ᠴᠢᠬᠤᠯᠠ ᠶᠡᠬᠡ ᠲᠥᠷᠥᠯ ᠵᠤᠢ᠍ᠯ᠎ᠢ ᠤᠬᠠᠭᠠᠯᠠᠨ ᠲᠥᠯᠥᠪᠯᠡᠬᠦ᠌ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠥᠪᠥᠷ ᠮᠣᠩᠭᠣᠯ ᠦᠢᠯᠡᠳᠭᠡᠯ ᠨᠢ ᠣᠩᠭᠣᠴᠠᠨ᠎ᠳᠤ ᠬᠡᠷᠡᠭᠯᠡᠬᠦ ᠪᠣᠬᠢᠷᠲᠤᠯ ᠦᠭᠡᠢ ᠰᠢᠪᠲᠦᠷ᠎ᠦᠨ ᠲᠦᠯᠡᠰᠢ ᠨᠡᠮᠡᠬᠦ ᠪᠥᠬᠥ ᠳᠡᠯᠡᠬᠡᠢ᠎ᠳᠡᠬᠢ ᠠᠩᠬᠠᠳᠠᠭ᠍ᠴᠢ ᠠᠵᠢᠯ᠎ᠢ ᠤᠷᠤᠭ᠍ᠰᠢᠲᠠᠢ ᠪᠡᠶᠡᠯᠡᠭᠦᠯᠬᠦ᠌᠎ᠳᠦ ᠬᠦᠴᠦᠨ ᠨᠡᠮᠡᠷᠢᠯᠡᠪᠡ
ᠨᠡᠶ᠋ᠢᠲᠡᠯᠡᠭᠰᠡᠨ ᠴᠠᠭ᠄ 2025-08-06

ᠣᠢᠷ᠎ᠠ᠎ᠳᠤ᠂ ᠣᠩᠭᠣᠴᠠᠨ᠎ᠳᠤ ᠬᠡᠷᠡᠭᠯᠡᠬᠦ ᠪᠣᠬᠢᠷᠲᠤᠯ ᠦᠭᠡᠢ ᠰᠢᠪᠲᠦᠷ᠎ᠦᠨ ᠲᠦᠯᠡᠰᠢ ᠨᠡᠮᠡᠬᠦ᠌ ᠪᠦᠬᠦ ᠳᠡᠯᠡᠬᠡᠢ᠎ᠳᠡᠬᠢ ᠠᠩᠬᠠᠳᠠᠭ᠍ᠴᠢ ᠠᠵᠢᠯ᠎ᠢ ᠤᠷᠤᠭᠰᠢᠲᠠᠢ᠎ᠪᠠᠷ ᠪᠡᠶᠡᠯᠡᠭᠦᠯᠵᠦ᠂ ᠬᠡᠷᠡᠭᠯᠡᠭᠰᠡᠨ ᠪᠣᠬᠢᠷᠳᠤᠯ ᠦᠭᠡᠢ ᠰᠢᠪᠲᠦᠷ ᠨᠢ ᠶᠤᠸᠠᠨ ᠵᠢᠩ ᠪᠦᠯᠦᠭᠯᠡᠯ᠎ᠦᠨ ᠥᠪᠥᠷ ᠮᠣᠩᠭᠣᠯ᠎ᠤᠨ ᠤᠯᠠᠭᠠᠨᠬᠠᠳᠠ᠎ᠳᠤ ᠪᠠᠢᠭᠤᠯᠤᠭᠰᠠᠨ ᠪᠥᠬᠥ ᠳᠡᠯᠡᠬᠡᠢ᠎ᠳᠡᠬᠢ ᠬᠠᠮᠤᠭ᠎ᠤᠨ ᠲᠣᠮᠣ᠌ ᠪᠣᠬᠢᠷᠲᠤᠯ ᠦᠭᠡᠢ ᠤᠰᠤᠲᠥ᠋ᠷᠥᠭᠴᠢ ᠰᠢᠪᠲᠦᠷ᠎ᠦᠨ ᠲᠥᠷᠥᠯ ᠵᠦᠢᠯ᠎ᠡᠴᠡ ᠢᠷᠡᠯᠲᠡ᠎ᠲᠠᠢ ᠪᠠᠢᠵᠤ᠂ 100%᠎ᠪᠠᠷ ᠪᠣᠬᠢᠷᠲᠤᠯ ᠦᠭᠡᠢ ᠴᠠᠬᠢᠯᠭᠠᠨ ᠬᠦᠴᠦᠨ᠎ᠢᠶᠡᠷ ᠦᠢᠯᠡᠳᠴᠦ᠂ ᠨᠢᠭᠡᠨᠲᠡ ᠣᠯᠠᠨ ᠤᠯᠤᠰ᠎ᠤᠨ ᠦᠷᠭᠦᠯᠵᠢᠯᠡᠬᠦᠢᠴᠡ ᠬᠥᠭᠵᠢᠯᠲᠡ ᠪᠠ ᠨᠡᠭᠦᠷᠡᠰᠦᠲᠥ᠋ᠷᠥᠭᠴᠢ᠎ᠶᠢᠨ ᠭᠡᠷᠡᠴᠢᠯᠡᠯ᠎ᠦᠨ (ISCC) Plus ᠭᠡᠷᠡᠴᠢᠯᠡᠯ᠂ ᠹᠷᠠᠨᠼᠢ᠎ᠶᠢᠨ BV ᠣᠯᠠᠨ ᠤᠯᠤᠰ᠎ᠤᠨ ᠰᠢᠯᠭᠠᠨ ᠪᠠᠢᠴᠠᠭᠠᠬᠤ ᠪᠦᠯᠦᠭᠯᠡᠯ᠎ᠦᠨ ᠳᠠᠬᠢᠨ ᠡᠭᠦᠰᠴᠦ᠍ ᠪᠣᠯᠬᠤ ᠰᠢᠪᠲᠦᠷ᠎ᠦᠨ ᠭᠡᠷᠡᠴᠢᠯᠡᠯ᠎ᠢ ᠣᠯᠵᠤ᠂ ᠲᠡᠭᠦᠨ᠎ᠦ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠴᠢᠳᠠᠮᠵᠢ ᠪᠠ ᠦᠷᠭᠦᠯᠵᠢᠯᠡᠬᠦᠢᠴᠡ ᠴᠢᠨᠠᠷ ᠨᠢ ᠣᠯᠠᠨ ᠤᠯᠤᠰ᠎ᠤᠨ ᠡᠷᠬᠡ ᠰᠦᠷᠲᠦ ᠪᠠᠢᠭᠤᠯᠤᠮᠵᠢ᠎ᠶᠢᠨ ᠳᠡᠭᠡᠳᠦ ᠬᠡᠮᠵᠢᠶᠡᠨ᠎ᠦ ᠵᠥᠪᠰᠢᠶᠡᠷᠡᠯ᠎ᠢ ᠣᠯᠣᠭᠰᠠᠨ ᠪᠠᠢᠨ᠎ᠠ ᠃ 

ᠡᠨᠡ ᠤᠳᠠᠭᠠᠨ᠎ᠤ ᠲᠦᠯᠡᠰᠢ᠎ᠶ᠋ᠢ ᠤᠷᠤᠭ᠍ᠰᠢᠲᠠᠢ ᠨᠡᠮᠡᠭ᠌ᠰᠡᠨ ᠨᠢ ᠪᠣᠬᠢᠷᠲᠤᠯ ᠦᠭᠡᠢ ᠴᠠᠬᠢᠯᠭᠠᠨ᠎ᠢᠶᠠᠷ ᠰᠢᠪᠲᠦᠷ ᠦᠢᠯᠡᠳᠬᠦ᠌ — ᠪᠣᠬᠢᠷᠲᠤᠯ ᠦᠭᠡᠢ ᠰᠢᠪᠲᠦᠷ᠎ᠢ ᠲᠡᠭᠡᠭᠡᠪᠦᠷᠢᠯᠡᠬᠦ᠌ — ᠲᠦᠯᠡᠰᠢ ᠨᠡᠮᠡᠬᠦ᠌ — ᠣᠩᠭᠣᠴᠠ ᠰᠠᠯ᠎ᠤᠨ ᠡᠵᠡᠩᠨᠡᠯᠲᠡ᠎ᠶᠢᠨ ᠪᠦᠷᠢᠨ ᠪᠦᠲᠦᠨ ᠦᠷᠳᠡᠭ᠎ᠦᠨ ᠬᠡᠯᠬᠢᠶ᠎ᠡ᠎ᠶᠢ ᠨᠡᠪᠲᠡᠷᠡᠭᠦᠯᠪᠡ᠂ ᠡᠨᠡ ᠨᠢ ᠪᠣᠬᠢᠷᠳᠤᠯ ᠦᠭᠡᠢ ᠰᠢᠪᠲᠦᠷ᠎ᠢ ᠣᠩᠭᠣᠴᠠ ᠰᠠᠯ᠎ᠤᠨ ᠬᠦᠳᠡᠯᠭᠡᠭ᠌ᠴᠢ ᠬᠦᠴᠦᠨ᠎ᠦ ᠰᠢᠰᠲᠧᠮ᠎ᠳᠦ ᠪᠦᠬᠦ ᠪᠥᠮᠪᠥᠷᠴᠡᠭ᠎ᠤᠨ ᠬᠡᠪᠴᠢᠶᠡᠨ᠎ᠳᠦ ᠠᠩᠬ᠎ᠠ ᠤᠳᠠᠭ᠎ᠠ ᠬᠡᠷᠡᠭ᠌ᠯᠡᠭ᠌ᠰᠡᠨ᠎ᠢ ᠬᠠᠷᠠᠭᠤᠯᠵᠤ ᠪᠠᠢᠨ᠎ᠠ᠃ ᠢᠩᠭᠢᠭᠡᠳ᠂ ᠠᠩᠬ᠎ᠠ ᠤᠳᠠᠭ᠎ᠠ ᠤᠯᠤᠰ᠎ᠲᠤ᠎ᠪᠠᠨ ᠦᠢᠯᠡᠳᠪᠦᠷᠢᠯᠡᠭᠰᠡᠨ ᠪᠣᠬᠢᠷᠳᠤᠯ ᠦᠭᠡᠢ ᠰᠢᠪᠲᠦᠷ᠂ ᠪᠣᠬᠢᠷᠳᠤᠯ ᠦᠭᠡᠢ ᠠᠯᠺᠣᠣᠯ᠎ᠤᠨ ᠲᠦᠯᠡᠰᠢ ᠨᠡᠮᠡᠭ᠌ᠰᠡᠨ ᠨᠢ ᠴᠥᠮ ᠥᠪᠥᠷ ᠮᠣᠩᠭᠣᠯ᠎ᠠᠴᠠ ᠢᠷᠡᠯᠲᠡ᠎ᠲᠠᠢ ᠪᠣᠯᠵᠠᠢ᠂ ᠥᠪᠥᠷ ᠮᠣᠩᠭᠣᠯ ᠦᠢᠯᠡᠳᠬᠡᠯ ᠨᠢ ᠮᠠᠨ᠎ᠤ ᠤᠯᠤᠰ᠎ᠤᠨ ᠤᠰᠤᠨ ᠵᠠᠮ᠎ᠤᠨ ᠲᠡᠭᠡᠭᠡᠪᠦᠷᠢ᠎ᠶᠢᠨ ᠦᠢᠯᠡᠰ᠎ᠦᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠦᠷᠭᠦᠯᠵᠢᠯᠡᠬᠦᠢᠴᠡ ᠬᠥᠭᠵᠢᠯᠲᠡ᠎ᠶᠢᠨ 《ᠪᠣᠬᠢᠷᠲᠤᠯ ᠦᠭᠡᠢ ᠲᠥᠰᠥᠯ》᠎ᠢ ᠬᠠᠩᠭᠠᠵᠠᠢ᠃ 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ