ᠴᠢᠬᠤᠯᠠ ᠶᠡᠬᠡ ᠲᠥᠷᠥᠯ ᠵᠤᠢ᠍ᠯ᠎ᠢ ᠤᠬᠠᠭᠠᠯᠠᠨ ᠲᠥᠯᠥᠪᠯᠡᠬᠦ᠌ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠠᠯᠠᠭ᠎ᠠ ᠮᠥᠴᠢᠷ᠎ᠤᠨ ᠬᠢᠨ ᠴᠢᠬᠤᠯᠠ ᠶᠡᠬᠡ ᠲᠥᠷᠥᠯ ᠵᠦᠢᠯ᠎ᠢ ᠲᠦᠯᠦᠪᠵᠢᠭᠦᠯᠦᠨ ᠠᠬᠢᠭᠤᠯᠵᠤ ᠲᠦᠷᠦᠯ ᠵᠦᠢᠯ᠎ᠦᠨ ᠨᠠᠢᠳᠠᠪᠤᠷᠢᠵᠢᠭᠤᠯᠤᠯᠲᠠ ᠬᠡᠷᠡᠭ᠌ᠵᠢᠭᠦᠯᠦᠯᠲᠡ᠎ᠶ᠋ᠢ ᠲᠦᠷᠭᠡᠳᠭᠡᠵᠦ᠍ ᠪᠤᠢ
ᠨᠡᠶ᠋ᠢᠲᠡᠯᠡᠭᠰᠡᠨ ᠴᠠᠭ᠄ 2025-07-16

ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠠᠯᠠᠭ᠎ᠠ ᠮᠥᠴᠢᠷ᠎ᠦᠨ ᠬᠢᠨ ᠴᠢᠬᠤᠯᠠ ᠶᠡᠬᠡ ᠲᠦᠷᠦᠯ ᠵᠦᠢᠯ᠎ᠢ ᠲᠥᠯᠥᠪᠵᠢᠭᠦᠯᠦᠨ ᠠᠬᠢᠭᠤᠯᠵᠤ᠂ ᠲᠦᠷᠦᠯ ᠵᠦᠢᠯ᠎ᠦᠨ ᠨᠠᠢᠳᠠᠪᠤᠷᠢᠵᠢᠭᠤᠯᠤᠯᠲᠠ ᠬᠡᠷᠡᠭ᠌ᠵᠢᠭᠦᠯᠦᠯᠲᠡ᠎ᠶ᠋ᠢ ᠲᠦᠷᠭᠡᠳᠭᠡᠵᠦ᠍ ᠪᠤᠢ᠃ ᠨᠢᠭᠡ᠎ᠳᠦ ᠴᠢᠬᠤᠯᠠ ᠶᠡᠬᠡ ᠲᠥᠷᠥᠯ ᠵᠦᠢᠯ᠎ᠢ ᠲᠥᠯᠥᠪᠵᠢᠭᠦᠯᠬᠦ ᠠᠵᠢᠯᠯᠠᠭᠠᠨ᠎ᠢ ᠨᠠᠢᠳᠠᠪᠤᠷᠢᠵᠢᠭᠤᠯᠵᠤ᠂ 《ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢᠯᠡᠭᠰᠡᠨ ᠵᠠᠮ ᠬᠠᠷᠢᠯᠴᠠᠭᠠᠨ᠎ᠤ ᠰᠠᠭᠤᠷᠢ ᠪᠡᠯᠡᠳᠬᠡᠮᠵᠢ᠎ᠶᠢᠨ ᠴᠢᠬᠤᠯᠠ ᠶᠡᠬᠡ ᠲᠥᠷᠥᠯ ᠵᠦᠢᠯ᠎ᠢ ᠲᠥᠯᠥᠪᠵᠢᠭᠦᠯᠬᠦ ᠠᠵᠢᠯᠯᠠᠭᠠᠨ᠎ᠤ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠶᠠᠪᠤᠭᠤᠯᠵᠤ᠂ ᠶᠡᠷᠦᠩᠬᠡᠢᠯᠡᠭᠰᠡᠨ ᠵᠠᠮ ᠬᠠᠷᠢᠯᠴᠠᠭᠠᠨ᠎ᠤ ᠴᠢᠬᠤᠯᠠ ᠶᠡᠬᠡ ᠲᠥᠷᠥᠯ ᠵᠦᠢᠯ᠎ᠢ 130 ᠲᠥᠯᠥᠪᠵᠢᠭᠦᠯᠵᠦ᠂ ᠨᠡᠶ᠋ᠢᠲᠡ 7500 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠪᠠ᠂ ᠡᠭᠦᠨ᠎ᠳᠦ᠂ ᠵᠠᠰᠠᠮᠠᠯ ᠵᠠᠮ᠎ᠦᠨ ᠲᠦᠷᠦᠯ ᠵᠦᠢᠯ 89 ᠪᠠᠢᠵᠤ᠂ 2245 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠨ᠂ ᠲᠡᠮᠦᠷ ᠵᠠᠮ᠎ᠤᠨ ᠲᠦᠷᠦᠯ ᠵᠦᠢᠯ 20ᠪᠠᠢᠵᠤ᠂ 4950 ᠳ᠋ᠦᠩᠰᠢᠭᠤᠷ ᠲᠦᠭᠦᠷᠢᠭ᠎ᠦᠨ ᠪᠡᠯᠡ ᠣᠷᠣᠭᠤᠯᠵᠤ᠂ ᠨᠢᠰᠭᠡᠯ᠎ᠦᠨ ᠪᠠᠭᠤᠳᠠᠯ᠎ᠤᠨ ᠲᠦᠷᠦᠯ ᠵᠦᠢᠯ 21 ᠪᠠᠢᠵᠤ᠂ 305 ᠳ᠋ᠦᠩᠰᠢᠭᠤᠷ ᠲᠦᠭᠦᠷᠢᠭ᠎ᠦᠨ ᠪᠡᠯᠡ ᠣᠷᠣᠭᠤᠯᠪᠠ᠃ ᠬᠣᠶᠠᠷ᠎ᠲᠤ ᠪᠠᠢᠭᠤᠯᠵᠤ ᠪᠠᠢᠭ᠎ᠠ ᠪᠠ ᠰᠢᠨ᠎ᠡ᠎ᠪᠡᠷ ᠠᠵᠢᠯ ᠡᠬᠢᠯᠡᠭᠦᠯᠵᠦ ᠪᠠᠢᠭ᠎ᠠ ᠲᠥᠷᠥᠯ ᠵᠦᠢᠯ᠎ᠢ ᠪᠦᠲᠦᠮᠵᠢᠲᠡᠶ ᠵᠣᠯᠭᠠᠭᠤᠯᠬᠤ᠎ᠪᠠᠨ ᠴᠢᠩᠭᠠᠳᠬᠠᠵᠤ᠂ ᠪᠡᠯᠡ ᠣᠷᠣᠭᠤᠯᠬᠤ ᠨᠥᠭᠡᠴᠡ ᠡᠷᠴᠢᠮ᠎ᠢ ᠴᠢᠩᠭᠠᠷᠠᠭᠤᠯᠤᠨ᠂ ᠳᠡᠭᠡᠷ᠎ᠡ ᠬᠠᠭᠠᠰ ᠵᠢᠯ᠎ᠳᠦ ᠪᠥᠬᠥ ᠣᠷᠣᠨ᠎ᠤ ᠶᠡᠷᠦᠩᠬᠡᠢᠯᠡᠭᠰᠡᠨ ᠵᠠᠮ ᠬᠠᠷᠢᠯᠴᠠᠭᠠᠨ᠎ᠤ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠳᠦ 181 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠪᠠ᠃ ᠪᠡᠯᠡ ᠮᠥᠩᠭᠥ ᠣᠯᠬᠤ ᠡᠷᠴᠢᠮ᠎ᠢᠶᠡᠨ ᠴᠢᠩᠭᠠᠷᠠᠭᠤᠯᠵᠤ᠂ ᠢᠳᠡᠪᠬᠢᠲᠡᠢ᠎ᠪᠡᠷ ᠪᠡᠯᠡ ᠮᠥᠩᠭᠦ᠌ ᠣᠯᠬᠤ᠎ᠪᠠᠷ ᠴᠢᠷᠮᠠᠢᠵᠤ᠂ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ᠎ᠳᠤ ᠨᠡᠶ᠋ᠢᠲᠡ 119.3 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ᠎ᠶᠢ ᠨᠠᠢᠳᠠᠪᠤᠷᠢᠵᠢᠭᠤᠯᠪᠠ᠂ ᠡᠭᠦᠨ᠎ᠳᠦ᠂ ᠲᠥᠪ᠎ᠡᠴᠡ 94.9 ᠳ᠋ᠦᠩᠰᠢᠭᠤᠷ ᠲᠦᠭᠦᠷᠢᠭ᠎ᠦᠨ ᠪᠡᠯᠡ ᠮᠥᠩᠭᠥ᠎ᠶ᠋ᠢ ᠣᠯᠵᠤ᠂ ᠨᠢᠳᠤᠨᠤᠨ᠎ᠤ ᠪᠥᠬᠥ ᠵᠢᠯ᠎ᠦᠨ ᠬᠢ᠎ᠡᠴᠡ 23.6%᠎ᠪᠠᠷ ᠨᠡᠮᠡᠭᠳᠡᠪᠡ; ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠡᠴᠡ 24.4 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ᠎ᠶ᠋ᠢ ᠣᠯᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠲᠠᠢ ᠠᠳᠠᠯᠢᠬᠠᠨ ᠪᠠᠢᠪᠠ᠃ ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 40 ᠳ᠋ᠦᠩᠰᠢᠭᠤᠷ ᠲᠥᠭᠥᠷᠢᠭ᠎ᠦᠨ ᠲᠤᠰᠬᠠᠢ ᠵᠢᠭᠡᠯᠡᠯᠭᠡ᠎ᠶᠢ ᠲᠠᠷᠬᠠᠭᠠᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠲᠠᠢ ᠦᠨᠳᠦᠰᠦᠨ᠎ᠳᠦ᠎ᠪᠡᠨ ᠠᠳᠠᠯᠢ ᠪᠣᠯᠪᠠ᠃ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠣᠨ ᠯᠤᠭ᠎ᠠ ᠵᠣᠬᠢᠴᠠᠭᠤᠯᠵᠤ ᠪᠠᠢᠭᠠᠳ ᠤᠯᠤᠰ᠎ᠤᠨ ᠡᠩ᠎ᠦᠨ ᠵᠠᠮ 5 ᠪᠠ ᠠᠶᠠᠨᠴᠢᠳ᠎ᠤᠨ ᠵᠥᠭᠡᠭᠡᠪᠦᠷᠢ᠎ᠶ᠋ᠢᠨ ᠬᠦᠢᠰᠦ ᠪᠣᠯᠬᠤ 1 ᠲᠦᠷᠦᠯ ᠵᠦᠢᠯ᠎ᠦᠨ ᠲᠥᠪ᠎ᠦᠨ ᠪᠡᠯᠡ ᠮᠥᠩᠭᠥ᠎ᠳᠤ ᠬᠢᠨᠠᠨ ᠲᠣᠭᠲᠠᠭᠠᠭᠰᠠᠨ ᠰᠠᠨᠠᠯ ᠭᠠᠷᠭᠠᠪᠠ᠃ ᠭᠤᠷᠪᠠ᠎ᠳᠤ ᠤᠯᠤᠰ᠎ᠤᠨ 《ᠨᠢᠭᠡ ᠴᠢᠬᠤᠯᠠ ᠨᠢᠭᠡ ᠭᠣᠣᠯᠳᠠᠯᠭ᠎ᠠ》᠎ᠶ᠋ᠢᠨ ᠣᠨᠴᠠᠭᠠᠶ ᠵᠢᠭᠡᠯᠡᠯᠭᠡ᠎ᠶ᠋ᠢ ᠣᠯᠬᠤ᠎ᠪᠠᠷ ᠢᠳᠡᠪᠬᠢᠲᠡᠢ ᠴᠢᠷᠮᠠᠢᠵᠤ᠂ ᠬᠣᠶᠠᠳᠤᠭᠠᠷ ᠪᠦᠯᠦᠭ᠎ᠲᠦ ᠯᠢᠨ ᠾᠧ᠎ᠡᠴᠡ ᠬᠠᠮᠢ ᠬᠦᠷᠬᠦ᠌ ᠲᠡᠮᠦᠷ ᠵᠠᠮ᠎ᠤᠨ ᠪᠦᠲᠦᠭᠡᠨ ᠪᠠᠢᠭᠤᠯᠤᠯᠲᠠ᠎ᠶ᠋ᠢᠨ ᠲᠦᠷᠦᠯ ᠵᠦᠢᠯ᠎ᠢ ᠮᠡᠳᠡᠭᠦᠯᠵᠦ᠍᠂ 17 ᠳ᠋ᠦᠩᠰᠢᠭᠤᠷ ᠲᠦᠭᠦᠷᠢᠭ ᠭᠤᠶᠤᠴᠢᠯᠠᠪᠠ᠃ ᠳᠥᠷᠪᠡ᠎ᠳᠦ ᠡᠮᠦᠨᠡᠬᠢ ᠬᠤᠭᠤᠴᠠᠭᠠᠨ᠎ᠤ ᠠᠵᠢᠯ᠎ᠢ ᠲᠦᠯᠬᠢᠨ ᠠᠬᠢᠭᠤᠯᠬᠤ ᠡᠷᠴᠢᠮ᠎ᠢᠶᠡᠨ ᠴᠢᠩᠭᠠᠷᠠᠭᠤᠯᠵᠤ᠂ 《ᠪᠡᠯᠡ ᠣᠷᠣᠭᠤᠯᠤᠯᠲᠠ᠎ᠶᠢᠨ ᠬᠡᠪᠴᠢᠶ᠎ᠡ ᠶᠡᠬᠡ᠂ ᠪᠦᠲᠦᠭᠡᠨ ᠪᠠᠢᠭᠤᠯᠤᠯᠲᠠ᠎ᠶᠢᠨ ᠬᠦᠴᠢᠷᠳᠡᠯ ᠶᠡᠬᠡ》 ᠰᠦᠢᠳᠬᠡᠯ ᠬᠤᠷᠢᠶᠠᠬᠤ ᠵᠠᠰᠠᠮᠠᠯ ᠵᠠᠮ᠎ᠤᠨ ᠲᠥᠷᠥᠯ ᠵᠦᠢᠯ᠎ᠢ ᠮᠠᠭᠠᠳᠯᠠᠨ ᠲᠣᠭᠲᠠᠭᠠᠬᠤ ᠪᠠᠷᠢᠮᠵᠢᠶ᠎ᠠ᠎ᠶᠢ ᠲᠣᠳᠣᠷᠬᠠᠢᠯᠠᠨ᠂ ᠭᠣᠣᠯᠳᠠᠯᠭ᠎ᠠ ᠪᠣᠯᠬᠤ ᠵᠠᠰᠠᠮᠠᠯ ᠵᠠᠮ᠎ᠤᠨ ᠲᠥᠷᠥᠯ ᠵᠦᠢᠯ᠎ᠦᠨ ᠡᠮᠦᠨᠡᠬᠢ ᠬᠤᠭᠤᠴᠠᠭᠠᠨ᠎ᠤ ᠠᠵᠢᠯ᠎ᠤᠨ ᠲᠥᠯᠥᠪᠯᠡᠭᠡ᠎ᠶᠢ ᠲᠣᠭᠲᠠᠭᠠᠵᠤ᠂ ᠳᠡᠭᠡᠷ᠎ᠡ ᠬᠠᠭᠠᠰ ᠵᠢᠯ᠎ᠳᠦ ᠢᠨᠵᠧᠨᠧᠷᠢᠩ᠎ᠦᠨ ᠪᠣᠯᠣᠮᠵᠢᠲᠤ ᠴᠢᠨᠠᠷ᠎ᠤᠨ ᠰᠤᠳᠤᠯᠭᠠᠨ᠎ᠤ ᠠᠵᠢᠯ ᠲᠦᠷᠦᠯ᠎ᠦᠨ ᠬᠢᠨᠠᠨ ᠪᠠᠢᠴᠠᠭᠠᠯᠲᠠ᠎ᠶ᠋ᠢ 4 ᠪᠡᠶᠡᠯᠡᠭᠦᠯᠵᠦ᠂ ᠠᠵᠢᠯ ᠲᠥᠷᠥᠯ᠎ᠦᠨ ᠬᠢᠨᠠᠨ ᠪᠠᠢᠴᠠᠭᠠᠯᠲᠠ᠎ᠶᠢᠨ ᠰᠠᠨᠠᠯ᠎ᠢ 7 ᠭᠠᠷᠭᠠᠵᠤ᠂ ᠡᠮᠦᠨᠡᠬᠢ ᠬᠤᠭᠤᠴᠠᠭᠠᠨ᠎ᠤ ᠠᠵᠢᠯ᠎ᠤᠨ ᠰᠠᠨᠠᠭᠤᠯᠤᠮᠵᠢ᠎ᠶᠢᠨ ᠵᠠᠬᠢᠳᠠᠯ᠎ᠢ 10 ᠪᠠᠭᠤᠯᠭᠠᠵᠤ᠂ 9 ᠵᠦᠢᠯ᠎ᠦᠨ ᠢᠨᠵᠧᠨᠧᠷᠢᠩ᠎ᠦᠨ ᠪᠣᠯᠣᠮᠵᠢᠲᠤ ᠴᠢᠨᠠᠷ᠎ᠤᠨ ᠰᠤᠳᠤᠯᠭᠠᠨ᠎ᠤ ᠴᠣᠬᠣᠯᠠᠪᠤᠷᠢ᠎ᠶ᠋ᠢ ᠪᠡᠶᠡᠯᠡᠭᠦᠯᠵᠦ ᠠᠬᠢᠭᠤᠯᠪᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ