ᠤᠢᠷ᠎ᠠ᠎ᠳᠤ᠂ ᠱᠠᠨ ᠰᠢ ᠮᠤᠵᠢ᠎ᠶᠢᠨ ᠤᠨᠴᠠ ᠭᠠᠷᠤᠯᠳᠠ᠎ᠶᠢ ᠲᠦᠭᠦᠷᠡᠳᠡᠯ᠎ᠡ ᠠᠴᠢᠶᠠᠯᠠᠭᠰᠠᠨ《ᠳ᠋ᠠᠲ᠋ᠦ᠋ᠩ — ᠤᠷᠤᠰ᠎ᠤᠨ ᠰᠢᠶᠸᠯᠢᠶᠠᠵᠢᠨᠤᠸ》 ᠳᠤᠮᠳᠠᠳᠤ ᠧᠦ᠋ᠷᠣᠫᠠ᠎ᠶᠢᠨ ᠵᠢᠱᠢᠶᠠᠨ᠎ᠦ ᠭᠠᠯᠲᠤ ᠲᠡᠷᠭᠡ ᠡᠷᠢᠶᠡᠨ ᠬᠤᠳᠠ᠎ᠶᠢᠨ ᠳᠡᠮᠤᠷ ᠵᠠᠮ᠎ᠤᠨ ᠪᠣᠭᠣᠮᠲᠠ᠎ᠪᠠᠷ ᠠᠯᠭᠤᠷᠬᠠᠨ ᠦᠡᠭᠭᠡᠷᠡᠵᠦ᠂ ᠠᠽᠢᠶ᠎ᠠ ᠧᠦ᠋ᠷᠣᠫᠠ᠎ᠶᠢᠨ ᠡᠬᠡ ᠬᠠᠭᠤᠷᠠᠢ᠎ᠶᠢᠨ ᠭᠦᠨ ᠵᠦᠭ ᠳᠠᠪᠬᠢᠨ ᠣᠳᠪᠠ᠃ ᠡᠨᠡ ᠡᠭᠡᠯᠵᠢ᠎ᠶᠢᠨ ᠭᠠᠯᠲᠤ ᠲᠡᠷᠭᠡ᠎ᠶᠢᠨ ᠠᠶᠠᠯᠠᠯ ᠡᠬᠢᠯᠡᠭᠰᠡᠨ ᠨᠢ ᠱᠠᠨ ᠰᠢ ᠥᠪᠥᠷ ᠮᠣᠩᠭᠣᠯ ᠪᠣᠯᠤᠨ ᠣᠷᠣᠰ᠎ᠤᠨ ᠠᠯᠤᠰ ᠳᠣᠷᠣᠨᠠᠲᠤ᠎ᠶᠢᠨ ᠭᠠᠵᠠᠷ ᠣᠷᠣᠨ᠎ᠦ ᠪᠠᠷᠠᠭᠠᠨᠦ ᠭᠦᠶ᠋ᠯᠭᠡᠭᠡᠨ᠎ᠤ ᠰᠢᠨ᠎ᠡ ᠵᠠᠮ ᠱᠤᠭᠤᠮ ᠨᠡᠪᠲᠡᠷᠡᠭᠰᠡᠨ᠎ᠢ ᠬᠠᠷᠠᠭᠤᠯᠵᠦ ᠪᠠᠢᠬᠤ ᠪᠦᠭᠡᠳ ᠡᠷᠢᠶᠡᠨ ᠬᠤᠳᠠ ᠬᠢᠯᠢ᠎ᠶᠢᠨ ᠪᠣᠭᠣᠮᠲᠠ᠎ᠪᠠᠷ ᠲᠦᠪ ᠪᠣᠯᠭᠠᠭ᠍ᠰᠠᠨ ᠳᠤᠮᠳᠠᠳᠤ ᠧᠦ᠋ᠷᠣᠫᠠ᠎ᠶᠢᠨ ᠵᠢᠰᠢᠶᠠᠨᠦ ᠭᠠᠯᠲᠤ ᠲᠡᠷᠭᠡ᠎ᠶᠢᠨ 《ᠳᠤᠮᠳᠠ ᠵᠠᠮ》᠎ᠤᠨ ᠠᠶᠠᠯᠠᠯ᠎ᠤᠨ ᠵᠠᠮ ᠱᠤᠭᠤᠮ ᠨᠢ 74 ᠵᠤᠷᠪᠤᠰ ᠪᠤᠯᠵᠦ᠂ ᠮᠠᠨ᠎ᠦ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠪᠠᠢᠯᠳᠤᠬᠤ ᠪᠣᠳᠣᠯᠭ᠎ᠠ ᠤᠷᠤᠭᠰᠢᠳᠠᠢ ᠠᠬᠢᠵᠦ ᠪᠠᠢᠬᠤ᠎ᠶᠢ ᠬᠠᠷᠠᠭᠤᠯᠵᠦ ᠪᠤᠢ᠃
ᠣᠢᠯᠠᠭᠠᠭ᠍ᠰᠠᠨ ᠢᠶᠠᠷ᠂ ᠲᠤᠰ ᠤᠳᠠᠭᠠᠨᠦ 《ᠳ᠋ᠠᠲ᠋ᠦ᠋ᠩ — ᠤᠷᠤᠰ᠎ᠤᠨ ᠰᠢᠶᠸᠯᠢᠶᠠᠵᠢᠨᠤᠸ》 ᠬᠦᠷᠬᠦ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶᠢᠨ ᠠᠶᠠᠯᠠᠯ᠎ᠤᠨ ᠵᠠᠮ᠎ᠤᠨ ᠪᠦᠬᠦ ᠤᠷᠳᠤ ᠨᠢ 4300 ᠺᠢᠯᠦᠮᠸᠲᠷ ᠱᠢᠬᠠᠮ ᠪᠠᠢᠵᠤ᠂ ᠵᠢᠱ᠌ᠢᠯᠲᠡ᠎ᠪᠠᠷ 12 ᠡᠳᠦᠷ ᠠᠶᠠᠯᠠᠭᠠᠳ ᠤᠷᠤᠰ᠎ᠤᠨ ᠰᠢᠶᠸᠯᠢᠶᠠᠵᠢᠨᠤᠸ ᠦᠷᠳᠡᠭᠡ᠎ᠳᠦ ᠬᠦᠷᠬᠦ ᠪᠤᠯᠤᠨ᠎ᠠ᠃ ᠡᠭᠡᠯᠵᠢ᠎ᠶ᠋ᠢᠨ ᠭᠠᠯᠲᠤ ᠲᠡᠷᠭᠡ 25 ᠴᠢᠩᠭᠡᠯᠢᠭ᠎ᠤᠨ ᠠᠴᠢᠶ᠎ᠠ ᠠᠴᠢᠵᠤ᠂ ᠪᠠᠷᠠᠭᠠᠨ᠎ᠤ ᠬᠦᠨᠳᠦ ᠨᠢ ᠪᠠᠷᠤᠭ 658.4 ᠲᠣᠨ᠂ ᠶᠡᠷᠦᠡᠭᠬᠡᠢ ᠥᠷᠲᠡᠭ ᠨᠢ 1528.6 ᠲᠦᠮᠡᠨ ᠲᠥᠭᠥᠷᠢᠭ᠎ᠲᠦ ᠬᠦᠷᠴᠡᠶ᠃ ᠪᠠᠷᠠᠭᠠᠨᠦ ᠪᠦᠷᠢᠳᠭᠡᠯ ᠬᠠᠭᠤᠳᠠᠰᠤᠨ ᠳᠤ ᠣᠷᠣᠰ᠎ᠤᠨ ᠵᠠᠬ᠎ᠠ ᠳᠡᠯᠭᠡᠭᠦᠷ᠎ᠤᠨ ᠬᠡᠷᠡᠭ᠌ᠴᠡᠭᠡ᠎ᠳᠤ ᠳᠣᠭᠢᠷᠬᠠᠰᠠᠨ ᠮᠠᠱᠢᠨ ᠲᠡᠷᠭᠡᠨ᠎ᠤ ᠰᠡᠯᠪᠢᠭ᠂ ᠲᠡᠮᠦᠷᠯᠢᠭ ᠪᠠᠭᠠᠵᠢ ᠪᠠᠢᠬᠤ ᠪᠥᠭᠡᠳ ᠪᠠᠰᠠ ᠲᠤᠬᠠᠶ᠎ᠶ᠋ᠢᠨ ᠭᠠᠵᠠᠷ᠎ᠤᠨ ᠠᠷᠠᠳ ᠣᠯᠠᠨᠦ ᠡᠳᠦᠷ ᠲᠤᠲᠤᠮ᠎ᠤᠨ ᠠᠮᠢᠳᠤᠷᠠᠯ᠎ᠳᠤ ᠬᠡᠷᠡᠭᠰᠡᠬᠦ ᠨᠡᠬᠡᠮᠡᠯ ᠪᠠᠷᠠᠭ᠎ᠠ᠂ ᠵᠢᠵᠢᠭ ᠴᠠᠬᠢᠯᠭᠠᠨ ᠬᠡᠷᠡᠭ᠌ᠰᠡᠯ ᠵᠡᠷᠭᠡ ᠪᠠᠷᠠᠭ᠎ᠠ ᠲᠠᠸᠠᠷ ᠪᠠᠭᠳᠠᠵᠦ ᠪᠤᠢ᠃
ᠣᠳᠣᠬᠠᠨ᠎ᠳᠤ᠂ ᠡᠷᠢᠶᠡᠨ ᠬᠣᠲᠠ ᠬᠢᠯᠢ᠎ᠶᠢᠨ ᠪᠣᠭᠣᠮᠲᠠ᠎ᠪᠠᠷ ᠵᠤᠷᠴᠢᠬᠤ ᠳᠤᠮᠳᠠᠳᠤ ᠧᠦ᠋ᠷᠣᠫᠠ᠎ᠶᠢᠨ ᠵᠢᠱᠢᠶᠠᠨ᠎ᠤ ᠭᠠᠯᠲᠤ ᠲᠡᠷᠭᠡ ᠨᠢ 10 ᠭᠠᠷᠤᠶ ᠤᠯᠤᠰ᠎ᠤᠨ 70 ᠭᠠᠷᠤᠶ ᠬᠣᠲᠠ ᠪᠤᠶᠤ ᠥᠷᠲᠡᠭᠡ ᠴᠡᠭ᠎ᠲᠦ ᠨᠡᠪᠲᠡᠷᠡᠵᠦ᠂ ᠤᠯᠤᠰ᠎ᠤᠨ ᠳᠣᠲᠣᠭᠠᠳᠤ᠎ᠶᠢᠨ 24 ᠮᠤᠵᠢ᠎ᠶᠢᠨ 60 ᠭᠠᠷᠤᠶ ᠬᠣᠲᠠ᠎ᠶ᠋ᠢ ᠬᠠᠮᠤᠷᠤᠭ᠍ᠰᠠᠨ ᠪᠠᠢᠨ᠎ᠠ᠃ ᠠᠶᠠᠯᠠᠯ᠎ᠤᠨ ᠵᠠᠮ ᠱᠤᠭᠤᠮ 2 ᠵᠤᠷᠪᠤᠰ ᠪᠠᠢᠭ᠍ᠰᠠᠨ᠎ᠠᠴᠠ᠎ᠪᠠᠨ ᠨᠡᠮᠡᠭ᠌ᠳᠡᠭᠡᠳ 74 ᠵᠤᠷᠪᠤᠰ ᠪᠣᠯᠵᠣ᠂ ᠪᠠᠷᠠᠭ᠎ᠠ᠎ᠨᠢ ᠱᠢᠨ᠎ᠡ ᠡᠨᠧᠷᠭᠢ᠎ᠶᠢᠨ ᠲᠡᠷᠭᠡ ᠮᠠᠰᠢᠨ ᠵᠢᠴᠢ ᠰᠡᠯᠪᠢᠭ ᠲᠣᠨᠣᠭ᠂ ᠳᠡᠭᠡᠳᠦ ᠲᠠᠰ᠎ᠤᠨ ᠮᠠᠱᠢᠨ ᠲᠥᠬᠥᠭᠡᠷᠦᠮᠵᠢ ᠵᠡᠷᠭᠡ ᠲᠦᠮᠡ ᠭᠠᠷᠤᠶ ᠵᠦᠶ᠋ᠯ ᠪᠤᠯᠪᠠ᠃