ᠴᠢᠬᠤᠯᠠ ᠶᠡᠬᠡ ᠲᠥᠷᠥᠯ ᠵᠤᠢ᠍ᠯ᠎ᠢ ᠤᠬᠠᠭᠠᠯᠠᠨ ᠲᠥᠯᠥᠪᠯᠡᠬᠦ᠌ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠳᠡᠭᠡᠷ᠎ᠡ ᠬᠠᠭᠠᠰ ᠵᠢᠯ᠎ᠳᠦ ᠡᠨᠧᠷᠭᠢ᠎ᠶᠢᠨ ᠴᠢᠬᠤᠯᠠ ᠶᠡᠬᠡ ᠲᠥᠷᠥᠯ ᠵᠦᠢᠯ᠎ᠦᠨ ᠪᠡᠯᠡ ᠣᠷᠣᠭᠤᠯᠤᠯᠲᠠ᠎ᠶᠢᠨ ᠡᠭᠦᠷᠭᠡ᠎ᠪᠡᠨ ᠬᠠᠭᠠᠰ᠎ᠠᠴᠠ ᠳᠡᠭᠡᠭ᠌ᠰᠢ ᠳᠠᠪᠠᠭᠤᠯᠤᠨ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-07-18

ᠡᠨᠡ ᠵᠢᠯ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠡᠨᠧᠷᠭᠢ᠎ᠶᠢᠨ ᠠᠵᠢᠯ᠎ᠤᠨ ᠲᠠᠯ᠎ᠠ᠎ᠪᠠᠷ ᠬᠢ ᠪᠠᠢᠷᠢᠯᠠᠭᠤᠯᠤᠯᠲᠠ ᠲᠣᠬᠢᠷᠠᠭᠤᠯᠤᠯᠲᠠ᠎ᠶᠢ ᠡᠷᠡᠰ ᠲᠤᠭᠤᠱᠢᠯᠠᠭᠤᠯᠵᠤ᠂ ᠪᠥᠬᠥ ᠣᠷᠣᠨ᠎ᠤ ᠠᠵᠤ ᠠᠬᠤᠢ᠎ᠶᠢᠨ ᠵᠠᠳᠠᠯᠤᠯᠲᠠ᠎ᠶᠢᠨ ᠬᠤᠷᠠᠯ᠎ᠤᠨ ᠡᠯ᠎ᠡ ᠵᠦᠢᠯ᠎ᠦᠨ ᠡᠭᠦᠷᠭᠡ᠎ᠶᠢ ᠭᠦᠨᠵᠡᠭᠡᠢ ᠨᠠᠢᠳᠠᠪᠤᠷᠢᠵᠢᠭᠤᠯᠤᠨ᠂ ᠡᠨᠧᠷᠭᠢ᠎ᠶᠢᠨ ᠴᠢᠬᠤᠯᠠ ᠶᠡᠬᠡ ᠲᠥᠷᠥᠯ ᠵᠦᠢᠯ᠎ᠦᠨ ᠪᠥᠬᠥ ᠵᠢᠯ᠎ᠦᠨ ᠠᠵᠢᠯ᠎ᠤᠨ ᠬᠠᠷᠠᠯᠲᠠ᠎ᠳᠤ ᠣᠨᠢᠯᠠᠨ᠂ ᠳᠡᠭᠡᠷ᠎ᠡ ᠬᠠᠭᠠᠰ ᠵᠢᠯ᠎ᠳᠦ ᠪᠥᠬᠥ ᠣᠷᠣᠨ᠎ᠤ ᠡᠨᠧᠷᠭᠢ᠎ᠶᠢᠨ ᠴᠢᠬᠤᠯᠠ ᠶᠡᠬᠡ ᠲᠥᠷᠥᠯ ᠵᠦᠢᠯ᠎ᠳᠦ 1657.6 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶᠢ ᠪᠡᠶᠡᠯᠡᠭᠦᠯᠵᠦ᠂ ᠠᠳᠠᠯᠢ ᠬᠤᠭᠤᠴᠠᠭᠠᠨ᠎ᠤ ᠬᠢ᠎ᠡᠴᠡ 39%᠎ᠪᠠᠷ ᠨᠡᠮᠡᠭᠳᠡᠨ᠂ ᠪᠥᠬᠥ ᠵᠢᠯ᠎ᠳᠦ ᠲᠥᠯᠥᠪᠯᠡᠭᠰᠡᠨ ᠪᠡᠯᠡ ᠣᠷᠣᠭᠤᠯᠤᠯᠲᠠ᠎ᠶᠢᠨ ᠡᠭᠦᠷᠭᠡ᠎ᠶ᠋ᠢᠨ᠎ᠢᠶᠠᠨ 52%᠎ᠢ ᠨᠢ ᠪᠡᠶᠡᠯᠡᠭᠦᠯᠵᠦ ᠂ 《ᠴᠠᠭ ᠨᠢ ᠬᠠᠭᠠᠰ ᠥᠩᠭᠡᠷᠡᠬᠦ᠌᠎ᠳᠦ ᠡᠭᠦᠷᠭᠡ᠎ᠪᠡᠨ ᠮᠦᠨ ᠬᠠᠭᠠᠰ᠎ᠠᠴᠠ ᠳᠡᠭᠡᠭ᠌ᠰᠢ ᠪᠡᠶᠡᠯᠡᠭᠦᠯᠦᠭ᠌ᠰᠡᠨ᠌》 ᠱᠠᠲᠤᠴᠢ ᠴᠢᠨᠠᠷᠲᠠᠢ ᠪᠡᠯᠡ ᠣᠷᠣᠭᠤᠯᠤᠯᠲᠠ᠎ᠶᠢᠨ ᠡᠭᠦᠷᠭᠡ᠎ᠪᠡᠨ ᠤᠷᠤᠭᠰᠢᠲᠠᠢ ᠪᠡᠶᠡᠯᠡᠭᠦᠯᠪᠡ᠃ 

ᠪᠡᠯᠡ ᠣᠷᠣᠭᠤᠯᠤᠯᠲᠠ᠎ᠠᠴᠠ ᠲᠦᠷᠦᠯ ᠬᠡᠯᠪᠡᠷᠢ ᠬᠤᠪᠢᠶᠠᠭ᠍ᠰᠠᠨ ᠦᠵᠡᠪᠡᠯ᠂ ᠰᠢᠨ᠎ᠡ ᠡᠨᠧᠷᠭᠢ᠎ᠶᠢᠨ ᠲᠦᠷᠦᠯ ᠵᠦᠢᠯ᠎ᠳᠦ 1138.6 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶᠢ ᠪᠡᠶᠡᠯᠡᠭᠦᠯᠵᠦ᠂ 35%᠎ᠪᠠᠷ ᠨᠡᠮᠡᠭ᠌ᠳᠡᠵᠦ᠍᠂ ᠨᠡᠭᠦᠷᠡᠰᠦᠨ᠎ᠦ ᠲᠦᠷᠦᠯ ᠵᠦᠢᠯ᠎ᠳᠦ 143.4 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ᠎ᠶ᠋ᠢ ᠪᠡᠶᠡᠯᠡᠭᠦᠯᠵᠦ᠂ 30%᠎ᠪᠡᠷ ᠨᠡᠮᠡᠭᠳᠡᠵᠦ᠂ ᠴᠠᠬᠢᠯᠭᠠᠨ ᠬᠦᠴᠦᠨ᠎ᠦ ᠲᠣᠣᠷ᠎ᠤᠨ ᠲᠦᠷᠦᠯ ᠵᠦᠢᠯ᠎ᠳᠦ 139.3 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ᠎ᠶ᠋ᠢ ᠪᠡᠶᠡᠯᠡᠭᠦᠯᠵᠦ᠂ 66%᠎ᠪᠡᠷ ᠨᠡᠮᠡᠭᠳᠡᠵᠦ᠂ ᠨᠡᠭᠦᠷᠡᠰᠦ ᠴᠠᠬᠢᠯᠭᠠᠨ᠎ᠤ ᠲᠦᠷᠦᠯ ᠵᠦᠢᠯ᠎ᠳᠤ 127.3 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ᠎ᠶ᠋ᠢ ᠪᠡᠶᠡᠯᠡᠭᠦᠯᠵᠦ᠂ 37%᠎ᠪᠡᠷ ᠨᠡᠮᠡᠭᠳᠡᠵᠦ᠂ ᠲᠣᠰᠣ᠌ ᠱᠢᠲᠠᠮᠠᠬᠠᠢ ᠬᠡᠢ᠎ᠶᠢᠨ ᠲᠦᠷᠦᠯ ᠵᠦᠢᠯ᠎ᠳᠤ 33.4 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ᠎ᠶ᠋ᠢ ᠪᠡᠶᠡᠯᠡᠭᠦᠯᠵᠦ᠍᠂ 32%᠎ᠪᠡᠷ ᠨᠡᠮᠡᠭᠳᠡᠵᠦ᠂ ᠤᠰᠤᠲᠥ᠋ᠷᠥᠭᠴᠢ ᠨᠥᠭᠡᠴᠡᠯᠡᠬᠦ᠌ ᠲᠣᠨᠣᠭ ᠲᠦᠬᠦᠭᠡᠷᠦᠮᠵᠢ ᠦᠢᠯᠡᠳᠬᠦ ᠲᠦᠷᠦᠯ ᠵᠦᠢᠯ᠎ᠳᠦ 75.6 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ᠎ᠶ᠋ᠢ ᠪᠡᠶᠡᠯᠡᠭᠦᠯᠵᠦ᠍᠂ 82%᠎ᠢᠶᠠᠷ ᠨᠡᠮᠡᠭ᠌ᠳᠡᠪᠡ᠃

ᠳᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ ᠲᠦᠷᠦᠯ ᠵᠦᠢᠯ᠎ᠢ ᠵᠣᠬᠢᠴᠠᠭᠤᠯᠤᠨ ᠠᠬᠢᠭᠤᠯᠬᠤ᠎ᠪᠠᠨ ᠦᠷᠭᠦᠯᠵᠢᠯᠡᠨ ᠴᠢᠩᠭᠠᠳᠬᠠᠵᠤ᠂ ᠳᠣᠣᠷ᠎ᠠ ᠬᠠᠭᠠᠰ ᠵᠢᠯ᠎ᠳᠡᠬᠢ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠰᠢᠵᠢᠷ ᠤᠯᠠᠷᠢᠯ᠎ᠢ ᠰᠠᠢᠲᠤᠷ ᠠᠱᠢᠭ᠍ᠯᠠᠨ᠂ ᠲᠦᠷᠦᠯ ᠵᠦᠢᠯ᠎ᠢ ᠲᠦᠷᠭᠡᠬᠡᠨ ᠪᠦᠲᠦᠭᠡᠨ ᠪᠠᠢᠭᠤᠯᠬᠤ᠎ᠶ᠋ᠢ ᠠᠬᠢᠭᠤᠯᠵᠤ᠂ ᠡᠨᠧᠷᠭᠢ᠎ᠶᠢᠨ ᠴᠢᠬᠤᠯᠠ ᠶᠡᠬᠡ ᠲᠦᠷᠦᠯ ᠵᠦᠢᠯ᠎ᠦᠨ ᠣᠨ᠎ᠤ ᠪᠡᠯᠡ ᠣᠷᠣᠭᠤᠯᠤᠯᠲᠠ᠎ᠶᠢᠨ ᠲᠥᠯᠥᠪᠯᠡᠭᠡ᠎ᠶᠢ ᠴᠢᠷᠮᠠᠢᠨ ᠪᠡᠶᠡᠯᠡᠭᠦᠯᠵᠦ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠠᠬᠢ ᠡᠨᠧᠷᠭᠢ᠎ᠶᠢᠨ ᠴᠢᠬᠤᠯᠠ ᠶᠡᠬᠡ ᠲᠦᠷᠦᠯ ᠵᠦᠢᠯ᠎ᠦᠨ ᠪᠡᠯᠡ ᠣᠷᠣᠭᠤᠯᠤᠯᠲᠠ᠎ᠳᠤ ᠰᠠᠭᠤᠷᠢ᠎ᠶ᠋ᠢ ᠲᠠᠯᠪᠢᠵᠦ᠍ ᠥᠭ᠌ᠭᠦᠨ᠎ᠡ᠃ 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ