
9 ᠳ᠋ᠦ᠍ᠭᠡᠷ ᠰᠠᠷ᠎ᠠ᠎ᠶᠢᠨ 15 ᠤ ᠡᠳᠦᠷ᠂ ᠮᠠᠨᠵᠤᠤᠷ᠎ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡᠨ᠎ᠦ ᠠᠷᠠᠳ᠎ᠤᠨ ᠴᠠᠭᠳᠠᠭ᠎ᠠ ᠣᠷᠣᠰ᠎ᠤᠨ ᠬᠠᠷᠢᠶ᠎ᠠ᠎ᠲᠠᠢ ᠵᠢᠭᠤᠯᠴᠢᠯᠠᠭ᠍ᠰᠠᠳ᠎ᠢ ᠵᠢᠯᠣᠭᠣᠳᠤᠨ ᠬᠢᠯᠢ᠎ᠪᠠᠷ ᠣᠷᠣᠬᠤ ᠺᠠᠷᠲ ᠲᠠᠭ᠍ᠯᠠᠵᠤ ᠪᠠᠢᠭ᠎ᠠ ᠨᠢ᠃
9 ᠳ᠋ᠦ᠍ᠭᠡᠷ ᠰᠠᠷ᠎ᠠ᠎ᠶᠢᠨ 15 ᠤ ᠡᠳᠦᠷ᠂ ᠳᠤᠮᠳᠠᠳᠤ ᠤᠯᠤᠰ᠎ᠲᠤ ᠠᠢᠯᠴᠢᠯᠠᠬᠤ ᠣᠷᠣᠰ᠎ᠤᠨ ᠡᠩ᠎ᠦᠨ ᠫᠠᠰᠫᠣᠷᠲ᠎ᠲᠠᠢ ᠬᠥᠮᠥᠰ᠎ᠲᠦ ᠸᠢᠰᠠᠯᠠᠬᠤ᠎ᠠᠴᠠ ᠬᠡᠯᠲᠦᠷᠢᠭᠦᠯᠬᠦ᠎ᠶ᠋ᠢ ᠲᠤᠷᠱᠢᠨ ᠬᠡᠷᠡᠭ᠌ᠵᠢᠭᠦᠯᠬᠦ᠌ ᠲᠦᠷᠦ᠍᠎ᠶ᠋ᠢᠨ ᠪᠣᠳᠣᠯᠭ᠎ᠠ ᠵᠢᠩᠬᠢᠨᠢ᠎ᠪᠡᠷ ᠬᠦᠴᠦᠨ᠎ᠲᠠᠢ ᠪᠣᠯᠪᠠ᠂ ᠳᠤᠮᠳᠠᠳᠤ ᠣᠷᠣᠰ᠎ᠤᠨ ᠬᠢᠯᠢ᠎ᠳᠠᠬᠢ ᠬᠠᠭᠤᠷᠠᠢ ᠵᠠᠮ᠎ᠤᠨ ᠴᠢᠬᠤᠯᠠ ᠬᠢᠯᠢ᠎ᠶ᠋ᠢᠨ ᠪᠣᠭᠣᠮᠲᠠ ᠪᠣᠯᠤᠭᠰᠠᠨ ᠮᠠᠨᠵᠤᠤᠷ ᠨᠢ ᠪᠣᠭᠣᠮᠲᠠ᠎ᠪᠠᠷ ᠥᠩᠭᠡᠷᠡᠬᠦ ᠠᠩᠬᠠᠨ᠎ᠤ ᠣᠷᠭᠢᠯ ᠦᠶ᠎ᠡ᠎ᠪᠠᠨ ᠤᠭ᠍ᠲᠤᠨ ᠠᠪᠴᠢᠷᠠᠪᠠ᠃ ᠲᠤᠰ ᠡᠳᠦᠷ᠎ᠦᠨ ᠦᠳᠡ᠎ᠶᠢᠨ 12 ᠴᠠᠭ ᠪᠣᠯᠲᠠᠯ᠎ᠠ᠂ ᠸᠢᠰᠠᠯᠠᠬᠤ᠎ᠠᠴᠠ ᠬᠡᠯᠲᠦᠷᠢᠭᠦᠯᠦᠨ ᠬᠢᠯᠢ᠎ᠪᠡᠷ ᠣᠷᠣᠬᠣ ᠣᠷᠣᠰ᠎ᠤᠨ ᠬᠠᠷᠢᠶ᠎ᠠ᠎ᠲᠠᠢ ᠵᠢᠭᠤᠯᠴᠢᠯᠠᠭ᠍ᠴᠢᠳ᠎ᠢ 300 ᠭᠠᠷᠤᠢ ᠬᠥᠮᠥᠨ ᠤᠳᠠᠭ᠎ᠠ ᠰᠢᠯᠭᠠᠨ ᠥᠩᠭᠡᠷᠡᠭᠦᠯᠵᠦ᠍᠂ ᠪᠥᠬᠥ ᠶᠠᠪᠤᠴᠠ᠎ᠳᠤ ᠣᠷᠳᠣ᠌ ᠬᠤᠭᠤᠴᠠᠭ᠎ᠠ᠎ᠪᠠᠷ ᠮᠥᠷᠯᠡᠨ ᠲᠦᠭ᠌ᠵᠢᠷᠡᠭ᠌ᠰᠡᠨ ᠪᠠᠢᠳᠠᠯ ᠭᠠᠷᠤᠭᠰᠠᠨ ᠦᠭᠡᠢ᠂ 《ᠠᠮᠤᠷ ᠲᠦᠪᠰᠢᠨ᠂ ᠥᠨᠳᠥᠷ ᠪᠦᠲᠦᠮᠵᠢᠲᠡᠶ᠂ ᠰᠠᠭᠠᠳ ᠦᠭᠡᠢ》 ᠬᠠᠷᠠᠯᠲᠠ᠎ᠪᠠᠨ ᠤᠷᠤᠭᠰᠢᠲᠠᠢ ᠪᠡᠶᠡᠯᠡᠭᠦᠯᠦᠭᠰᠡᠨ ᠪᠠᠢᠨ᠎ᠠ᠃
ᠲᠤᠬᠠᠢ᠎ᠶᠢᠨ ᠡᠳᠦᠷ᠎ᠦᠨ ᠦᠳᠡ᠎ᠶᠢᠨ ᠡᠮᠦᠨᠡᠬᠢ 9 ᠴᠠᠭ᠎ᠲᠤ᠂ ᠮᠠᠨᠵᠤᠤᠷ ᠬᠢᠯᠢ᠎ᠶ᠋ᠢᠨ ᠪᠣᠭᠣᠮᠲᠠ᠎ᠶᠢᠨ ᠬᠢᠯᠢ᠎ᠪᠡᠷ ᠣᠷᠣᠵᠤ ᠭᠠᠷᠬᠤ ᠶᠡᠬᠡ ᠲᠢᠩᠬᠢᠮ᠎ᠳᠦ᠂ ᠣᠷᠣᠰ᠎ᠤᠨ ᠬᠠᠷᠢᠶ᠎ᠠ ᠲᠠᠢ ᠵᠢᠭᠤᠯᠴᠢᠯᠠᠭ᠍ᠴᠢᠳ ᠡᠮᠬᠢ ᠵᠢᠷᠤᠮ᠎ᠲᠠᠢ ᠮᠥᠷᠯᠡᠨ ᠵᠢᠭ᠍ᠰᠠᠵᠤ ᠪᠣᠭᠣᠮᠲᠠ᠎ᠪᠠᠷ ᠥᠩᠭᠡᠷᠡᠨ᠂ ᠠᠵᠢᠯᠲᠠᠳ ᠨᠠᠭᠠᠰᠢ ᠴᠠᠭᠠᠰᠢ ᠵᠢᠭᠠᠨ ᠵᠢᠯᠣᠭᠣᠳᠴᠤ᠌ ᠪᠠᠢᠪᠠ᠃ ᠣᠷᠣᠰ᠎ᠤᠨ ᠢᠷᠭᠡᠨ ᠸᠢᠺᠲ᠋ᠣᠷᠢᠶ᠎ᠠ ᠪᠣᠯ ᠲᠤᠰ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠭᠰᠡᠨ᠎ᠦ ᠳᠠᠷᠠᠭᠠᠬᠢ ᠬᠢᠯᠢ᠎ᠪᠡᠷ ᠣᠷᠣᠵᠤ ᠢᠷᠡᠭᠰᠡᠨ ᠠᠩᠬᠠᠳᠠᠭ᠍ᠴᠢ ᠵᠢᠭᠤᠯᠴᠢᠯᠠᠭ᠍ᠴᠢ ᠪᠣᠯᠤᠭᠰᠠᠨ᠎ᠳᠤ᠎ᠪᠠᠨ ᠮᠠᠰᠢ ᠥᠩᠭᠡ ᠭᠡᠷᠡᠯ ᠲᠠᠢ ᠪᠠᠢᠬᠤ᠎ᠪᠠᠨ ᠢᠯᠡᠳᠬᠡᠵᠦ᠂ ᠨᠠᠢᠵᠠ ᠨᠠᠷ᠎ᠲᠠᠢ᠎ᠪᠠᠨ ᠬᠥᠯᠥᠨ ᠪᠣᠶ᠋ᠢᠷ᠎ᠤᠨ ᠲᠠᠯ᠎ᠠ ᠨᠤᠲᠤᠭ᠎ᠢᠶᠠᠷ ᠵᠢᠭᠤᠯᠴᠢᠯᠠᠬᠤ᠎ᠪᠠᠷ ᠲᠥᠯᠥᠪᠯᠡᠵᠦ ᠪᠠᠢᠨ᠎ᠠ ᠭᠡᠵᠡᠢ; ᠬᠠᠮᠲᠤ ᠠᠶᠠᠯᠠᠭ᠍ᠴᠢ ᠠᠯᠢᠨ᠎ᠠ᠂ ᠠᠨᠨᠠᠰᠲ᠋ᠠᠰᠢᠶᠠᠶ᠋ᠢᠨ ᠬᠣᠶᠠᠷ ᠨᠠᠢᠵᠠ ᠨᠢ ᠮᠦᠨ ᠪᠣᠭᠣᠮᠲᠠ᠎ᠪᠠᠷ ᠥᠩᠭᠡᠷᠡᠬᠦ᠎ᠳᠦ 《ᠲᠦᠷᠭᠡᠨ ᠪᠥᠭᠡᠳ ᠳᠥᠭᠥᠮ》 ᠬᠡᠮᠡᠨ ᠮᠠᠭᠲᠠᠵᠤ᠂ ᠬᠠᠢᠯᠠᠷ᠎ᠲᠤ ᠬᠦᠷᠴᠦ ᠲᠤᠬᠠᠢ᠎ᠶᠢᠨ ᠭᠠᠵᠠᠷ᠎ᠤᠨ ᠰᠣᠶᠣᠯ᠎ᠢ ᠪᠡᠶᠡᠴᠢᠯᠡᠨ ᠣᠢᠯᠠᠭᠠᠬᠤ ᠰᠠᠨᠠᠭ᠎ᠠ᠎ᠲᠠᠢ ᠪᠠᠢᠨ᠎ᠠ ᠭᠡᠪᠡ; ᠵᠢᠭᠤᠯᠴᠢᠯᠠᠭ᠍ᠴᠢ ᠭᠷᠢᠭᠤᠷᠢ 《ᠳᠤᠮᠳᠠᠳᠤ ᠤᠯᠤᠰ᠎ᠲᠤ 30 ᠡᠳᠦᠷ᠎ᠤᠨ ᠬᠤᠭᠤᠴᠠᠭ᠎ᠠ ᠲᠠᠢ᠎ᠪᠠᠷ ᠲᠦᠷ ᠰᠠᠭᠠᠲᠠᠵᠤ ᠪᠣᠯᠣᠨ᠎ᠠ》 ᠭᠡᠰᠡᠨ ᠲᠥᠷᠥ᠎ᠶ᠋ᠢᠨ ᠪᠣᠳᠣᠯᠭ᠎ᠠ᠎ᠶ᠋ᠢ ᠠᠮᠠ ᠬᠠᠮᠬᠢᠯ ᠦᠭᠡᠢ ᠮᠠᠭ᠍ᠲᠠᠵᠤ ᠪᠠᠢᠪᠠ᠃
ᠲᠦᠷᠦ᠎ᠶᠢᠨ ᠪᠣᠳᠣᠯᠭ᠎ᠠ᠎ᠶ᠋ᠢᠨ ᠪᠤᠲᠠᠲᠠᠢᠵᠢᠭᠤᠯᠤᠯᠲᠠᠶ᠋ᠢ ᠪᠠᠲᠤᠯᠠᠬᠤ᠎ᠶᠢᠨ ᠲᠥᠯᠥᠭᠡ᠂ ᠤᠯᠠᠨ ᠰᠠᠯᠠᠭ᠎ᠠ ᠮᠥᠴᠢᠷ ᠬᠣᠯᠪᠤᠭᠠᠯᠠᠨ ᠬᠥᠳᠡᠯᠦᠯᠴᠡᠵᠦ ᠦᠢᠯᠡᠴᠢᠯᠡᠭᠡ᠎ᠪᠡᠨ ᠰᠢᠯᠢᠳᠡᠭᠵᠢᠭᠦᠯᠪᠡ᠃ ᠮᠠᠨᠵᠤᠤᠷ᠎ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡ ᠨᠢ ᠪᠠᠢᠴᠠᠭᠠᠨ ᠰᠢᠯᠭᠠᠬᠤ ᠠᠷᠭ᠎ᠠ ᠮᠠᠶᠢᠭ᠋᠎ᠲᠤ ᠲᠣᠬᠢᠷᠠᠭᠤᠯᠤᠯᠲᠠ ᠬᠢᠵᠦ᠂ ᠤᠷᠤᠰᠴᠠ᠎ᠶᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠮᠠᠭᠠᠳᠯᠠᠬᠤ ᠲᠣᠭᠲᠠᠴᠠ᠎ᠶᠢ ᠪᠠᠢᠭᠤᠯᠤᠭ᠍ᠰᠠᠨ᠎ᠤ ᠬᠠᠮᠲᠤ᠂ ᠬᠢᠯᠢ ᠠᠯᠤᠰᠯᠠᠭᠰᠠᠨ ᠵᠢᠭᠤᠯᠴᠢᠯᠠᠯ᠎ᠤᠨ ᠭᠠᠵᠠᠷ᠂ ᠲᠡᠭᠡᠭᠡᠪᠦᠷᠢ᠎ᠶᠢᠨ ᠠᠵᠤ ᠠᠬᠤᠢᠯᠠᠯ ᠯᠤᠭ᠎ᠠ ᠬᠣᠯᠪᠤᠭᠠᠯᠠᠨ ᠲᠥᠷᠥ᠎ᠶᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠪᠠ; ᠮᠠᠨᠵᠤᠤᠷ ᠪᠣᠭᠣᠮᠲᠠ᠎ᠶᠢᠨ ᠬᠢᠨ 《ᠭᠤᠷᠪᠠ᠎ᠶᠢ ᠨᠡᠮᠡᠭᠳᠡᠭᠦᠯᠵᠦ ᠭᠤᠷᠪᠠ᠎ᠶᠢ ᠲᠦᠷᠭᠡᠳᠭᠡᠬᠦ᠌》 ᠠᠷᠭ᠎ᠠ ᠬᠡᠮᠵᠢᠶ᠎ᠡ᠎ᠶ᠋ᠢ ᠡᠭᠦᠳᠦᠨ ᠬᠡᠷᠡᠭᠵᠢᠭᠦᠯᠵᠦ᠂ 《ᠵᠢᠭᠤᠯᠴᠢᠯᠠᠯ᠎ᠤᠨ ᠤᠶᠤᠨᠲᠦ ᠪᠠᠢᠴᠠᠭᠠᠯᠲᠠ》᠎ᠶ᠋ᠢᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠂ ᠲᠣᠮᠣ᠌ ᠬᠡᠯᠪᠡᠷᠢ᠎ᠶᠢᠨ ᠵᠢᠭᠤᠯᠴᠢᠯᠠᠯ᠎ᠤᠨ ᠪᠦᠯᠬᠦᠮ᠎ᠳᠦ ᠬᠠᠨᠳᠤᠭᠤᠯᠤᠨ 《ᠪᠦᠯᠬᠦᠮ᠎ᠢᠶᠡᠷ᠎ᠢᠶᠡᠨ ᠪᠣᠯᠵᠣᠬᠤ》᠎ᠳᠦ ᠨᠢ ᠳᠦᠭᠦᠮᠯᠡᠬᠦ᠌ ᠪᠣᠭᠣᠮᠲᠠ᠎ᠪᠠᠷ ᠥᠩᠭᠡᠷᠡᠬᠦ ᠬᠡᠪ ᠵᠠᠭᠪᠤᠷ᠎ᠢ ᠭᠠᠷᠭᠠᠵᠤ᠂ ᠠᠵᠤ ᠠᠬᠤᠢᠯᠠᠯ ᠯᠤᠭ᠎ᠠ ᠤᠷᠢᠳᠴᠢᠯᠠᠨ ᠵᠣᠯᠭᠠᠭᠤᠯᠵᠤ ᠵᠢᠭᠤᠯᠴᠢᠯᠠᠭ᠍ᠴᠢᠳ᠎ᠤᠨ ᠠᠶᠠᠯᠠᠯ᠎ᠤᠨ ᠵᠠᠮ ᠱᠣᠭᠣᠮ᠎ᠢ ᠨᠢ ᠣᠢᠯᠠᠭᠠᠵᠤ ᠪᠠᠢᠪᠠ᠃
ᠲᠣᠰ ᠤᠳᠠᠭᠠᠨ᠎ᠤ ᠸᠢᠰᠠᠯᠠᠬᠤ᠎ᠠᠴᠠ ᠬᠡᠯᠲᠦᠷᠢᠭᠦᠯᠬᠦ ᠲᠥᠷᠥ᠎ᠶᠢᠨ ᠪᠣᠳᠣᠯᠭ᠎ᠠ ᠨᠢ ᠳᠤᠮᠳᠠᠳᠤ ᠣᠷᠣᠰ ᠬᠣᠶᠠᠷ ᠤᠯᠤᠰ᠎ᠤᠨ ᠬᠥᠮᠥᠰ᠎ᠦᠨ ᠶᠠᠪᠤᠯᠴᠠᠭ᠎ᠠ᠎ᠳᠤ ᠲᠥᠬᠥᠮ ᠦᠵᠡᠭᠦᠯᠦᠭ᠌ᠰᠡᠨ᠎ᠢᠶᠡᠷ ᠪᠠᠷᠠᠬᠤ ᠦᠭᠡᠢ᠂ ᠨᠠᠩ ᠴᠤ᠌ ᠮᠠᠨᠵᠤᠤᠷ᠎ᠤᠨ ᠣᠷᠣᠰ ᠯᠤᠭ᠎ᠠ᠎ᠶᠢᠨ ᠠᠷᠠᠯᠵᠢᠶᠠᠨ᠎ᠤ 《ᠰᠢᠵᠢᠷ ᠠᠯᠲᠠᠨ ᠨᠡᠪᠲᠡᠷᠡᠯ ᠵᠠᠮ》᠎ᠦᠨ ᠴᠢᠳᠠᠮᠵᠢ᠎ᠶᠢ ᠴᠢᠩᠭᠠᠳᠬᠠᠵᠤ᠂ ᠥᠪᠥᠷ ᠮᠣᠩᠭᠣᠯ᠎ᠢ 《ᠬᠢᠯᠢ ᠬᠢᠵᠠᠭᠠᠷ ᠣᠷᠣᠨ》 ᠪᠠᠢᠭ᠍ᠰᠠᠨ᠎ᠠᠴᠠ ᠨᠢ 《ᠨᠡᠭᠡᠭᠡᠯᠲᠡ ᠬᠢᠬᠦ᠌ ᠡᠮᠦᠨ᠎ᠡ ᠹᠷᠣᠨᠲ》 ᠲᠠᠢᠰᠢ ᠬᠤᠪᠢᠷᠠᠭᠤᠯᠬᠤ᠎ᠶ᠋ᠢ ᠨᠢ ᠲᠦᠯᠬᠢᠨ ᠠᠬᠢᠭᠤᠯᠵᠤ᠂ ᠳᠤᠮᠳᠠᠳᠤ ᠣᠷᠣᠰ ᠬᠣᠶᠠᠷ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠂ ᠵᠢᠭᠤᠯᠴᠢᠯᠠᠯ᠎ᠤᠨ ᠦᠢᠯᠡᠰ᠎ᠦᠨ ᠬᠥᠭᠵᠢᠯᠲᠡ᠂ ᠰᠣᠶᠣᠯ᠎ᠤᠨ ᠰᠣᠯᠢᠯᠴᠠᠭ᠎ᠠ ᠬᠢᠭᠡᠳ ᠣᠷᠣᠨ ᠪᠦᠰᠡ᠎ᠶᠢᠨ ᠨᠥᠯᠥᠭᠡᠯᠡᠬᠦ ᠬᠦᠴᠦᠨ᠎ᠦ ᠳᠡᠭᠡᠭᠰᠢᠯᠡᠯᠲᠡ᠎ᠳᠦ ᠰᠢᠨ᠎ᠡ ᠬᠦᠳᠡᠯᠭᠡᠭ᠌ᠴᠢ ᠬᠦᠴᠦᠨ ᠨᠡᠮᠡᠷᠢᠯᠡᠬᠦ ᠪᠣᠯᠣᠨ᠎ᠠ᠃