢᠭᠤᠯᠤᠯᠲᠠ
ᠡᠮᠦᠨ᠎ᠡ 7 ᠰᠠᠷ᠎ᠠ᠎ᠳᠤ ᠮᠠᠨᠵᠤᠤᠷ᠎ᠤᠨ ᠲᠡᠮᠦᠷ ᠵᠠᠮ᠎ᠤᠨ ᠬᠢᠯᠢ᠎ᠶᠢᠨ ᠪᠣᠭᠣᠮᠲᠠ᠎ᠪᠠᠷ 2601 ᠴᠤᠪᠤᠭ᠎ᠠ  ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ ᠨᠡᠪᠲᠡᠷᠡᠪᠡ
ᠨᠡᠶ᠋ᠢᠲᠡᠯᠡᠭᠰᠡᠨ ᠴᠠᠭ᠄ 2025-09-01

 

ᠣᠢᠷ᠎ᠠ᠎ᠳᠤ ᠂ ᠮᠠᠨᠵᠤᠤᠷ᠎ᠤᠨ ᠲᠡᠮᠦᠷ ᠵᠠᠮ᠎ᠤᠨ ᠬᠢᠯᠢ᠎ᠶᠢᠨ ᠪᠣᠭᠣᠮᠲᠠ᠎ᠳᠠᠬᠢ ᠪᠠᠷᠠᠭ᠎ᠠ ᠲᠡᠭᠡᠭᠡᠪᠦᠷᠢ᠎ᠶᠢᠨ ᠦᠢᠯᠡᠳᠪᠦᠷᠢ᠎ᠶᠢᠨ ᠲᠠᠰᠤᠭ᠎ᠤᠨ ᠴᠢᠩᠭᠡᠯᠢᠭ᠎ᠢ ᠰᠣᠯᠢᠵᠤ ᠠᠴᠢᠶᠠᠯᠠᠬᠤ ᠲᠠᠯᠠᠪᠠᠶ᠎ᠳᠤ᠂ 6 ᠬᠠᠴᠠᠪᠴᠢᠲᠤ ᠡᠷᠭᠦᠭᠦᠷ ᠮᠠᠰᠢᠨ ᠬᠠᠷ᠎ᠠ ᠬᠤᠷᠳᠤ᠎ᠪᠠᠷ᠎ᠢᠶᠠᠨ ᠠᠵᠢᠯᠯᠠᠵᠤ ᠂ ᠡᠸᠦ᠋ᠷᠦᠫᠡ ᠲᠢᠪ᠎ᠡᠴᠡ ᠤᠯᠤᠰ᠎ᠤᠨ ᠳᠣᠲᠣᠭᠠᠳᠤ᠎ᠳᠤ ᠪᠤᠴᠠᠬᠤ ᠳᠤᠮᠳᠠᠳᠤ ᠡᠸᠦ᠋ᠷᠦᠫᠡ᠎ᠶᠢᠨ ᠬᠣᠶᠠᠷ ᠴᠤᠪᠤᠭ᠎ᠠ ᠵᠢᠰᠢᠶᠠᠨ᠎ᠤ ᠭᠠᠯᠲᠤ ᠲᠡᠷᠭᠡᠨ᠎ᠳᠦ ᠰᠣᠯᠢᠵᠤ ᠠᠴᠢᠶᠠᠯᠠᠬᠤ ᠠᠵᠢᠯ᠎ᠢ ᠬᠢᠵᠦ ᠪᠠᠢᠨ᠎ᠠ ᠃ ᠡᠮᠦᠨ᠎ᠡ 7 ᠰᠠᠷ᠎ᠠ᠎ᠳᠤ᠂ ᠮᠠᠨᠵᠤᠤᠷ᠎ᠤᠨ ᠲᠡᠮᠦᠷ ᠵᠠᠮ᠎ᠤᠨ ᠬᠢᠯᠢ᠎ᠶᠢᠨ ᠪᠣᠭᠣᠮᠲᠠ᠎ᠪᠠᠷ ᠥᠩᠭᠡᠷᠡᠭᠰᠡᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ 2601 ᠴᠤᠪᠤᠭ᠎ᠠ ᠎ᠳᠦ ᠬᠦᠷᠴᠦ᠂ ᠶᠠᠪᠤᠭᠤᠯᠤᠭᠰᠠᠨ ᠪᠠᠷᠠᠭ᠎ᠠ ᠨᠢ 27 ᠲᠦᠮᠡᠨ ᠪᠠᠷᠢᠮᠵᠢᠶᠠᠲᠤ ᠴᠢᠩᠭᠡᠯᠢᠭ᠎ᠢ ᠳᠠᠪᠠᠭᠰᠠᠨ ᠪᠠᠢᠨ᠎ᠠ᠃ ᠡᠭᠦᠨ᠎ᠳᠦ ᠂ ᠪᠤᠴᠠᠵᠤ ᠢᠷᠡᠬᠦ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ 1599 ᠴᠤᠪᠤᠭ᠎ᠠ ᠎ᠳᠦ ᠬᠦᠷᠴᠦ ᠂ ᠲᠡᠭᠡᠭᠡᠪᠦᠷᠢᠯᠡᠨ ᠠᠪᠴᠢᠷᠠᠭᠰᠠᠨ ᠪᠠᠷᠠᠭ᠎ᠠ ᠨᠢ 16 ᠲᠦᠮᠡᠨ ᠪᠠᠷᠢᠮᠵᠢᠶᠠᠲᠤ ᠴᠢᠩᠭᠡᠯᠢᠭ᠎ᠢ ᠳᠠᠪᠠᠭᠠᠳ ᠂ ᠠᠳᠠᠯᠢ ᠬᠤᠭᠤᠴᠠᠭᠠᠨ᠎ᠤ ᠬᠢ᠎ᠡᠴᠡ᠎ᠪᠠᠨ ᠲᠣᠰ ᠪᠦᠷᠢ 9.1% ᠂ 7.9% ᠪᠡᠷ ᠨᠡᠮᠡᠭᠳᠡᠨ ᠂ ᠪᠤᠴᠠᠵᠤ ᠢᠷᠡᠬᠦ ᠵᠢᠰᠢᠶᠠᠨ᠎ᠤ ᠭᠠᠯᠲᠤ ᠲᠡᠷᠭᠡ᠎ᠶᠢᠨ ᠲᠡᠭᠡᠭᠡᠪᠦᠷᠢ᠎ᠶᠢᠨ ᠬᠡᠮᠵᠢᠶ᠎ᠡ ᠎ᠪᠡᠷ᠎ᠢᠶᠡᠨ ᠪᠥᠬᠥ ᠤᠯᠤᠰ᠎ᠲᠤ ᠲᠡᠷᠢᠭᠦᠯᠡᠪᠡ ᠃ 

ᠮᠠᠨᠵᠤᠤᠷ᠎ᠤᠨ ᠲᠡᠮᠦᠷ ᠵᠠᠮ᠎ᠤᠨ ᠬᠢᠯᠢ᠎ᠶᠢᠨ ᠪᠣᠭᠣᠮᠲᠠ ᠪᠣᠯ ᠮᠠᠨ᠎ᠤ ᠤᠯᠤᠰ᠎ᠤᠨ ᠬᠠᠮᠤᠭ᠎ᠤᠨ ᠶᠡᠬᠡ ᠬᠠᠭᠤᠷᠠᠢ ᠵᠠᠮ᠎ᠤᠨ ᠬᠢᠯᠢ᠎ᠶᠢᠨ ᠪᠣᠭᠣᠮᠲᠠ᠎ᠶᠢᠨ ᠦᠷᠳᠡᠬᠡ ᠪᠣᠯᠬᠤ ᠪᠥᠭᠡᠳ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ 《ᠵᠡᠭᠦᠨ ᠨᠡᠪᠲᠡᠷᠡᠯ ᠵᠠᠮ》 ᠎ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠣᠳᠣᠬᠠᠨ ᠪᠣᠯᠲᠠᠯ᠎ᠠ᠂ ᠮᠠᠨᠵᠤᠤᠷ᠎ᠤᠨ ᠲᠡᠮᠦᠷ ᠵᠠᠮ᠎ᠤᠨ ᠬᠢᠯᠢ᠎ᠶᠢᠨ ᠪᠣᠭᠣᠮᠲᠠ᠎ᠪᠠᠷ ᠨᠡᠪᠲᠡᠷᠡᠭᠰᠡᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ ᠨᠡᠢ᠍ᠢᠳᠡ 30000 ᠴᠤᠪᠤᠭ᠎ᠠ᠎ᠶᠢ ᠳᠠᠪᠠᠵᠤ᠂ 300 ᠲᠦᠮᠡᠨ ᠪᠠᠷᠢᠮᠵᠢᠶᠠᠲᠤ ᠴᠢᠩᠭᠡᠯᠢᠭ ᠪᠠᠷᠠᠭ᠎ᠠ ᠬᠦᠷᠭᠡᠵᠦ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠨᠡᠪᠲᠡᠷᠡᠭᠰᠡᠨ ᠬᠡᠮᠵᠢᠶ᠎ᠡ ᠨᠢ ᠪᠦᠬᠦ ᠤᠯᠤᠰ᠎ᠤᠨ ᠨᠡᠪᠲᠡᠷᠡᠭᠰᠡᠨ ᠶᠡᠷᠦᠩᠬᠡᠢ ᠬᠡᠮᠵᠢᠶᠡᠨ᠎ᠦ ᠠᠷᠪᠠᠨ᠎ᠤ ᠭᠤᠷᠪᠠᠨ ᠬᠤᠪᠢ᠎ᠶᠢ ᠡᠵᠡᠯᠡᠵᠦ᠂ 《ᠨᠢᠭᠡ ᠪᠦᠰᠡ ᠨᠢᠭᠡ ᠵᠠᠮ》 ᠎ᠢ ᠴᠢᠨᠠᠷ ᠰᠠᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ ᠰᠠᠨᠠᠭᠠᠴᠢᠯᠠᠭ᠎ᠠ᠎ᠳᠤ ᠣᠷᠣᠯᠠᠭᠤᠯᠵᠤ ᠪᠣᠯᠣᠰᠢ ᠦᠭᠡᠢ ᠦᠢᠯᠡᠳᠦᠯ ᠭᠠᠷᠭᠠᠵᠤ ᠪᠠᠢᠨ᠎ᠠ᠃ 

ᠣᠳᠣᠬᠠᠨ᠎ᠳᠤ ᠂ ᠮᠠᠨᠵᠤᠤᠷ᠎ᠤᠨ ᠲᠡᠮᠦᠷ ᠵᠠᠮ᠎ᠤᠨ ᠬᠢᠯᠢ᠎ᠶᠢᠨ ᠪᠣᠭᠣᠮᠲᠠ᠎ᠪᠠᠷ ᠬᠢᠯᠢ ᠣᠷᠣᠵᠤ ᠭᠠᠷᠬᠤ ᠱᠤᠭᠤᠮ ᠨᠡᠮᠡᠭᠳᠡᠭᠡᠳ 21 ᠵᠤᠷᠪᠤᠰ ᠪᠣᠯᠵᠤ᠂ ᠬᠢᠯᠢ᠎ᠡᠴᠡ ᠭᠠᠷᠬᠤ ᠵᠢᠰᠢᠶᠠᠨ᠎ᠤ ᠭᠠᠯᠲᠤ ᠲᠡᠷᠭᠡ᠎ᠨᠦᠭᠦᠳ ᠣᠷᠣᠰ ᠂ ᠫᠤᠯᠠᠨᠳ᠋ ᠂ ᠪᠧᠯᠭᠢ ᠵᠡᠷᠭᠡ ᠡᠸᠦ᠋ᠷᠦᠫᠡ᠎ᠶᠢᠨ 13 ᠤᠯᠤᠰ᠎ᠲᠤ ᠬᠦᠷᠴᠦ ᠂ ᠬᠢᠯᠢ᠎ᠪᠡᠷ ᠣᠷᠣᠬᠤ ᠵᠢᠰᠢᠶᠠᠨ᠎ᠤ ᠭᠠᠯᠲᠤ ᠲᠡᠷᠭᠡ᠎ᠨᠦᠭᠦᠳ ᠤᠯᠤᠰ᠎ᠤᠨ ᠳᠣᠲᠣᠭᠠᠳᠤ᠎ᠶᠢᠨ ᠬᠠᠷᠪᠢᠨ ᠂ ᠱᠠᠩᠬᠠᠢ ᠂ ᠵᠧᠵᠢᠶᠠᠩ ᠂ ᠭᠤᠸᠠᠩᠵᠧᠦ ᠵᠡᠷᠭᠡ 60 ᠭᠠᠷᠤᠢ ᠬᠣᠲᠠ᠎ᠶᠢ ᠬᠠᠮᠤᠷᠪᠠ ᠃ ᠲᠡᠭᠡᠭᠡᠪᠦᠷᠢᠯᠡᠨ ᠬᠦᠷᠭᠡᠬᠦ ᠡᠳ᠋ ᠪᠠᠷᠠᠭᠠᠨ᠎ᠤ ᠲᠦᠷᠦᠯ ᠵᠦᠢᠯ ᠡᠳᠦᠷ ᠢᠷᠡᠬᠦᠶ᠎ᠡ ᠪᠠᠶᠠᠯᠢᠭ᠍ᠵᠢᠨ᠂ ᠡᠳᠦᠷ ᠲᠤᠳᠤᠮ᠎ᠤᠨ ᠬᠡᠷᠡᠭᠯᠡᠭᠡ᠎ᠶᠢᠨ ᠪᠦᠷᠢᠨ ᠪᠠᠷᠠᠭ᠎ᠠ᠂ ᠡᠯᠧᠺᠲᠷᠣᠨ ᠦᠢᠯᠡᠳᠬᠦᠨ᠂ ᠦᠢᠯᠡᠳᠪᠦᠷᠢᠯᠡᠭᠰᠡᠨ ᠮᠠᠰᠢᠨ ᠲᠡᠷᠭᠡ᠂ ᠢᠳᠡᠰᠢᠨ ᠲᠣᠰᠣ᠌᠂ ᠬᠠᠪᠲᠠᠰᠤᠨ ᠮᠠᠲᠧᠷᠢᠶᠠᠯ ᠵᠡᠷᠭᠡ 12 ᠲᠣᠮᠣ᠌ ᠲᠦᠷᠦᠯ ᠵᠦᠢᠯ᠎ᠢ ᠬᠠᠮᠤᠷᠴᠤ᠂ ᠥᠨᠳᠥᠷ ᠨᠡᠮᠡᠯᠲᠡ ᠦᠷᠳᠡᠭ᠎ᠲᠠᠢ᠂ ᠳᠡᠭᠡᠳᠦ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠦᠨ ᠦᠢᠯᠡᠳᠬᠦᠨ᠎ᠦ ᠨᠡᠮᠡᠭᠳᠡᠯ᠎ᠦᠨ ᠪᠠᠢᠳᠠᠯ ᠢᠯᠡᠳᠲᠡ ᠪᠣᠯᠪᠠ᠃ 

ᠣᠢᠯᠠᠭᠠᠭᠰᠠᠨ᠎ᠢᠶᠠᠷ ᠂ ᠮᠠᠨᠵᠤᠤᠷ᠎ᠤᠨ ᠲᠡᠮᠦᠷ ᠵᠠᠮ᠎ᠤᠨ ᠬᠢᠯᠢ᠎ᠶᠢᠨ ᠪᠣᠭᠣᠮᠲᠠ᠎ᠶᠢᠨ ᠬᠢᠨ 《 ᠪᠠᠷᠠᠭ᠎ᠠ ᠳᠣᠬᠢᠷᠠᠭᠤᠯᠤᠨ ᠲᠡᠭᠡᠭᠡᠪᠦᠷᠢᠯᠡᠬᠦ ᠬᠦᠷᠢᠶ᠎ᠡ 》 ᠎ᠶᠢ ᠨᠢᠭᠡ ᠴᠣᠭᠴᠠᠵᠢᠭᠤᠯᠬᠤ ᠠᠵᠢᠯ᠎ᠤᠨ ᠲᠣᠭᠲᠠᠴᠠ᠎ᠶᠢ ᠪᠥᠬᠥ ᠬᠦᠴᠦᠨ᠎ᠢᠶᠡᠷ᠎ᠢᠶᠡᠨ ᠰᠠᠢᠲᠤᠷ ᠠᠰᠢᠭ᠍ᠯᠠᠵᠤ ᠂ ᠪᠤᠴᠠᠵᠤ ᠢᠷᠡᠬᠦ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠳᠦ ᠪᠦᠬᠦᠯᠢ ᠴᠤᠪᠤᠭ᠎ᠠ᠎ᠪᠠᠷ ᠠᠪᠴᠤ ᠬᠦᠷᠭᠡᠬᠦ᠎ᠶᠢ ᠬᠡᠷᠡᠭᠵᠢᠭᠦᠯᠵᠦ ᠂ ᠲᠡᠷᠭᠡ ᠲᠣᠬᠢᠷᠠᠭᠤᠯᠬᠤ ᠠᠵᠢᠯ᠎ᠤᠨ ᠲᠣᠭ᠎ᠠ᠎ᠶᠢ ᠪᠠᠭᠠᠰᠬᠠᠨ ᠂ ᠲᠡᠷᠭᠡ ᠲᠣᠬᠢᠷᠠᠭᠤᠯᠬᠤ ᠮᠠᠰᠢᠨ᠎ᠤ ᠴᠢᠳᠠᠪᠤᠷᠢ᠎ᠶᠢ ᠭᠦᠢᠴᠡᠳ ᠠᠰᠢᠭ᠍ᠯᠠᠨ ᠂ ᠲᠦᠭᠵᠢᠷᠡᠯ ᠪᠠ ᠰᠠᠭᠠᠳ᠎ᠢ ᠠᠷᠢᠯᠭᠠᠵᠤ ᠂ ᠵᠢᠰᠢᠶᠠᠨ᠎ᠤ ᠭᠠᠯᠲᠤ ᠲᠡᠷᠭᠡ᠎ᠶᠢᠨ ᠲᠦᠷᠭᠡᠨ ᠬᠥᠳᠡᠯᠬᠦ᠎ᠳᠦ ᠨᠥᠬᠥᠴᠡᠯ ᠪᠦᠷᠢᠯᠳᠦᠭᠦᠯᠵᠦ ᠥᠭᠭᠦᠭᠰᠡᠨ ᠪᠠᠢᠨ᠎ᠠ ᠃ 

 

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ