9 ᠳ᠋ᠦ᠍ᠭᠡᠷ ᠰᠠᠷ᠎ᠠ᠎ᠶᠢᠨ 27᠎ᠤ ᠡᠳᠦᠷ᠂ S27 ᠬᠥᠬᠡᠬᠣᠲᠠ᠎ᠠᠴᠠ ᠣᠷᠳᠣᠰ ᠬᠦᠷᠬᠦ ᠲᠦᠷᠭᠡᠨ᠎ᠦ ᠵᠠᠰᠠᠮᠠᠯ ᠵᠠᠮ ( ᠣᠷᠳᠣᠰ᠎ᠤᠨ ᠬᠡᠰᠡᠭ )᠎ᠤᠨ ᠲᠥᠷᠥᠯ ᠵᠦᠢᠯ᠎ᠢ ᠵᠢᠩᠬᠢᠨᠢ᠎ᠪᠡᠷ ᠪᠠᠷᠢᠯᠭ᠎ᠠ ᠡᠬᠢᠯᠡᠭᠦᠯᠪᠡ᠃ ᠲᠤᠰ ᠲᠦᠷᠦᠯ ᠵᠦᠢᠯ ᠪᠣᠯ ᠥᠪᠡᠷᠲᠡᠭᠡᠨ ᠵᠠᠰᠠᠬᠤ ᠣᠷᠣᠨ᠎ᠤ 《ᠲᠠᠪᠤᠨ ᠶᠡᠬᠡ ᠡᠭᠦᠷᠭᠡ》᠂ 《ᠵᠢᠷᠭᠤᠭᠠᠨ ᠢᠨᠵᠧᠨᠧᠷᠢᠩ》᠂《ᠵᠢᠷᠭᠤᠭᠠᠨ ᠠᠵᠢᠯᠯᠠᠭᠠᠨ》᠎ᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠬᠤ᠎ᠶᠢᠨ ᠵᠠᠩᠭᠢᠯᠠᠭ᠎ᠠ᠎ᠶᠢᠨ ᠴᠢᠨᠠᠷᠲᠠᠢ᠂ ᠰᠠᠭᠤᠷᠢ ᠴᠢᠨᠠᠷᠲᠠᠢ᠂ ᠤᠳᠤᠷᠢᠳᠤᠮᠵᠢ᠎ᠶᠢᠨ ᠴᠢᠨᠠᠷᠲᠠᠢ ᠢᠨᠵᠧᠨᠧᠷᠢᠩ ᠪᠠᠢᠵᠤ᠂ ᠥᠪᠡᠷᠲᠡᠭᠡᠨ ᠵᠠᠰᠠᠬᠤ ᠣᠷᠣᠨ᠎ᠤ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠲᠥᠯᠥᠪᠵᠢᠭᠦᠯᠦᠨ ᠪᠦᠲᠦᠭᠡᠨ ᠪᠠᠶ᠋ᠢᠭᠤᠯᠬᠤ ᠴᠢᠬᠤᠯᠠ ᠶᠡᠬᠡ ᠲᠥᠷᠥᠯ ᠵᠦᠢᠯ ᠪᠣᠯᠬᠤ ᠪᠥᠭᠡᠳ ᠣᠷᠳᠣᠰ ᠬᠣᠲᠠ᠎ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠬᠡ ᠲᠥᠷᠥᠯ ᠵᠦᠢᠯ ᠮᠥᠨ᠂ ᠲᠣᠰ ᠲᠥᠷᠥᠯ ᠵᠦᠢᠯ ᠨᠢ ᠪᠠᠰᠠ᠌ ᠠᠷᠠᠳ ᠣᠯᠠᠨ᠎ᠤ ᠬᠦᠰᠡᠨ ᠬᠦᠯᠢᠶᠡᠭᠰᠡᠭᠡᠷ ᠢᠷᠡᠭᠰᠡᠨ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ ᠪᠣᠯᠬᠤ ᠮᠥᠷᠲᠡᠭᠡᠨ ᠪᠠᠢᠭᠤᠯᠵᠤ ᠳᠠᠭᠤᠰᠤᠭᠰᠠᠨ᠎ᠤ ᠳᠠᠷᠠᠭ᠎ᠠ 《 ᠬᠥᠬᠡᠬᠣᠲᠠ ᠪᠤᠭᠤᠲᠤ ᠣᠷᠳᠣᠰ ᠤᠯᠠᠭᠠᠨᠴᠠᠪ 》 ᠬᠣᠲᠠ᠎ᠶᠢᠨ ᠪᠥᠭᠡᠮᠨᠡᠷᠡᠯ᠎ᠢ ᠬᠣᠯᠪᠣᠵᠤ ᠭᠤᠯᠳᠤ᠎ᠪᠠᠷ ᠨᠡᠪᠲᠡᠷᠡᠭᠦᠯᠬᠦ ᠵᠠᠩᠭᠢᠯᠠᠭ᠎ᠠ᠎ᠶᠢᠨ ᠵᠠᠮ ᠪᠣᠯᠬᠤ ᠪᠣᠯᠣᠨ᠎ᠠ᠃
ᠲᠥᠷᠥᠯ ᠵᠦᠢᠯ᠎ᠦᠨ ᠭᠣᠣᠯ ᠱᠤᠭᠤᠮ᠎ᠤᠨ ᠪᠥᠬᠥ ᠣᠷᠳᠣ᠌ ᠨᠢ ᠪᠠᠷᠤᠭ 127.9 ᠺᠢᠯᠣᠮᠧᠲᠷ᠂ ᠶᠡᠷᠦᠩᠬᠡᠢ ᠪᠡᠯᠡ ᠣᠷᠣᠭᠤᠯᠤᠯᠲᠠ ᠨᠢ 126.87 ᠳ᠋ᠦᠩᠰᠢᠭᠤᠷ ᠲᠥᠭᠥᠷᠢᠭ ᠪᠠᠢᠵᠤ᠂ ᠬᠣᠣᠰ ᠴᠢᠭᠯᠡᠯ᠎ᠢᠶᠠᠷ 4 ᠮᠠᠰᠢᠨ ᠲᠡᠷᠭᠡᠨ ᠵᠠᠮ᠎ᠤᠨ ᠪᠠᠷᠢᠮᠵᠢᠶ᠎ᠠ ᠲᠠᠢ ᠪᠦᠲᠦᠭᠡᠨ ᠪᠠᠢᠭᠤᠯᠤᠨ᠎ᠠ᠂ ᠴᠠᠭ᠎ᠤᠨ ᠬᠤᠷᠳᠤᠴᠠ᠎ᠶᠢ 120 ᠺᠢᠯᠣᠮᠧᠲᠷ᠎ᠢᠶᠠᠷ ᠲᠥᠯᠥᠪᠯᠡᠵᠦ᠂ ᠬᠣᠢᠨ᠎ᠠ᠎ᠡᠴᠡ ᠬᠠᠲᠤᠨ ᠭᠣᠣᠯ᠎ᠤᠨ ᠶᠡᠬᠡ ᠬᠥᠭᠥᠷᠭᠡ᠎ᠶᠢᠨ ᠬᠣᠢᠲᠤ ᠲᠠᠯ᠎ᠠ᠎ᠳᠤ᠂ ᠡᠮᠦᠨᠡᠰᠢ G65 ᠪᠤᠭᠤᠲᠤ᠎ᠠᠴᠠ ᠮᠣᠣᠮᠢᠩ ᠬᠦᠷᠬᠦ ᠲᠦᠷᠭᠡᠨ᠎ᠦ ᠵᠠᠰᠠᠮᠠᠯ ᠵᠠᠮ᠎ᠲᠠᠢ ᠵᠠᠯᠭᠠᠯᠳᠤᠨ᠎ᠠ᠃ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠠᠵᠢᠯ᠎ᠤᠨ ᠬᠤᠭᠤᠴᠠᠭ᠎ᠠ ᠨᠢ 4 ᠵᠢᠯ ᠪᠠᠢᠵᠤ᠂ ᠪᠠᠢᠭᠤᠯᠵᠤ ᠳᠠᠭᠤᠰᠤᠭᠰᠠᠨ᠎ᠤ ᠳᠠᠷᠠᠭ᠎ᠠ ᠬᠥᠬᠡᠬᠣᠲᠠ ᠪᠠ ᠣᠷᠳᠣᠰ ᠬᠣᠲᠠ᠎ᠶᠢᠨ ᠬᠣᠭᠣᠷᠣᠨᠳᠤᠬᠢ ᠵᠠᠢ᠎ᠪᠠᠷ ᠬᠠᠮᠤᠭ᠎ᠤᠨ ᠣᠬᠣᠷ᠂ ᠴᠠᠭ᠎ᠢᠶᠠᠷ ᠬᠠᠮᠤᠭ᠎ᠤᠨ ᠬᠤᠷᠳᠤᠨ᠂ ᠰᠢᠭᠤᠳ ᠨᠡᠪᠲᠡᠷᠡᠬᠦ ᠬᠠᠮᠤᠭ᠎ᠤᠨ ᠲᠦᠷᠭᠡᠨ ᠵᠠᠰᠠᠮᠠᠯ ᠵᠠᠮ ᠪᠣᠯᠬᠤ ᠪᠣᠯᠣᠨ᠎ᠠ᠂ ᠲᠡᠷᠡ ᠨᠢ ᠴᠠᠭ ᠬᠤᠭᠤᠴᠠᠭ᠎ᠠ ᠪᠠ ᠣᠷᠣᠨ ᠵᠠᠢ᠎ᠶᠢ ᠪᠦᠲᠦᠮᠵᠢᠲᠡᠶ ᠬᠡᠮᠨᠡᠵᠦ᠂ ᠬᠥᠬᠡᠬᠣᠲᠠ ᠬᠢᠭᠡᠳ ᠪᠤᠭᠤᠲᠤ᠂ ᠣᠷᠳᠣᠰ᠂ ᠤᠯᠠᠭᠠᠨᠴᠠᠪ ᠭᠤᠷᠪᠠᠨ ᠬᠣᠲᠠ᠎ᠶᠢᠨ ᠬᠣᠭᠣᠷᠣᠨᠳᠤ 2 ᠴᠠᠭ᠎ᠲᠤ ᠨᠡᠪᠲᠡᠷᠡᠬᠦ᠎ᠶᠢ ᠪᠡᠶᠡᠯᠡᠭᠦᠯᠦᠨ᠂ ᠥᠪᠡᠷᠲᠡᠭᠡᠨ ᠵᠠᠰᠠᠬᠤ ᠣᠷᠣᠨ᠂ ᠬᠥᠬᠡᠬᠣᠲᠠ ᠪᠤᠭᠤᠲᠤ ᠣᠷᠳᠣᠰ ᠲᠡᠮᠡᠭᠡᠲᠦ ᠬᠣᠲᠠ᠎ᠶᠢᠨ ᠪᠥᠭᠡᠮᠨᠡᠷᠡᠯ ᠵᠢᠴᠢ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠨᠢᠭᠡ ᠴᠣᠭᠴᠠᠵᠢᠭᠤᠯᠤᠭᠰᠠᠨ ᠣᠷᠣᠨ᠎ᠤ ᠳᠣᠲᠣᠷᠠᠬᠢ ᠲᠦᠷᠭᠡᠨ᠎ᠦ ᠵᠠᠰᠠᠮᠠᠯ ᠵᠠᠮ ᠲᠣᠣᠷ᠎ᠢ ᠲᠡᠭᠦᠯᠳᠡᠷᠵᠢᠭᠦᠯᠬᠦ᠎ᠳᠦ ᠴᠢᠬᠤᠯᠠ ᠦᠢᠯᠡᠳᠦᠯ᠎ᠲᠠᠢ ᠶᠤᠮ᠃ ᠡᠭᠦᠨ᠎ᠦ ᠬᠠᠮᠲᠤ᠂ ᠲᠣᠰ ᠲᠥᠷᠥᠯ ᠵᠦᠢᠯ᠎ᠢ ᠵᠡᠭᠦᠨᠰᠢ᠎ᠪᠡᠨ G59 ᠬᠥᠬᠡᠬᠣᠲᠠ᠎ᠠᠴᠠ ᠪᠧᠢᠬᠠᠢ ᠬᠦᠷᠬᠦ ᠲᠦᠷᠭᠡᠨ᠎ᠦ ᠵᠠᠰᠠᠮᠠᠯ ᠵᠠᠮ᠎ᠲᠠᠢ ᠵᠣᠯᠭᠠᠭᠤᠯᠵᠤ᠂ ᠤᠮᠠᠷᠠᠰᠢ᠎ᠪᠠᠨ G6᠂ G7 ᠲᠦᠷᠭᠡᠨ᠎ᠦ ᠵᠠᠰᠠᠮᠠᠯ ᠵᠠᠮ ᠲᠣᠣᠷ᠎ᠲᠠᠢ ᠬᠣᠯᠪᠣᠵᠤ᠂ ᠡᠮᠦᠨᠡᠰᠢ᠎ᠪᠡᠨ ᠱᠠᠨ ᠰᠢ᠎ᠶᠢᠨ ᠴᠢᠭᠯᠡᠯ᠎ᠲᠠᠢ ᠵᠣᠯᠭᠠᠭᠤᠯᠵᠤ᠂ ᠪᠠᠷᠠᠭᠤᠨᠰᠢ᠎ᠪᠠᠨ ᠣᠷᠳᠣᠰ᠎ᠤᠨ ᠳᠡᠭᠡᠳᠦ ᠰᠢᠨ᠎ᠡ ᠮᠡᠷᠭᠡᠵᠢᠯ᠎ᠦᠨ ᠬᠦᠷᠢᠶᠡᠯᠡᠩ ᠲᠣᠭᠣᠷᠢᠭ᠋ ᠬᠦᠷᠲᠡᠯ᠎ᠡ ᠤᠷᠲᠤᠳᠬᠠᠬᠤ ᠪᠣᠯᠬᠣᠷ ᠪᠥᠬᠥ ᠣᠷᠣᠨ᠎ᠤ ᠵᠠᠮ ᠲᠣᠣᠷ᠎ᠤᠨ ᠪᠦᠬᠦᠯᠢ ᠴᠣᠭᠴᠠ᠎ᠶᠢᠨ ᠦᠢᠯᠡᠳᠦᠯ ᠴᠢᠳᠠᠮᠵᠢ᠎ᠶᠢ ᠳᠡᠭᠡᠭᠰᠢᠯᠡᠭᠦᠯᠬᠦ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠪᠡᠭᠡᠵᠢᠩ ᠲᠢᠶᠠᠨᠵᠢᠨ ᠾᠧᠪᠧᠢ᠎ᠶᠢᠨ ᠬᠠᠮᠵᠢᠯᠴᠠᠨ ᠬᠥᠭᠵᠢᠬᠦ ᠶᠡᠬᠡ ᠲᠠᠯ᠎ᠠ ᠯᠤᠭ᠎ᠠ ᠠᠭᠤᠰᠤᠯᠴᠠᠭᠤᠯᠬᠤ᠎ᠳᠦ ᠨᠢ ᠦᠢᠯᠡᠴᠢᠯᠡᠬᠦ᠎ᠳᠤ ᠠᠯᠤᠰ ᠬᠡᠲᠦ᠎ᠶᠢᠨ ᠠᠴᠢ ᠬᠣᠯᠪᠣᠭᠳᠠᠯ᠎ᠲᠠᠢ ᠶᠤᠮ᠃