ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠡᠴᠡ 《2025 ᠣᠨ᠎ᠤ ᠥᠪᠡᠷᠲᠡᠭᠡᠨ ᠵᠠᠰᠠᠬᠤ ᠣᠷᠣᠨ᠎ᠤ 〈ᠴᠢᠬᠤᠯᠠ ᠡᠨᠧᠷᠭᠢ ᠬᠢᠭᠡᠳ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋〉᠎ᠤᠨ ᠬᠦᠷᠢᠶᠡᠨ᠎ᠳᠡᠬᠢ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠦᠭ᠌ᠰᠡᠨ ᠵᠢᠱ᠌ᠢᠶ᠎ᠡ ᠦᠵᠡᠭᠦᠯᠬᠦ ᠴᠢᠬᠤᠯᠠ ᠶᠡᠬᠡ ᠢᠨᠵᠧᠨᠧᠷᠢᠩ᠎ᠦᠨ ᠲᠤᠰᠬᠠᠢ ᠵᠦᠢᠯ᠎ᠦᠨ ᠰᠡᠳᠦᠪ ᠲᠣᠭ᠍ᠲᠠᠭᠠᠭ᠍ᠰᠠᠨ ᠨᠡᠷᠡᠰ》᠎ᠢ ᠨᠡᠢᠲᠡᠯᠡᠪᠡ᠃ 《ᠨᠡᠭᠦᠷᠡᠰᠦ᠎ᠪᠡᠷ ᠰᠠᠭᠤᠷᠢᠯᠠᠭ᠍ᠰᠠᠨ ᠣᠨᠴᠠ ᠲᠥᠷᠥᠯ᠎ᠦᠨ ᠡᠰᠲᠧᠷᠦᠨ ᠪᠦᠭᠡᠭᠡᠨᠡᠪᠦᠷᠢ᠎ᠶ᠋ᠢᠨ ᠠᠵᠤ ᠦᠶ᠋ᠢᠯᠡᠰᠵᠢᠯᠲᠡ᠎ᠶᠢᠨ ᠵᠠᠩᠭᠢᠯᠠᠭ᠎ᠠ ᠪᠣᠯᠬᠤ ᠲᠠᠩ ᠪᠡᠶᠡᠲᠦ᠎ᠶ᠋ᠢᠨ ᠵᠠᠪᠰᠠᠷ᠎ᠤᠨ ᠲᠤᠷᠰᠢᠯᠲᠠ᠎ᠶᠢᠨ ᠮᠡᠷᠭᠡᠵᠢᠯ᠎ᠢ ᠰᠤᠳᠤᠯᠤᠨ ᠨᠡᠭᠡᠭᠡᠯᠲᠡ》 《AI᠎ᠳᠦ ᠰᠠᠭᠤᠷᠢᠯᠠᠭ᠍ᠰᠠᠨ ᠤᠰᠤᠲᠥ᠋ᠷᠥᠭᠴᠢ᠎ᠶᠢᠨ ᠡᠨᠧᠷᠭᠢ᠎ᠶᠢ ᠨᠥᠭᠡᠴᠡᠯᠡᠵᠦ᠍ ᠳᠠᠮᠵᠢᠭᠤᠯᠬᠤ ᠲᠣᠨᠣᠭ ᠲᠦᠬᠦᠭᠡᠷᠦᠮᠵᠢᠳᠦ ᠤᠰᠤᠲᠥ᠋ᠷᠥᠭᠴᠢ᠎ᠶᠢ ᠳᠠᠭᠠᠭᠠᠬᠤ ᠬᠡᠦᠷᠡᠭ ᠬᠣᠪᠣᠷ ᠰᠢᠷᠣᠢ᠎ᠶᠢᠨ ᠪᠢᠴᠢᠯ ᠬᠠᠢᠯᠤᠰᠢ᠎ᠶᠢᠨ ᠰᠢᠨ᠎ᠡ ᠮᠠᠲ᠋ᠧᠷᠢᠶᠠᠯ᠎ᠤᠨ ᠨᠡᠭᠡᠭᠡᠨ ᠬᠥᠭ᠌ᠵᠢᠯᠲᠡ ᠪᠠ ᠵᠢᠱ᠌ᠢᠶ᠎ᠡ ᠦᠵᠡᠭᠦᠯᠬᠦ᠌ ᠬᠡᠷᠡᠭ᠌ᠯᠡᠯᠲᠡ》 《ᠰᠠᠯᠬᠢ ᠭᠡᠷᠡᠯ ᠳ᠋ᠢᠭᠢᠲ ᠨᠥᠭᠡᠴᠡ᠎ᠶ᠋ᠢ ᠨᠢᠭᠡ ᠴᠣᠭᠴᠠᠵᠢᠭᠤᠯᠬᠤ ᠵᠠᠩᠭᠢᠯᠠᠭ᠎ᠠ᠎ᠶᠢᠨ ᠮᠡᠷᠭᠡᠵᠢᠯ᠎ᠦᠨ ᠰᠤᠳᠤᠯᠭᠠᠨ ᠪᠠ ᠬᠡᠷᠡᠭ᠌ᠯᠡᠯᠲᠡ》 《ᠳᠠᠪᠤᠰᠤᠨ ᠨᠠᠭᠤᠷ᠎ᠤᠨ ᠱᠢᠭᠦᠰᠦᠯᠢᠭ ᠤᠰᠤ᠎ᠶᠢ ᠴᠡᠪᠡᠷᠰᠢᠭᠦᠯᠬᠦ ᠪᠠ ᠵᠢᠩᠨᠡᠭᠰᠡᠨ ᠰᠢᠪᠲᠦᠷᠲᠦ ᠺᠠᠯᠼ᠎ᠤᠨ ᠰᠢᠩᠭᠡᠨᠦ ᠡᠬᠢ ᠪᠠᠶᠠᠯᠢᠭ᠎ᠤᠨ ᠶᠡᠷᠦᠩᠬᠡᠢᠯᠡᠭ᠌ᠰᠡᠨ ᠳᠠᠬᠢᠨ ᠠᠱᠢᠭ᠍ᠯᠠᠬᠤ ᠵᠠᠩᠭᠢᠯᠠᠭ᠎ᠠ᠎ᠶᠢᠨ ᠮᠡᠷᠭᠡᠵᠢᠯ᠎ᠢ ᠰᠤᠳᠤᠯᠤᠨ ᠨᠡᠭᠡᠭᠡᠯᠲᠡ ᠪᠠ ᠬᠡᠷᠡᠭ᠌ᠯᠡᠯᠲᠡ᠎ᠶ᠋ᠢᠨ ᠵᠢᠱ᠌ᠢᠶ᠎ᠡ ᠦᠵᠡᠭᠦᠯᠬᠦ ᠲᠥᠷᠥᠯ ᠵᠦᠢᠯ》 《ᠪᠣᠬᠢᠷᠲᠤᠯ ᠦᠭᠡᠢ ᠡᠨᠧᠷᠭᠢ᠎ᠳᠦ ᠰᠠᠭᠤᠷᠢᠯᠠᠭ᠍ᠰᠠᠨ ᠬᠣᠯᠢᠮᠠᠭ ᠬᠥᠳᠡᠯᠭᠡᠭᠴᠢ ᠬᠦᠴᠦᠨ ᠪᠦᠬᠦᠢ ᠬᠦᠨᠳᠦ ᠠᠴᠢᠶᠠᠨ᠎ᠤ ᠮᠠᠱᠢᠨ᠎ᠤ ᠨᠡᠭᠡᠭᠡᠨ ᠬᠥᠭ᠌ᠵᠢᠯᠲᠡ》 ᠵᠡᠷᠭᠡ ᠴᠢᠬᠤᠯᠠ ᠡᠨᠧᠷᠭᠢ᠎ᠶᠢᠨ ᠰᠤᠷᠪᠤᠯᠵᠢ ᠬᠢᠭᠡᠳ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠬᠦᠷᠢᠶᠡᠨ᠎ᠳᠡᠬᠢ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠦᠭ᠌ᠰᠡᠨ 5 ᠴᠢᠬᠤᠯᠠ ᠶᠡᠬᠡ ᠵᠢᠱ᠌ᠢᠶ᠎ᠡ ᠦᠵᠡᠭᠦᠯᠬᠦ ᠲᠦᠷᠦᠯ ᠵᠦᠢᠯ᠎ᠢ ᠵᠢᠩᠬᠢᠨᠢ᠎ᠪᠡᠷ ᠡᠬᠢᠯᠡᠭᠦᠯᠵᠦ᠂ ᠲᠦᠷᠦᠯ ᠵᠦᠢᠯ᠎ᠦᠨ ᠶᠡᠷᠦᠩᠬᠡᠢ ᠳᠡᠮᠵᠢᠬᠦ᠌ ᠪᠡᠯᠡ ᠮᠥᠩᠭᠥ ᠨᠢ 2500 ᠲᠦᠮᠡᠨ ᠲᠥᠭᠥᠷᠢᠭ᠎ᠲᠦ ᠬᠥᠷᠪᠡ᠃
ᠲᠣᠰ ᠤᠳᠠᠭᠠᠨ᠎ᠤ ᠲᠤᠰᠬᠠᠢ ᠵᠦᠢᠯ ᠨᠢ ᠥᠪᠡᠷᠲᠡᠭᠡᠨ ᠵᠠᠰᠠᠬᠤ ᠣᠷᠣᠨ᠎ᠤ ᠡᠨᠧᠷᠭᠢ ᠬᠢᠭᠡᠳ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠠᠩᠬᠠᠷᠤᠯ ᠲᠥᠪᠯᠡᠷᠡᠭᠦᠯᠵᠦ᠂ ᠰᠢᠨ᠎ᠡ ᠡᠨᠧᠷᠭᠢ᠎ᠶᠢ ᠨᠡᠭᠡᠭᠡᠨ ᠬᠥᠭᠵᠢᠭᠦᠯᠬᠦ᠂ ᠡᠬᠢ ᠪᠠᠶᠠᠯᠢᠭ᠋᠎ᠢ ᠥᠨᠳᠥᠷ ᠪᠦᠲᠦᠮᠵᠢᠲᠡᠶ ᠠᠰᠢᠭ᠍ᠯᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠵᠡᠷᠭᠡ ᠵᠠᠩᠭᠢᠯᠠᠭ᠎ᠠ᠎ᠶᠢᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠬᠡᠷᠡᠭᠴᠡᠭᠡ ᠱᠠᠭᠠᠷᠳᠠᠯᠭ᠎ᠠ᠎ᠶ᠋ᠢ ᠣᠨᠢᠯᠠᠨ᠂ ᠰᠢᠨ᠎ᠡ ᠮᠠᠲᠧᠷᠢᠶᠠᠯ᠎ᠢ ᠰᠤᠳᠤᠯᠤᠨ ᠨᠡᠭᠡᠭᠡᠬᠦ᠂ ᠵᠣᠬᠢᠶᠠᠮᠠᠯ ᠤᠶᠤᠨ᠎ᠢ ᠬᠡᠷᠡᠭ᠌ᠯᠡᠬᠦ᠌᠂ ᠰᠠᠯᠬᠢ ᠭᠡᠷᠡᠯ ᠨᠥᠭᠡᠴᠡ᠎ᠶ᠋ᠢ ᠨᠢᠭᠡ ᠴᠣᠭᠴᠠᠵᠢᠭᠤᠯᠬᠤ ᠵᠡᠷᠭᠡ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ᠎ᠳᠦ ᠰᠢᠰᠲᠧᠮᠲᠦ ᠴᠢᠨᠠᠷᠲᠠᠢ ᠮᠡᠷᠭᠡᠵᠢᠯ᠎ᠦᠨ ᠲᠤᠯᠭᠠᠭᠤᠷᠢᠯᠠᠯ ᠬᠠᠩᠭᠠᠬᠤ ᠪᠣᠯᠣᠨ᠎ᠠ᠃ ᠲᠦᠷᠦᠯ ᠵᠦᠢᠯ ᠨᠢ ᠨᠡᠭᠦᠷᠡᠰᠦ᠎ᠪᠡᠷ ᠰᠠᠭᠤᠷᠢᠯᠠᠭ᠍ᠰᠠᠨ ᠣᠨᠴᠠ ᠲᠦᠷᠦᠯ᠎ᠦᠨ ᠡᠰᠲᠧᠷᠦᠨ ᠪᠦᠭᠡᠭᠡᠨᠡᠪᠦᠷᠢ᠎ᠶ᠋ᠢ ᠠᠵᠤ ᠦᠢᠯᠡᠰᠵᠢᠭᠦᠯᠬᠦ᠂ ᠤᠰᠤᠲᠥ᠋ᠷᠥᠭᠴᠢ ᠡᠨᠧᠷᠭᠢ᠎ᠶᠢ ᠨᠥᠭᠡᠴᠡᠯᠡᠵᠦ᠍ ᠳᠠᠮᠵᠢᠭᠤᠯᠬᠤ ᠲᠤᠨᠤᠭ ᠲᠥᠬᠦᠭᠡᠷᠦᠮᠵᠢ᠎ᠶᠢᠨ ᠱᠢᠨ᠎ᠡ ᠮᠠᠲ᠋ᠧᠷᠢᠶᠠᠯ᠂ ᠳᠠᠪᠤᠰᠤᠨ ᠨᠠᠭᠤᠷ᠎ᠤᠨ ᠡᠬᠢ ᠪᠠᠶᠠᠯᠢᠭ᠋᠎ᠢ ᠶᠡᠷᠦᠩᠬᠡᠢᠯᠡᠨ ᠠᠰᠢᠭ᠍ᠯᠠᠬᠤ ᠵᠡᠷᠭᠡ ᠬᠦᠴᠢᠷ ᠠᠰᠠᠭᠤᠳᠠᠯ᠎ᠤᠨ ᠲᠣᠭᠣᠷᠢᠨ᠎ᠳᠤ ᠪᠣᠭᠣᠮᠲᠠ ᠰᠢᠪᠲᠤᠯᠬᠤ᠎ᠶᠢ ᠭᠣᠣᠯᠳᠠᠯᠭ᠎ᠠ᠎ᠲᠠᠢ ᠥᠷᠨᠢᠭᠦᠯᠵᠦ᠂ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠨ᠎ᠢ ᠲᠥᠪᠯᠡᠷᠡᠭᠦᠯᠦᠨ ᠡᠨᠧᠷᠭᠢ ᠬᠢᠭᠡᠳ ᠡᠬᠢ ᠪᠠᠶᠠᠯᠢᠭ᠋᠎ᠤᠨ ᠬᠦᠷᠢᠶᠡᠨ᠎ᠳᠡᠬᠢ ᠮᠡᠷᠭᠡᠵᠢᠯ᠎ᠦᠨ ᠪᠣᠭᠣᠮᠢ᠎ᠶᠢ ᠠᠷᠢᠯᠭᠠᠵᠤ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠠᠮᠤᠷ ᠲᠦᠪᠰᠢᠨ ᠪᠠ ᠪᠣᠬᠢᠷᠲᠤᠯ ᠦᠭᠡᠢ ᠬᠥᠭᠵᠢᠯᠲᠡ᠎ᠳᠦ ᠪᠣᠯᠪᠠᠰᠤᠷᠠᠩᠭᠤᠢ ᠮᠡᠷᠭᠡᠵᠢᠯ ᠬᠢᠭᠡᠳ ᠰᠢᠨᠵᠢᠯᠡᠬᠦ ᠤᠬᠠᠭᠠᠨ᠎ᠤ ᠲᠥᠰᠥᠯ᠎ᠢ ᠬᠠᠩᠭᠠᠬᠤ ᠪᠣᠯᠣᠨ᠎ᠠ᠃
ᠳᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ ᠨᠢ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠬᠦᠷᠢᠶᠡᠨ᠎ᠳᠡᠬᠢ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠣᠷᠣᠭᠤᠯᠤᠯᠲᠠ᠎ᠶᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠤᠯᠠᠮᠵᠢᠯᠠᠯᠲᠤ ᠡᠨᠧᠷᠭᠢ᠎ᠶᠢᠨ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠰᠢᠬᠦ᠎ᠶᠢ ᠠᠬᠢᠭᠤᠯᠵᠤ᠂ ᠪᠣᠬᠢᠷᠲᠤᠯ ᠦᠭᠡᠢ ᠡᠨᠧᠷᠭᠢ᠎ᠶᠢ ᠶᠡᠬᠡᠪᠡᠷ ᠬᠥᠭᠵᠢᠭᠦᠯᠵᠦ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠭᠠᠵᠠᠷ᠎ᠢ ᠪᠤᠵᠠᠭᠠᠢᠷᠠᠭᠤᠯᠤᠨ ᠬᠦᠴᠦᠷᠬᠡᠭᠵᠢᠭᠦᠯᠬᠦ᠎ᠪᠡᠷ ᠴᠢᠷᠮᠠᠢᠨ᠎ᠠ᠃