ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠣᠢᠯᠠᠭᠠᠭᠰᠠᠨ᠎ᠢᠶᠠᠷ᠄ ᠡᠨᠡ ᠵᠢᠯ᠎ᠦᠨ 7 ᠳ᠋ᠤᠭᠠᠷ ᠰᠠᠷ᠎ᠠ᠎ᠶᠢᠨ ᠰᠡᠭᠦᠯᠴᠢ ᠪᠣᠯᠲᠠᠯ᠎ᠠ᠂ ᠥᠪᠥᠷ ᠮᠣᠩᠭᠣᠯ 3352 ᠴᠢᠬᠤᠯᠠ ᠶᠡᠬᠡ ᠲᠥᠷᠥᠯ ᠵᠦᠢᠯ᠎ᠢ ᠬᠡᠷᠡᠭᠵᠢᠭᠦᠯᠬᠦ᠎ᠪᠡᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 3.4 ᠲᠦᠮᠡᠨ ᠳ᠋ᠦᠩᠰᠢᠭᠤᠷ ᠲᠥᠭᠥᠷᠢᠭ ᠪᠠᠢᠵᠤ᠂ ᠵᠢᠯ᠎ᠦᠨ ᠳᠣᠲᠣᠷ᠎ᠠ 10084 ᠳ᠋ᠦᠩᠰᠢᠭᠤᠷ ᠲᠥᠭᠥᠷᠢᠭ᠎ᠦᠨ ᠪᠦᠲᠦᠭᠡᠨ ᠪᠠᠢᠭᠤᠯᠤᠯᠲᠠ᠎ᠶᠢᠨ ᠪᠡᠯᠡ ᠣᠷᠣᠭᠤᠯᠤᠯᠲᠠ᠎ᠶᠢ ᠪᠡᠶᠡᠯᠡᠭᠦᠯᠬᠦ᠎ᠪᠡᠷ ᠲᠥᠯᠥᠪᠯᠡᠵᠦ᠂ 3334 ᠴᠢᠬᠤᠯᠠ ᠶᠡᠬᠡ ᠲᠥᠷᠥᠯ ᠵᠦᠢᠯ᠎ᠢ ᠠᠵᠢᠯ ᠡᠬᠢᠯᠡᠭᠦᠯᠦᠭᠰᠡᠨ ᠪᠠ ᠳᠠᠬᠢᠨ ᠰᠡᠷᠭᠦᠭᠡᠵᠦ᠂ ᠠᠵᠢᠯ᠎ᠢᠶᠠᠨ ᠡᠬᠢᠯᠡᠭᠦᠯᠦᠭᠰᠡᠨ ᠪᠠ ᠳᠠᠬᠢᠨ ᠰᠡᠷᠭᠦᠭᠡᠭᠰᠡᠨ ᠨᠣᠷᠮ᠎ᠠ ᠨᠢ 99% ᠳᠦ ᠬᠦᠷᠴᠡᠢ᠃
ᠡᠨᠡ ᠵᠢᠯ᠎ᠡᠴᠡ ᠨᠠᠭᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠡᠴᠡ ᠭᠣᠣᠯᠳᠠᠯᠭ᠎ᠠ ᠪᠣᠯᠬᠤ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠲᠦᠯᠬᠢᠨ ᠠᠬᠢᠭᠤᠯᠬᠤ ᠲᠤᠬᠠᠢ ᠰᠢᠷᠢᠰ ᠪᠠᠢᠷᠢᠯᠠᠭᠤᠯᠤᠯᠲᠠ ᠬᠢᠪᠡ᠄ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ᠂ 《ᠴᠢᠬᠤᠯᠠ ᠶᠡᠬᠡ ᠲᠥᠷᠥᠯ ᠵᠦᠢᠯ᠎ᠢ ᠤᠬᠠᠭᠠᠯᠠᠨ ᠲᠥᠯᠥᠪᠯᠡᠬᠦ ᠠᠵᠢᠯᠯᠠᠭ᠎ᠠ᠎ᠨᠢ ᠬᠡᠷᠡᠭᠵᠢᠭᠦᠯᠵᠦ᠂ ᠪᠡᠯᠡ ᠣᠷᠣᠭᠤᠯᠤᠯᠲᠠ᠎ᠶᠢ ᠡᠷᠡᠰ ᠭᠤᠢᠪᠢᠰᠢ ᠦᠭᠡᠢ ᠠᠳᠬᠤᠬᠤ》 ᠵᠡᠷᠭᠡ 11 ᠲᠠᠯ᠎ᠠ᠎ᠶᠢᠨ ᠠᠵᠢᠯ᠎ᠢ ᠭᠣᠣᠯᠳᠠᠯᠭ᠎ᠠ᠎ᠲᠠᠢ ᠰᠠᠢᠲᠤᠷ ᠬᠢᠬᠦ ᠬᠡᠷᠡᠭᠲᠡᠢ ᠭᠡᠵᠦ ᠳᠤᠷᠠᠳᠴᠠᠢ; ᠡᠨᠡ ᠵᠢᠯ᠎ᠦᠨ 1 ᠳ᠋ᠤᠭᠡᠷ ᠰᠠᠷ᠎ᠠ᠎ᠶᠢᠨ 25 ᠤ ᠡᠳᠦᠷ᠂ ᠪᠦᠬᠦ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠠᠬᠢᠭᠤᠯᠬᠤ ᠳᠠᠢᠴᠢᠯᠠᠯᠲᠠ ᠪᠠᠢᠷᠢᠯᠠᠭᠤᠯᠤᠯᠲᠠ᠎ᠶᠢᠨ ᠬᠤᠷᠠᠯ᠎ᠢᠶᠠᠷ ᠨᠢᠭᠡᠳᠦᠭᠡᠷ ᠤᠯᠠᠷᠢᠯ᠎ᠤᠨ ᠠᠵᠤ ᠠᠬᠤᠢ᠎ᠶᠢᠨ 《ᠰᠠᠢᠨ ᠡᠬᠢᠯᠡᠯᠲᠡ》᠎ᠶᠢ ᠪᠡᠶᠡᠯᠡᠭᠦᠯᠬᠦ᠎ᠳᠦ᠂ ᠡᠷᠬᠡᠪᠰᠢ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ ᠪᠣᠯᠣᠭᠰᠠᠨ ᠡᠨᠡ ᠬᠦ᠌ 《ᠵᠠᠩᠭᠢᠯᠠᠭ᠎ᠠ》᠎ᠶᠢ ᠴᠢᠩᠭ᠎ᠠ ᠠᠳᠬᠤᠵᠤ᠂ ᠪᠦᠬᠦ ᠵᠢᠯ᠎ᠦᠨ ᠪᠡᠯᠡ ᠣᠷᠣᠭᠤᠯᠤᠯᠲᠠ᠎ᠶᠢᠨ ᠡᠭᠦᠷᠭᠡ᠎ᠶᠢ ᠪᠡᠶᠡᠯᠡᠭᠦᠯᠬᠦ᠎ᠳᠦ ᠰᠠᠭᠤᠷᠢ ᠲᠠᠯᠪᠢᠬᠤ ᠳᠠᠢᠯᠠᠯᠳᠤᠭᠠᠨ᠎ᠢ ᠰᠠᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ; ᠡᠨᠡ ᠵᠢᠯ᠎ᠦᠨ 2 ᠳ᠋ᠤᠭᠠᠷ ᠰᠠᠷ᠎ᠠ᠎ᠶᠢᠨ 5 ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠥᠬᠥ ᠣᠷᠣᠨ᠎ᠤ ᠴᠢᠬᠤᠯᠠ ᠶᠡᠬᠡ ᠲᠥᠷᠥᠯ ᠵᠦᠢᠯ᠎ᠢ ᠤᠬᠠᠭᠠᠯᠠᠨ ᠲᠥᠯᠥᠪᠯᠡᠬᠦ ᠠᠵᠢᠯᠯᠠᠭ᠎ᠠ᠎ᠨᠢ ᠲᠦᠯᠬᠢᠨ ᠠᠬᠢᠭᠤᠯᠬᠤ ᠬᠤᠷᠠᠯ᠎ᠢ ᠬᠤᠷᠠᠯᠳᠤᠭᠤᠯᠵᠤ᠂ ᠪᠥᠬᠥ ᠣᠷᠣᠨ᠎ᠤ ᠠᠵᠤ ᠠᠬᠤᠢ᠎ᠶᠢᠨ ᠠᠵᠢᠯ᠎ᠤᠨ ᠬᠤᠷᠠᠯ ᠪᠠ ᠪᠥᠬᠥ ᠣᠷᠣᠨ᠎ᠤ ᠬᠣᠶᠠᠷ ᠬᠤᠷᠠᠯ᠎ᠤᠨ ᠭᠣᠣᠯᠳᠠᠯᠭ᠎ᠠ ᠪᠣᠯᠬᠤ ᠡᠭᠦᠷᠭᠡ᠎ᠶᠢ ᠳᠠᠬᠢᠨᠲᠠ ᠲᠣᠬᠢᠷᠠᠭᠤᠯᠤᠨ ᠳᠠᠬᠢᠨᠲᠠ ᠨᠠᠢᠳᠠᠪᠤᠷᠢᠵᠢᠭᠤᠯᠪᠠ᠃
ᠡᠨᠡ ᠵᠢᠯ᠎ᠦᠨ 2 ᠳ᠋ᠤᠭᠠᠷ ᠰᠠᠷ᠎ᠠ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠥᠷᠥᠯ ᠵᠦᠢᠯ᠎ᠢ ᠤᠬᠠᠭᠠᠯᠠᠨ ᠲᠥᠯᠥᠪᠯᠡᠬᠦ ᠠᠵᠢᠯᠯᠠᠭ᠎ᠠ᠎ᠨᠢ ᠬᠡᠷᠡᠭᠵᠢᠭᠦᠯᠬᠦ ᠲᠥᠰᠥᠯ》 (ᠳᠣᠷᠣᠭ᠍ᠰᠢ 《ᠬᠡᠷᠡᠭᠵᠢᠭᠦᠯᠬᠦ ᠲᠥᠰᠥᠯ》 ᠭᠡᠵᠦ ᠳᠣᠪᠴᠢᠯᠠᠪᠠ)᠎ᠢ ᠳᠠᠷᠤᠮᠠᠯᠯᠠᠨ ᠶᠠᠪᠤᠭᠤᠯᠪᠠ᠃ ᠥᠪᠥᠷ ᠮᠣᠩᠭᠣᠯ᠎ᠤᠨ 22 ᠰᠠᠯᠠᠭ᠎ᠠ ᠮᠥᠴᠢᠷ᠂ 12 ᠠᠢᠮᠠᠭ ᠬᠣᠲᠠ 《ᠬᠡᠷᠡᠭᠵᠢᠭᠦᠯᠬᠦ ᠲᠥᠰᠥᠯ》᠎ᠢ ᠦᠨᠳᠦᠰᠦᠯᠡᠨ ᠲᠣᠰ ᠲᠣᠰ᠎ᠤᠨ ᠠᠵᠢᠯ᠎ᠤᠨ ᠲᠥᠰᠥᠯ᠎ᠢᠶᠡᠨ ᠳᠠᠷᠤᠮᠠᠯᠯᠠᠨ ᠶᠠᠪᠤᠭᠤᠯᠵᠤ᠂ ᠠᠵᠢᠯ᠎ᠤᠨ ᠡᠭᠦᠷᠭᠡ᠎ᠪᠡᠨ ᠨᠠᠷᠢᠯᠢᠭ᠍ᠵᠢᠭᠤᠯᠤᠨ᠂ ᠠᠵᠢᠯ᠎ᠤᠨ ᠬᠠᠷᠠᠯᠲᠠ᠎ᠪᠠᠨ ᠬᠡᠮᠵᠢᠶᠡᠯᠡᠵᠦ᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠢᠵᠢᠭᠤᠯᠤᠨ᠂ 《ᠬᠡᠷᠡᠭᠵᠢᠭᠦᠯᠬᠦ ᠲᠥᠰᠥᠯ 1 + ᠠᠵᠢᠯ᠎ᠤᠨ ᠲᠥᠰᠥᠯ N》᠎ᠤᠨ ᠲᠥᠷᠥ᠎ᠶᠢᠨ ᠪᠣᠳᠣᠯᠭ᠎ᠠ᠎ᠶᠢᠨ ᠲᠣᠭᠲᠠᠯᠴᠠᠭ᠎ᠠ᠎ᠶᠢ ᠪᠦᠷᠢᠯᠳᠦᠭᠦᠯᠪᠡ᠃
ᠥᠪᠥᠷ ᠮᠣᠩᠭᠣᠯ᠎ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ᠎ᠦᠨ ᠬᠢᠨ ᠤᠯᠤᠰ᠎ᠤᠨ ᠴᠢᠬᠤᠯᠠ ᠶᠡᠬᠡ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠬᠥᠮᠥᠷᠭᠡ᠎ᠳᠦ ᠲᠦᠰᠢᠭᠯᠡᠨ᠂ ᠪᠣᠶ ᠪᠦᠬᠦᠢ ᠲᠥᠷᠥᠯ ᠵᠦᠢᠯ᠎ᠢ ᠬᠥᠮᠥᠷᠭᠡ᠎ᠳᠡᠬᠢ ᠬᠥᠳᠡᠯᠦᠩᠭᠦᠢ ᠬᠠᠮᠢᠶᠠᠷᠤᠯᠲᠠ᠂ ᠲᠤᠰᠬᠠᠢ ᠬᠥᠮᠥᠨ᠎ᠤ ᠬᠠᠷᠢᠭᠤᠴᠠᠯᠭ᠎ᠠ᠂ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠤᠯᠲᠠ᠎ᠳᠤ ᠣᠷᠣᠭᠤᠯᠵᠤ᠂ ᠵᠣᠬᠢᠴᠠᠭᠤᠯᠤᠨ ᠬᠣᠯᠪᠤᠭᠠᠯᠠᠨ ᠬᠥᠳᠡᠯᠦᠯᠴᠡᠬᠦ᠂ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ᠎ᠶᠢ ᠪᠥᠬᠥ ᠲᠠᠯ᠎ᠠ᠎ᠪᠠᠷ ᠴᠢᠩᠭᠠᠳᠬᠠᠨ᠂ ᠲᠥᠷᠥᠯ ᠵᠦᠢᠯ᠎ᠢ ᠤᠬᠠᠭᠠᠯᠠᠨ ᠲᠥᠯᠥᠪᠯᠡᠬᠦ᠂ ᠲᠥᠷᠥᠯ ᠵᠦᠢᠯ᠎ᠢ ᠵᠠᠳᠠᠯᠬᠤ᠎ᠶᠢᠨ ᠰᠢᠰᠲ᠋ᠧᠮᠲᠦ ᠴᠢᠨᠠᠷ᠂ ᠬᠠᠨᠳᠤᠯᠭᠠᠲᠤ ᠴᠢᠨᠠᠷ᠂ ᠦᠷ᠎ᠡ ᠪᠦᠲᠦᠮᠵᠢᠲᠦ ᠴᠢᠨᠠᠷ᠎ᠢ ᠳᠡᠭᠡᠭᠰᠢᠯᠡᠭᠦᠯᠵᠦ᠂ ᠴᠢᠬᠤᠯᠠ ᠶᠡᠬᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ 《ᠬᠤᠷᠳᠤᠴᠠ᠎ᠪᠠᠨ ᠨᠡᠮᠡᠭᠳᠡᠭᠦᠯᠬᠦ》᠎ᠶᠢ ᠲᠦᠯᠬᠢᠨ ᠠᠬᠢᠭᠤᠯᠪᠠ᠃
ᠣᠳᠣᠬᠠᠨ᠎ᠳᠤ᠂ ᠥᠪᠥᠷ ᠮᠣᠩᠭᠣᠯ ᠨᠢᠭᠡᠨᠲᠡ ᠰᠢᠨ᠎ᠡ ᠨᠢᠭᠡᠨ ᠡᠭᠡᠯᠵᠢ᠎ᠶᠢᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠴᠢᠬᠤᠯᠠ ᠶᠡᠬᠡ ᠲᠥᠷᠥᠯ ᠵᠦᠢᠯ᠎ᠢ ᠡᠮᠬᠢᠯᠡᠨ ᠳᠢᠭᠯᠡᠬᠦ ᠠᠵᠢᠯ᠎ᠢᠶᠠᠨ ᠡᠬᠢᠯᠡᠭᠦᠯᠵᠦ᠂ ᠲᠥᠷᠥᠯ ᠵᠦᠢᠯ᠎ᠢ ᠤᠯᠠᠮ ᠨᠢᠭᠡ ᠠᠯᠬᠤᠮ ᠪᠣᠳᠠᠲᠠᠢᠵᠢᠭᠤᠯᠵᠤ᠂ ᠪᠡᠯᠡ ᠣᠷᠣᠭᠤᠯᠤᠯᠲᠠ᠎ᠶᠢ ᠤᠯᠠᠮ ᠨᠢᠭᠡ ᠠᠯᠬᠤᠮ ᠪᠣᠳᠠᠲᠠᠢᠵᠢᠭᠤᠯᠪᠠ᠃ ᠪᠥᠬᠥ ᠣᠷᠣᠨ᠎ᠢᠶᠠᠷ᠎ᠢᠶᠠᠨ ᠨᠢᠭᠡᠨᠲᠡ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠴᠢᠬᠤᠯᠠ ᠶᠡᠬᠡ ᠲᠥᠷᠥᠯ ᠵᠦᠢᠯ᠎ᠢ 2.1 ᠲᠦᠮᠡᠨ ᠬᠤᠪᠢ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 17.57 ᠲᠦᠮᠡᠨ ᠳ᠋ᠦᠩᠰᠢᠭᠤᠷ ᠲᠥᠭᠥᠷᠢᠭ᠎ᠲᠦ ᠬᠥᠷᠪᠡ᠃