ᠴᠢᠬᠤᠯᠠ ᠶᠡᠬᠡ ᠲᠥᠷᠥᠯ ᠵᠤᠢ᠍ᠯ᠎ᠢ ᠤᠬᠠᠭᠠᠯᠠᠨ ᠲᠥᠯᠥᠪᠯᠡᠬᠦ᠌ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠵᠢᠷᠭᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠬᠥᠩᠭᠡᠨᠴᠠᠭᠠᠨ᠎ᠤ ᠠᠵᠤ ᠦᠢᠯᠡᠳᠪᠦᠷᠢ᠎ᠶᠢᠨ ᠴᠢᠨᠠᠷ ᠰᠠᠢᠲᠠᠢ ᠬᠦᠭ᠌ᠵᠢᠯᠲᠡ᠎ᠶᠢᠨ ᠶᠡᠬᠡ ᠬᠤᠷᠠᠯ ᠶᠠᠪᠤᠭ᠍ᠳᠠᠪᠠ
ᠨᠡᠶ᠋ᠢᠲᠡᠯᠡᠭᠰᠡᠨ ᠴᠠᠭ᠄ 2025-08-11

8 ᠳ᠋ᠤᠭᠠᠷ ᠰᠠᠷ᠎ᠠ᠎ᠶᠢᠨ 7 ᠎ᠤ ᠡᠳᠦᠷ᠂ ᠵᠢᠷᠭᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠬᠥᠩᠭᠡᠨᠴᠠᠭᠠᠨ᠎ᠤ ᠠᠵᠤ ᠦᠢᠯᠡᠳᠪᠦᠷᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠶᠡᠬᠡ ᠬᠤᠷᠠᠯ ᠬᠣᠣᠯᠢᠩᠭᠣᠣᠯ ᠬᠤᠳᠠ᠎ᠳᠤ ᠶᠠᠪᠤᠭᠳᠠᠪᠠ᠃ 200 ᠭᠠᠷᠤᠢ ᠠᠵᠢᠯ ᠲᠦᠷᠦᠯ᠎ᠦᠨ ᠤᠳᠤᠷᠢᠳᠤᠭ᠍ᠴᠢ᠂ ᠲᠤᠰᠬᠠᠢ ᠮᠡᠷᠭᠡᠵᠢᠯᠲᠡᠨ ᠡᠷᠳᠡᠮᠲᠡᠨ᠂ ᠠᠵᠤ ᠠᠬᠤᠢᠯᠠᠯᠲᠠᠳ ᠴᠤᠭᠯᠠᠷᠠᠵᠤ᠂ 《ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠪᠡᠷ ᠬᠥᠲᠥᠯᠥᠨ ᠳᠠᠭᠠᠭᠤᠯᠬᠤ᠎ᠶᠢ ᠴᠢᠩᠭᠠᠳᠬᠠᠵᠤ᠂ ᠪᠦᠬᠦ᠌ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ᠎ᠪᠡᠨ ᠬᠤᠪᠢᠷᠠᠭᠤᠯᠬᠤ᠎ᠶ᠋ᠢᠨ ᠬᠦᠴᠦᠨ ᠴᠢᠳᠠᠮᠵᠢ᠎ᠶ᠋ᠢ ᠡᠷᠴᠢᠮᠯᠡᠬᠦ᠌》 ᠭᠣᠣᠯ ᠰᠡᠳᠦᠪ᠎ᠲᠦ ᠠᠩᠬᠠᠷᠤᠯ ᠲᠥᠪᠯᠡᠷᠡᠭᠦᠯᠵᠦ᠂ ᠬᠥᠩᠭᠡᠨᠴᠠᠭᠠᠨ᠎ᠤ ᠠᠵᠤ ᠦᠢᠯᠡᠳᠪᠦᠷᠢ᠎ᠶᠢᠨ ᠢᠷᠡᠭᠡᠳᠦᠢ᠎ᠶᠢᠨ ᠠᠷᠭ᠎ᠠ ᠵᠠᠮ᠎ᠢ ᠭᠦᠨᠵᠡᠭᠡᠢ ᠰᠦᠪᠡᠭᠴᠢᠯᠡᠵᠦ᠂ ᠬᠥᠩᠭᠡᠨᠴᠠᠭᠠᠨ᠎ᠤ ᠠᠵᠤ ᠦᠢᠯᠡᠳᠪᠦᠷᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠢᠷᠤᠭ ᠲᠥᠯᠥᠪᠯᠡᠭᠡ᠎ᠶᠢ ᠬᠠᠮᠲᠦ᠎ᠪᠠᠷ ᠵᠢᠷᠤᠭᠯᠠᠪᠠ᠃ 

ᠶᠡᠬᠡ ᠬᠤᠷᠠᠯ᠎ᠤᠨ ᠦᠷ᠎ᠡ ᠪᠦᠲᠦᠭᠡᠯ ᠡᠯᠪᠡᠭ ᠪᠠᠶᠠᠯᠢᠭ᠋ ᠪᠠᠢᠵᠤ᠂ ᠰᠢᠨ᠎ᠡ ᠬᠡᠯᠪᠡᠷᠢ᠎ᠶᠢᠨ ᠤᠷᠢᠳᠴᠢᠯᠠᠨ ᠬᠠᠭᠰᠠᠭᠠᠬᠤ ᠠᠷᠭ᠎ᠠ ᠲᠤᠢᠯ᠎ᠢ ᠵᠢᠯ᠎ᠳᠦ 60 ᠲᠦᠮᠡᠨ ᠲᠣᠨ ᠦᠢᠯᠡᠳᠪᠦᠷᠢᠯᠡᠬᠦ᠂ ᠳᠡᠭᠡᠳᠦ ᠲᠠᠰ᠎ᠤᠨ ᠬᠥᠩᠭᠡᠨᠴᠠᠭᠠᠨ ᠴᠠᠭᠠᠰᠤ᠎ᠶ᠋ᠢ ᠵᠢᠯ᠎ᠳᠦ 10 ᠲᠦᠮᠡᠨ ᠲᠣᠨ ᠦᠢᠯᠡᠳᠪᠦᠷᠢᠯᠡᠬᠦ᠂ ᠮᠠᠰᠢᠨ ᠲᠡᠷᠭᠡᠨ᠎ᠳᠦ ᠬᠡᠷᠡᠭᠯᠡᠬᠦ PACK ᠴᠡᠨᠡᠭ ᠦᠢᠯᠡᠳᠪᠦᠷᠢᠯᠡᠬᠦ᠂ ᠶᠡᠷᠦᠩᠬᠡᠢᠯᠡᠭᠰᠡᠨ ᠡᠳ᠋ ᠪᠠᠷᠠᠭᠠᠨ᠎ᠤ ᠭᠦᠢᠯᠭᠡᠭᠡᠨ᠎ᠦ ᠠᠵᠤ ᠦᠢᠯᠡᠰ᠎ᠦᠨ ᠬᠦᠷᠢᠶᠡᠯᠡᠩ᠂ ᠳᠠᠬᠢᠯᠲᠠ ᠬᠥᠩᠭᠡᠨᠴᠠᠭᠠᠨ᠎ᠤ ᠬᠠᠢᠯᠤᠰᠢ ᠬᠠᠢᠯᠤᠭᠤᠯᠤᠨ ᠪᠣᠯᠪᠠᠰᠤᠷᠠᠭᠤᠯᠬᠤ ᠵᠢᠴᠢ ᠬᠥᠩᠭᠡᠨᠴᠠᠭᠠᠨ᠎ᠤ ᠬᠠᠢᠯᠤᠰᠢ᠎ᠶᠢᠨ ᠲᠣᠭᠣᠷᠢᠭ᠋ ᠴᠢᠳᠬᠤᠮᠠᠯ ᠲᠡᠪᠬᠡ ᠵᠡᠷᠭᠡ ᠭᠣᠣᠯᠳᠠᠯᠭ᠎ᠠ᠎ᠲᠠᠢ ᠪᠣᠯᠬᠣ 7 ᠲᠥᠷᠥᠯ ᠵᠦᠢᠯ᠎ᠳᠦ ᠠᠮᠵᠢᠯᠲᠠ᠎ᠲᠠᠢ᠎ᠪᠠᠷ ᠵᠦᠪᠯᠡᠯᠴᠡᠭᠡᠷ ᠲᠣᠬᠢᠷᠠᠯᠴᠠᠵᠤ᠂ ᠬᠥᠩᠭᠡᠨᠴᠠᠭᠠᠨ᠎ᠤ ᠳᠠᠷᠠᠭᠠᠬᠢ ᠨᠠᠷᠢᠯᠢᠭ᠋ ᠡᠳ᠋ᠰᠢᠭᠦᠯᠭᠡ ᠵᠡᠷᠭᠡ ᠣᠯᠠᠨ ᠵᠠᠩᠭᠢᠯᠠᠭ᠎ᠠ᠎ᠶᠢᠨ ᠬᠦᠷᠢᠶ᠎ᠡ᠎ᠶᠢ ᠬᠠᠮᠤᠷᠴᠤ᠂ ᠶᠡᠷᠦᠩᠬᠡᠢ ᠪᠡᠯᠡ ᠣᠷᠣᠭᠤᠯᠤᠯᠲᠠ ᠨᠢ 83 ᠳ᠋ᠦᠩᠰᠢᠭᠤᠷ ᠲᠥᠭᠥᠷᠢᠭ᠎ᠲᠦ ᠬᠥᠷᠪᠡ᠃ 

ᠬᠣᠣᠯᠢᠩᠭᠣᠣᠯ ᠬᠣᠲᠠ᠎ᠶᠢᠨ ᠨᠡᠭᠦᠷᠡᠰᠦᠨ᠎ᠦ ᠡᠬᠢ ᠪᠠᠶᠠᠯᠢᠭ᠋᠎ᠤᠨ ᠬᠠᠳᠠᠭᠠᠯᠠᠭᠳᠠᠴᠠ ᠡᠯᠪᠡᠭ ᠳᠡᠯᠪᠡᠭ ᠪᠠᠢᠵᠤ᠂ ᠬᠥᠩᠭᠡᠨᠴᠠᠭᠠᠨ᠎ᠤ ᠠᠵᠤ ᠦᠢᠯᠡᠰ᠎ᠦᠨ ᠬᠡᠯᠬᠢᠶ᠎ᠡ ᠬᠠᠮᠵᠢᠯᠴᠠᠨ ᠬᠥᠭᠵᠢᠵᠦ᠂ ᠤᠯᠠᠮᠵᠢᠯᠠᠯᠲᠤ 《ᠨᠡᠭᠦᠷᠡᠰᠦᠨ ᠴᠠᠬᠢᠯᠭᠠᠨ᠎ᠦ ᠬᠥᠩᠭᠡᠨᠴᠠᠭᠠᠨ》ᠠ᠋ᠴᠠ 《ᠪᠣᠬᠢᠷᠳᠦᠯ ᠦᠭᠡᠢ ᠴᠠᠬᠢᠯᠭᠠᠨ᠎ᠦ ᠬᠥᠩᠭᠡᠨᠴᠠᠭᠠᠨ》 ᠲᠡᠢᠰᠢ ᠭᠦᠨᠵᠡᠭᠡᠢ ᠬᠤᠪᠢᠷᠠᠵᠤ᠂ ᠥᠪᠥᠷ ᠮᠣᠩᠭᠣᠯ᠎ᠤᠨ ᠰᠣᠩᠭᠣᠨ ᠲᠣᠭᠲᠠᠭᠠᠭᠰᠠᠨ 《ᠮᠢᠩᠭᠠᠨ ᠳ᠋ᠦᠩᠰᠢᠭᠤᠷ ᠲᠠᠰ᠎ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠳᠦᠷᠦᠭ᠌ᠴᠢᠲᠦ ᠬᠥᠩᠭᠡᠨᠴᠠᠭᠠᠨ᠎ᠤ ᠬᠠᠢᠯᠤᠰᠢ᠎ᠪᠠᠷ ᠦᠨᠳᠦᠰᠦᠨ ᠪᠡᠶ᠎ᠡ ᠪᠤᠯᠭᠠᠭ᠍ᠰᠠᠨ ᠰᠢᠨ᠎ᠡ ᠮᠠᠲᠧᠷᠢᠶᠠᠯ᠎ᠤᠨ ᠠᠵᠤ ᠦᠢᠯᠡᠰ᠎ᠦᠨ ᠪᠦᠯᠦᠭ᠌ᠵᠢᠯ》 ᠪᠠ 《ᠡᠨᠧᠷᠭᠢ ᠲᠣᠣᠷ ᠳᠠᠭᠠᠭᠠᠴᠠ ᠨᠦᠬᠡᠴᠡ᠎ᠶ᠋ᠢᠨ ᠱᠢᠰᠲ᠋ᠧᠮ᠎ᠢ ᠬᠠᠮᠵᠢᠯᠴᠠᠭᠤᠯᠤᠨ ᠬᠥᠭᠵᠢᠭᠦᠯᠬᠦ ᠵᠢᠱ᠌ᠢᠶ᠎ᠡ ᠦᠵᠡᠭᠦᠯᠬᠦ ᠣᠷᠣᠨ》 ᠪᠣᠯᠤᠭᠰᠠᠨ ᠪᠠᠢᠨ᠎ᠠ᠃ ᠲᠣᠰ ᠤᠳᠠᠭᠠᠨ᠎ᠤ ᠵᠦᠪᠯᠡᠯᠡᠴᠡᠭᠡᠷ ᠲᠣᠬᠢᠷᠠᠯᠴᠠᠭᠰᠠᠨ ᠲᠥᠷᠥᠯ ᠵᠦᠢᠯ᠎ᠢ ᠨᠠᠢᠳᠠᠪᠤᠷᠢᠵᠢᠭᠤᠯᠤᠭᠰᠠᠨ ᠨᠢ ᠬᠣᠣᠯᠢᠩᠭᠣᠣᠯ ᠬᠣᠲᠠ᠎ᠶᠢᠨ ᠬᠥᠩᠭᠡᠨᠴᠠᠭᠠᠨ᠎ᠤ ᠠᠵᠤ ᠦᠢᠯᠡᠳᠪᠦᠷᠢ᠎ᠶᠢᠨ ᠬᠡᠯᠪᠡᠷᠢ᠎ᠪᠡᠨ ᠭᠦᠨᠵᠡᠭᠡᠢ ᠬᠤᠪᠢᠷᠠᠭᠤᠯᠤᠨ ᠲᠠᠰ ᠳᠡᠪᠰᠢᠭᠦᠯᠬᠦ᠎ᠳᠦ ᠬᠦᠴᠦᠲᠡᠢ ᠬᠥᠳᠡᠯᠭᠡᠭᠴᠢ ᠡᠨᠧᠷᠭᠢ ᠨᠡᠮᠡᠷᠢᠯᠡᠬᠦ ᠪᠣᠯᠣᠨ᠎ᠠ᠃ 

ᠣᠢᠯᠠᠭᠠᠭᠰᠠᠨ᠎ᠢᠶᠠᠷ᠂ ᠲᠣᠰ ᠤᠳᠠᠭᠠᠨ᠎ᠤ ᠶᠡᠬᠡ ᠬᠤᠷᠠᠯ ᠪᠣᠯ ᠠᠷᠪᠠᠨ ᠭᠤᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ 《ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠳᠡᠭᠡᠳᠦ ᠲᠠᠰ ᠳᠠᠪᠬᠤᠷᠭ᠎ᠠ᠎ᠶᠢᠨ ᠴᠢᠳᠠᠪᠤᠷᠢᠲᠠᠨ᠎ᠤ ᠬᠠᠮᠲᠤᠷᠠᠯᠴᠠᠭ᠎ᠠ ᠰᠣᠯᠢᠯᠴᠠᠭᠠᠨ᠎ᠤ ᠬᠤᠷᠠᠯ ᠵᠢᠴᠢ ᠴᠢᠳᠠᠪᠤᠷᠢᠲᠠᠨ᠎ᠤ ᠰᠢᠨ᠎ᠡ᠎ᠶᠢ ᠡᠭᠦᠳᠦᠨ ᠦᠢᠯᠡᠰ ᠪᠣᠰᠭᠠᠬᠣ ᠭᠠᠷᠠᠭ᠎ᠤᠨ ᠠᠵᠢᠯᠯᠠᠭᠠᠨ᠎ᠤ ᠠᠭᠤᠯᠭ᠎ᠠ᠎ᠶᠢᠨ ᠨᠢᠭᠡ ᠨᠢ ᠪᠣᠯᠣᠨ᠎ᠠ᠂ ᠡᠬᠦᠨ᠎ᠢ ᠳᠤᠮᠳᠠᠳᠤ ᠤᠯᠤᠰ᠎ᠤᠨ ᠥᠩᠭᠡᠲᠦ ᠲᠡᠮᠦᠷᠯᠢᠭ᠎ᠦᠨ ᠠᠵᠤ ᠦᠢᠯᠡᠳᠪᠦᠷᠢ᠎ᠶᠢᠨ ᠨᠡᠢᠭᠡᠮᠯᠢᠭ᠎ᠡᠴᠡ ᠭᠣᠣᠯᠯᠠᠨ ᠡᠷᠭᠢᠯᠡᠵᠦ᠂ ᠳᠤᠮᠳᠠᠳᠤ ᠤᠯᠤᠰ᠎ᠤᠨ ᠥᠩᠭᠡᠲᠦ ᠲᠡᠮᠦᠷᠯᠢᠭ᠎ᠦᠨ ᠠᠵᠤ ᠦᠢᠯᠡᠳᠪᠦᠷᠢ᠎ᠶᠢᠨ ᠮᠡᠷᠭᠡᠵᠢᠯ᠎ᠦᠨ ᠨᠡᠭᠡᠭᠡᠨ ᠬᠥᠭᠵᠢᠭᠦᠯᠦᠯᠲᠡ ᠰᠣᠯᠢᠯᠴᠠᠭᠠᠨ᠎ᠤ ᠲᠥᠪ᠂ ᠬᠣᠣᠯᠢᠩᠭᠣᠣᠯ ᠬᠣᠲᠠ᠎ᠶᠢᠨ ᠳᠡᠭᠡᠳᠦ ᠰᠢᠨ᠎ᠡ ᠲᠧᠭ᠌ᠨᠢᠭ ᠮᠡᠷᠭᠡᠵᠢᠯ᠎ᠦᠨ ᠬᠥᠩᠭᠡᠨᠴᠠᠭᠠᠨ᠎ᠤ ᠬᠠᠢᠯᠤᠰᠢ ᠎ᠪᠠᠷ ᠦᠨᠳᠦᠰᠦᠨ ᠪᠡᠶ᠎ᠡ ᠪᠤᠯᠭᠠᠭ᠍ᠰᠠᠨ ᠰᠢᠨ᠎ᠡ ᠮᠠᠲᠧᠷᠢᠶᠠᠯ᠎ᠤᠨ ᠠᠵᠤ ᠦᠢᠯᠡᠰ᠎ᠦᠨ ᠨᠡᠢᠭᠡᠮᠯᠢᠭ᠎ᠡᠴᠡ ᠳᠠᠭᠠᠭᠠᠴᠢᠯᠠᠨ ᠡᠷᠭᠢᠯᠡᠪᠡ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ