《 ᠬᠣᠶᠠᠷ ᠬᠠᠯᠬᠠᠪᠴᠢ》《 ᠬᠣᠶᠠᠷ ᠰᠠᠭᠤᠷᠢᠨ》《 ᠨᠢᠭᠡ ᠪᠡᠬᠢᠯᠡᠯᠲᠡ》᠎ᠶ᠋ᠢ ᠯᠠᠪᠳᠠᠭᠤᠨ ᠪᠠᠲᠤᠲᠠᠢ ᠠᠬᠢᠭᠤᠯᠤᠶ᠎ᠠ   -   ᠪᠠᠶ᠋ᠢᠷᠢᠯᠠᠭᠤᠯᠤᠯᠲᠠ ᠨᠠᠶ᠋ᠢᠳᠠᠪᠤᠷᠢᠵᠢᠭᠤᠯᠤᠯᠲᠠ
ᠦᠪᠦᠷ ᠮᠣᠩᠭᠣᠯ ᠨᠢ ᠤᠯᠤᠰ᠎ᠤᠨ ᠪᠣᠬᠢᠷᠳᠤᠯ ᠦᠭᠡᠢ ᠤᠰᠤᠲᠥ᠋ᠷᠥᠭᠴᠢ᠎ᠶᠢᠨ ᠵᠢᠱ᠌ᠢᠶ᠎ᠡ ᠦᠵᠡᠭᠦᠯᠬᠦ ᠥᠨᠳᠥᠷᠯᠢᠭ ᠭᠠᠵᠠᠷ᠎ᠢ ᠪᠦᠬᠦ᠌ ᠬᠡᠯᠬᠢᠶ᠎ᠡ᠎ᠪᠡᠷ ᠴᠣᠭ᠍ᠴᠠᠯᠠᠨ ᠪᠠᠢᠭᠤᠯᠵᠤ ᠪᠤᠢ
ᠨᠡᠶ᠋ᠢᠲᠡᠯᠡᠭᠰᠡᠨ ᠴᠠᠭ᠄ 2025-09-22

ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣᠰ ᠬᠣᠲᠠ᠎ᠶᠢᠨ ᠬᠢᠶ᠎ᠠ ᠪᠠᠭ᠍ᠰᠢ ᠲᠣᠭᠤᠷᠢᠭ᠎ᠤᠨ ᠵᠡᠭᠡᠯᠢ ᠳᠡᠭᠡᠷ᠎ᠡ᠂ ᠨᠢᠭᠡ ᠪᠦᠯᠦᠭ 《ᠴᠢᠨ ᠭᠧ ᠳ᠋ᠠᠨ》 ᠭᠡᠰᠡᠨ ᠥᠰᠥᠭ ᠳᠠᠷᠤᠮᠠᠯᠯᠠᠭᠰᠠᠨ ᠬᠠᠮᠲᠤ᠎ᠪᠠᠷ ᠡᠳ᠋ᠯᠡᠬᠦ᠌ ᠳᠤᠭᠤᠢ ᠲᠡᠷᠭᠡ ᠪᠠ ᠵᠢᠭᠤᠯᠴᠢᠯᠠᠯ᠎ᠤᠨ ᠲᠡᠷᠭᠡ ᠢᠯᠡᠷᠡᠵᠦ᠂ ᠬᠣᠲᠠ᠎ᠶᠢᠨ ᠠᠷᠠᠳ᠎ᠲᠤ ᠰᠢᠨ᠎ᠡ ᠰᠡᠪᠡᠭᠦᠨ ᠠᠶᠠᠯᠠᠯ᠎ᠤᠨ ᠲᠥᠷᠥᠭᠳᠡᠯ ᠣᠯᠭᠣᠪᠠ᠃ 

ᠡᠨᠡ ᠪᠣᠯ ᠤᠰᠤᠲᠥ᠋ᠷᠥᠭᠴᠢ ᠡᠨᠧᠷᠭᠢ᠎ᠶ᠋ᠢ ᠬᠠᠮᠲᠤ᠎ᠪᠠᠷ ᠡᠳ᠋ᠯᠡᠬᠦ᠎ᠳᠦ ᠵᠣᠷᠢᠭᠤᠯᠤᠭ᠍ᠰᠠᠨ ᠵᠠᠮ ᠬᠠᠷᠢᠯᠴᠠᠭᠠᠨ᠎ᠤ ᠵᠢᠱ᠌ᠢᠶ᠎ᠡ ᠦᠵᠡᠭᠦᠯᠬᠦ ᠲᠣᠭ᠍ᠲᠠᠯᠴᠠᠭ᠎ᠠ᠎ᠶ᠋ᠢᠨ ᠥᠪᠥᠷ ᠮᠣᠩᠭᠣᠯ᠎ᠳᠠᠬᠢ ᠠᠩᠬᠠᠳᠠᠭ᠍ᠴᠢ ᠲᠥᠷᠥᠯ ᠵᠦᠢᠯ ᠪᠣᠯᠣᠨ᠎ᠠ᠃ ᠪᠡᠶ᠎ᠡ᠎ᠪᠡᠨ ᠳᠠᠭᠠᠭᠠᠭ᠍ᠰᠠᠨ ᠮᠡᠳᠡᠯᠭᠡ ᠥᠮᠴᠢᠯᠡᠬᠦ ᠡᠷᠬᠡ᠎ᠲᠠᠢ ᠬᠠᠲᠠᠭᠤ ᠲᠥᠯᠥᠪᠲᠦ ᠤᠰᠤᠲᠥ᠋ᠷᠥᠭᠴᠢ ᠨᠥᠭᠡᠴᠡᠯᠡᠬᠦ᠌ ᠮᠡᠷᠭᠡᠵᠢᠯ ᠪᠠ ᠪᠦᠬᠦ ᠴᠣᠪᠣᠷᠠᠯ᠎ᠤᠨ ᠳᠣᠣᠷ᠎ᠠ ᠳᠠᠷᠤᠯᠲᠠᠲᠤ ᠤᠰᠤᠲᠥ᠋ᠷᠥᠭᠴᠢ ᠬᠡᠷᠡᠭᠯᠡᠬᠦ ᠱᠢᠰᠲ᠋ᠧᠮ᠎ᠢ ᠠᠱᠢᠭ᠍ᠯᠠᠨ᠂ ᠪᠦᠬᠦᠯᠢ ᠴᠣᠭᠴᠠ᠎ᠶᠢᠨ ᠱᠢᠰᠲ᠋ᠧᠮ᠎ᠦᠨ ᠠᠵᠢᠯᠯᠠᠭᠠᠨ᠎ᠤ ᠡᠨᠧᠷᠭᠢ᠎ᠶᠢᠨ ᠠᠰᠢᠭ᠍ᠯᠠᠮᠵᠢ᠎ᠶᠢ 35%᠎ᠪᠠᠷ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠦᠭᠡᠢ᠂ ᠨᠡᠩ ᠴᠤ᠌ ᠠᠮᠤᠷ ᠲᠦᠪᠰᠢᠨ᠎ᠦ ᠲᠦᠭᠰᠢᠭᠦᠷᠢ ᠪᠠ ᠬᠡᠷᠡᠭᠯᠡᠬᠦ ᠥᠪᠡᠷ᠎ᠦᠨ ᠦᠷᠲᠡᠭ᠎ᠢ ᠶᠡᠬᠡ᠎ᠪᠡᠷ ᠪᠠᠭᠤᠷᠠᠭᠤᠯᠵᠠᠢ᠂ ᠡᠨᠡ ᠨᠢ ᠥᠪᠥᠷ ᠮᠣᠩᠭᠣᠯ ᠪᠣᠬᠢᠷᠳᠤᠯ ᠦᠭᠡᠢ ᠤᠰᠤᠲᠥ᠋ᠷᠥᠭᠴᠢ᠎ᠶᠢᠨ 《ᠦᠢᠯᠡᠳᠬᠦ ᠨᠥᠭᠡᠴᠡᠯᠡᠬᠦ᠌ ᠳᠠᠮᠵᠢᠭᠤᠯᠬᠤ ᠬᠡᠷᠡᠭᠯᠡᠬᠦ》 ᠪᠦᠬᠦ ᠠᠵᠤ ᠦᠢᠯᠡᠰ᠎ᠦᠨ ᠬᠡᠯᠬᠢᠶᠡᠨ᠎ᠦ ᠬᠥᠭᠵᠢᠯᠲᠡ᠎ᠶᠢᠨ ᠲᠠᠯ᠎ᠠ᠎ᠪᠠᠷ ᠵᠠᠩᠭᠢᠯᠠᠭ᠎ᠠ᠎ᠶᠢᠨ ᠨᠢᠭᠡ ᠠᠯᠬᠤᠮ ᠬᠡᠮᠡᠭ᠌ᠳᠡᠵᠡᠢ᠃ 

ᠤᠰᠤᠲᠥ᠋ᠷᠥᠭᠴᠢ ᠡᠨᠧᠷᠭᠢ ᠪᠣᠯ ᠡᠨᠧᠷᠭᠢ᠎ᠶᠢᠨ ᠬᠡᠯᠪᠡᠷᠢ᠎ᠶᠢᠨ ᠬᠤᠪᠢᠷᠠᠭᠤᠯᠤᠯᠲᠠ᠎ᠶᠢᠨ ᠴᠢᠬᠤᠯᠠ ᠠᠴᠢᠶᠠᠯᠠᠭ᠍ᠴᠢ ᠪᠣᠯᠣᠨ᠎ᠠ᠂ᠲᠡᠭᠦᠨ᠎ᠢ 21 ᠳ᠋ᠦ᠍ᠭᠡᠷ ᠵᠠᠭᠤᠨ᠎ᠤ ᠬᠠᠮᠤᠭ᠎ᠤᠨ ᠶᠡᠬᠡ ᠬᠥᠭᠵᠢᠯᠲᠡ᠎ᠶᠢᠨ ᠲᠠᠯᠳᠠ ᠬᠦᠴᠦᠨ᠎ᠲᠠᠢ ᠴᠡᠪᠡᠷ ᠡᠨᠧᠷᠭᠢ᠎ᠶᠢᠨ ᠨᠢᠭᠡ ᠬᠡᠮᠡᠨ ᠦᠵᠡᠵᠦ᠍ ᠪᠤᠢ᠃ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠡᠴᠡ ᠨᠠᠭᠠᠰᠢ᠂ ᠥᠪᠥᠷ ᠮᠣᠩᠭᠣᠯ ᠰᠠᠯᠬᠢᠨ ᠬᠦᠴᠦᠨ ᠭᠡᠷᠡᠯᠴᠢ ᠴᠡᠨᠡᠭ᠎ᠦᠨ ᠡᠬᠢ ᠪᠠᠶᠠᠯᠢᠭ᠋ ᠡᠯᠪᠡᠭ ᠪᠠ ᠣᠷᠣᠨ ᠪᠠᠢᠷᠢ᠎ᠶᠢᠨ ᠬᠠᠷᠢᠴᠠᠭᠤᠯᠤᠭᠰᠠᠨ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠵᠤ᠂ ᠪᠤᠬᠢᠷᠳᠤᠯ ᠦᠭᠡᠢ ᠤᠰᠤᠲᠥ᠋ᠷᠥᠭᠴᠢ᠎ᠶᠢᠨ ᠠᠵᠤ ᠦᠢᠯᠡᠰ᠎ᠢ ᠰᠢᠨ᠎ᠡ ᠡᠨᠧᠷᠭᠢ ᠪᠣᠯᠭᠠᠨ ᠲᠤᠬᠠᠢ᠎ᠶᠢᠨ ᠭᠠᠵᠠᠷ᠎ᠲᠤ᠎ᠪᠡᠨ ᠰᠢᠩᠭᠡᠬᠡᠨ ᠠᠰᠢᠭ᠍ᠯᠠᠬᠤ᠎ᠶᠢ ᠠᠬᠢᠭᠤᠯᠬᠤ᠂ ᠡᠨᠧᠷᠭᠢ᠎ᠶᠢᠨ ᠬᠦᠷᠢᠶᠡᠨ᠎ᠳᠡᠬᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠎ᠶ᠋ᠢᠨ ᠴᠢᠬᠤᠯᠠ ᠠᠷᠭ᠎ᠠ ᠬᠡᠮᠵᠢᠶ᠎ᠡ ᠪᠣᠯᠭᠠᠨ ᠠᠬᠢᠭᠤᠯᠵᠤ᠂ ᠪᠣᠬᠢᠷᠳᠤᠯ ᠦᠭᠡᠢ ᠤᠰᠤᠲᠥ᠋ᠷᠥᠭᠴᠢ᠎ᠶᠢᠨ ᠠᠵᠤ ᠦᠢᠯᠡᠰ᠎ᠦᠨ ᠤᠷᠢᠳ᠎ᠢᠶᠠᠷ ᠬᠡᠷᠡᠭᠵᠢᠭᠦᠯᠬᠦ ᠣᠷᠣᠨ᠎ᠤ ᠠᠵᠢᠯᠯᠠᠭᠠᠨ᠎ᠤ ᠲᠥᠰᠥᠯ᠎ᠢ ᠳᠠᠷᠤᠮᠠᠯᠯᠠᠨ ᠶᠠᠪᠤᠭᠤᠯᠵᠤ᠂ ᠪᠦᠬᠦ ᠤᠯᠤᠰ᠎ᠤᠨ ᠴᠢᠬᠤᠯᠠ ᠪᠣᠯᠬᠤ ᠪᠤᠬᠢᠷᠳᠤᠯ ᠦᠭᠡᠢ ᠤᠰᠤᠲᠥ᠋ᠷᠥᠭᠴᠢ᠎ᠶᠢ ᠦᠢᠯᠡᠳᠪᠦᠷᠢᠯᠡᠵᠦ ᠳᠠᠮᠵᠢᠭᠤᠯᠬᠤ᠂ ᠤᠰᠤᠲᠥ᠋ᠷᠥᠭᠴᠢ ᠡᠨᠧᠷᠭᠢ᠎ᠶᠢᠨ ᠲᠤᠨᠤᠭ ᠲᠥᠬᠦᠭᠡᠷᠦᠮᠵᠢ ᠦᠢᠯᠡᠳᠬᠦ᠂ ᠪᠤᠬᠢᠷᠳᠤᠯ ᠦᠭᠡᠢ ᠤᠰᠤᠲᠥ᠋ᠷᠥᠭᠴᠢ᠎ᠶ᠋ᠢᠨ ᠤᠯᠠᠨ ᠡᠱᠢᠴᠢᠯᠡᠭ᠌ᠰᠡᠨ ᠬᠡᠷᠡᠭᠯᠡᠭᠡᠨ᠎ᠦ ᠰᠠᠭᠤᠷᠢᠨ᠎ᠢ ᠴᠢᠷᠮᠠᠢᠨ ᠪᠠᠢᠭᠤᠯᠵᠤ᠂ ᠪᠦᠬᠦ ᠤᠯᠤᠰ᠎ᠤᠨ ᠪᠣᠬᠢᠷᠳᠤᠯ ᠦᠭᠡᠢ ᠤᠰᠤᠲᠥ᠋ᠷᠥᠭᠴᠢ᠎ᠶᠢᠨ ᠤᠷᠢᠳ᠎ᠢᠶᠠᠷ ᠬᠡᠷᠡᠭᠵᠢᠭᠦᠯᠬᠦ ᠵᠢᠱ᠌ᠢᠶ᠎ᠡ ᠦᠵᠡᠭᠦᠯᠬᠦ ᠣᠷᠣᠨ᠎ᠢ ᠪᠦᠬᠦ᠌ ᠬᠡᠯᠬᠢᠶ᠎ᠡ᠎ᠪᠡᠷ ᠱᠢᠪᠲᠤᠯᠤᠯᠲᠠ ᠬᠢᠵᠦ᠍ ᠴᠣᠭ᠍ᠴᠠᠯᠠᠨ ᠪᠠᠢᠭᠤᠯᠵᠤ ᠪᠤᠢ᠃ 

ᠪᠤᠭᠤᠲᠤ ᠬᠤᠳᠠ᠎ᠶᠢᠨ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠲᠠᠯ᠎ᠠ ᠨᠤᠲᠤᠭ᠎ᠲᠤ᠂ 20 ᠲᠦᠮᠡᠨ ᠺᠢᠯᠣᠸᠠᠲ᠎ᠤᠨ ᠰᠠᠯᠬᠢᠨ ᠬᠦᠴᠦᠨ ᠭᠡᠷᠡᠯᠴᠢ ᠴᠡᠨᠡᠭ᠎ᠦᠨ ᠰᠠᠭᠤᠷᠢᠨ᠎ᠡᠴᠡ ᠦᠢᠯᠡᠳᠪᠦᠷᠢᠯᠡᠵᠦ᠍ ᠭᠠᠷᠭᠠᠭᠰᠠᠨ ᠪᠣᠬᠢᠷᠳᠤᠯ ᠦᠭᠡᠢ ᠴᠠᠬᠢᠯᠭᠠᠨ᠎ᠢ 15 ᠺᠢᠯᠣᠮᠧᠲᠷ᠎ᠤᠨ ᠴᠠᠭᠠᠨᠠᠬᠢ ᠥᠪᠥᠷ ᠮᠣᠩᠭᠣᠯ᠎ᠤᠨ ᠬᠤᠸᠠ ᠳ᠋ᠢᠶᠠᠨ ᠤᠰᠤᠲᠥ᠋ᠷᠥᠭᠴᠢ ᠡᠨᠧᠷᠭᠢ᠎ᠶᠢᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠤᠰᠤᠲᠥ᠋ᠷᠥᠭᠴᠢ ᠦᠢᠯᠡᠳᠬᠦ ᠲᠠᠰᠤᠭ᠎ᠲᠤ ᠴᠠᠬᠢᠯᠭᠠᠨ ᠳᠠᠮᠵᠢᠭᠤᠯᠬᠤ ᠱᠤᠭᠤᠮ᠎ᠢᠶᠠᠷ ᠲᠠᠰᠤᠷᠠᠯᠳᠡ ᠦᠭᠡᠢ ᠳᠠᠮᠵᠢᠭᠤᠯᠤᠨ ᠬᠦᠷᠭᠡᠵᠦ᠍ ᠪᠠᠢᠯ᠎ᠠ᠃ ᠴᠠᠬᠢᠯᠭᠠᠨ ᠵᠠᠳᠠᠯᠤᠯ᠎ᠤᠨ ᠣᠩᠭᠣᠴᠠ᠎ᠳᠤ᠂ ᠴᠠᠬᠢᠯᠭᠠᠨ ᠵᠠᠳᠠᠯᠤᠭᠳᠠᠬᠤᠨ᠎ᠲᠠᠢ ᠤᠰᠤᠨ ᠠᠭᠤᠰᠤᠮᠠᠯ ᠨᠢ ᠴᠠᠬᠢᠯᠭᠠᠨ ᠭᠦᠶᠦᠳᠡᠯ᠎ᠦᠨ ᠨᠦᠬᠦᠴᠡᠯ ᠳᠣᠣᠷ᠎ᠠ᠂ ᠬᠢᠮᠢ᠎ᠶᠢᠨ ᠤᠷᠪᠠᠯ ᠡᠭᠦᠰᠴᠦ᠂ ᠴᠡᠪᠡᠷᠱᠢᠭᠦᠯᠬᠦ᠌᠂ ᠰᠣᠷᠣᠨ ᠨᠠᠭᠠᠯᠳᠤᠭᠤᠯᠬᠤ᠂ ᠬᠠᠳᠠᠭᠠᠬᠤ ᠵᠡᠷᠭᠡ ᠠᠵᠢᠯ᠎ᠤᠨ ᠳᠠᠷᠠᠭᠠᠯᠠᠯ᠎ᠢᠶᠠᠷ ᠴᠡᠪᠡᠷᠴᠡ ᠨᠢ 99.999%᠎ᠳᠦ ᠬᠦᠷᠬᠦ ᠪᠣᠬᠢᠷᠳᠤᠯ ᠦᠭᠡᠢ ᠤᠰᠤᠲᠥ᠋ᠷᠥᠭᠴᠢ᠎ᠶᠢ ᠦᠢᠯᠡᠳᠴᠦ᠍ ᠭᠠᠷᠭᠠᠨ᠎ᠠ᠃ 

ᠡᠨᠡ ᠪᠣᠯ ᠥᠪᠥᠷ ᠮᠣᠩᠭᠣᠯ᠎ᠤᠨ ᠤᠰᠤᠲᠥ᠋ᠷᠥᠭᠴᠢ ᠦᠢᠯᠡᠳᠬᠦ ᠲᠦᠷᠦᠯ ᠵᠦᠢᠯ᠎ᠦᠨ ᠲᠦᠷᠭᠡᠨ ᠬᠥᠭᠵᠢᠯᠲᠡ᠎ᠶᠢᠨ ᠬᠤᠷᠢᠶᠠᠩᠭᠤᠢ ᠳᠦᠷᠰᠦ ᠪᠣᠯᠣᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ ᠣᠲᠣ᠌ ᠪᠣᠯᠲᠠᠯ᠎ᠠ᠂ ᠥᠪᠥᠷ ᠮᠣᠩᠭᠣᠯ ᠨᠢᠭᠡᠨᠲᠡ ᠰᠠᠯᠬᠢᠨ ᠬᠦᠴᠦᠨ ᠭᠡᠷᠡᠯᠴᠢ ᠴᠡᠨᠡᠭ᠎ᠢᠶᠡᠷ ᠤᠰᠤᠲᠥ᠋ᠷᠥᠭᠴᠢ ᠦᠢᠯᠡᠳᠬᠦ᠌᠎ᠶ᠋ᠢ ᠨᠢᠭᠡ ᠴᠣᠭᠴᠠᠵᠢᠭᠤᠯᠬᠤ 7 ᠲᠥᠷᠥᠯ ᠵᠦᠢᠯ᠎ᠢ ᠪᠠᠢᠭᠤᠯᠵᠤ᠂ ᠤᠰᠤᠲᠥ᠋ᠷᠥᠭᠴᠢ ᠦᠢᠯᠡᠳᠬᠦ ᠬᠡᠪᠴᠢᠶᠡᠵᠢᠯ ᠨᠢ ᠵᠢᠯ᠎ᠳᠦ 6 ᠲᠦᠮᠡᠨ ᠲᠣᠨ ᠬᠦᠷᠴᠦ᠂ ᠡᠨᠡ ᠵᠢᠯ᠎ᠦᠨ 1 ᠳ᠋ᠦ᠍ᠭᠡᠷ ᠰᠠᠷ᠎ᠠ᠎ᠡᠴᠡ 8 ᠳ᠋ᠤᠭᠠᠷ ᠰᠠᠷ᠎ᠠ ᠪᠣᠯᠲᠠᠯ᠎ᠠ᠂ ᠪᠣᠬᠢᠷᠳᠤᠯ ᠦᠭᠡᠢ ᠴᠠᠬᠢᠯᠭᠠᠨ᠎ᠢ ᠱᠢᠭᠤᠳ ᠵᠠᠯᠭᠠᠬᠤ ᠬᠡᠪ ᠵᠠᠭ᠍ᠪᠤᠷ ᠳᠣᠣᠷ᠎ᠠ ᠪᠥᠬᠥ ᠣᠷᠣᠨ᠎ᠤ ᠪᠣᠬᠢᠷᠳᠤᠯ ᠦᠭᠡᠢ ᠤᠰᠤᠲᠥ᠋ᠷᠥᠭᠴᠢ ᠦᠢᠯᠡᠳᠪᠦᠷᠢᠯᠡᠭ᠌ᠰᠡᠨ ᠬᠡᠮᠵᠢᠶ᠎ᠡ 5100 ᠲᠣᠨ᠎ᠳᠤ ᠬᠦᠷᠴᠦ᠂ ᠪᠥᠬᠥ ᠤᠯᠤᠰ᠎ᠤᠨ ᠲᠡᠷᠢᠭᠦᠨ ᠪᠠᠢᠷᠢᠨ᠎ᠳᠤ ᠪᠠᠢᠷᠢᠯᠠᠪᠠ᠃ 

ᠪᠣᠬᠢᠷᠳᠤᠯ ᠦᠭᠡᠢ ᠤᠰᠤᠲᠥ᠋ᠷᠥᠭᠴᠢ᠎ᠶᠢᠨ ᠦᠢᠯᠡᠳᠪᠦᠷᠢᠯᠡᠯ᠎ᠡᠴᠡ ᠭᠠᠳᠠᠨ᠎ᠠ᠂ ᠥᠪᠥᠷ ᠮᠣᠩᠭᠣᠯ ᠪᠠᠰᠠ ᠬᠥᠬᠡᠬᠣᠲᠠ᠂ ᠪᠤᠭᠤᠲᠤ ᠬᠤᠳᠠ᠂ ᠣᠷᠳᠣᠰ ᠬᠤᠳᠠ᠂ ᠦᠬᠠᠢ ᠬᠤᠳᠠ᠎ᠪᠠᠷ ᠭᠣᠣᠯᠳᠠᠯᠭ᠎ᠠ ᠪᠣᠯᠭᠠᠨ ᠤᠰᠤᠲᠥ᠋ᠷᠥᠭᠴᠢ ᠡᠨᠧᠷᠭᠢ᠎ᠶᠢᠨ ᠲᠣᠨᠣᠭ ᠲᠦᠬᠦᠭᠡᠷᠦᠮᠵᠢ ᠦᠢᠯᠡᠳᠬᠦ ᠦᠢᠯᠡᠰ᠎ᠢ ᠬᠥᠭᠵᠢᠭᠦᠯᠵᠦ ᠪᠤᠢ᠃ ᠡᠭᠦᠨ᠎ᠳᠦ᠂ ᠥᠪᠡᠷᠲᠡᠭᠡᠨ ᠵᠠᠰᠠᠬᠤ ᠣᠷᠣᠨ᠎ᠡᠴᠡ ᠬᠥᠬᠡᠬᠣᠲᠠ᠎ᠳᠤ ᠤᠰᠤᠲᠥ᠋ᠷᠥᠭᠴᠢ ᠡᠨᠧᠷᠭᠢ᠎ᠶᠢᠨ ᠲᠣᠨᠣᠭ ᠲᠥᠬᠦᠭᠡᠷᠦᠮᠵᠢ᠎ᠶᠢᠨ ᠰᠤᠳᠤᠯᠤᠨ ᠨᠡᠭᠡᠭᠡᠬᠦ ᠰᠠᠭᠤᠷᠢᠨ᠎ᠢ ᠪᠠᠢᠷᠢᠰᠢᠭᠤᠯᠵᠤ᠂ ᠪᠤᠭᠤᠲᠤ ᠬᠣᠲᠠ᠎ᠳᠤ ᠬᠠᠲᠠᠭᠤ ᠲᠦᠯᠦᠪᠲᠦ ᠤᠰᠤᠲᠥ᠋ᠷᠥᠭᠴᠢ ᠨᠦᠭᠡᠴᠡᠯᠡᠬᠦ᠌ ᠪᠠ ᠲᠦᠯᠡᠰᠢᠨ ᠴᠡᠨᠡᠭ᠎ᠦᠨ ᠬᠦᠨᠳᠦ ᠠᠴᠢᠶᠠᠨ᠎ᠤ ᠮᠠᠱᠢᠨ᠎ᠤ ᠦᠢᠯᠡᠳᠪᠦᠷᠢᠯᠡᠯ᠎ᠦᠨ ᠰᠠᠭᠤᠷᠢᠨ᠎ᠢ ᠪᠠᠢᠷᠢᠰᠢᠭᠤᠯᠵᠤ᠂ ᠣᠷᠳᠣᠰ ᠬᠣᠲᠠ᠎ᠳᠤ ᠴᠠᠬᠢᠯᠭᠠᠨ ᠵᠠᠳᠠᠯᠤᠯ᠎ᠤᠨ ᠤᠰᠤ᠎ᠪᠠᠷ ᠤᠰᠤᠲᠥ᠋ᠷᠥᠭᠴᠢ ᠦᠢᠯᠡᠳᠬᠦ᠌᠂ ᠳᠠᠮᠵᠢᠭᠤᠯᠤᠨ ᠵᠥᠭᠡᠭᠡᠪᠦᠷᠢᠯᠡᠬᠦ᠌ ᠲᠣᠨᠣᠭ ᠲᠥᠬᠦᠭᠡᠷᠦᠮᠵᠢ᠎ᠶᠢ ᠰᠤᠳᠤᠯᠤᠨ ᠨᠡᠭᠡᠭᠡᠵᠦ ᠦᠢᠯᠡᠳᠬᠦ ᠪᠠ ᠱᠢᠯᠭᠠᠨ ᠲᠤᠷᠰᠢᠬᠤ ᠰᠠᠭᠤᠷᠢᠨ᠎ᠢ ᠪᠠᠢᠷᠢᠰᠢᠭᠤᠯᠵᠤ᠂ ᠦᠬᠠᠢ ᠬᠣᠲᠠ᠎ᠳᠤ ᠠᠵᠤ ᠦᠢᠯᠡᠳᠪᠦᠷᠢ᠎ᠶᠢᠨ ᠳᠠᠭᠠᠯᠲᠠ ᠦᠢᠯᠡᠳᠬᠦᠨ᠎ᠦ ᠤᠰᠤᠲᠥ᠋ᠷᠥᠭᠴᠢ᠎ᠶᠢ ᠴᠡᠪᠡᠷᠰᠢᠭᠦᠯᠬᠦ ᠪᠠ ᠴᠠᠬᠢᠯᠭᠠᠨ ᠵᠠᠳᠠᠯᠤᠯ᠎ᠤᠨ ᠤᠰᠤ᠎ᠪᠠᠷ ᠤᠰᠤᠲᠥ᠋ᠷᠥᠭᠴᠢ ᠦᠢᠯᠡᠳᠬᠦ᠌ ᠲᠣᠨᠣᠭ ᠲᠥᠬᠦᠭᠡᠷᠦᠮᠵᠢ᠎ᠶᠢ ᠦᠢᠯᠡᠳᠬᠦ ᠰᠠᠭᠤᠷᠢᠨ᠎ᠢ ᠪᠠᠢᠷᠢᠱᠢᠭᠤᠯᠵᠠᠢ᠃ 

ᠡᠭᠦᠨ᠎ᠡᠴᠡ ᠭᠠᠳᠠᠨ᠎ᠠ᠂ ᠪᠣᠬᠢᠷᠳᠤᠯ ᠦᠭᠡᠢ ᠤᠰᠤᠲᠥ᠋ᠷᠥᠭᠴᠢ᠎ᠶ᠋ᠢ ᠳᠠᠮᠵᠢᠭᠤᠯᠬᠤ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢᠨ ᠲᠥᠯᠥᠭᠡ᠂ ᠥᠪᠥᠷ ᠮᠣᠩᠭᠣᠯ ᠪᠣᠬᠢᠷᠳᠤᠯ ᠦᠭᠡᠢ ᠤᠰᠤᠲᠥ᠋ᠷᠥᠭᠴᠢ᠎ᠶᠢᠨ ᠬᠣᠭᠣᠯᠠᠢ ᠭᠤᠤᠷᠰᠤ᠎ᠶ᠋ᠢ ᠳᠡᠪᠢᠰᠭᠦ᠎ᠪᠡᠷ ᠮᠤᠵᠢ᠎ᠶᠢᠨ ᠱᠠᠲᠤᠨ᠎ᠤ ᠲᠥᠯᠦᠪᠵᠢᠭᠦᠯᠭᠡ᠎ᠶᠢ ᠨᠡᠢᠲᠡᠯᠡᠵᠦ᠂ 《ᠨᠢᠭᠡ ᠭᠣᠣᠯ ᠱᠤᠭᠤᠮ᠂ ᠬᠣᠶᠠᠷ ᠴᠠᠭᠠᠷᠢᠭ ᠱᠤᠭᠤᠮ᠂ ᠳᠦᠷᠪᠡᠨ ᠭᠠᠷᠴᠠ》 ᠪᠦᠬᠦᠢ ᠬᠣᠭᠣᠯᠠᠢ ᠭᠤᠤᠷᠰᠤ᠎ᠶᠢᠨ ᠲᠣᠣᠷ᠎ᠤᠨ ᠪᠦᠲᠦᠴᠡ᠎ᠶᠢ ᠰᠢᠨ᠎ᠡ᠎ᠪᠠᠷ ᠡᠭᠦᠳᠦᠨ ᠪᠠᠢᠭᠤᠯᠪᠠ᠃ ᠡᠭᠦᠨ᠎ᠳᠦ᠂ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤ᠎ᠡᠴᠡ ᠪᠤᠭᠤᠲᠤ ᠬᠣᠲᠠ᠎ᠶ᠋ᠢᠨ ᠲᠣᠭᠤᠷᠢᠭ ᠬᠦᠷᠬᠦ ᠪᠣᠬᠢᠷᠳᠤᠯ ᠦᠭᠡᠢ ᠤᠰᠤᠲᠥ᠋ᠷᠥᠭᠴᠢ᠎ᠶᠢᠨ ᠬᠣᠭᠣᠯᠠᠢ ᠭᠤᠤᠷᠰᠤ᠎ᠶ᠋ᠢ ᠨᠢᠭᠡᠨᠲᠡ ᠡᠬᠢᠯᠡᠨ ᠪᠠᠢᠭᠤᠯᠵᠤ᠂ ᠤᠯᠠᠭᠠᠨᠬᠠᠳᠠ ᠬᠣᠲᠠ᠎ᠶᠢᠨ ᠠᠤᠬᠠᠨ᠎ᠡᠴᠡ ᠶᠤᠸᠠᠨ ᠪᠦᠦ ᠱᠠᠨ ᠬᠦᠷᠬᠦ ᠪᠣᠬᠢᠷᠳᠤᠯ ᠦᠭᠡᠢ ᠤᠰᠤᠲᠥ᠋ᠷᠥᠭᠴᠢ᠎ᠶᠢᠨ ᠬᠣᠭᠣᠯᠠᠢ ᠭᠤᠤᠷᠰᠤ ᠪᠠ ᠤᠯᠠᠭᠠᠨᠴᠠᠪ ᠬᠣᠲᠠ᠎ᠠᠴᠠ ᠪᠡᠭᠡᠵᠢᠩ ᠲᠢᠶᠠᠨᠵᠢᠨ ᠾᠧᠪᠧᠢ᠎ᠶ᠋ᠢᠨ ᠭᠠᠵᠠᠷ ᠣᠷᠣᠨ ᠬᠦᠷᠬᠦ᠌ ᠤᠰᠤᠲᠥ᠋ᠷᠥᠭᠴᠢ ᠳᠠᠮᠵᠢᠭᠤᠯᠬᠤ ᠬᠣᠭᠣᠯᠠᠢ ᠭᠤᠤᠷᠰᠤ᠎ᠶ᠋ᠢᠨ ᠥᠪᠥᠷ ᠮᠣᠩᠭᠣᠯ᠎ᠳᠡᠬᠢ ᠬᠡᠰᠡᠭ ᠨᠢ ᠨᠢᠭᠡᠨᠲᠡ ᠴᠣᠬᠣᠯᠠᠪᠤᠷᠢᠯᠠᠭ᠍ᠳᠠᠵᠤ᠂ ᠵᠢᠯ᠎ᠦᠨ ᠳᠣᠲᠣᠷ᠎ᠠ ᠵᠠᠯᠭᠠᠭ᠎ᠠ᠎ᠪᠠᠷ ᠪᠠᠷᠢᠯᠭ᠎ᠠ᠎ᠶ᠋ᠢᠨ ᠠᠵᠢᠯ᠎ᠢᠶᠡᠨ ᠡᠬᠢᠯᠡᠭᠦᠯᠬᠦ᠌ ᠪᠣᠯᠣᠨ᠎ᠠ᠃ 

ᠣᠯᠠᠨ ᠡᠰᠢᠲᠦ ᠬᠡᠷᠡᠭᠯᠡᠭᠡᠨ᠎ᠦ ᠠᠬᠤᠢ ᠪᠠᠢᠳᠠᠯ ᠨᠢ ᠴᠤ᠌ ᠪᠣᠳᠠᠲᠤ ᠠᠬᠤᠢ ᠪᠣᠯᠵᠤ ᠪᠡᠶᠡᠯᠡᠭ᠌ᠳᠡᠵᠦ᠍ ᠪᠠᠢᠨ᠎ᠠ᠃ ᠣᠷᠳᠣᠰ ᠬᠤᠳᠠ᠎ᠶᠢᠨ ᠡᠵᠡᠨ ᠬᠣᠷᠣᠭ᠎ᠠ ᠬᠣᠰᠢᠭᠤᠨ᠎ᠤ ᠱᠧᠩ ᠶᠤᠸᠠᠨ ᠡᠨᠧᠷᠭᠢ᠎ᠶᠢᠨ ᠰᠠᠯᠬᠢᠨ ᠬᠦᠴᠦᠨ ᠭᠡᠷᠡᠯᠴᠢ ᠴᠡᠨᠡᠭ᠎ᠢᠶᠡᠷ ᠤᠰᠤᠲᠥ᠋ᠷᠥᠭᠴᠢ ᠦᠢᠯᠡᠳᠬᠦ᠎ᠶ᠋ᠢ ᠨᠢᠭᠡ ᠴᠣᠭ᠍ᠴᠠᠵᠢᠭᠤᠯᠬᠤ ᠲᠦᠷᠦᠯ ᠵᠦᠢᠯ᠎ᠦᠨ ᠤᠰᠤᠲᠥ᠋ᠷᠥᠭᠴᠢ ᠨᠡᠮᠡᠬᠦ ᠦᠷᠳᠡᠭᠡ᠎ᠳᠦ᠂ 15 ᠮᠢᠨᠦ᠋ᠲ ᠠᠯᠤᠰᠯᠠᠬᠤ ᠪᠦᠷᠢ ᠤᠰᠤᠲᠥ᠋ᠷᠥᠭᠴᠢ ᠡᠨᠧᠷᠭᠢ᠎ᠶᠢᠨ ᠨᠢᠭᠡ ᠬᠦᠨᠳᠦ ᠠᠴᠢᠶᠠᠨ᠎ᠤ ᠮᠠᠱᠢᠨ ᠲᠡᠷᠭᠡ ᠡᠨᠧᠷᠭᠢ ᠨᠥᠬᠥᠪᠦᠷᠢᠯᠡᠳᠡᠭ᠃ 

ᠢᠷᠡᠭᠡᠳᠦᠢ᠎ᠳᠦ ᠬᠠᠨᠳᠤᠬᠤᠶ᠎ᠠ᠂ ᠥᠪᠥᠷ ᠮᠣᠩᠭᠣᠯ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠴᠢᠬᠤᠯᠠᠴᠢᠯᠠᠨ᠂ ᠤᠰᠤᠲᠥ᠋ᠷᠥᠭᠴᠢ ᠡᠨᠧᠷᠭᠢ᠎ᠶᠢᠨ ᠥᠷᠢᠰᠦᠯᠳᠦᠭᠡᠨ᠎ᠦ ᠰᠢᠨ᠎ᠡ ᠵᠠᠮ᠎ᠢ ᠤᠷᠢᠳᠴᠢᠯᠠᠨ ᠪᠠᠢᠷᠢᠯᠠᠭᠤᠯᠵᠤ ᠪᠤᠢ᠃ ᠣᠷᠳᠣᠰ᠎ᠤᠨ ᠰᠢᠨ᠎ᠡ ᠡᠨᠧᠷᠭᠢ᠎ᠶᠢᠨ ᠰᠤᠳᠤᠯᠭᠠᠨ᠎ᠤ ᠬᠦᠷᠢᠶᠡᠯᠡᠩ᠎ᠦᠨ ᠤᠰᠤᠲᠥ᠋ᠷᠥᠭᠴᠢ ᠮᠠᠲᠧᠷᠢᠶᠠᠯ᠎ᠤᠨ ᠲᠤᠷᠰᠢᠯᠲᠠ᠎ᠶᠢᠨ ᠲᠠᠰᠤᠭ᠎ᠲᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ ᠥᠨᠳᠥᠷ ᠴᠢᠳᠠᠪᠬᠢᠲᠤ ᠱᠦᠯᠲᠦᠯᠢᠭ ᠴᠠᠬᠢᠯᠭᠠᠨ ᠵᠠᠳᠠᠯᠤᠯ᠎ᠤᠨ ᠤᠰᠤ᠎ᠪᠠᠷ ᠤᠰᠤᠲᠥ᠋ᠷᠥᠭᠴᠢ ᠦᠢᠯᠡᠳᠬᠦ ᠨᠡᠢᠯᠡᠮᠡᠯ ᠲᠠᠰᠤᠯᠤᠪᠴᠢ᠎ᠶᠢ ᠲᠡᠰ ᠳᠡᠪᠰᠢᠭᠦᠯᠦᠨ ᠰᠤᠳᠤᠯᠵᠤ ᠪᠤᠢ᠃ ᠲᠣᠰ ᠰᠤᠳᠤᠯᠭᠠᠨ᠎ᠤ ᠬᠦᠷᠢᠶᠡᠯᠡᠩ᠎ᠦᠨ ᠶᠡᠷᠦᠩᠬᠡᠢ ᠳᠠᠭᠠᠭᠠᠮᠠᠯ ᠯᠢᠨ ᠵᠢᠢ ᠴᠤᠸᠠᠨ ᠲᠠᠨᠢᠯᠴᠠᠭᠤᠯᠬᠤ᠎ᠳᠤ᠎ᠪᠠᠨ᠂ ᠰᠤᠳᠤᠯᠭᠠᠨ᠎ᠤ ᠬᠦᠷᠢᠶᠡᠯᠡᠩ᠎ᠦᠨ ᠬᠢᠨ ᠪᠣᠬᠢᠷᠳᠤᠯ ᠦᠭᠡᠢ ᠤᠰᠤᠲᠥ᠋ᠷᠥᠭᠴᠢ᠎ᠶᠢᠨ ᠪᠥᠬᠥ ᠬᠡᠯᠬᠢᠶᠡᠨ᠎ᠦ ᠮᠡᠷᠭᠡᠵᠢᠯ᠎ᠦᠨ ᠱᠢᠪᠲᠤᠯᠤᠯᠲᠠ ᠪᠠ ᠦᠷ᠎ᠡ ᠪᠦᠲᠦᠭᠡᠯ᠎ᠢ ᠤᠯᠠᠷᠢᠭᠤᠯᠬᠤ ᠠᠵᠢᠯ᠎ᠳᠤ ᠭᠦᠨᠵᠡᠭᠡᠢᠷᠡᠵᠦ᠍᠂ ᠪᠠᠢᠭᠤᠯᠤᠭᠳᠠᠭᠰᠠᠨ ᠨᠢᠭᠡ ᠵᠢᠯ᠎ᠦᠨ ᠲᠤᠷᠰᠢ ᠨᠢᠭᠡᠨᠲᠡ 30 ᠭᠠᠷᠤᠢ ᠵᠦᠢᠯ᠎ᠦᠨ ᠰᠤᠳᠤᠯᠭᠠᠨ᠎ᠤ ᠦᠷ᠎ᠡ ᠪᠦᠲᠦᠭᠡᠯ ᠣᠯᠣᠭᠰᠠᠨ ᠪᠠᠢᠨ᠎ᠠ ᠭᠡᠵᠢ᠃ 

《ᠤᠰᠤᠲᠥ᠋ᠷᠥᠭᠴᠢ ᠡᠨᠧᠷᠭᠢ᠎ᠶᠢᠨ ᠠᠵᠤ ᠦᠢᠯᠡᠰ᠎ᠢ ᠨᠡᠯᠦᠭᠡᠷ ᠶᠡᠬᠡ ᠬᠥᠬᠡ ᠲᠠᠩᠭᠢᠰ ᠭᠡᠵᠦ᠍ ᠦᠵᠡᠵᠦ᠍ ᠪᠣᠯᠣᠨ᠎ᠠ᠃》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠦ᠎ᠪᠡᠨ᠂ ᠥᠪᠥᠷ ᠮᠣᠩᠭᠣᠯ ᠤᠰᠤᠲᠥ᠋ᠷᠥᠭᠴᠢ ᠡᠨᠧᠷᠭᠢ᠎ᠶᠢᠨ ᠠᠵᠤ ᠦᠢᠯᠡᠰ᠎ᠦᠨ ᠰᠢᠨ᠎ᠡ ᠠᠵᠠ ᠲᠣᠬᠢᠶᠠᠯ᠎ᠢ ᠵᠠᠪᠳᠤᠨ᠂ ᠪᠣᠬᠢᠷᠳᠤᠯ ᠦᠭᠡᠢ ᠤᠰᠤᠲᠥ᠋ᠷᠥᠭᠴᠢ᠎ᠶᠢᠨ ᠪᠥᠬᠥ ᠠᠵᠤ ᠦᠢᠯᠡᠰ᠎ᠦᠨ ᠬᠡᠯᠬᠢᠶ᠎ᠡ᠎ᠶᠢ ᠪᠥᠬᠥ ᠬᠦᠴᠦᠨ᠎ᠢᠶᠡᠷ᠎ᠢᠶᠡᠨ ᠬᠥᠭᠵᠢᠭᠦᠯᠵᠦ᠂ 2025 ᠣᠨ᠎ᠤ ᠡᠴᠦᠰ ᠪᠣᠯᠬᠤ᠎ᠳᠤ᠂ ᠥᠪᠥᠷ ᠮᠣᠩᠭᠣᠯ᠎ᠤᠨ ᠬᠢᠨ ᠤᠯᠤᠰ᠎ᠤᠨ ᠳᠣᠲᠣᠭᠠᠳᠤ᠎ᠳᠤ ᠣᠷᠣᠢᠯᠠᠭ᠍ᠰᠠᠨ ᠤᠰᠤᠲᠥ᠋ᠷᠥᠭᠴᠢ ᠡᠨᠧᠷᠭᠢ᠎ᠶᠢ ᠦᠢᠯᠡᠳᠴᠦ ᠭᠠᠷᠭᠠᠬᠤ᠂ ᠨᠦᠭᠡᠴᠡᠯᠡᠵᠦ᠍ ᠲᠡᠭᠡᠭᠡᠪᠦᠷᠢᠯᠡᠬᠦ ᠪᠠ ᠬᠡᠷᠡᠭᠯᠡᠬᠦ᠎ᠶᠢ ᠨᠢᠭᠡ ᠴᠣᠭᠴᠠᠵᠢᠭᠤᠯᠤᠨ ᠬᠥᠭᠵᠢᠭᠦᠯᠬᠦ ᠤᠰᠤᠲᠥ᠋ᠷᠥᠭᠴᠢ ᠡᠨᠧᠷᠭᠢ᠎ᠶᠢᠨ ᠠᠵᠤ ᠦᠢᠯᠡᠰ᠎ᠦᠨ ᠪᠦᠯᠦᠭ᠌ᠵᠢᠯ᠎ᠢ ᠠᠩᠬ᠎ᠠ ᠠᠯᠬᠤᠮ ᠪᠣᠶ ᠪᠣᠯᠭᠠᠨ᠎ᠠ ᠭᠡᠵᠡᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ