《 ᠬᠣᠶᠠᠷ ᠬᠠᠯᠬᠠᠪᠴᠢ》《 ᠬᠣᠶᠠᠷ ᠰᠠᠭᠤᠷᠢᠨ》《 ᠨᠢᠭᠡ ᠪᠡᠬᠢᠯᠡᠯᠲᠡ》᠎ᠶ᠋ᠢ ᠯᠠᠪᠳᠠᠭᠤᠨ ᠪᠠᠲᠤᠲᠠᠢ ᠠᠬᠢᠭᠤᠯᠤᠶ᠎ᠠ   -   ᠪᠠᠶ᠋ᠢᠷᠢᠯᠠᠭᠤᠯᠤᠯᠲᠠ ᠨᠠᠶ᠋ᠢᠳᠠᠪᠤᠷᠢᠵᠢᠭᠤᠯᠤᠯᠲᠠ
ᠥᠪᠥᠷ ᠮᠣᠩᠭᠣᠯ᠄ 《ᠠᠮᠢ ᠠᠬᠤᠢ᠎ᠶᠢᠨ ᠨᠣᠭᠣᠭᠠᠨ》 ᠬᠢᠭᠡᠳ 《ᠭᠡᠷᠡᠯᠴᠢ ᠴᠡᠨᠡᠭ᠎ᠦᠨ ᠬᠥᠬᠡ》᠎ᠪᠡᠷ 《ᠡᠯᠡᠰᠦ ᠭᠣᠪᠢ ᠴᠦᠯ》᠎ᠤᠨ ᠰᠢᠨ᠎ᠡ ᠳᠡᠪᠢᠰᠬᠡᠷ ᠥᠩᠭᠡ᠎ᠶᠢ ᠵᠢᠷᠤᠭᠯᠠᠪᠠ
ᠨᠡᠶ᠋ᠢᠲᠡᠯᠡᠭᠰᠡᠨ ᠴᠠᠭ᠄ 2025-09-10

2022 ᠣᠨ᠎ᠠᠴᠠ ᠨᠠᠭᠠᠰᠢ᠂ ᠥᠪᠥᠷ ᠮᠣᠩᠭᠣᠯ᠎ᠤᠨ ᠬᠢᠨ ᠤᠯᠤᠰ᠎ᠤᠨ 《ᠡᠯᠡᠰᠦ ᠭᠣᠪᠢ ᠴᠦᠯ》᠎ᠤᠨ ᠭᠠᠵᠠᠷ ᠣᠷᠣᠨ᠎ᠳᠤ ᠲᠣᠮᠣ᠌ ᠬᠡᠯᠪᠡᠷᠢ᠎ᠶᠢᠨ ᠰᠠᠯᠬᠢᠨ ᠬᠦᠴᠦᠨ᠎ᠦ ᠴᠠᠬᠢᠯᠭᠠᠨ ᠭᠡᠷᠡᠯᠴᠢ ᠴᠡᠨᠡᠭ᠎ᠦᠨ ᠰᠠᠭᠤᠷᠢᠨ ᠭᠠᠵᠠᠷ᠎ᠢ ᠲᠥᠯᠥᠪᠵᠢᠭᠦᠯᠦᠨ ᠪᠠᠶ᠋ᠢᠭᠤᠯᠬᠤ ᠴᠢᠬᠤᠯᠠ ᠶᠡᠬᠡ ᠠᠵᠠ ᠲᠣᠬᠢᠶᠠᠯ᠎ᠢ ᠠᠮᠵᠢᠵᠤ᠂ ᠤᠯᠤᠰ᠎ᠤᠨ ᠨᠢᠭᠡᠳᠦᠭᠡᠷ᠂ ᠬᠣᠶᠠᠳᠤᠭᠠᠷ᠂ ᠭᠤᠷᠪᠠᠳᠤᠭᠠᠷ ᠪᠦᠯᠦᠭ᠎ᠦᠨ ᠲᠣᠮᠣ᠌ ᠬᠡᠯᠪᠡᠷᠢ᠎ᠶᠢᠨ ᠰᠠᠯᠬᠢᠨ ᠬᠦᠴᠦᠨ᠎ᠦ ᠴᠠᠬᠢᠯᠭᠠᠨ ᠭᠡᠷᠡᠯᠴᠢ ᠴᠡᠨᠡᠭ᠎ᠦᠨ ᠰᠠᠭᠤᠷᠢᠨ ᠭᠠᠵᠠᠷ᠎ᠤᠨ ᠲᠦᠷᠦᠯ ᠵᠦᠢᠯ ᠵᠢᠴᠢ ᠬᠥᠪᠴᠢ ᠡᠯᠡᠰᠦᠨ᠎ᠦ ᠳᠤᠮᠳᠠ ᠬᠣᠢᠲᠤ ᠬᠡᠰᠡᠭ᠂ ᠬᠥᠪᠴᠢ ᠡᠯᠡᠰᠦᠨ᠎ᠦ ᠡᠮᠦᠨ᠎ᠡ ᠬᠡᠰᠡᠭ᠂ ᠤᠯᠠᠭᠠᠨᠪᠤᠬ᠎ᠠ ᠵᠢᠴᠢ ᠲᠡᠭᠷᠢ ᠡᠯᠡᠰᠦ᠎ᠶ᠋ᠢᠨ 《ᠡᠯᠡᠰᠦ ᠭᠣᠪᠢ ᠴᠦᠯ》᠎ᠤᠨ ᠲᠣᠮᠣ᠌ ᠬᠡᠯᠪᠡᠷᠢ᠎ᠶᠢᠨ ᠰᠠᠯᠬᠢᠨ ᠬᠦᠴᠦᠨ᠎ᠦ ᠴᠠᠬᠢᠯᠭᠠᠨ ᠭᠡᠷᠡᠯᠴᠢ ᠴᠡᠨᠡᠭ᠎ᠦᠨ ᠰᠠᠭᠤᠷᠢᠨ ᠭᠠᠵᠠᠷ ᠵᠡᠷᠭᠡ 4 ᠲᠦᠷᠦᠯ ᠵᠦᠢᠯ ᠤᠷᠢᠳ ᠬᠣᠵᠢᠳ ᠵᠥᠪᠰᠢᠶᠡᠷᠡᠭᠳᠡᠪᠡ᠃ 

ᠣᠢᠷ᠎ᠠ᠎ᠳᠤ᠂ ᠰᠤᠷᠪᠤᠯᠵᠢᠯᠠᠭ᠍ᠴᠢ 《ᠠᠮᠢᠵᠢᠷᠠᠯ ᠪᠢᠯᠬᠠᠭ᠍ᠰᠠᠨ ᠳᠤᠮᠳᠠᠳᠤ ᠤᠯᠤᠰ᠎ᠤᠨ ᠪᠠᠢᠴᠠᠭᠠᠨ ᠰᠤᠳᠤᠯᠤᠯᠲᠠ᠎ᠶᠢᠨ ᠠᠶᠠᠯᠠᠯ》 ᠭᠡᠬᠦ ᠭᠣᠣᠯ ᠰᠡᠳᠦᠪᠲᠦ ᠰᠣᠷᠪᠤᠯᠵᠢᠯᠠᠭ᠎ᠠ᠎ᠶᠢᠨ ᠪᠦᠯᠬᠦᠮ᠎ᠢ ᠳᠠᠭᠠᠵᠤ ᠣᠷᠳᠣᠰ ᠬᠣᠲᠠ᠂ ᠪᠠᠶᠠᠨᠨᠠᠭᠤᠷ ᠬᠣᠲᠠ᠂ ᠠᠯᠠᠱᠠ ᠠᠢᠮᠠᠭ᠎ᠲᠤ ᠬᠦᠷᠴᠦ᠂ 《ᠡᠯᠡᠰᠦ ᠭᠣᠪᠢ ᠴᠦᠯ》᠎ᠤᠨ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠠᠬᠢᠴᠠ᠎ᠶᠢᠨ ᠦᠷ᠎ᠡ ᠪᠦᠲᠦᠮᠵᠢ᠎ᠶᠢ ᠲᠤᠬᠠᠢ᠎ᠶᠢᠨ ᠭᠠᠵᠠᠷ᠎ᠲᠤ ᠨᠢ ᠬᠦᠷᠴᠦ᠍ ᠰᠤᠷᠪᠤᠯᠵᠢᠯᠠᠪᠠ᠃ ᠵᠠᠮ ᠲᠤᠵᠢ ᠠᠵᠢᠭ᠍ᠯᠠᠭ᠍ᠰᠠᠨ᠎ᠢᠶᠠᠷ᠂ ᠠᠮᠢ ᠠᠬᠤᠢ᠎ᠶ᠋ᠢᠨ 《ᠨᠣᠭᠣᠭᠠᠨ》᠂ ᠭᠡᠷᠡᠯᠴᠢ ᠴᠡᠨᠡᠭ᠎ᠤᠨ 《ᠬᠥᠬᠡ》ᠪᠠ ᠡᠯᠡᠰᠦ ᠮᠠᠩᠬᠠᠨ᠎ᠤ 《ᠰᠢᠷ᠎ᠠ》 ᠥᠩᠭᠡ ᠨᠢ ᠬᠠᠮᠲᠤ᠎ᠪᠠᠷ ᠬᠦᠪᠡᠭᠡ ᠬᠢᠵᠠᠭᠠᠷ ᠦᠭᠡᠢ ᠡᠯᠡᠰᠦᠨ ᠴᠦᠯ᠎ᠦᠨ ᠭᠣᠣᠯ ᠥᠩᠭᠡ ᠪᠤᠳᠤᠭ᠎ᠢ ᠪᠦᠷᠢᠯᠳᠦᠭᠦᠯᠵᠦ᠂ ᠰᠢᠨ᠎ᠡ ᠡᠨᠧᠷᠭᠢ ᠬᠢᠭᠡᠳ ᠠᠮᠢ ᠠᠬᠤᠢ ᠬᠠᠮᠲᠤ ᠣᠷᠣᠰᠢᠬᠤ ᠨᠢᠭᠡᠨ ᠤᠳᠠᠭᠠᠨ᠎ᠤ ᠪᠣᠬᠢᠷᠲᠤᠯ ᠦᠭᠡᠢ ᠬᠤᠪᠢᠰᠤᠯᠲᠠ ᠶᠠᠭ《ᠡᠯᠡᠰᠦ ᠭᠣᠪᠢ ᠴᠦᠯ》᠎ᠤᠨ ᠳᠦᠷᠰᠦ ᠪᠠᠢᠳᠠᠯ᠎ᠢ ᠲᠠᠬᠢᠨ ᠱᠤᠭᠤᠵᠤ ᠪᠠᠢᠬᠤ᠎ᠶᠢ ᠰᠢᠭᠤᠳ ᠣᠯᠵᠤ ᠬᠠᠷᠠᠵᠠᠢ᠃

ᠡᠨᠡ ᠪᠣᠯ ᠬᠥᠪᠴᠢ ᠡᠯᠡᠰᠦ᠎ᠶ᠋ᠢᠨ ᠳᠤᠮᠳᠠ ᠬᠡᠰᠡᠭ᠎ᠲᠦ ᠪᠠᠢᠷᠢᠯᠠᠵᠤ ᠪᠠᠢᠭ᠎ᠠ ᠳᠠᠯᠠᠳ ᠭᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ ᠬᠡᠷᠡᠭ᠌ᠯᠡᠯᠲᠡ᠎ᠶ᠋ᠢᠨ ᠳᠠᠭᠠᠭᠤᠯᠤᠭ᠍ᠴᠢ ᠰᠠᠭᠤᠷᠢᠨ ᠭᠠᠵᠠᠷ ᠪᠣᠯᠣᠨ᠎ᠠ᠂ 12 ᠳᠠᠪᠬᠤᠷ ᠥᠨᠳᠥᠷ ᠦᠵᠡᠮᠵᠢ᠎ᠶᠢᠨ ᠲᠠᠢᠰᠠᠨ᠎ᠠᠴᠠ ᠠᠯᠤᠰ᠎ᠢ ᠪᠠᠷᠠᠯᠠᠬᠤᠶ᠎ᠠ᠂ ᠬᠥᠪᠡᠭᠡ ᠬᠢᠵᠠᠭᠠᠷ ᠨᠢ ᠬᠠᠷᠠᠭᠳᠠᠬᠤ ᠦᠭᠡᠢ ᠭᠡᠷᠡᠯᠴᠢ ᠴᠡᠨᠡᠭ᠎ᠦᠨ ᠬᠠᠪᠲᠠᠰᠤ ᠭᠢᠯᠠᠯᠵᠠᠨ ᠭᠡᠷᠡᠯᠳᠦᠵᠦ᠍᠂ ᠬᠥᠬᠡ ᠥᠩᠭᠡ᠎ᠶᠢᠨ ᠳᠠᠯᠠᠢ ᠲᠠᠩᠭᠢᠰ ᠭᠡᠮᠡᠷ ᠳᠣᠯᠭᠢᠶᠠᠯᠠᠨ ᠴᠠᠢᠯᠵᠠᠨ᠎ᠠ᠃ 

ᠭᠡᠷᠡᠯᠴᠢ ᠴᠡᠨᠡᠭ᠎ᠦᠨ ᠬᠠᠪᠲᠠᠰᠤᠨ ᠳᠣᠣᠷ᠎ᠠ᠂ ᠮᠣᠩᠭᠣᠯ ᠪᠤᠢᠯᠠᠰᠤ᠂ ᠰᠤᠬᠠᠢ᠂ ᠬᠠᠷᠮᠠᠭ ᠵᠡᠷᠭᠡ ᠭᠠᠩ᠎ᠳᠤ ᠲᠡᠰᠪᠦᠷᠢᠲᠡᠢ ᠤᠷᠭᠤᠮᠠᠯ ᠰᠠᠬᠤᠯᠢᠭ᠍ᠵᠢᠨ ᠤᠷᠭᠤᠨ᠎ᠠ᠃ ᠤᠯᠤᠰ᠎ᠤᠨ ᠭᠤᠷᠪᠠᠳᠤᠭᠠᠷ ᠪᠦᠯᠦᠭ᠎ᠦᠨ ᠭᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ ᠬᠡᠷᠡᠭ᠌ᠯᠡᠯᠲᠡ᠎ᠶ᠋ᠢᠨ ᠳᠠᠭᠠᠭᠤᠯᠤᠭ᠍ᠴᠢ ᠰᠠᠭᠤᠷᠢᠨ ᠭᠠᠵᠠᠷ᠎ᠤᠨ ᠨᠢᠭᠡ ᠪᠣᠯᠤᠭᠰᠠᠨ᠎ᠤ ᠬᠤᠪᠢ᠎ᠳᠤ᠂ 《ᠬᠠᠪᠲᠠᠰᠤᠨ ᠳᠡᠭᠡᠭᠦᠷ ᠴᠠᠬᠢᠯᠭᠠᠨ ᠭᠠᠷᠭᠠᠬᠤ᠂ ᠬᠠᠪᠲᠠᠰᠤᠨ ᠳᠣᠣᠭᠤᠷ ᠵᠠᠰᠠᠨ ᠰᠡᠷᠭᠦᠭᠡᠬᠦ᠌᠂ ᠬᠠᠪᠲᠠᠰᠤᠨ ᠳᠤᠮᠳᠠᠭᠤᠷ ᠲᠠᠷᠢᠵᠤ ᠤᠷᠭᠤᠭᠤᠯᠬᠤ》 ᠬᠡᠪ ᠵᠠᠭᠪᠤᠷ᠎ᠢᠶᠠᠷ ᠳᠡᠮᠵᠢᠨ᠂ ᠡᠯᠡᠰᠦᠨ ᠴᠥᠯ᠎ᠦᠨ ᠠᠮᠢ ᠠᠬᠤᠢ ᠣᠷᠴᠢᠨ ᠲᠣᠭᠣᠷᠢᠨ᠎ᠢ ᠪᠦᠲᠦᠮᠵᠢᠲᠡᠶ ᠰᠠᠢᠵᠢᠷᠠᠭᠤᠯᠤᠭᠰᠠᠨ᠎ᠢᠶᠠᠷ ᠪᠠᠷᠠᠬᠤ ᠦᠭᠡᠢ ᠪᠠᠰᠠ ᠡᠷᠬᠢᠨ ᠲᠣᠭᠣᠷᠢᠨ᠎ᠤ᠎ᠪᠠᠨ ᠦᠵᠡᠮᠵᠢ᠎ᠶᠢᠨ ᠣᠷᠣᠨ ᠯᠤᠭ᠎ᠠ ᠣᠷᠭᠠᠨᠢᠭ᠋᠎ᠢᠶᠠᠷ ᠬᠣᠯᠪᠣᠭ᠍ᠳᠠᠭᠤᠯᠤᠨ᠂ ᠡᠯᠡᠰᠦᠨ ᠴᠥᠯ᠎ᠦᠨ ᠵᠢᠭᠤᠯᠴᠢᠯᠠᠯ᠎ᠤᠨ ᠠᠵᠤ ᠠᠬᠤᠢ᠎ᠶᠢᠨ ᠶᠡᠷᠦᠩᠬᠡᠢᠯᠡᠭᠰᠡᠨ ᠵᠢᠱ᠌ᠢᠶ᠎ᠡ ᠦᠵᠡᠭᠦᠯᠬᠦ ᠣᠷᠣᠨ᠎ᠢ ᠪᠣᠶ ᠪᠣᠯᠭᠠᠭᠰᠠᠨ ᠪᠠᠢᠨ᠎ᠠ᠃ 

ᠪᠠᠶᠠᠨᠨᠠᠭᠤᠷ ᠬᠤᠳᠠ᠎ᠶᠢᠨ ᠳ᠋ᠸᠩᠺᠸᠤ ᠰᠢᠶᠠᠨ᠎ᠤ ᠤᠯᠠᠭᠠᠨᠪᠤᠬ᠎ᠠ ᠡᠯᠡᠰᠦᠨ ᠴᠦᠯ᠎ᠦᠨ ᠵᠡᠭᠦᠨ ᠬᠣᠢᠲᠤ ᠬᠡᠰᠡᠭ᠎ᠦᠨ ᠰᠢᠨ᠎ᠡ ᠡᠨᠧᠷᠭᠢ᠎ᠶᠢᠨ ᠰᠠᠭᠤᠷᠢᠨ ᠭᠠᠵᠠᠷ᠎ᠲᠤ᠂ ᠴᠡᠩᠬᠡᠷ ᠬᠥᠬᠡ ᠥᠩᠭᠡ᠎ᠶ᠋ᠢᠨ ᠭᠡᠷᠡᠯᠴᠢ ᠴᠡᠨᠡᠭ᠎ᠦᠨ ᠬᠠᠪᠲᠠᠰᠤ ᠲᠡᠷᠢ ᠲᠡᠭᠰᠢ ᠵᠢᠭ᠍ᠰᠠᠨ᠎ᠠ᠃ ᠠᠵᠤ ᠦᠢᠯᠡᠰ᠎ᠦᠨ ᠳᠠᠪᠠᠭᠤᠯᠢᠭ᠋ ᠪᠦᠬᠦᠢ ᠭᠠᠩ᠎ᠳᠤ ᠲᠡᠰᠪᠦᠷᠢᠲᠡᠢ ᠪᠦᠭᠡᠳ ᠤᠰᠤ ᠠᠷᠪᠢᠯᠠᠬᠤ ᠡᠯᠡᠰᠦᠨ᠎ᠦ ᠪᠣᠳᠠ ᠮᠣᠳᠣ᠌᠂ ᠬᠢᠲᠠᠳ ᠡᠮ᠎ᠦᠨ ᠮᠠᠲᠧᠷᠢᠶᠠᠯ ᠵᠡᠷᠭᠡ᠎ᠶᠢ ᠲᠠᠷᠢᠬᠤ᠎ᠶ᠋ᠢᠨ ᠲᠦᠯᠦᠭᠡ ᠭᠡᠷᠡᠯᠴᠢ ᠴᠡᠨᠡᠭ᠎ᠦᠨ ᠵᠢᠭ᠍ᠰᠠᠭᠠᠯ᠎ᠤᠨ ᠡᠮᠦᠨ᠎ᠡ ᠵᠠᠬ᠎ᠠ᠎ᠶᠢ ᠭᠠᠵᠠᠷ᠎ᠤᠨ ᠭᠠᠳᠠᠷᠭᠤ᠎ᠡᠴᠡ 1.8 ᠮᠧᠲᠷ ᠢᠯᠡᠭᠦᠦ ᠦᠨᠳᠦᠷᠵᠢᠭᠦᠯᠬᠦ᠌᠂ ᠭᠡᠷᠡᠯᠴᠢ ᠴᠡᠨᠡᠭ᠎ᠦᠨ ᠵᠢᠭ᠍ᠰᠠᠭᠠᠯ᠎ᠤᠨ ᠡᠮᠦᠨ᠎ᠡ ᠬᠣᠢᠨᠠᠬᠢ ᠵᠢᠭ᠍ᠰᠠᠭᠠᠯ᠎ᠤᠨ ᠬᠣᠭᠣᠷᠣᠨᠳᠣᠬᠢ ᠵᠠᠢ᠎ᠶᠢ 12 ᠮᠧᠲᠷ᠎ᠡᠴᠡ ᠢᠯᠡᠭᠦᠦ ᠵᠠᠢᠳᠠᠭᠤᠯᠬᠤ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠭᠡᠷᠡᠯᠴᠢ ᠴᠡᠨᠡᠭ᠎ᠦᠨ ᠬᠠᠪᠲᠠᠰᠤᠨ᠎ᠤ ᠬᠣᠭᠣᠷᠣᠨᠳᠤ ᠬᠣᠭᠣᠰᠤᠨ ᠭᠠᠵᠠᠷ ᠦᠯᠡᠳᠡᠭᠡᠵᠡᠢ᠃ 

ᠡᠨᠡ ᠵᠢᠯ᠂ ᠪᠠᠶᠠᠨᠨᠠᠭᠤᠷ ᠬᠣᠲᠠ᠎ᠶᠢᠨ ᠳ᠋ᠸᠩᠺᠸᠤ ᠰᠢᠶᠠᠨ 200 ᠲᠦᠮᠡᠨ ᠭᠡᠷᠡᠯᠴᠢ ᠴᠡᠨᠡᠭ᠎ᠦᠨ ᠲᠥᠷᠥᠯ ᠵᠦᠢᠯ᠎ᠦᠨ ᠲᠣᠭᠣᠷᠢᠭ᠋᠎ᠤᠨ 5 ᠲᠦᠮᠡᠨ ᠮᠦ᠍᠎ᠶᠢᠨ ᠠᠮᠢ ᠠᠬᠤᠢ᠎ᠶᠢᠨ ᠵᠠᠰᠠᠯᠲᠠ᠎ᠶᠢᠨ ᠲᠠᠯᠠᠪᠠᠶ᠎ᠶᠢ ᠪᠡᠶᠡᠯᠡᠭᠦᠯᠬᠦ᠎ᠪᠡᠷ ᠲᠥᠯᠥᠪᠯᠡᠵᠦ᠂ 《ᠭᠡᠷᠡᠯᠴᠢ ᠴᠡᠨᠡᠭ + ᠵᠠᠭ ᠮᠣᠳᠣ》 《ᠭᠡᠷᠡᠯᠴᠢ ᠴᠡᠨᠡᠭ + ᠳᠦᠷᠪᠡᠨ ᠨᠠᠪᠴᠢᠲᠤ ᠱᠣᠷᠨᠣᠢ》 《ᠭᠡᠷᠡᠯᠴᠢ ᠴᠡᠨᠡᠭ + ᠨᠠᠷᠢᠨ ᠨᠠᠪᠴᠢᠲᠤ ᠬᠠᠷᠭᠠᠨ᠎ᠠ》 ᠵᠡᠷᠭᠡ ᠣᠯᠠᠨ ᠵᠦᠢᠯ᠎ᠦᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠶᠡᠷᠦᠩᠬᠡᠢᠯᠡᠭᠰᠡᠨ ᠵᠠᠰᠠᠯᠲᠠ᠎ᠶᠢᠨ ᠬᠡᠪ ᠵᠠᠭᠪᠤᠷ᠎ᠢ ᠬᠡᠷᠡᠭᠵᠢᠭᠦᠯᠵᠦ᠂ 《ᠬᠠᠪᠲᠠᠰᠤᠨ ᠳᠡᠭᠡᠭᠦᠷ ᠴᠠᠬᠢᠯᠭᠠᠨ ᠭᠠᠷᠭᠠᠬᠤ᠂ ᠬᠠᠪᠲᠠᠰᠤᠨ ᠳᠣᠣᠭᠤᠷ ᠲᠠᠷᠢᠵᠤ ᠤᠷᠭᠤᠭᠤᠯᠬᠤ᠂ ᠠᠵᠤ ᠦᠢᠯᠡᠰ᠎ᠢ ᠳᠠᠢᠴᠢᠯᠠᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ》 ᠳᠥᠷᠪᠡ᠎ᠶ᠋ᠢ ᠨᠢᠭᠡ ᠴᠣᠭᠴᠠᠵᠢᠭᠤᠯᠤᠭᠰᠠᠨ ᠣᠷᠴᠢᠯ ᠠᠵᠤ ᠦᠢᠯᠡᠰ᠎ᠢ ᠬᠥᠭ᠌ᠵᠢᠭᠦᠯᠦᠨ᠂ ᠭᠡᠷᠡᠯᠴᠢ ᠴᠡᠨᠡᠭ ᠬᠢᠭᠡᠳ ᠠᠮᠢ ᠠᠬᠤᠢ᠎ᠶᠢᠨ ᠵᠠᠰᠠᠯᠲᠠ᠎ᠶᠢᠨ ᠭᠦᠨᠵᠡᠭᠡᠢ ᠠᠭᠤᠰᠤᠯᠴᠠᠯ᠎ᠢ ᠪᠡᠶᠡᠯᠡᠭᠦᠯᠬᠦ᠌ ᠪᠣᠯᠣᠨ᠎ᠠ᠃ 

ᠥᠪᠥᠷ ᠮᠣᠩᠭᠣᠯ᠎ᠤᠨ ᠵᠥᠪᠰᠢᠶᠡᠷᠡᠯ ᠣᠯᠣᠭᠰᠠᠨ ᠮᠢᠩᠭᠠᠨ ᠲᠦᠮᠡᠨ ᠺᠢᠯᠣᠸᠠᠲ᠎ᠤᠨ ᠲᠠᠰ᠎ᠤᠨ ᠲᠣᠮᠣ᠌ ᠬᠡᠯᠪᠡᠷᠢ᠎ᠶᠢᠨ ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ᠎ᠦᠨ 4 ᠰᠠᠭᠤᠷᠢᠨ ᠭᠠᠵᠠᠷ᠎ᠤᠨ ᠨᠢᠭᠡ ᠪᠣᠯᠤᠭᠰᠠᠨ᠎ᠤ ᠬᠤᠪᠢ᠎ᠳᠤ᠂ ᠬᠤᠸᠠ ᠳ᠋ᠢᠶᠠᠨ᠎ᠤ ᠥᠪᠥᠷ ᠮᠣᠩᠭᠣᠯ᠎ᠤᠨ ᠲᠡᠭᠷᠢ ᠡᠯᠡᠰᠦ᠎ᠳᠡᠬᠢ ᠡᠯᠡᠰᠦ ᠭᠣᠪᠢ ᠴᠦᠯ᠎ᠦᠨ ᠲᠣᠮᠣ ᠰᠠᠭᠤᠷᠢᠨ ᠭᠠᠵᠠᠷ᠎ᠤᠨ ᠲᠥᠷᠥᠯ ᠵᠦᠢᠯ᠎ᠦᠨ ᠵᠢᠷᠤᠵᠤ ᠲᠦᠯᠦᠪᠯᠡᠭ᠌ᠰᠡᠨ ᠶᠡᠷᠦᠩᠬᠡᠢ ᠬᠡᠪᠴᠢᠶᠡᠵᠢᠯ ᠨᠢ 1600 ᠲᠦᠮᠡᠨ ᠺᠢᠯᠣᠸᠠᠲ ᠪᠠᠢᠵᠤ᠂ 1200 ᠲᠦᠮᠡᠨ ᠺᠢᠯᠣᠸᠠᠲ᠎ᠤᠨ ᠰᠢᠨ᠎ᠡ ᠡᠨᠧᠷᠭᠢ ᠪᠠ 400 ᠲᠦᠮᠡᠨ ᠺᠢᠯᠣᠸᠠᠲ᠎ᠤᠨ ᠢᠯᠴᠢ᠎ᠶᠢᠨ ᠴᠠᠬᠢᠯᠭᠠᠨ᠎ᠢ ᠪᠠᠭᠲᠠᠭᠠᠨ᠎ᠠ᠃ ᠣᠳᠣᠬᠠᠨ᠎ᠳᠤ ᠰᠢᠨ᠎ᠡ ᠡᠨᠧᠷᠭᠢ᠎ᠶᠢᠨ ᠬᠡᠰᠡᠭ᠎ᠲᠦ ᠨᠢᠭᠡᠨᠲᠡ 200 ᠲᠦᠮᠡᠨ ᠺᠢᠯᠣᠸᠠᠲ᠎ᠤᠨ ᠭᠡᠷᠡᠯᠴᠢ ᠴᠡᠨᠡᠭ᠎ᠦᠨ ᠲᠦᠷᠦᠯ ᠵᠦᠢᠯ᠎ᠢ ᠪᠠᠢᠭᠤᠯᠵᠤ ᠳᠠᠭᠤᠰᠬᠠᠪᠠ᠃ ᠪᠦᠬᠦᠨ᠎ᠢ ᠠᠰᠢᠭ᠍ᠯᠠᠯᠲᠠ᠎ᠳᠤ ᠣᠷᠣᠭᠤᠯᠤᠭᠰᠠᠨ᠎ᠤ ᠳᠠᠷᠠᠭ᠎ᠠ 22 ᠲᠦᠮᠡᠨ ᠮᠦ᠍ ᠰᠢᠬᠠᠮ ᠡᠯᠡᠰᠦ᠎ᠶᠢ ᠵᠠᠰᠠᠵᠤ᠂ ᠲᠡᠭᠷᠢ ᠡᠯᠡᠰᠦ᠎ᠶᠢ ᠵᠡᠭᠦᠨ ᠡᠮᠦᠨ᠎ᠡ᠎ᠡᠴᠡ ᠪᠠᠷᠠᠭᠤᠨ ᠬᠣᠢᠰᠢ ᠵᠦᠭ ᠲᠠᠰᠤᠯᠵᠤ᠂ ᠡᠯᠡᠰᠦᠨ ᠲᠤᠪᠤ᠎ᠶᠢᠨ ᠰᠢᠯᠵᠢᠬᠦ᠎ᠶᠢ ᠬᠣᠷᠢᠭ᠍ᠯᠠᠬᠤ 《ᠨᠣᠭᠣᠭᠠᠨ ᠤᠷᠳᠤ ᠴᠠᠭᠠᠨ ᠬᠡᠷᠡᠮ》᠎ᠢ ᠪᠦᠷᠢᠯᠳᠦᠭᠦᠯᠬᠦ᠌ ᠪᠣᠯᠣᠨ᠎ᠠ᠃ 

ᠲᠥᠷᠥᠯ ᠵᠦᠢᠯ᠎ᠳᠦ ᠭᠤᠷᠪᠠᠨ ᠳᠡᠰ᠎ᠦᠨ ᠬᠠᠮᠠᠭᠠᠯᠠᠯᠲᠠ᠎ᠶᠢᠨ ᠲᠣᠭ᠍ᠲᠠᠯᠴᠠᠭ᠎ᠠ᠎ᠶ᠋ᠢ ᠬᠡᠷᠡᠭᠯᠡᠨ ᠠᠮᠢ ᠠᠬᠤᠢ᠎ᠶᠢᠨ ᠠᠮᠤᠷ ᠲᠦᠪᠰᠢᠨ᠎ᠦ ᠲᠣᠣᠷ᠎ᠢ ᠪᠠᠢᠭᠤᠯᠤᠨ᠎ᠠ᠂ ᠲᠤᠬᠠᠢᠯᠠᠪᠠᠯ ᠭᠡᠷᠡᠯᠴᠢ ᠴᠡᠨᠡᠭ᠎ᠦᠨ ᠰᠠᠭᠤᠷᠢᠨ ᠭᠠᠵᠠᠷ᠎ᠤᠨ ᠭᠠᠳᠠᠭᠤᠷ ᠬᠡᠷᠡᠰᠬᠡ᠂ ᠡᠯᠡᠰᠦᠨ ᠬᠠᠯᠬᠠᠪᠴᠢ ᠪᠠ ᠬᠠᠯᠬᠠᠪᠴᠢ ᠣᠶ᠎ᠪᠠᠷ ᠪᠦᠷᠢᠯᠳᠦᠭᠰᠡᠨ ᠡᠯᠡᠰᠦ᠎ᠶ᠋ᠢ ᠬᠣᠷᠢᠭ᠍ᠯᠠᠬᠤ ᠭᠠᠳᠠᠭᠤᠷᠬᠢ ᠪᠦᠰᠡ᠎ᠶᠢ ᠲᠣᠬᠢᠷᠠᠭᠤᠯᠵᠤ᠂ ᠰᠠᠭᠤᠷᠢᠨ ᠭᠠᠵᠠᠷ᠎ᠤᠨ ᠲᠠᠯᠠᠪᠠᠶ᠎ᠳᠤ ᠣᠷᠣᠬᠤ ᠵᠠᠮ ᠪᠠ ᠪᠠᠢᠴᠠᠭᠠᠨ ᠵᠠᠰᠠᠬᠤ ᠵᠠᠮ᠎ᠤᠨ ᠬᠣᠶᠠᠷ ᠬᠠᠵᠠᠭᠤ᠎ᠳᠤ ᠡᠪᠡᠰᠦᠨ ᠳᠥᠷᠪᠡᠯᠵᠢ ᠳᠡᠪᠢᠰᠴᠦ ᠴᠢᠪᠠᠭ᠎ᠠ᠎ᠶᠢᠨ ᠮᠣᠳᠣ᠌ ᠵᠡᠷᠭᠡ ᠭᠠᠩ᠎ᠳᠤ ᠲᠡᠰᠪᠦᠷᠢᠲᠡᠢ ᠤᠷᠭᠤᠮᠠᠯ ᠳᠠᠷᠢᠵᠤ᠂ ᠭᠡᠷᠡᠯᠴᠢ ᠴᠡᠨᠡᠭ᠎ᠦᠨ ᠬᠠᠪᠲᠠᠰᠤᠨ ᠳᠣᠣᠭᠤᠷ ᠪᠠ ᠬᠠᠪᠲᠠᠰᠤᠨ ᠳᠤᠮᠳᠠᠭᠤᠷ ᠵᠠᠳᠠᠷᠠᠵᠤ ᠪᠣᠯᠬᠤ ᠰᠦᠨ ᠬᠦᠴᠢᠯ᠎ᠦᠨ ᠰᠢᠷᠬᠡᠭᠯᠢᠭ᠎ᠦᠨ ᠡᠯᠡᠰᠦᠨ ᠤᠭᠤᠲᠠ ᠳᠡᠪᠢᠰᠦᠨ᠎ᠡ᠃ ᠭᠤᠷᠪᠠᠨ ᠳᠡᠰ᠎ᠦᠨ ᠬᠠᠮᠠᠭᠠᠯᠠᠯᠲᠠ᠎ᠪᠠᠷ ᠳᠡᠮᠵᠢᠨ᠂ ᠡᠯᠡᠰᠦᠨ ᠲᠣᠪᠣ᠎ᠶᠢᠨ ᠰᠢᠯᠵᠢᠬᠦ ᠬᠤᠷᠳᠤᠴᠠ᠎ᠶᠢ 70%᠎ᠪᠠᠷ ᠪᠠᠭᠤᠷᠠᠭᠤᠯᠵᠤ᠂ ᠤᠷᠭᠤᠮᠠᠯ᠎ᠤᠨ ᠬᠤᠴᠢᠯᠭ᠎ᠠ᠎ᠶᠢᠨ ᠤᠨᠳᠤᠷᠤᠯᠲᠠ᠎ᠶᠢᠨ ᠨᠣᠷᠮ᠎ᠠ᠎ᠶᠢ 30%᠎ᠡᠴᠡ ᠳᠡᠭᠡᠭ᠌ᠰᠢ ᠬᠦᠷᠭᠡᠨ᠎ᠡ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ