ᠥᠪᠥᠷ ᠮᠣᠩᠭᠣᠯ ᠳ᠋ᠠᠢᠲ᠋ᠠ᠎ᠶ᠋ᠢᠨ ᠪᠣᠳᠣᠯᠲᠠ᠎ᠶ᠋ᠢᠨ ᠬᠦᠴᠦᠨ᠎ᠦ ᠠᠵᠤ ᠦᠢᠯᠡᠰ᠎ᠢ ᠶᠡᠬᠡᠪᠡᠷ ᠬᠥᠭᠵᠢᠭᠦᠯᠵᠦ᠂ ᠥᠪᠥᠷ ᠮᠣᠩᠭᠣᠯ᠎ᠤᠨ ᠣᠨᠴᠠᠯᠢᠭ᠋᠎ᠲᠠᠢ ᠵᠣᠬᠢᠶᠠᠮᠠᠯ ᠣᠶᠣᠨ᠎ᠤ ᠠᠵᠤ ᠦᠢᠯᠡᠰ᠎ᠦᠨ ᠪᠦᠯᠦᠭ᠌ᠵᠢᠯ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ ᠪᠤᠢ᠃ ᠣᠳᠣᠬᠠᠨ᠎ᠳᠤ᠂ ᠪᠦᠬᠦ ᠣᠷᠣᠨ᠎ᠳᠤ ᠨᠢᠭᠡᠨᠲᠡ ᠪᠣᠳᠣᠯᠲᠠ᠎ᠶ᠋ᠢᠨ ᠬᠦᠴᠦᠨ᠎ᠢᠶᠡᠷ ᠭᠣᠣᠯ ᠪᠣᠯᠭᠠᠭᠰᠠᠨ᠂ ᠳ᠋ᠠᠢᠲ᠋ᠠ᠎ᠶᠢ ᠪᠣᠯᠪᠠᠰᠤᠷᠠᠭᠤᠯᠬᠤ ᠪᠠ ᠪᠣᠳᠣᠯᠲᠠ᠎ᠶ᠋ᠢᠨ ᠬᠦᠴᠦᠨ᠎ᠦ ᠬᠠᠮᠢᠶ᠎ᠠ ᠪᠦᠬᠦᠢ ᠲᠥᠬᠦᠭᠡᠷᠦᠮᠵᠢ ᠦᠢᠯᠡᠳᠬᠦ᠎ᠪᠡᠷ ᠬᠥᠳᠡᠯᠭᠡᠭᠦᠷ ᠪᠣᠯᠭᠠᠭᠰᠠᠨ᠂ ᠤᠯᠠᠨ ᠬᠦᠷᠢᠶᠡᠨ᠎ᠳᠡᠬᠢ ᠠᠵᠢᠯ ᠲᠦᠷᠦᠯ᠎ᠦᠨ ᠬᠡᠷᠡᠭᠯᠡᠭᠡᠨ᠎ᠳᠦ ᠬᠦᠴᠦᠨ ᠴᠢᠳᠠᠮᠵᠢ᠎ᠶ᠋ᠢ ᠨᠢ ᠡᠷᠴᠢᠮᠯᠡᠭ᠌ᠰᠡᠨ ᠵᠣᠬᠢᠶᠠᠮᠠᠯ ᠤᠶᠤᠨ᠎ᠤ ᠠᠵᠤ ᠦᠢᠯᠡᠰ᠎ᠦᠨ ᠲᠦᠯᠦᠪ ᠪᠠᠢᠳᠠᠯ᠎ᠢ ᠪᠦᠷᠢᠯᠳᠦᠭᠦᠯᠵᠡᠢ᠃
8 ᠳ᠋ᠤᠭᠠᠷ ᠰᠠᠷ᠎ᠠ᠎ᠶᠢᠨ 15᠎ᠤ ᠡᠳᠦᠷ᠎ᠡᠴᠡ 16᠎ᠤ ᠡᠳᠦᠷ ᠪᠣᠯᠲᠠᠯ᠎ᠠ᠂ 2025 ᠣᠨ᠎ᠤ ᠭᠤᠷᠪᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠵᠣᠬᠢᠶᠠᠮᠠᠯ ᠣᠶᠣᠨ᠎ᠤ ᠬᠡᠷᠡᠭ᠌ᠯᠡᠯᠲᠡ᠎ᠶ᠋ᠢᠨ ᠲᠠᠯᠠᠪᠤᠷ ᠪᠠᠢᠳᠠᠯ᠎ᠤᠨ ᠰᠢᠨ᠎ᠡ᠎ᠶᠢ ᠡᠭᠦᠳᠬᠦ ᠦᠷᠢᠰᠦᠯᠳᠦᠬᠦ᠌ ᠤᠷᠤᠯᠳᠤᠭᠠᠨ᠎ᠤ 《ᠵᠣᠬᠢᠶᠠᠮᠠᠯ ᠣᠶᠣᠨ + ᠳ᠋ᠠᠢᠲ᠋ᠠ᠎ᠶᠢᠨ ᠠᠵᠤ ᠦᠢᠯᠡᠰ》 (ᠬᠥᠬᠡᠬᠣᠲᠠ)᠎ᠦᠨ ᠲᠤᠰᠬᠠᠢ ᠵᠦᠢᠯ᠎ᠦᠨ ᠤᠷᠤᠯᠳᠤᠭᠠᠨ ᠡᠬᠢᠯᠡᠪᠡ᠃ ᠤᠷᠤᠯᠳᠤᠭᠠᠨ᠎ᠳᠤ ᠣᠯᠠᠨ ᠮᠣᠳᠧᠯ ᠲᠦᠯᠦᠪᠲᠦ ᠲᠣᠮᠣ ᠵᠠᠭ᠍ᠪᠤᠷ᠂ 《AI + ᠮᠥᠩᠭᠥᠨ ᠭᠦᠢᠯᠭᠡᠭᠡ》᠂ 《AI + ᠲᠠᠷᠢᠶᠠᠯᠠᠩ》 ᠵᠡᠷᠭᠡ ᠮᠠᠰᠢ ᠤᠯᠠᠨ ᠨᠠᠷᠢᠨ ᠬᠤᠪᠢᠶᠠᠷᠢᠯᠠᠭ᠍ᠰᠠᠨ ᠬᠦᠷᠢᠶᠡᠨ᠎ᠳᠠᠬᠢ 293 ᠵᠦᠢᠯ᠎ᠦᠨ ᠮᠡᠷᠭᠡᠵᠢᠯ᠎ᠦᠨ ᠲᠤᠰᠬᠠᠢ ᠠᠰᠢᠭ᠋᠂ 194 ᠵᠦᠢᠯ᠎ᠦᠨ ᠵᠥᠭᠡᠯᠡᠨ ᠬᠡᠷᠡᠭᠰᠡᠯ᠎ᠦᠨ ᠵᠣᠬᠢᠶᠠᠯ ᠪᠦᠲᠦᠭᠡᠯ ᠬᠢᠭᠡᠳ 156 ᠵᠦᠢᠯ᠎ᠦᠨ ᠰᠤᠳᠤᠯᠭᠠᠨ᠎ᠤ ᠦᠷ᠎ᠡ ᠪᠦᠲᠦᠭᠡᠯ᠎ᠢ ᠴᠤᠭ᠍ᠯᠠᠷᠠᠭᠤᠯᠵᠤ᠂ 64 ᠠᠩᠭᠢ ᠪᠦᠯᠬᠦᠮ ᠰᠢᠢᠳᠪᠦᠷᠢᠲᠦ ᠤᠷᠤᠯᠳᠤᠭᠠᠨ᠎ᠳᠤ ᠱᠢᠯᠭᠠᠷᠠᠨ᠂ 6 ᠠᠺᠠᠳᠧᠮᠢᠴᠢ ᠪᠠ 20 ᠭᠠᠷᠤᠢ ᠡᠷᠳᠡᠮ ᠰᠢᠨᠵᠢᠯᠡᠭᠡ᠂ ᠠᠵᠤ ᠦᠢᠯᠡᠰ᠎ᠦᠨ ᠡᠲᠡᠭᠡᠳ᠎ᠦᠨ ᠬᠦᠨᠳᠦᠲᠦ ᠵᠣᠴᠢᠳ 《ᠦᠢᠯᠡᠳᠪᠦᠷᠢᠯᠡᠬᠦ᠌ ᠵᠢᠭᠠᠬᠤ ᠰᠣᠳᠣᠯᠠᠬᠤ》 ᠡᠩᠨᠡᠭᠡ᠎ᠶᠢ ᠪᠦᠷᠢᠯᠳᠦᠭᠦᠯᠦᠭᠡᠳ ᠬᠤᠱᠢᠭᠤᠷᠠᠯ ᠦᠵᠡᠯᠲᠡ᠎ᠪᠠᠨ ᠬᠤᠪᠢᠶᠠᠯᠴᠠᠪᠠ᠃
ᠱᠢ ᠯᠢ ᠬᠥᠬᠡᠬᠣᠲᠠ᠎ᠶᠢᠨ ᠬᠠᠮ ᠵᠠᠭᠤᠴᠢᠯᠠᠭᠤᠷ᠎ᠤᠨ ᠲᠥᠪ᠎ᠦᠨ ᠰᠤᠷᠪᠤᠯᠵᠢᠯᠠᠭ᠍ᠴᠢ ᠤᠷᠤᠯᠳᠤᠭᠠᠨ ᠨᠢ 《ᠨᠡᠭᠡᠭᠡᠯᠲᠡᠲᠤ ᠲᠠᠯᠠᠪᠤᠷ ᠪᠠᠢᠳᠠᠯ》 ᠪᠠ 《ᠠᠵᠤ ᠦᠢᠯᠡᠰ᠎ᠦᠨ ᠰᠡᠳᠦᠪ》 ᠭᠡᠬᠦ ᠬᠣᠶᠠᠷ ᠲᠥᠷᠥᠯ᠎ᠦᠨ ᠤᠷᠤᠯᠳᠤᠭᠠᠨ᠎ᠤ ᠬᠡᠪ ᠵᠠᠭᠪᠤᠷ᠎ᠢ ᠬᠡᠷᠡᠭᠯᠡᠨ᠂ ᠬᠥᠬᠡᠬᠣᠲᠠ᠎ᠶᠢᠨ ᠰᠢᠨ᠎ᠡ ᠮᠠᠲᠧᠷᠢᠶᠠᠯ᠂ ᠰᠢᠨ᠎ᠡ ᠡᠨᠧᠷᠭᠢ᠂ ᠣᠲᠣ᠌ ᠦᠶ᠎ᠡ᠎ᠶᠢᠨ ᠲᠣᠨᠣᠭ ᠲᠥᠬᠦᠭᠡᠷᠦᠮᠵᠢ ᠦᠢᠯᠡᠳᠬᠦ ᠠᠵᠤ ᠦᠢᠯᠡᠰ᠎ᠦᠨ ᠪᠦᠯᠦᠭ᠌ᠵᠢᠯ ᠵᠡᠷᠭᠡ ᠴᠢᠭᠯᠡᠯ᠎ᠳᠦ ᠰᠠᠭᠤᠷᠢᠯᠠᠨ᠂ 《AI+》 ᠪᠤᠲᠠᠲᠠᠢᠵᠢᠭᠤᠯᠤᠯᠲᠠᠶ᠋ᠢᠨ ᠲᠠᠯᠠᠪᠤᠷ ᠪᠠᠢᠳᠠᠯ᠎ᠢ ᠠᠭᠤᠳᠠᠯᠬᠤ᠎ᠪᠠᠨ ᠭᠦᠨᠵᠡᠭᠡᠢᠷᠡᠭᠦᠯᠵᠦ᠍᠂ ᠪᠥᠬᠥ ᠤᠯᠤᠰ᠎ᠤᠨ 21 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠶᠢᠨ 115 ᠲᠥᠷᠥᠯ ᠵᠦᠢᠯ᠎ᠦᠨ ᠪᠦᠯᠬᠦᠮ ᠨᠡᠶ᠋ᠢᠲᠡ᠎ᠶ᠋ᠢ ᠤᠷᠤᠯᠳᠤᠭᠠᠨ᠎ᠳᠤ ᠲᠠᠲᠠᠨ ᠣᠷᠣᠯᠴᠠᠭᠤᠯᠪᠠ᠃
ᠤᠷᠤᠯᠳᠤᠭᠠᠨ᠎ᠳᠤ ᠣᠷᠣᠯᠴᠠᠭᠰᠠᠨ ᠲᠥᠯᠥᠭᠡᠯᠡᠭᠴᠢ ᠪᠠᠷᠠᠭᠤᠨ ᠬᠣᠢᠲᠤ᠎ᠶᠢᠨ ᠲᠠᠷᠢᠶᠠᠯᠠᠩ ᠤᠢ ᠰᠢᠭᠤᠢ᠎ᠶᠢᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠫᠷᠣᠹᠧᠰᠰᠣᠷ ᠵᠠᠩ ᠳ᠋ᠦᠩ ᠶᠠᠨ ᠪᠢᠳᠡ ᠡᠨᠡ ᠤᠳᠠᠭᠠᠨ᠎ᠤ ᠤᠷᠤᠯᠳᠤᠭᠠᠨ᠎ᠳᠤ ᠠᠪᠴᠢᠷᠠᠭᠰᠠᠨ ᠪᠦᠲᠦᠭᠡᠯ᠎ᠢᠶᠠᠨ 《ᠤᠮᠠᠷᠠᠲᠤ᠎ᠶᠢᠨ ᠭᠤᠷᠪᠠᠨ ᠣᠷᠣᠨ》᠎ᠤ ᠬᠠᠯᠬᠠᠪᠴᠢ ᠤᠢ᠎ᠶᠢᠨ ᠤᠶᠤᠨᠲᠦ ᠡᠪᠡᠰᠦᠨ᠎ᠦ ᠦᠢᠯᠡᠰ᠎ᠦᠨ ᠲᠣᠭᠣᠷᠢᠨ᠎ᠳᠤ᠂ ᠶᠡᠬᠡ ᠬᠡᠮᠵᠢᠶᠡᠨ᠎ᠦ ᠳ᠋ᠠᠢᠲ᠋ᠠ᠎ᠶᠢ ᠴᠤᠭᠯᠠᠭᠤᠯᠵᠤ᠂ ᠳ᠋ᠠᠢᠲ᠋ᠠ ᠵᠡᠭᠦᠯᠲᠡ ᠬᠠᠳᠠᠬᠤ ᠱᠢᠨ᠎ᠡ ᠠᠷᠭ᠎ᠠ᠎ᠶᠢ ᠡᠭᠦᠳᠦᠨ ᠳᠤᠷᠠᠳᠴᠦ᠍᠂ ᠲᠡᠭᠦᠨ᠎ᠢ ᠨᠢᠭᠡ ᠴᠣᠭᠴᠠᠵᠢᠭᠤᠯᠤᠭᠰᠠᠨ (ᠳ᠋ᠠᠢᠲ᠋ᠠ) ᠰᠢᠢᠳᠪᠦᠷᠢᠯᠡᠬᠦ ᠲᠠᠪᠴᠠᠩ ᠪᠣᠯᠭᠠᠭᠰᠠᠨ ᠶᠤᠮ᠃
ᠤᠷᠤᠯᠳᠤᠭᠠᠨ᠎ᠳᠤ 30 ᠲᠦᠮᠡᠨ ᠲᠥᠭᠥᠷᠢᠭ᠎ᠦᠨ ᠱᠠᠩᠨᠠᠯ᠎ᠤᠨ ᠮᠥᠩᠭᠥ ᠭᠠᠷᠭᠠᠵᠤ᠂ ᠬᠣᠲᠠ᠎ᠶᠢᠨ ᠵᠠᠰᠠᠯᠲᠠ᠂ ᠤᠶᠤᠨᠲᠦ ᠵᠠᠮ ᠬᠠᠷᠢᠯᠴᠠᠭ᠎ᠠ ᠵᠡᠷᠭᠡ ᠬᠦᠷᠢᠶᠡᠨ᠎ᠳᠡᠬᠢ ᠥᠨᠳᠥᠷ ᠳᠠᠪᠲᠠᠮᠵᠢ᠎ᠲᠦ ᠦᠨᠳᠦᠷ ᠥᠷᠲᠡᠭᠲᠦ ᠣᠯᠠᠨ ᠨᠡᠶ᠋ᠢᠲᠡ᠎ᠶᠢᠨ ᠲᠠᠯᠠᠪᠤᠷ ᠪᠠᠢᠳᠠᠯ᠎ᠢ ᠨᠡᠭᠡᠭᠡᠵᠦ᠍᠂ ᠠᠵᠤ ᠠᠬᠤᠢᠯᠠᠯ᠎ᠢ ᠬᠠᠨᠳᠤᠯᠭ᠎ᠠ᠎ᠲᠠᠢ᠎ᠪᠠᠷ ᠲᠡᠳᠡᠨ ᠠᠪᠴᠢᠷᠠᠵᠤ ᠮᠡᠷᠭᠡᠵᠢᠯ᠎ᠦᠨ ᠱᠢᠪᠲᠤᠯᠤᠯᠲᠠ ᠪᠠ ᠬᠡᠷᠡᠭᠯᠡᠭᠡᠨ᠎ᠦ ᠨᠡᠭᠡᠭᠡᠨ ᠠᠰᠢᠭ᠍ᠯᠠᠯᠲᠠ ᠦᠷᠨᠢᠭᠦᠯᠬᠦ᠌ ᠪᠣᠯᠣᠨ᠎ᠠ᠃
ᠤᠷᠤᠯᠳᠤᠭᠠᠨ᠎ᠤ ᠬᠢᠨᠠᠨ ᠰᠢᠯᠭᠠᠷᠠᠭᠤᠯᠬᠤ ᠺᠣᠮᠢᠰ᠎ᠤᠨ ᠳᠡᠳ᠋ ᠡᠷᠬᠢᠯᠡᠭᠴᠢ ᠭᠡᠰᠢᠭᠦᠨ ᠯᠢ ᠰᠢᠶᠣᠣ ᠯᠢ ᠬᠦᠮᠦᠰ᠎ᠢ ᠵᠣᠬᠢᠶᠠᠮᠠᠯ ᠤᠶᠤᠨ ᠪᠠ ᠤᠯᠠᠮᠵᠢᠯᠠᠯᠲᠤ ᠠᠵᠤ ᠦᠢᠯᠡᠰ᠂ ᠤᠯᠠᠮᠵᠢᠯᠠᠯᠲᠤ ᠮᠡᠷᠭᠡᠵᠢᠯ᠎ᠦᠨ ᠤᠶᠠᠯᠳᠤᠯ᠎ᠢ ᠨᠡᠩ ᠴᠢᠬᠤᠯᠠᠴᠢᠯᠠᠬᠤ ᠪᠣᠯᠭᠠᠵᠤ᠂ ᠤᠯᠠᠮᠵᠢᠯᠠᠯᠲᠤ ᠠᠰᠠᠭᠤᠳᠠᠯ᠎ᠢ ᠰᠢᠢᠳᠪᠦᠷᠢᠯᠡᠬᠦ᠎ᠳᠦ ᠰᠢᠨ᠎ᠡ ᠮᠡᠷᠭᠡᠵᠢᠯ᠎ᠦᠨ ᠬᠦᠴᠦᠨ ᠨᠡᠮᠡᠷᠢᠯᠡᠵᠡᠢ᠂ ᠡᠯ᠎ᠡ ᠪᠦᠯᠬᠦᠮ ᠨᠡᠢᠲᠡ᠎ᠶ᠋ᠢᠨ ᠬᠢᠨ᠎ᠦ ᠬᠥᠬᠡᠬᠣᠲᠠ᠎ᠳᠤ ᠢᠷᠡᠬᠦ᠌᠎ᠶ᠋ᠢ ᠤᠯᠠᠮ ᠨᠢᠭᠡ ᠠᠯᠬᠤᠮ ᠲᠠᠲᠠᠵᠤ᠂ ᠵᠠᠷᠢᠮ ᠠᠵᠤ ᠦᠢᠯᠡᠰ᠎ᠦᠨ ᠰᠢᠨᠵᠢᠯᠡᠬᠦ ᠤᠬᠠᠭᠠᠨ᠎ᠤ ᠰᠤᠳᠤᠯᠭᠠᠨ᠎ᠢ ᠪᠤᠲᠠᠲᠠᠢᠵᠢᠭᠤᠯᠵᠤ᠂ ᠬᠤᠳᠠᠯᠳᠤᠭᠠᠨ᠎ᠤ ᠦᠢᠯᠡᠰ᠎ᠢ ᠪᠤᠲᠠᠲᠠᠢᠵᠢᠭᠤᠯᠬᠤ ᠪᠣᠯᠣᠨ᠎ᠠ᠃
ᠵᠣᠬᠢᠶᠠᠮᠠᠯ ᠤᠶᠤᠨ᠎ᠤ ᠬᠡᠷᠡᠭ᠌ᠯᠡᠯᠲᠡ᠎ᠶ᠋ᠢᠨ ᠦᠨᠳᠦᠷ ᠭᠠᠵᠠᠷ᠎ᠢ ᠪᠠᠶ᠋ᠢᠭᠤᠯᠬᠤ᠎ᠳᠤ ᠠᠩᠬᠠᠷᠤᠯ᠎ᠢᠶᠠᠨ ᠲᠦᠪᠯᠡᠷᠡᠭᠦᠯᠦᠨ᠂ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ ᠣᠯᠠᠨ ᠰᠠᠯᠠᠭ᠎ᠠ ᠮᠥᠴᠢᠷ ᠯᠦ᠍ᠭᠡ ᠬᠠᠮᠲᠤᠷᠠᠨ 《ᠥᠪᠡᠷᠲᠡᠭᠡᠨ ᠵᠠᠰᠠᠬᠤ ᠣᠷᠣᠨ᠎ᠤ ᠵᠣᠬᠢᠶᠠᠮᠠᠯ ᠤᠶᠤᠨ᠎ᠤ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶ᠋ᠢᠨ ᠬᠡᠷᠡᠭ᠌ᠵᠢᠭᠦᠯᠬᠦ᠌ ᠲᠥᠰᠥᠯ》 《ᠳ᠋ᠠᠢᠲ᠋ᠠ ᠪᠠ ᠵᠣᠬᠢᠶᠠᠮᠠᠯ ᠤᠶᠤᠨ᠎ᠤ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠥᠷᠥ᠎ᠶᠢᠨ ᠪᠣᠳᠣᠯᠭ᠎ᠠ᠎ᠨᠤᠭᠤᠳ》᠎ᠢ ᠲᠣᠭᠲᠠᠭᠠᠨ ᠨᠡᠢᠲᠡᠯᠡᠵᠦ᠂ 23 ᠵᠦᠢᠯ᠎ᠦᠨ ᠭᠣᠣᠯᠳᠠᠯᠭ᠎ᠠ ᠪᠣᠯᠬᠤ ᠡᠭᠦᠷᠭᠡ᠎ᠶᠢ ᠲᠣᠳᠣᠷᠬᠠᠢᠯᠠᠨ᠂ ᠥᠪᠥᠷ ᠮᠣᠩᠭᠣᠯ᠎ᠤᠨ ᠣᠨᠴᠠᠯᠢᠭ᠋ ᠲᠠᠢ ᠵᠣᠬᠢᠶᠠᠮᠠᠯ ᠤᠶᠤᠨ᠎ᠤ ᠠᠵᠤ ᠦᠢᠯᠡᠰ᠎ᠦᠨ ᠪᠦᠯᠦᠭ᠌ᠵᠢᠯ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ ᠪᠤᠢ᠃ ᠡᠭᠦᠨ᠎ᠦ ᠬᠠᠮᠲᠤ ᠪᠡᠭᠡᠵᠢᠩ᠂ ᠵᠧᠵᠢᠶᠠᠩ᠂ ᠠᠨᠾᠦ᠋ᠢ ᠯᠦ᠍ᠭᠡ ᠵᠣᠬᠢᠶᠠᠮᠠᠯ ᠤᠶᠤᠨ᠎ᠤ ᠰᠣᠷᠢᠯᠲᠠ᠎ᠶ᠋ᠢᠨ ᠲᠠᠯᠠᠪᠠᠢ᠎ᠶᠢᠨ ᠬᠠᠮᠲᠤᠷᠠᠯᠴᠠᠭ᠎ᠠ ᠥᠷᠨᠢᠭᠦᠯᠵᠦ᠂ ᠪᠦᠬᠦ ᠤᠯᠤᠰ᠎ᠤᠨ ᠲᠣᠮᠣ᠌ ᠵᠠᠭᠪᠤᠷ᠎ᠤᠨ ᠰᠣᠷᠢᠯᠲᠠ᠎ᠶ᠋ᠢᠨ ᠰᠠᠭᠤᠷᠢᠨ ᠭᠠᠵᠠᠷ᠎ᠢ ᠴᠣᠭ᠍ᠴᠠᠯᠠᠵᠤ᠂ 22 ᠣᠨᠴᠠᠯᠢᠭ᠍ᠲᠤ ᠠᠵᠢᠯ ᠲᠦᠷᠦᠯ᠎ᠦᠨ ᠴᠢᠨᠠᠷ ᠰᠠᠢᠲᠠᠢ ᠳ᠋ᠠᠢᠲ᠋ᠠ᠎ᠶᠢᠨ ᠴᠤᠭᠯᠠᠷᠠᠯ᠎ᠢ ᠪᠠᠢᠭᠤᠯᠵᠤ᠂ ᠵᠣᠬᠢᠶᠠᠮᠠᠯ ᠤᠶᠤᠨ᠎ᠤ ᠲᠣᠮᠣ᠌ ᠵᠠᠭᠪᠤᠷ᠎ᠤᠨ ᠰᠣᠷᠢᠯᠲᠠ᠎ᠶ᠋ᠢᠨ ᠵᠦᠢᠴᠢᠯᠡᠯ᠎ᠦᠨ ᠲᠤᠬᠠᠢᠯᠠᠭᠰᠠᠨ ᠠᠵᠢᠯ᠎ᠢ 24 ᠳᠠᠭᠠᠭᠠᠴᠢᠯᠠᠨ ᠠᠪᠤᠪᠠ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠎ᠶ᠋ᠢᠨ ᠳ᠋ᠢᠭᠢᠲ ᠠᠵᠤ ᠠᠬᠤᠢ᠎ᠶᠢᠨ ᠭᠠᠵᠠᠷ᠎ᠤᠨ ᠳᠠᠷᠤᠭ᠎ᠠ ᠵᠠᠩ ᠯᠧᠢ ᠡᠯᠪᠡᠭ ᠪᠠᠶᠠᠯᠢᠭ᠋ ᠳ᠋ᠠᠢᠲ᠋ᠠ ᠪᠠ ᠵᠣᠬᠢᠶᠠᠮᠠᠯ ᠤᠶᠤᠨ᠎ᠤ ᠲᠠᠯᠠᠪᠤᠷ ᠪᠠᠢᠳᠠᠯ᠎ᠳᠤ ᠲᠦᠰᠢᠭᠯᠡᠨ᠂ 《ᠳ᠋ᠠᠢᠲ᠋ᠠ ᠵᠡᠭᠦᠯᠲᠡ + ᠴᠢᠨᠠᠷ ᠰᠠᠢᠲᠠᠢ ᠳ᠋ᠠᠢᠲ᠋ᠠ᠎ᠶᠢᠨ ᠴᠤᠭᠯᠠᠷᠠᠯ + ᠲᠣᠮᠣ᠌ ᠵᠠᠭᠪᠤᠷ + ᠬᠡᠷᠡᠭᠯᠡᠭᠡᠨ᠎ᠦ ᠲᠠᠯᠠᠪᠤᠷ ᠪᠠᠢᠳᠠᠯ》᠎ᠤᠨ ᠵᠣᠬᠢᠶᠠᠮᠠᠯ ᠤᠶᠤᠨ᠎ᠤ ᠠᠵᠤ ᠦᠢᠯᠡᠰ᠎ᠦᠨ ᠠᠮᠢ ᠠᠬᠤᠢ᠎ᠶᠢ ᠬᠦᠴᠦᠯᠡᠨ ᠴᠣᠭ᠍ᠴᠠᠯᠠᠪᠠ᠃ ᠲᠠᠷᠠᠭᠠᠴᠢ᠎ᠶᠢᠨ ᠠᠯᠬᠤᠮ᠎ᠳᠤ᠂ ᠪᠢᠳᠡ ᠲᠠᠯᠠᠪᠤᠷ ᠪᠠᠢᠳᠠᠯ᠎ᠤᠨ ᠬᠡᠷᠡᠭ᠌ᠯᠡᠯᠲᠡ᠎ᠶ᠋ᠢ ᠭᠦᠨᠵᠡᠭᠡᠢᠷᠡᠭᠦᠯᠵᠦ᠂ ᠵᠣᠬᠢᠶᠠᠮᠠᠯ ᠣᠶᠣᠨ ᠬᠢᠭᠡᠳ ᠬᠣᠲᠠ᠎ᠶᠢᠨ ᠬᠠᠮᠢᠶᠠᠷᠤᠯᠲᠠ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠪᠣᠯᠣᠨ᠎ᠠ᠃
ᠡᠨᠡ ᠵᠢᠯ᠂ ᠥᠪᠡᠷᠲᠡᠭᠡᠨ ᠵᠠᠰᠠᠬᠤ ᠣᠷᠣᠨ ᠵᠣᠬᠢᠶᠠᠮᠠᠯ ᠣᠶᠣᠨ᠎ᠤ ᠬᠦᠷᠢᠶᠡᠨ᠎ᠳᠡᠬᠢ 10 ᠴᠢᠬᠤᠯᠠ ᠶᠡᠬᠡ ᠲᠥᠷᠥᠯ ᠵᠦᠢᠯ᠎ᠢ ᠢᠳᠡᠪᠬᠢᠲᠡᠢ ᠤᠬᠠᠭᠠᠯᠠᠨ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ᠎ᠶᠢᠨ ᠬᠡᠮᠵᠢᠶ᠎ᠡ᠎ᠪᠠᠨ 150 ᠳ᠋ᠦᠩᠰᠢᠭᠤᠷ ᠲᠥᠭᠥᠷᠢᠭ᠎ᠲᠦ ᠬᠦᠷᠭᠡᠬᠦ᠌ ᠪᠣᠯᠣᠨ᠎ᠠ᠃ 2027 ᠣᠨ ᠪᠣᠯᠬᠤ᠎ᠳᠤ᠂ ᠨᠠᠷᠢᠯᠢᠭ᠋ ᠬᠤᠪᠢᠶᠠᠷᠢᠯᠠᠭ᠍ᠰᠠᠨ ᠠᠵᠢᠯ ᠲᠦᠷᠦᠯ᠎ᠦᠨ 30 ᠭᠠᠷᠤᠢ ᠲᠣᠮᠣ᠌ ᠵᠠᠭᠪᠤᠷ᠎ᠢ ᠪᠦᠷᠢᠯᠳᠦᠭᠦᠯᠵᠦ᠂ ᠵᠣᠬᠢᠶᠠᠮᠠᠯ ᠤᠶᠤᠨ᠎ᠤ ᠬᠡᠷᠡᠭ᠌ᠯᠡᠯᠲᠡ᠎ᠶ᠋ᠢᠨ ᠵᠢᠱ᠌ᠢᠶ᠎ᠡ ᠦᠵᠡᠭᠦᠯᠬᠦ ᠨᠡᠢᠲᠡᠯᠢᠭ ᠬᠡᠷᠡᠭ᠎ᠦᠨ 100 ᠭᠠᠷᠤᠢ ᠵᠢᠱ᠌ᠢᠶ᠎ᠡ᠎ᠶᠢ ᠴᠣᠭ᠍ᠴᠠᠯᠠᠨ᠂ ᠪᠦᠬᠦ ᠤᠯᠤᠰ᠎ᠤᠨ ᠲᠣᠮᠣ᠌ ᠵᠠᠭᠪᠤᠷ᠎ᠤᠨ ᠰᠣᠷᠢᠯᠲᠠ ᠪᠠ ᠬᠡᠷᠡᠭ᠌ᠯᠡᠯᠲᠡ᠎ᠶ᠋ᠢᠨ ᠰᠠᠭᠤᠷᠢᠨ ᠭᠠᠵᠠᠷ᠎ᠢ ᠪᠠᠢᠭᠤᠯᠵᠤ᠂ ᠵᠣᠬᠢᠶᠠᠮᠠᠯ ᠤᠶᠤᠨᠦ ᠠᠵᠤ ᠦᠢᠯᠡᠰ᠎ᠦᠨ ᠬᠡᠪᠴᠢᠶᠡᠵᠢᠯ᠎ᠢ 500 ᠳ᠋ᠦᠩᠰᠢᠭᠤᠷ ᠲᠥᠭᠥᠷᠢᠭ᠎ᠲᠦ ᠬᠦᠷᠭᠡᠬᠦ᠎ᠪᠡᠷ ᠬᠦᠴᠦᠯᠡᠨ ᠴᠢᠷᠮᠠᠢᠨ᠎ᠠ᠃