ᠲᠥᠪ᠎ᠦᠨ ᠪᠠ ᠣᠷᠣᠨ ᠨᠤᠲᠤᠭ᠎ᠤᠨ ᠠᠵᠤ ᠠᠬᠤᠢᠯᠠᠯ᠎ᠤᠨ ᠭᠦᠨᠵᠡᠭᠡᠢ ᠬᠠᠮᠵᠢᠯᠴᠠᠭ᠎ᠠ᠎ᠶᠢ ᠥᠪᠥᠷ ᠮᠣᠩᠭᠣᠯ 3 ᠲᠠᠯ᠎ᠠ᠎ᠪᠠᠷ ᠠᠬᠢᠭᠤᠯᠵᠤ ᠪᠣᠶ
ᠰᠤᠷᠪᠤᠯᠵᠢᠯᠠᠭ᠍ᠴᠢ 9 ᠳ᠋ᠦ᠍ᠭᠡᠷ ᠰᠠᠷ᠎ᠠ᠎ᠶᠢᠨ 4᠎ᠤ ᠡᠳᠦᠷ ᠶᠠᠪᠤᠭᠳᠠᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠪ᠎ᠤᠨ ᠪᠠ ᠣᠷᠣᠨ ᠨᠤᠲᠤᠭ᠎ᠤᠨ ᠵᠠᠭᠤᠨ ᠬᠣᠣᠰ ᠠᠵᠤ ᠠᠬᠤᠢᠯᠠᠯ᠎ᠤᠨ ᠬᠠᠮᠵᠢᠯᠴᠠᠭᠠᠨ᠎ᠤ ᠠᠵᠢᠯᠯᠠᠭᠠᠨ᠎ᠤ ᠠᠵᠢᠯ᠎ᠢ ᠠᠬᠢᠭᠤᠯᠬᠤ ᠬᠤᠷᠠᠯ᠎ᠠᠴᠠ ᠣᠢᠯᠠᠭᠠᠭᠰᠠᠨ᠎ᠢᠶᠠᠷ᠂ ᠲᠥᠪ᠎ᠤᠨ ᠪᠠ ᠣᠷᠣᠨ ᠨᠤᠲᠤᠭ᠎ᠤᠨ ᠠᠵᠤ ᠠᠬᠤᠢᠯᠠᠯ᠎ᠤᠨ ᠭᠦᠨᠵᠡᠭᠡᠢ ᠬᠠᠮᠵᠢᠯᠴᠠᠭ᠎ᠠ᠎ᠶᠢ ᠥᠪᠥᠷ ᠮᠣᠩᠭᠣᠯ 3 ᠲᠠᠯ᠎ᠠ᠎ᠪᠠᠷ ᠠᠬᠢᠭᠤᠯᠵᠤ᠂ ᠲᠥᠪ᠎ᠦᠨ ᠠᠵᠤ ᠠᠬᠤᠢᠯᠠᠯ᠂ ᠣᠷᠣᠨ ᠨᠤᠲᠤᠭ᠎ᠤᠨ ᠠᠵᠤ ᠠᠬᠤᠢᠯᠠᠯ᠎ᠤᠨ ᠳᠠᠪᠠᠭᠤᠯᠢᠭ᠋᠎ᠢ ᠤᠯᠠᠮ ᠨᠢᠭᠡ ᠠᠯᠬᠤᠮ ᠪᠠᠳᠠᠷᠠᠭᠤᠯᠤᠨ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠬᠠᠮᠲᠤ᠎ᠪᠠᠷ ᠠᠬᠢᠭᠤᠯᠬᠤ ᠪᠣᠯᠣᠨ᠎ᠠ᠃ ᠡᠩ ᠲᠡᠷᠢᠭᠦᠨ᠎ᠳᠦ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠲᠦ ᠠᠵᠤ ᠠᠬᠤᠢᠯᠠᠯ᠎ᠤᠨ ᠦᠢᠯᠡᠴᠢᠯᠡᠭᠡᠨ᠎ᠦ ᠲᠣᠪᠴᠢᠶ᠎ᠠ ᠲᠦᠷᠦᠭᠦᠯᠡᠨ᠂ ᠠᠵᠤ ᠠᠬᠤᠢᠯᠠᠯ᠎ᠢ ᠲᠤᠰᠠᠯᠠᠬᠤ ᠠᠵᠢᠯᠯᠠᠭᠠᠨ ᠯᠤᠭ᠎ᠠ ᠤᠶᠠᠯᠳᠤᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠵᠤ ᠪᠠᠢᠭᠠᠳ ᠲᠥᠪ᠎ᠦᠨ ᠠᠵᠤ ᠠᠬᠤᠢᠯᠠᠯ ᠪᠠ ᠣᠷᠣᠨ ᠨᠤᠲᠤᠭ᠎ᠤᠨ ᠠᠵᠤ ᠠᠬᠤᠢᠯᠠᠯ᠎ᠤᠨ ᠪᠠᠢᠩᠭᠤᠱᠢᠭᠤᠯᠤᠭ᠍ᠰᠠᠨ ᠵᠣᠯᠭᠠᠭᠤᠯᠵᠤ ᠨᠡᠪᠲᠡᠷᠡᠯᠴᠡᠬᠦ ᠲᠣᠭᠲᠠᠴᠠ᠎ᠶᠢ ᠪᠠᠢᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠣᠶᠠᠷ ᠲᠠᠯ᠎ᠠ᠎ᠶᠢᠨ ᠬᠠᠮᠵᠢᠯᠴᠠᠭᠠᠨ᠎ᠤ ᠳᠤᠮᠳᠠ ᠲᠤᠯᠭᠠᠷᠠᠭᠰᠠᠨ ᠲᠦᠭ᠌ᠵᠢᠷᠡᠯ ᠬᠦᠴᠢᠷᠳᠡᠯ ᠠᠰᠠᠭᠤᠳᠠᠯ᠎ᠢ ᠵᠥᠪᠳᠡᠯᠴᠡᠨ ᠰᠢᠢᠳᠪᠦᠷᠢᠯᠡᠵᠦ᠂ ᠲᠦᠷᠦᠯ ᠵᠦᠢᠯ᠎ᠢ ᠬᠢᠨᠠᠨ ᠵᠦᠪᠱᠢᠶᠡᠷᠡᠬᠦ᠌᠂ ᠬᠦᠴᠦᠨ ᠵᠦᠢᠯ᠎ᠢ ᠪᠠᠲᠤᠯᠠᠬᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠰᠢᠨ᠎ᠡ᠎ᠶᠢ ᠡᠭᠦᠳᠬᠦ᠎ᠶᠢ ᠤᠷᠮᠠᠰᠢᠭᠤᠯᠬᠤ ᠵᠡᠷᠭᠡ ᠲᠠᠯ᠎ᠠ᠎ᠪᠠᠷ ᠬᠠᠮᠵᠢᠯᠴᠠᠭᠠᠨ᠎ᠤ ᠠᠵᠤ ᠠᠬᠤᠢᠯᠠᠯ᠎ᠤᠳ᠎ᠲᠤ ᠵᠦᠢ ᠵᠣᠬᠢᠰᠲᠠᠢ ᠳᠡᠮᠵᠢᠯᠭᠡ ᠬᠠᠩᠭᠠᠵᠤ᠂ ᠡᠯ᠎ᠡ ᠵᠦᠢᠯ᠎ᠦᠨ ᠬᠠᠮᠵᠢᠯᠴᠠᠭᠠᠨ᠎ᠤ ᠡᠭᠦᠷᠭᠡ᠎ᠶᠢ ᠡᠮᠬᠢ ᠵᠢᠷᠤᠮ᠎ᠲᠠᠢ ᠠᠬᠢᠭᠤᠯᠬᠤ᠎ᠶᠢ ᠲᠦᠯᠬᠢᠨ ᠠᠬᠢᠭᠤᠯᠤᠨ᠎ᠠ᠃ ᠳᠠᠷᠠᠭᠠᠯᠠᠪᠠᠯ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠡᠴᠡ ᠲᠥᠪ᠎ᠦᠨ ᠠᠵᠤ ᠠᠬᠤᠢᠯᠠᠯ᠂ ᠣᠷᠣᠨ ᠨᠤᠲᠤᠭ᠎ᠤᠨ ᠠᠵᠤ ᠠᠬᠤᠢᠯᠠᠯ᠎ᠤᠨ ᠪᠣᠳᠠᠲᠠᠢ ᠬᠡᠷᠡᠭᠴᠡᠭᠡ ᠪᠠ ᠬᠠᠮᠲᠤᠷᠠᠯᠴᠠᠭᠠᠨ᠎ᠤ ᠰᠠᠨᠠᠮᠵᠢ᠎ᠶᠢ ᠭᠦᠨᠵᠡᠭᠡᠢ ᠣᠢᠯᠠᠭᠠᠵᠤ᠂ 《ᠨᠢᠭᠡ᠎ᠡᠴᠡ ᠨᠢᠭᠡ᠎ᠳᠦ ᠴᠢᠭ᠌ᠯᠡᠭᠦᠯᠦᠨ》 《ᠴᠡᠭ᠎ᠡᠴᠡ ᠴᠡᠭ᠎ᠲᠦ ᠬᠦᠷᠬᠦ᠌》 ᠨᠠᠷᠢᠯᠢᠭ᠋ ᠣᠨᠣᠴᠠᠲᠠᠢ ᠦᠢᠯᠡᠴᠢᠯᠡᠭᠡ ᠬᠠᠩᠭᠠᠵᠤ᠂ ᠬᠠᠮᠲᠤᠷᠠᠯᠴᠠᠭᠠᠨ᠎ᠤ ᠰᠠᠨᠠᠮᠵᠢ᠎ᠲᠠᠢ ᠪᠠᠢᠬᠤ ᠠᠵᠤ ᠠᠬᠤᠢᠯᠠᠯ ᠬᠢᠭᠡᠳ ᠲᠥᠷᠥᠯ ᠵᠦᠢᠯ᠎ᠢ ᠤᠯᠠᠮ ᠨᠢᠭᠡ ᠠᠯᠬᠤᠮ ᠭᠦᠨᠵᠡᠭᠡᠢ ᠵᠣᠯᠭᠠᠭᠤᠯᠬᠤ᠎ᠶᠢ ᠠᠬᠢᠭᠤᠯᠵᠤ᠂ ᠠᠯᠢ ᠲᠦᠷᠭᠡᠨ᠎ᠢᠶᠡᠷ ᠬᠠᠮᠲᠤ᠎ᠶᠢᠨ ᠲᠠᠨᠢᠯᠲᠠ᠎ᠲᠠᠢ ᠪᠣᠯᠭᠠᠬᠤ᠎ᠶ᠋ᠢᠨ ᠬᠠᠮᠲᠤ ᠵᠥᠪᠯᠡᠯᠴᠡᠭᠡᠷ ᠲᠣᠬᠢᠷᠠᠯᠴᠠᠭᠤᠯᠤᠨ᠎ᠠ; ᠨᠢᠭᠡᠨᠲᠡ ᠵᠦᠪᠯᠡᠯᠴᠡᠭᠡᠷ ᠲᠣᠬᠢᠷᠠᠯᠴᠠᠭ᠍ᠰᠠᠨ ᠬᠠᠮᠵᠢᠯᠴᠠᠭᠠᠨ᠎ᠤ ᠲᠦᠷᠦᠯ ᠵᠦᠢᠯ᠎ᠢ ᠠᠯᠢ ᠲᠦᠷᠭᠡᠨ᠎ᠢᠶᠡᠷ ᠨᠠᠢᠳᠠᠪᠤᠷᠢᠵᠢᠭᠤᠯᠬᠤ᠎ᠶᠢ ᠨᠢ ᠵᠣᠬᠢᠴᠠᠭᠤᠯᠤᠨ ᠠᠬᠢᠭᠤᠯᠵᠤ᠂ ᠪᠡᠯᠡ ᠣᠷᠣᠭᠤᠯᠤᠨ ᠪᠦᠲᠦᠭᠡᠨ ᠪᠠᠢᠭᠤᠯᠵᠤ ᠪᠠᠢᠭ᠎ᠠ ᠲᠦᠷᠦᠯ ᠵᠦᠢᠯ᠎ᠢ ᠠᠯᠢ ᠲᠦᠷᠭᠡᠨ᠎ᠢᠶᠡᠷ ᠦᠢᠯᠡᠳᠪᠦᠷᠢᠯᠡᠭᠦᠯᠵᠦ᠍᠂ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠤᠨ᠎ᠠ᠃ ᠡᠭᠦᠨ᠎ᠦ ᠬᠠᠮᠲᠤ᠂ ᠥᠪᠥᠷ ᠮᠣᠩᠭᠣᠯ᠎ᠦᠨ ᠬᠢᠨ᠎ᠡᠴᠡ ᠲᠥᠪ᠎ᠤᠨ ᠪᠠ ᠣᠷᠣᠨ ᠨᠤᠲᠤᠭ᠎ᠤᠨ ᠠᠵᠤ ᠠᠬᠤᠢᠯᠠᠯ᠎ᠤᠨ ᠬᠠᠮᠵᠢᠯᠴᠠᠬᠤ ᠠᠵᠢᠯᠯᠠᠭᠠᠨ᠎ᠤ ᠳᠤᠮᠳᠠᠬᠢ ᠰᠠᠢᠨ ᠲᠤᠷᠱᠢᠯᠭ᠎ᠠ ᠰᠤᠷᠭᠠᠮᠵᠢ᠂ ᠰᠠᠢᠨ ᠠᠷᠭ᠎ᠠ ᠬᠢᠳᠡᠯ᠂ ᠰᠠᠢᠨ ᠨᠡᠢᠲᠡᠯᠢᠭ ᠵᠢᠱ᠌ᠢᠶ᠎ᠡ᠎ᠶᠢ ᠴᠠᠭ ᠲᠤᠬᠠᠢ᠎ᠳᠤ ᠨᠢ ᠳ᠋ᠦᠩᠨᠡᠨ ᠳᠡᠯᠭᠡᠷᠡᠭᠦᠯᠵᠦ᠍᠂ ᠲᠥᠪ᠎ᠤᠨ ᠪᠠ ᠣᠷᠣᠨ ᠨᠤᠲᠤᠭ᠎ᠤᠨ ᠠᠵᠤ ᠠᠬᠤᠢᠯᠠᠯ᠎ᠤᠨ 《ᠵᠣᠷᠢᠭ᠍ᠲᠠᠢ ᠬᠠᠮᠵᠢᠯᠴᠠᠬᠤ᠂ ᠳᠤᠷᠠᠲᠠᠶ᠎ᠠ ᠬᠠᠮᠵᠢᠯᠴᠠᠬᠤ᠂ ᠬᠠᠮᠵᠢᠯᠴᠠᠵᠤ ᠳᠡᠶ᠋ᠢᠯᠬᠦ》 ᠰᠠᠢᠨ ᠰᠠᠢᠬᠠᠨ ᠣᠷᠴᠢᠨ ᠨᠦᠬᠦᠴᠡᠯ᠎ᠢ ᠪᠦᠬᠦ᠌ ᠨᠡᠢᠭᠡᠮ᠎ᠢᠶᠡᠷ᠎ᠢᠶᠡᠨ ᠬᠠᠯᠠᠮᠵᠢᠯᠠᠨ ᠳᠡᠮᠵᠢᠵᠦ᠍ ᠪᠣᠶ ᠪᠣᠯᠭᠠᠨ᠎ᠠ᠃ ᠣᠢᠯᠠᠭᠠᠭᠰᠠᠨ᠎ᠢᠶᠠᠷ᠂ ᠵᠡᠭᠦᠨ ᠬᠣᠢᠲᠤ ᠣᠷᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠎ᠶᠢᠨ ᠲᠥᠯᠥᠭᠡ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠦᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ 2021 ᠣᠨ᠎ᠳᠤ 《ᠵᠡᠭᠦᠨ ᠬᠣᠢᠲᠤ ᠣᠷᠣᠨ᠎ᠳᠤ ᠲᠥᠪ᠎ᠤᠨ ᠪᠠ ᠣᠷᠣᠨ ᠨᠤᠲᠤᠭ᠎ᠤᠨ ᠵᠠᠭᠤᠨ ᠬᠣᠣᠰ ᠠᠵᠤ ᠠᠬᠤᠢᠯᠠᠯ᠎ᠢ ᠬᠥᠭᠵᠢᠭᠦᠯᠦᠨ ᠮᠠᠨᠳᠤᠭᠤᠯᠬᠤ ᠬᠠᠮᠵᠢᠯᠴᠠᠭᠠᠨ᠎ᠤ ᠠᠵᠢᠯᠯᠠᠭ᠎ᠠ᠎ᠨᠢ ᠥᠷᠨᠢᠭᠦᠯᠬᠦ ᠲᠤᠬᠠᠢ ᠮᠡᠳᠡᠭᠳᠡᠯ》 ᠪᠠᠭᠤᠯᠭᠠᠵᠠᠢ᠂ ᠠᠵᠢᠯᠯᠠᠭᠠᠨ᠎ᠳᠤ ᠣᠷᠣᠯᠴᠠᠭᠰᠠᠨ ᠮᠤᠵᠢ ᠣᠷᠣᠨ᠎ᠳᠤ ᠵᠡᠭᠦᠨ ᠬᠣᠢᠲᠤ ᠣᠷᠣᠨ᠎ᠤ ᠭᠤᠷᠪᠠᠨ ᠮᠤᠵᠢ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠭᠲᠠᠨ᠎ᠠ᠃ 2021 ᠣᠨ᠎ᠠᠴᠠ ᠨᠠᠭᠠᠰᠢ ᠥᠷᠨᠢᠭᠦᠯᠦᠭᠰᠡᠨ ᠲᠥᠪ᠎ᠤᠨ ᠪᠠ ᠣᠷᠣᠨ ᠨᠤᠲᠤᠭ᠎ᠤᠨ ᠵᠠᠭᠤᠨ ᠬᠣᠣᠰ ᠠᠵᠤ ᠠᠬᠤᠢᠯᠠᠯ᠎ᠤᠨ ᠬᠠᠮᠵᠢᠯᠴᠠᠭᠠᠨ᠎ᠤ ᠠᠵᠢᠯᠯᠠᠭᠠᠨ᠎ᠳᠤ ᠥᠪᠥᠷ ᠮᠣᠩᠭᠣᠯ ᠣᠷᠣᠯᠴᠠᠬᠤ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠲᠦ 26 ᠠᠵᠤ ᠠᠬᠤᠢᠯᠠᠯ᠂ ᠲᠥᠪ᠎ᠦᠨ 20 ᠠᠵᠤ ᠠᠬᠤᠢᠯᠠᠯ᠎ᠢ ᠪᠠᠭᠲᠠᠭᠠᠭᠰᠠᠨ ᠬᠣᠣᠰᠯᠠᠯ ᠠᠵᠤ ᠠᠬᠤᠢᠯᠠᠯ᠎ᠢ 26 ᠬᠣᠣᠰ ᠪᠦᠷᠢᠯᠳᠦᠭᠦᠯᠵᠦ᠂ ᠥᠪᠥᠷ ᠮᠣᠩᠭᠣᠯ᠎ᠤᠨ ᠤᠯᠤᠰ᠎ᠤᠨ ᠦᠮᠴᠢᠯᠡᠯᠲᠦ ᠠᠵᠤ ᠠᠬᠤᠢᠯᠠᠯ᠎ᠤᠨ ᠥᠭᠡᠷᠡᠴᠢᠯᠡᠯᠲᠡ ᠪᠠ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠡᠨᠡ ᠵᠢᠯ᠎ᠦᠨ 3 ᠳ᠋ᠤᠭᠠᠷ ᠰᠠᠷ᠎ᠠ᠎ᠳᠤ᠂ ᠰᠢᠨ᠎ᠡ ᠨᠢᠭᠡ ᠡᠭᠡᠯᠵᠢ᠎ᠶᠢᠨ ᠲᠥᠪ᠎ᠤᠨ ᠪᠠ ᠣᠷᠣᠨ ᠨᠤᠲᠤᠭ᠎ᠤᠨ ᠵᠠᠭᠤᠨ ᠬᠣᠣᠰ ᠠᠵᠤ ᠠᠬᠤᠢᠯᠠᠯ᠎ᠤᠨ ᠬᠠᠮᠵᠢᠯᠴᠠᠭᠠᠨ᠎ᠤ ᠠᠵᠢᠯᠯᠠᠭ᠎ᠠ᠎ᠨᠢ ᠡᠬᠢᠯᠡᠭᠦᠯᠵᠦ᠂ ᠥᠪᠥᠷ ᠮᠣᠩᠭᠣᠯ᠎ᠤᠨ 24 ᠠᠵᠤ ᠠᠬᠤᠢᠯᠠᠯ ᠪᠠ ᠲᠥᠪ᠎ᠦᠨ 22 ᠠᠵᠤ ᠠᠬᠤᠢᠯᠠᠯ᠎ᠤᠨ ᠳᠠᠭᠠᠯᠲᠠ ᠠᠵᠤ ᠠᠬᠤᠢᠯᠠᠯ ᠬᠠᠮᠵᠢᠯᠴᠠᠭᠠᠨ᠎ᠤ ᠠᠵᠢᠯᠯᠠᠭᠠᠨ᠎ᠳᠤ ᠣᠷᠣᠯᠴᠠᠪᠠ᠃ ᠲᠣᠰ ᠤᠳᠠᠭᠠᠨ᠎ᠤ ᠠᠬᠢᠭᠤᠯᠬᠤ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠵᠢᠭᠤᠯᠴᠢᠯᠠᠯ᠎ᠤᠨ ᠪᠦᠯᠦᠭᠯᠡᠯ᠎ᠦᠨ ᠪᠠᠭᠤᠳᠠᠯ᠎ᠤᠨ ᠬᠤᠪᠢᠴᠠᠭ᠎ᠠ ᠡᠵᠡᠮᠳᠡᠬᠦ ᠬᠢᠵᠠᠭᠠᠷᠲᠤ ᠺᠣᠮᠫᠠᠨᠢ ᠬᠢᠭᠡᠳ ᠥᠪᠥᠷ ᠮᠣᠩᠭᠣᠯ᠎ᠤᠨ ᠣᠶ ᠰᠢᠭᠤᠢ᠎ᠶᠢᠨ ᠠᠵᠤ ᠦᠢᠯᠡᠳᠪᠦᠷᠢ᠎ᠶᠢᠨ ᠪᠦᠯᠦᠭᠯᠡᠯ᠂ ᠬᠤᠸᠠ ᠷᠦᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶᠢᠨ ᠬᠢᠵᠠᠭᠠᠷᠲᠤ ᠺᠣᠮᠫᠠᠨᠢ᠎ᠶᠢᠨ ᠤᠮᠠᠷᠠᠲᠤ᠎ᠶᠢᠨ ᠬᠤᠪᠢᠶᠠᠷᠢ ᠺᠣᠮᠫᠠᠨᠢ ᠬᠢᠭᠡᠳ ᠥᠪᠥᠷ ᠮᠣᠩᠭᠣᠯ᠎ᠤᠨ ᠡᠨᠧᠷᠭᠢ᠎ᠶᠢᠨ ᠴᠠᠬᠢᠯᠭᠠᠨ ᠭᠠᠷᠭᠠᠬᠤ ᠪᠡᠯᠡ ᠣᠷᠣᠭᠤᠯᠤᠯᠲᠠ᠎ᠶᠢᠨ ᠪᠦᠯᠦᠭᠯᠡᠯ᠎ᠦᠨ ᠰᠢᠨ᠎ᠡ ᠡᠨᠧᠷᠭᠢ᠎ᠶᠢᠨ ᠬᠢᠵᠠᠭᠠᠷᠲᠤ ᠺᠣᠮᠫᠠᠨᠢ ᠵᠡᠷᠭᠡ ᠲᠥᠪ᠎ᠤᠨ ᠪᠠ ᠣᠷᠣᠨ ᠨᠤᠲᠤᠭ᠎ᠤᠨ 6 ᠬᠣᠣᠰ ᠠᠵᠤ ᠠᠬᠤᠢᠯᠠᠯ ᠬᠠᠮᠲᠤᠷᠠᠯᠴᠠᠭᠠᠨ᠎ᠤ ᠵᠦᠪᠯᠡᠯᠴᠡᠭᠡᠷ ᠲᠣᠬᠢᠷᠠᠯᠴᠠᠵᠤ᠂ ᠬᠠᠮᠲᠤᠷᠠᠯᠴᠠᠭᠠᠨ᠎ᠤ ᠠᠭᠤᠯᠭ᠎ᠠ ᠨᠢ ᠰᠣᠶᠣᠯ ᠵᠢᠭᠤᠯᠴᠢᠯᠠᠯ᠂ ᠰᠢᠨ᠎ᠡ ᠡᠨᠧᠷᠭᠢ᠂ ᠵᠣᠬᠢᠶᠠᠮᠠᠯ ᠣᠶᠣᠨ ᠵᠡᠷᠭᠡ ᠣᠯᠠᠨ ᠬᠦᠷᠢᠶᠡᠨ᠎ᠳᠦ ᠬᠣᠯᠪᠣᠭ᠍ᠳᠠᠭ᠍ᠰᠠᠨ ᠪᠠᠢᠨ᠎ᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ 《ᠵᠢᠷᠭᠤᠭᠠᠨ ᠠᠵᠢᠯᠯᠠᠭ᠎ᠠ》᠎ᠶ᠋ᠢ ᠠᠬᠢᠭᠤᠯᠤᠭᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ ᠬᠣᠯᠪᠣᠭᠳᠠᠯ ᠪᠦᠬᠦᠢ ᠠᠵᠢᠯ ᠢ᠋ ᠰᠤᠳᠤᠯᠤᠨ ᠪᠠᠢᠷᠢᠯᠠᠭᠤᠯᠪᠠ ᠰᠦᠨ ᠱᠤᠤ ᠴᠧᠩ ᠬᠤᠷᠠᠯ ᠢ᠋ ᠡᠷᠭᠢᠯᠡᠵᠡᠢ
8 ᠰᠠᠷ᠎ᠠ᠎ᠶᠢᠨ 29 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ 《ᠵᠢᠷᠭᠤᠭᠠᠨ ᠠᠵᠢᠯᠯᠠᠭ᠎ᠠ》᠎ᠶ᠋ᠢ ᠠᠬᠢᠭᠤᠯᠤᠭᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠬᠣᠯᠪᠣᠭᠳᠠᠯ ᠪᠦᠬᠦᠢ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠵᠠᠢ᠃ ᠬᠤᠷᠠᠯ᠎ᠡᠴᠡ᠂ ᠡᠨᠡ ᠵᠢᠯ᠎ᠡᠴᠡ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠭᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ ᠴᠢᠬᠤᠯᠠ ᠶᠡᠬᠡ ᠲᠥᠷᠥᠯ ᠵᠦᠢᠯ᠎ᠢ ᠲᠥᠯᠥᠪᠵᠢᠭᠦᠯᠬᠦ ᠠᠵᠢᠯᠯᠠᠭ᠎ᠠ᠂ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠂ ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂ ᠣᠷᠣᠨ ᠪᠦᠰᠡ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ ᠠᠵᠢᠯᠯᠠᠭ᠎ᠠ᠂ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢ ᠳᠡᠭᠡᠭᠰᠢᠯᠡᠭᠦᠯᠭᠦ ᠠᠵᠢᠯᠯᠠᠭ᠎ᠠ᠎ᠶᠢ ᠯᠠᠪᠳᠠᠭᠤᠨ ᠪᠠᠲᠤᠲᠠᠢ ᠥᠷᠨᠢᠭᠦᠯᠵᠦ᠂ ᠢᠳᠡᠪᠬᠢᠲᠡᠢ ᠠᠬᠢᠯᠲᠠ᠎ᠲᠠᠢ ᠪᠣᠯᠪᠠ᠂ ᠡᠭᠦᠨ ᠤ᠋ ᠬᠠᠮᠲᠤ ᠠᠵᠢᠯ᠎ᠤᠨ ᠳᠤᠮᠳᠠ ᠪᠠᠰᠠ ᠵᠠᠷᠢᠮ ᠬᠦᠴᠢᠷᠳᠡᠯ ᠪᠠ ᠥᠷᠢᠰᠦᠯᠳᠦᠭᠡᠨ ᠣᠷᠣᠰᠢᠵᠤ ᠪᠤᠢ᠃ ᠠᠵᠢᠯ᠎ᠤᠨ ᠦᠷ᠎ᠡ ᠪᠦᠲᠦᠮᠵᠢ᠎ᠪᠡᠨ ᠳᠡᠭᠡᠭᠰᠢᠯᠡᠭᠦᠯᠵᠦ᠂ ᠠᠵᠢᠯ᠎ᠤᠨ ᠠᠬᠢᠴᠠ᠎ᠪᠠᠨ ᠲᠦᠷᠭᠡᠳᠬᠡᠵᠦ᠂ ᠴᠠᠭ ᠮᠥᠴᠡ ᠲᠠᠢ ᠤᠷᠤᠯᠳᠤᠨ᠂ ᠥᠷᠯᠥᠭᠡ ᠦᠳᠡᠰᠢ᠎ᠶᠢ ᠲᠡᠮᠡᠴᠡᠬᠦ ᠡᠷᠴᠢ ᠵᠣᠷᠢᠭ᠋᠎ᠢᠶᠠᠷ 《ᠵᠢᠷᠭᠤᠭᠠᠨ ᠠᠵᠢᠯᠯᠠᠭ᠎ᠠ》᠎ᠶ᠋ᠢᠨ ᠨᠡᠩ ᠶᠡᠬᠡ ᠦᠷ᠎ᠡ ᠪᠦᠲᠦᠮᠵᠢ ᠣᠯᠬᠤ᠎ᠶᠢ ᠠᠬᠢᠭᠤᠯᠬᠤ ᠬᠡᠷᠡᠭᠲᠡᠢ᠃ ᠠᠰᠠᠭᠤᠳᠠᠯ᠎ᠢ ᠭᠦᠨᠵᠡᠭᠡᠢ ᠰᠤᠳᠤᠯᠤᠨ ᠴᠡᠭᠴᠡᠯᠡᠨ ᠰᠠᠢᠵᠢᠷᠠᠭᠤᠯᠵᠤ᠂ ᠤᠴᠢᠷ ᠰᠢᠯᠲᠠᠭᠠᠨ ᠦᠨᠳᠦᠰᠦ᠎ᠶᠢ ᠨᠢ ᠲᠣᠳᠣᠷᠬᠠᠢ ᠣᠢᠯᠠᠭᠠᠵᠤ᠂ ᠥᠭᠡᠷᠡᠴᠢᠯᠡᠯᠲᠡ᠎ᠶᠢᠨ ᠰᠡᠳᠬᠢᠬᠦᠢ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ᠎ᠢ ᠢᠯᠡᠭᠦᠬᠡᠨ ᠬᠡᠷᠡᠭᠯᠡᠵᠦ ᠰᠢᠢᠳᠪᠦᠷᠢᠯᠡᠬᠦ ᠠᠷᠭ᠎ᠠ ᠪᠣᠳᠣᠯᠭ᠎ᠠ᠎ᠶᠢ ᠡᠷᠢᠯᠬᠢᠯᠡᠵᠦ᠂ ᠬᠡᠰᠡᠭ ᠠᠵᠤ ᠠᠬᠤᠢᠯᠠᠯ᠎ᠤᠨ 《ᠭᠠᠵᠠᠷ ᠠᠪᠤᠭᠠᠳ ᠪᠠᠷᠢᠯᠭ᠎ᠠ᠎ᠪᠠᠨ ᠡᠬᠢᠯᠡᠭᠦᠯᠬᠦ ᠦᠭᠡᠢ》᠂ 《ᠦᠢᠯᠡᠳᠪᠦᠷᠢᠯᠡᠯ᠎ᠦᠨ ᠴᠢᠳᠠᠪᠤᠷᠢ ᠪᠠᠢᠭᠠᠳ ᠦᠢᠯᠡᠳᠪᠦᠷᠢᠯᠡᠯ᠎ᠦᠨ ᠬᠡᠮᠵᠢᠶ᠎ᠡ ᠦᠭᠡᠢ》 ᠪᠠ ᠠᠵᠤ ᠠᠬᠤᠢᠯᠠᠯ᠎ᠳᠤ ᠬᠣᠯᠪᠣᠭᠳᠠᠬᠤ ᠵᠦᠢᠯᠡᠰ᠎ᠢ ᠬᠢᠨᠠᠨ ᠵᠥᠪᠰᠢᠶᠡᠷᠡᠬᠦ ᠨᠢ ᠤᠳᠠᠭᠠᠨ᠂ ᠤᠰᠤ ᠠᠷᠪᠢᠯᠠᠬᠤ ᠲᠦᠷᠦᠯ ᠵᠦᠢᠯ ᠨᠢ ᠪᠡᠯᠡ ᠮᠥᠩᠭᠥ ᠲᠤᠲᠠᠭᠳᠠᠵᠤ ᠪᠠᠢᠬᠤ ᠵᠡᠷᠭᠡ ᠬᠦᠴᠢᠷ ᠠᠰᠠᠭᠤᠳᠠᠯ᠎ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠬᠠᠷᠢᠭᠤᠴᠠᠯᠭ᠎ᠠ᠎ᠶᠢ ᠪᠦᠭᠦ ᠲᠠᠯ᠎ᠠ᠎ᠪᠠᠷ ᠪᠣᠳᠠᠲᠠᠢᠵᠢᠭᠤᠯᠵᠤ᠂ ᠡᠯ᠎ᠡ ᠱᠠᠲᠤ ᠢᠯᠠᠩᠭᠤᠶ᠎ᠠ ᠬᠣᠰᠢᠭᠤ ᠰᠢᠶᠠᠨ᠎ᠤ ᠱᠠᠲᠤᠨ᠎ᠤ ᠬᠦᠴᠦᠨ᠎ᠢᠶᠡᠨ ᠲᠥᠪᠯᠡᠷᠡᠭᠦᠯᠦᠨ ᠨᠠᠢᠳᠠᠪᠤᠷᠢᠵᠢᠭᠤᠯᠤᠯᠲᠠ᠎ᠶᠢ ᠠᠳᠬᠤᠬᠤ᠂ ᠬᠥᠭᠵᠢᠯᠲᠡ᠎ᠶᠢ ᠲᠥᠯᠥᠪᠵᠢᠭᠦᠯᠬᠦ ᠶ᠋ᠢ ᠱᠠᠯᠠᠪᠳᠠᠭᠤᠯᠬᠤ ᠬᠡᠷᠡᠭᠲᠡᠢ᠃ ᠳᠡᠭᠡᠷ᠎ᠡ ᠳᠣᠣᠷ᠎ᠠ ᠱᠠᠲᠤ ᠬᠣᠯᠪᠤᠭᠠᠯᠠᠨ ᠬᠥᠳᠡᠯᠦᠯᠴᠡᠬᠦ᠂ ᠭᠠᠵᠠᠷ ᠣᠷᠣᠨ ᠬᠣᠯᠪᠤᠭᠠᠯᠠᠨ ᠬᠥᠳᠡᠯᠦᠯᠴᠡᠬᠦ᠂ ᠰᠠᠯᠠᠭ᠎ᠠ ᠮᠥᠴᠢᠷ ᠬᠣᠯᠪᠤᠭᠠᠯᠠᠨ ᠬᠥᠳᠡᠯᠦᠯᠴᠡᠬᠦ᠎ᠶᠢ ᠪᠠᠷᠢᠮᠲᠠᠯᠠᠵᠤ᠂ ᠬᠣᠯᠪᠣᠭᠳᠠᠯ ᠪᠦᠬᠦᠢ ᠲᠠᠯ᠎ᠠ᠎ᠶᠢᠨ ᠭᠢᠨ᠎ᠦ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠬᠣᠯᠪᠣᠭᠳᠠᠬᠤ ᠬᠡᠪᠴᠢᠶ᠎ᠡ᠎ᠪᠡᠷ ᠥᠷᠭᠡᠨ ᠠᠵᠢᠯ᠎ᠢ ᠰᠠᠢᠲᠤᠷ ᠬᠢᠬᠦ᠎ᠶᠢ ᠵᠢᠯᠤᠭᠣᠳᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠪᠣᠯᠣᠨ ᠥᠷᠭᠡᠨ ᠣᠯᠠᠨ ᠺᠠᠳ᠋ᠷ᠎ᠤᠨ ᠦᠢᠯᠡᠴᠢᠯᠡᠬᠦ ᠤᠬᠠᠮᠰᠠᠷ᠎ᠢᠶᠠᠨ ᠴᠢᠩᠭᠠᠳᠬᠠᠬᠤ᠎ᠶᠢ ᠬᠥᠲᠥᠯᠥᠨ ᠵᠢᠯᠤᠭᠣᠳᠴᠤ᠂ ᠡᠯ᠎ᠡ ᠲᠥᠷᠥᠯ᠎ᠦᠨ ᠠᠵᠤ ᠠᠬᠤᠢᠯᠠᠯ᠎ᠤᠨ ᠬᠦᠴᠢᠷᠳᠡᠯ᠎ᠢ ᠦᠨᠡᠨ ᠪᠣᠳᠠᠲᠠᠢ᠎ᠪᠠᠷ ᠰᠢᠢᠳᠪᠦᠷᠢᠯᠡᠵᠦ ᠥᠭᠬᠦ ᠬᠡᠷᠡᠭᠲᠡᠢ᠃ ᠡᠯ᠎ᠡ ᠬᠦᠷᠢᠶᠡᠨ᠎ᠦ ᠠᠵᠢᠯ᠎ᠳᠤ ᠴᠥᠮ ᠨᠠᠷᠠᠲᠤ ᠲᠡᠮᠳᠡᠭ ᠡᠭᠦᠳᠴᠦ᠂ ᠠᠭᠤᠷ ᠠᠮᠢᠰᠬᠤᠯ᠎ᠢ ᠪᠤᠶ ᠪᠣᠯᠭᠠᠨ᠂ ᠬᠦᠴᠦᠨ᠎ᠢᠶᠡᠨ ᠲᠥᠪᠯᠡᠷᠡᠭᠦᠯᠦᠨ ᠨᠢᠭᠡ ᠪᠦᠯᠦᠭ ᠲᠠᠭᠠᠰᠢᠶᠠᠭᠳᠠᠮᠠ᠂ ᠨᠡᠷ᠎ᠡ ᠠᠯᠲᠠᠷᠰᠢᠮᠠ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ ᠭᠠᠷᠭᠠᠬᠤ ᠬᠡᠷᠡᠭᠲᠡᠢ᠃ ᠬᠥᠭᠵᠢᠯᠲᠡ᠎ᠶᠢᠨ ᠰᠢᠨ᠎ᠡ ᠲᠠᠢᠨ᠎ᠦ ᠲᠠᠯᠠᠪᠤᠷ᠎ᠢ ᠱᠠᠯᠠᠪᠳᠠᠨ ᠨᠡᠭᠡᠭᠡᠵᠦ᠂ ᠴᠥᠮ᠎ᠡ᠎ᠶᠢᠨ ᠡᠨᠧᠷᠭᠢ᠂ ᠠᠭᠠᠷ᠎ᠤᠨ ᠲᠡᠭᠡᠭᠡᠪᠦᠷᠢ᠎ᠪᠠᠷ ᠬᠦᠢᠰᠦ ᠪᠤᠯᠭᠠᠬ᠍ᠰᠠᠨ ᠠᠵᠤ ᠠᠬᠤᠢ᠂ ᠪᠣᠬᠢᠷᠳᠤᠯ ᠦᠭᠡᠢ ᠤᠰᠤᠲᠥ᠋ᠷᠥᠭᠴᠢ ᠪᠣᠬᠢᠷᠳᠤᠯ ᠦᠭᠡᠢ ᠰᠢᠪᠲᠦᠷ ᠵᠡᠷᠭᠡ ᠠᠵᠤ ᠦᠢᠯᠡᠰ᠎ᠢ ᠲᠥᠯᠥᠪᠵᠢᠭᠦᠯᠦᠨ ᠪᠠᠢᠷᠢᠰᠢᠭᠤᠯᠬᠤ᠎ᠶᠢ ᠲᠦᠷᠭᠡᠳᠬᠡᠵᠦ᠂ ᠶᠠᠮᠠᠷ ᠰᠢᠨ᠎ᠡ ᠬᠦᠷᠢᠶ᠎ᠡ ᠰᠢᠨ᠎ᠡ ᠤᠷᠤᠯᠳᠤᠭᠠᠨ᠎ᠤ ᠵᠠᠮ᠎ᠳᠤ ᠣᠷᠣᠵᠤ ᠪᠤᠯᠬᠤ ᠶ᠋ᠢ ᠭᠦᠨᠵᠡᠭᠡᠢ ᠰᠤᠳᠤᠯᠵᠤ᠂ ᠬᠢᠵᠦ ᠪᠤᠯᠬᠤ ᠶ᠋ᠢ ᠨᠢ ᠳᠠᠷᠤᠢᠬᠠᠨ ᠬᠢᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ ᠬᠤᠷᠠᠯ᠎ᠡᠴᠡ᠂ ᠣᠳᠣᠬᠠᠨ᠎ᠳᠤ ᠡᠯ᠎ᠡ ᠵᠦᠢᠯ᠎ᠦᠨ ᠡᠭᠦᠷᠭᠡ ᠬᠦᠨᠳᠦ ᠪᠠᠢᠨ᠎ᠠ᠂ ᠮᠤᠵᠢ᠎ᠶᠢᠨ ᠲᠡᠰ᠎ᠤᠨ ᠤᠳᠤᠷᠢᠳᠬᠤ ᠨᠥᠬᠥᠳ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠵᠦ᠂ ᠬᠤᠪᠢᠳᠠᠨ ᠬᠠᠮᠢᠶᠠᠷᠴᠤ ᠪᠠᠢᠭ᠎ᠠ ᠬᠦᠷᠢᠶᠡᠨ᠎ᠳᠠᠬᠢ ᠠᠵᠢᠯ᠎ᠢᠶᠠᠨ ᠴᠢᠩᠭ᠎ᠠ ᠪᠣᠳᠠᠲᠠᠢ ᠠᠳᠬᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠭᠡᠰᠢᠭᠦᠨ ᠨᠥᠬᠥᠳ ᠳᠠᠭᠠᠭᠠᠴᠢᠯᠠᠨ ᠬᠠᠷᠢᠯᠴᠠᠵᠤ ᠪᠠᠢᠭ᠎ᠠ ᠠᠢᠮᠠᠭ ᠬᠤᠳᠠ᠎ᠳᠠᠭᠠᠨ ᠭᠦᠨᠵᠡᠭᠡᠢᠷᠡᠨ᠂ ᠡᠯ᠎ᠡ ᠭᠠᠵᠠᠷ᠎ᠤᠨ ᠭᠢᠨ᠎ᠦ ᠠᠵᠢᠯ᠎ᠢᠶᠠᠨ ᠰᠠᠢᠲᠤᠷ ᠬᠢᠬᠦ᠎ᠶᠢ ᠱᠠᠯᠠᠪᠳᠠᠭᠤᠯᠤᠨ ᠵᠢᠯᠤᠭᠣᠳᠬᠤ ᠬᠡᠷᠡᠭᠲᠡᠢ᠃ ᠡᠯ᠎ᠡ ᠱᠠᠲᠤᠨ᠎ᠤ ᠭᠢᠨ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠳ᠋ᠦᠩᠨᠡᠵᠦ ᠦᠨᠡᠯᠡᠬᠦ ᠪᠠ ᠳᠠᠷᠠᠭᠠᠴᠢ᠎ᠶᠢᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠠᠳᠬᠤᠵᠤ᠂ ᠵᠢᠱ᠌ᠢᠭᠰᠡᠨ ᠦᠷ᠎ᠡ ᠪᠦᠲᠦᠮᠵᠢ ᠳ᠋ᠦ᠍ ᠬᠦᠷᠬᠦ᠎ᠶᠢ ᠪᠠᠲᠤᠯᠠᠬᠤ ᠬᠡᠷᠡᠭᠲᠡᠢ᠃ ᠪᠦᠭᠦ ᠰᠡᠳᠬᠢᠯ ᠪᠦᠭᠦ ᠬᠦᠴᠦ᠎ᠪᠡᠨ ᠠᠵᠤ ᠠᠬᠤᠢ ᠨᠡᠢᠭᠡᠮ᠎ᠦᠨ ᠬᠥᠭᠵᠢᠯᠲᠡ ᠳᠡᠭᠡᠷ᠎ᠡ ᠲᠠᠯᠪᠢᠵᠤ᠂ ᠡᠷᠴᠢ ᠵᠣᠷᠢᠭ᠋᠎ᠢᠶᠠᠨ ᠬᠥᠪᠴᠢᠯᠡᠨ᠂ ᠪᠦᠭᠦ ᠵᠢᠯ᠎ᠦᠨ ᠬᠠᠷᠠᠯᠲᠠ᠎ᠪᠠᠨ ᠪᠡᠶᠡᠯᠡᠭᠦᠯᠬᠦ᠎ᠪᠡᠷ ᠲᠦᠷᠭᠡᠨ ᠠᠵᠢᠯᠯᠠᠬᠤ ᠬᠡᠷᠡᠭᠲᠡᠢ᠃ ᠬᠣᠯᠪᠣᠭᠳᠠᠯ ᠪᠦᠬᠦᠢ ᠭᠠᠵᠠᠷ ᠣᠷᠣᠨ᠎ᠤ ᠭᠢᠨ ᠦᠶᠡᠷ᠎ᠢ ᠰᠡᠷᠭᠡᠢᠯᠡᠵᠦ ᠭᠠᠮᠰᠢᠭ᠋᠎ᠡᠴᠡ ᠠᠪᠤᠷᠠᠬᠤ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠥᠴᠥᠬᠡᠨ ᠴᠦ᠍ ᠰᠤᠯᠠᠷᠠᠭᠤᠯᠤᠯ ᠦᠭᠡᠢ ᠨᠠᠢᠳᠠᠪᠤᠷᠢᠵᠢᠭᠤᠯᠵᠤ᠂ ᠭᠠᠮᠰᠢᠭ᠋᠎ᠤᠨ ᠳᠠᠷᠠᠭᠠᠬᠢ ᠳᠠᠭᠢᠨ ᠪᠦᠲᠦᠭᠡᠨ ᠪᠠᠢᠭᠤᠯᠬᠤ ᠠᠵᠢᠯ ᠢ᠋ ᠱᠠᠯᠠᠪᠳᠠᠨ ᠥᠷᠨᠢᠭᠦᠯᠵᠦ᠂ ᠭᠠᠮᠰᠢᠭ᠍ᠳᠠᠭᠰᠠᠨ ᠣᠯᠠᠨ ᠲᠦᠮᠡᠨ᠎ᠦ ᠠᠮᠢᠳᠤᠷᠠᠯ᠎ᠢ ᠨᠠᠷᠢᠨ ᠨᠢᠮᠪᠠᠢ ᠰᠠᠢᠲᠤᠷ ᠲᠣᠬᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃
ᠮᠠᠨ᠎ᠤ ᠣᠷᠣᠨ ᠠᠵᠤ ᠠᠬᠤᠢᠯᠠᠯ᠎ᠢ ᠲᠤᠰᠠᠯᠠᠬᠤ 《ᠬᠠᠮ ᠠᠷᠭ᠎ᠠ ᠪᠣᠳᠣᠯᠭ᠎ᠠ》 ᠭᠠᠷᠭᠠᠪᠠ
ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ᠎ᠢᠶᠠᠷ᠄ ᠡᠨᠡ ᠵᠢᠯ᠎ᠡᠴᠡ ᠨᠠᠭᠠᠰᠢ᠂ ᠥᠪᠥᠷ ᠮᠣᠩᠭᠣᠯ ᠠᠵᠤ ᠠᠬᠤᠢᠯᠠᠯᠤᠨᠰᠠᠨᠠᠭᠠᠰᠢᠷᠠᠵᠤ ᠪᠠᠢᠭ᠎ᠠ ᠵᠦᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠪᠡᠯᠡ ᠮᠥᠩᠭᠥ᠎ᠶᠢ ᠰᠢᠭᠤᠳ ᠪᠠᠭᠤᠯᠭᠠᠬᠤ᠂ ᠭᠠᠢᠯᠢ ᠰᠦᠢᠳᠬᠡᠯ᠎ᠢ ᠬᠠᠰᠤᠵᠤ ᠬᠡᠯᠲᠦᠷᠢᠭᠦᠯᠬᠦ᠂ ᠬᠤᠳᠠᠯᠳᠤᠨ ᠠᠪᠬᠤ᠎ᠶᠢ ᠨᠢ ᠲᠡᠳᠬᠦᠨ ᠳᠡᠮᠵᠢᠬᠦ᠌ ᠵᠡᠷᠭᠡ ᠲᠠᠯ᠎ᠠ᠎ᠪᠠᠷ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠰᠢᠷᠢᠰ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠨ᠂ ᠠᠵᠤ ᠠᠬᠤᠢᠯᠠᠯ᠎ᠢ ᠲᠤᠰᠠᠯᠠᠬᠤ 《ᠬᠠᠮ ᠠᠷᠭ᠎ᠠ ᠪᠣᠳᠣᠯᠭ᠎ᠠ》 ᠭᠠᠷᠭᠠᠵᠤ᠂ ᠠᠵᠤ ᠠᠬᠤᠢᠯᠠᠯ᠎ᠤᠨ ᠬᠥᠭᠵᠢᠯᠲᠡ᠎ᠶᠢᠨ ᠵᠢᠱ᠌ᠢᠯᠲᠡ᠎ᠶᠢ ᠲᠣᠭᠲᠠᠪᠤᠷᠢᠵᠢᠭᠤᠯᠤᠨ᠂ ᠵᠠᠬ᠎ᠠ ᠳᠡᠯᠭᠡᠭᠦᠷ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢᠨ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠪᠡ᠃ ᠪᠡᠯᠡ ᠮᠥᠩᠭᠥ᠎ᠶᠢ ᠰᠢᠭᠤᠳ ᠪᠠᠭᠤᠯᠭᠠᠬᠤ ᠬᠤᠷᠳᠤᠴᠠ᠎ᠶᠢ ᠨᠢ ᠲᠦᠷᠭᠡᠳᠬᠡᠵᠦ ᠬᠡᠪᠴᠢᠶ᠎ᠡ᠎ᠶᠢ ᠨᠢ ᠦᠷᠭᠡᠳᠭᠡᠪᠡ᠃ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠥᠷᠥᠯ ᠵᠦᠢᠯ᠎ᠦᠨ ᠬᠥᠮᠥᠷᠭᠡ ᠪᠣᠯᠣᠨ ᠲᠥᠰᠥᠪ᠎ᠦᠨ ᠬᠠᠮᠢᠶᠠᠷᠤᠯᠲᠠ᠎ᠶᠢᠨ ᠨᠢᠭᠡ ᠴᠣᠭ᠍ᠴᠠᠵᠢᠭᠤᠯᠤᠭ᠍ᠰᠠᠨ ᠰᠢᠰᠲᠧᠮ᠎ᠳᠦ ᠲᠦᠰᠢᠭᠯᠡᠨ᠂ ᠥᠪᠥᠷ ᠮᠣᠩᠭᠣᠯ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠪᠡᠯᠡ ᠮᠥᠩᠭᠥ᠎ᠪᠠᠨ ᠰᠢᠭᠤᠳ ᠪᠠᠭᠤᠯᠭᠠᠬᠤ᠌ ᠵᠠᠮ᠎ᠢ ᠨᠠᠪᠲᠠᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠡᠴᠡ 2024 ᠣᠨ᠎ᠳᠤ ᠠᠵᠤ ᠠᠬᠤᠢᠯᠠᠯ᠎ᠳᠤ ᠠᠰᠢᠭ᠋ ᠬᠦᠷᠲᠡᠭᠡᠬᠦ 13.77 ᠳ᠋ᠦᠩᠰᠢᠭᠤᠷ ᠲᠥᠭᠥᠷᠢᠭ ᠱᠢᠭᠤᠳ ᠪᠠᠭᠤᠯᠭᠠᠬᠤ᠌ ᠪᠡᠯᠡ ᠮᠥᠩᠭᠥ᠎ᠶᠢ ᠰᠣᠯᠢᠨ ᠥᠭ᠌ᠴᠦ᠂ ᠳᠣᠲᠣᠭᠠᠳᠤ ᠠᠷᠠᠯᠵᠢᠶ᠎ᠠ ᠬᠢᠭᠡᠳ ᠭᠠᠳᠠᠭᠠᠳᠤ ᠠᠵᠤ ᠠᠬᠤᠢ ᠠᠷᠠᠯᠵᠢᠶ᠎ᠠ ᠵᠢᠴᠢ ᠠᠵᠤ ᠦᠢᠯᠡᠳᠪᠦᠷᠢ ᠵᠡᠷᠭᠡ᠎ᠶᠢᠨ ᠬᠦᠷᠢᠶᠡᠨ᠎ᠳᠡᠬᠢ 2678 ᠲᠥᠷᠥᠯ ᠵᠦᠢᠯ᠎ᠦᠨ ᠬᠥᠭᠵᠢᠯᠲᠡ᠎ᠶᠢ ᠳᠡᠮᠵᠢᠭᠰᠡᠨ᠎ᠤ ᠰᠠᠭᠤᠷᠢᠨ ᠳᠡᠭᠡᠷ᠎ᠡ᠂ 2025 ᠣᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠰᠢᠭᠤᠳ ᠪᠠᠭᠤᠯᠭᠠᠬᠤ ᠪᠡᠯᠡ ᠮᠥᠩᠭᠥᠨ᠎ᠦ ᠬᠡᠪᠴᠢᠶ᠎ᠡ᠎ᠶᠢ ᠲᠠᠷᠢᠶᠠᠯᠠᠩ ᠮᠠᠯ ᠠᠵᠤ ᠠᠬᠤᠢ᠂ ᠰᠣᠶᠣᠯ ᠵᠢᠭᠤᠯᠴᠢᠯᠠᠯ ᠵᠡᠷᠭᠡ ᠬᠦᠷᠢᠶᠡᠨ᠎ᠳᠦ ᠬᠦᠷᠲᠡᠯ᠎ᠡ ᠥᠷᠭᠡᠳᠬᠡᠪᠡ᠂ ᠣᠳᠣᠬᠠᠨ ᠪᠣᠯᠲᠠᠯ᠎ᠠ ᠂ ᠡᠨᠡ ᠵᠢᠯ ᠨᠢᠭᠡᠨᠲᠡ ᠠᠵᠤ ᠠᠬᠤᠢᠯᠠᠯ᠎ᠳᠤ ᠠᠰᠢᠭ᠋ ᠬᠦᠷᠲᠡᠭᠡᠬᠦ 6.62 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ᠎ᠶᠢ ᠱᠢᠭᠤᠳ ᠪᠠᠭᠤᠯᠭᠠᠵᠤ᠂ ᠠᠵᠤ ᠠᠬᠤᠢᠯᠠᠯ᠎ᠤᠨ 480 ᠲᠥᠷᠥᠯ ᠵᠦᠢᠯ᠎ᠢ ᠳᠡᠮᠵᠢᠭᠰᠡᠨ ᠪᠠᠢᠨ᠎ᠠ᠃ ᠭᠠᠢᠯᠢ ᠰᠦᠢᠳᠬᠡᠯ᠎ᠤᠨ ᠬᠠᠷᠠᠭᠠᠯᠵᠠᠯ᠎ᠤᠨ ᠲᠠᠯ᠎ᠠ᠎ᠪᠠᠷ ᠬᠦᠴᠦᠯᠡᠨ ᠦᠷ᠎ᠡ ᠪᠦᠲᠦᠮᠵᠢ᠎ᠶᠢ ᠨᠢ ᠳᠡᠭᠡᠭ᠌ᠰᠢᠯᠡᠭᠦᠯᠪᠡ᠃ ᠡᠨᠡ ᠵᠢᠯ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ ᠤᠯᠤᠰ᠎ᠤᠨ ᠭᠠᠢᠯᠢ᠎ᠶᠢ ᠬᠥᠩᠭᠡᠷᠡᠭᠦᠯᠵᠦ ᠰᠦᠢᠳᠬᠡᠯ᠎ᠢ ᠪᠠᠭᠤᠷᠠᠭᠤᠯᠬᠤ ᠲᠥᠷᠥ᠎ᠶᠢᠨ ᠪᠣᠳᠣᠯᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠤᠭᠰᠠᠨ ᠪᠥᠭᠡᠳ ᠣᠷᠣᠨ ᠨᠤᠲᠤᠭ᠎ᠤᠨ ᠡᠷᠬᠡ ᠣᠯᠭᠣᠭᠰᠠᠨ ᠬᠡᠪᠴᠢᠶᠡᠨ ᠳᠣᠲᠣᠷ᠎ᠠ 《ᠲᠣᠭ᠎ᠠ ᠬᠡᠮᠵᠢᠶ᠎ᠡ᠎ᠶᠢ ᠨᠢ ᠨᠡᠮᠡᠭᠳᠡᠭᠦᠯᠪᠡ》 ᠄ ᠵᠢᠵᠢᠭ ᠪᠢᠴᠢᠯ ᠠᠵᠤ ᠠᠬᠤᠢᠯᠠᠯ᠎ᠤᠨ ᠠᠰᠢᠭ᠋ ᠣᠷᠣᠯᠭ᠎ᠠ᠎ᠶᠢᠨ ᠭᠠᠢᠯᠢ᠎ᠶᠢᠨ ᠣᠷᠣᠨ ᠨᠤᠲᠤᠭ᠎ᠤᠨ ᠬᠤᠪᠢᠳᠠᠨ ᠡᠳ᠋ᠯᠡᠬᠦ ᠬᠡᠰᠡᠭ ᠪᠠ ᠪᠠᠭ᠎ᠠ ᠬᠡᠪᠴᠢᠶᠡᠨ᠎ᠦ ᠭᠠᠢᠯᠢ ᠲᠤᠰᠢᠶᠠᠭ᠍ᠴᠢ᠎ᠶᠢᠨ ᠭᠡᠷ ᠬᠥᠷᠥᠩᠭᠡ ᠭᠠᠵᠠᠷ ᠰᠢᠷᠣᠢ᠎ᠶᠢᠨ ᠭᠠᠢᠯᠢ᠎ᠶᠢ ᠨᠢ ᠬᠡᠯᠲᠦᠷᠢᠭᠦᠯᠵᠦ᠂ ᠭᠡᠷ ᠬᠥᠷᠥᠩᠭᠡ᠎ᠶᠢᠨ ᠭᠠᠢᠯᠢ᠎ᠶᠢ ᠨᠢ ᠬᠠᠰᠤᠬᠤ ᠬᠡᠮᠵᠢᠶ᠎ᠡ᠎ᠶᠢ ᠳᠡᠭᠡᠭᠰᠢᠯᠡᠭᠦᠯᠦᠨ᠂ ᠭᠠᠵᠠᠷ ᠰᠢᠷᠣᠢ ᠬᠡᠷᠡᠭᠯᠡᠬᠦ ᠭᠠᠢᠯᠢ᠎ᠶᠢᠨ ᠲᠣᠭ᠎ᠠ᠎ᠶᠢ ᠪᠠᠭᠤᠷᠠᠭᠤᠯᠵᠤ᠂ ᠣᠨᠴᠠ ᠲᠣᠭᠲᠠᠭᠠᠭᠰᠠᠨ ᠲᠡᠷᠭᠡ ᠬᠥᠰᠬᠡ᠎ᠶᠢᠨ ᠲᠡᠷᠭᠡ ᠣᠩᠭᠣᠴᠠ᠎ᠶᠢᠨ ᠭᠠᠢᠯᠢ᠎ᠶᠢ ᠬᠠᠭᠠᠰ᠎ᠢᠶᠠᠷ ᠬᠠᠰᠤᠵᠤ᠂ ᠰᠣᠶᠣᠯ᠎ᠤᠨ ᠦᠢᠯᠡᠰ᠎ᠦᠨ ᠪᠦᠲᠦᠭᠡᠨ ᠪᠠᠢᠭᠤᠯᠤᠯᠲᠠ᠎ᠶᠢᠨ ᠰᠦᠢᠳᠬᠡᠯ᠎ᠢ ᠬᠠᠰᠤᠵᠤ ᠬᠡᠯᠲᠦᠷᠢᠭᠦᠯᠪᠡ᠃ ᠬᠤᠳᠠᠯᠳᠤᠨ ᠠᠪᠬᠤ ᠲᠦᠷᠦ᠎ᠶᠢᠨ ᠪᠣᠳᠣᠯᠭ᠎ᠠ᠎ᠪᠠᠷ ᠨᠠᠷᠢᠯᠢᠭ ᠣᠨᠣᠴᠠᠲᠠᠢ ᠲᠡᠳᠬᠦᠨ ᠳᠡᠮᠵᠢᠪᠡ᠃ ᠥᠪᠡᠷᠲᠡᠭᠡᠨ ᠵᠠᠰᠠᠬᠤ ᠣᠷᠣᠨ᠎ᠡᠴᠡ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠦᠢᠯᠡᠴᠢᠯᠡᠭᠡ᠎ᠶᠢ ᠣᠯᠠᠨ ᠲᠠᠯ᠎ᠠ᠎ᠡᠴᠡ ᠰᠢᠯᠢᠳᠡᠭᠵᠢᠭᠦᠯᠵᠦ᠂ ᠬᠤᠳᠠᠯᠳᠤᠨ ᠠᠪᠬᠤ ᠬᠢᠵᠠᠭᠠᠷ ᠲᠣᠭ᠎ᠠ᠎ᠶᠢᠨ ᠪᠠᠷᠢᠮᠵᠢᠶ᠎ᠠ᠎ᠡᠴᠡ ᠳᠡᠭᠡᠭᠰᠢᠬᠢ ᠦᠢᠯᠡᠴᠢᠯᠡᠭᠡ ᠵᠢᠴᠢ 200 ᠲᠦᠮᠡᠨ ᠲᠥᠭᠥᠷᠢᠭ᠎ᠡᠴᠡ ᠳᠣᠷᠣᠭ᠍ᠰᠢᠬᠢ ᠪᠠᠷᠠᠭᠠᠨ᠎ᠤ ᠦᠢᠯᠡᠴᠢᠯᠡᠭᠡ᠂ 400 ᠲᠦᠮᠡᠨ ᠲᠥᠭᠥᠷᠢᠭ᠎ᠡᠴᠡ ᠳᠣᠷᠤᠭᠰᠢᠬᠢ ᠢᠨᠵᠧᠨᠧᠷᠢᠩ᠎ᠦᠨ ᠬᠤᠳᠠᠯᠳᠤᠨ ᠠᠪᠬᠤ ᠲᠥᠷᠥᠯ ᠵᠦᠢᠯ᠎ᠳᠦ ᠠᠰᠲᠠᠭᠠᠨ ᠲᠣᠭᠲᠠᠭᠠᠯ᠎ᠲᠠᠢ᠎ᠶᠢ ᠭᠠᠷᠭᠠᠪᠠᠯ᠂ ᠪᠦᠬᠦᠨ᠎ᠢ ᠳᠤᠮᠳᠠ ᠵᠢᠵᠢᠭ ᠠᠵᠤ ᠠᠬᠤᠢᠯᠠᠯ᠎ᠳᠤ ᠬᠠᠨᠳᠤᠭᠤᠯᠤᠨ ᠬᠤᠳᠠᠯᠳᠤᠨ ᠠᠪᠬᠤ ᠬᠤᠪᠢ᠎ᠶᠢᠨ ᠲᠣᠭ᠎ᠠ᠎ᠶᠢ ᠤᠷᠢᠳᠴᠢᠯᠠᠨ ᠦᠯᠡᠳᠡᠭᠡᠵᠦ ᠥᠭᠪᠡ; 200 ᠲᠦᠮᠡᠨ ᠲᠥᠭᠥᠷᠢᠭ᠎ᠡᠴᠡ ᠳᠡᠭᠡᠭᠰᠢᠬᠢ ᠪᠠᠷᠠᠭ᠎ᠠ ᠬᠤᠳᠠᠯᠳᠤᠨ ᠠᠪᠬᠤ ᠦᠢᠯᠡᠴᠢᠯᠡᠭᠡ᠂ 400 ᠲᠦᠮᠡᠨ ᠲᠥᠭᠥᠷᠢᠭ᠎ᠡᠴᠡ ᠳᠡᠭᠡᠭᠰᠢᠬᠢ ᠢᠨᠵᠧᠨᠧᠷᠢᠩ᠎ᠦᠨ ᠬᠤᠳᠠᠯᠳᠤᠨ ᠠᠪᠬᠤ ᠲᠥᠷᠥᠯ ᠵᠦᠢᠯ᠎ᠳᠦ ᠳᠤᠮᠳᠠ ᠵᠢᠵᠢᠭ ᠠᠵᠤ ᠠᠬᠤᠢᠯᠠᠯ ᠠ᠋ᠴᠠ ᠦᠢᠯᠡᠴᠢᠯᠡᠭᠡ ᠬᠠᠩᠭᠠᠬᠤ᠎ᠳᠤ ᠲᠣᠬᠢᠷᠠᠬᠤ ᠪᠣᠯ᠂ ᠲᠡᠭᠦᠨ᠎ᠳᠦ ᠤᠷᠢᠳᠴᠢᠯᠠᠨ ᠦᠯᠡᠳᠡᠭᠡᠵᠦ ᠥᠭᠬᠦ ᠬᠤᠪᠢ᠎ᠶᠢᠨ ᠲᠣᠭ᠎ᠠ᠎ᠶᠢ ᠬᠤᠳᠠᠯᠳᠤᠨ ᠠᠪᠬᠤ ᠲᠥᠷᠥᠯ ᠵᠦᠢᠯ᠎ᠦᠨ ᠲᠥᠰᠥᠪ᠎ᠦᠨ ᠶᠡᠷᠦᠩᠬᠡᠢ ᠲᠣᠭᠠᠨ᠎ᠤ 30%᠎ᠠᠴᠠ ᠳᠡᠭᠡᠭᠰᠢᠬᠢ᠎ᠶᠢ ᠨᠢ 40%᠎ᠠᠴᠠ ᠳᠡᠭᠡᠭ᠌ᠰᠢ ᠪᠣᠯᠲᠠᠯ᠎ᠠ ᠱᠠᠲᠤᠴᠢ ᠴᠢᠨᠠᠷᠲᠠᠢ᠎ᠪᠠᠷ ᠳᠡᠭᠡᠭ᠌ᠰᠢᠯᠡᠭᠦᠯᠪᠡ᠂ ᠡᠨᠡ ᠬᠦ᠌ ᠲᠥᠷᠥ᠎ᠶᠢᠨ ᠪᠣᠳᠣᠯᠭ᠎ᠠ᠎ᠶᠢ 2026 ᠣᠨ᠎ᠤ ᠡᠴᠦᠰ ᠪᠣᠯᠲᠠᠯ᠎ᠠ ᠬᠡᠷᠡᠭᠵᠢᠭᠦᠯᠦᠨ᠎ᠡ᠃ ᠡᠭᠦᠨ᠎ᠦ ᠬᠠᠮᠲᠤ᠂ ᠪᠥᠬᠥ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠳᠤ 《ᠢᠲᠡᠭᠡᠮᠵᠢ + ᠠᠮᠠᠯᠠᠯᠲᠠ》᠎ᠪᠠᠷ ᠵᠥᠪᠰᠢᠶᠡᠷᠡᠨ ᠣᠷᠣᠭᠤᠯᠬᠤ᠎ᠶᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ᠎ᠶᠢ ᠪᠥᠬᠥ ᠲᠠᠯ᠎ᠠ᠎ᠪᠠᠷ ᠠᠷᠢᠯᠭᠠᠵᠤ᠂ ᠳᠤᠮᠳᠠ ᠵᠢᠵᠢᠭ ᠠᠵᠤ ᠠᠬᠤᠢᠯᠠᠯ᠎ᠤᠨ ᠡᠷᠬᠡ ᠲᠡᠭ᠌ᠰᠢ᠎ᠪᠡᠷ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠳᠤ ᠣᠷᠣᠯᠴᠠᠬᠤ᠎ᠶ᠋ᠢ ᠪᠠᠲᠤᠯᠠᠪᠠ; ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠶᠢᠨ 《ᠪᠥᠬᠥ ᠣᠷᠣᠨ᠎ᠳᠦ ᠨᠢᠭᠡ ᠯᠠ ᠰᠦᠯᠵᠢᠶ᠎ᠡ》᠎ᠳᠦ ᠲᠦᠰᠢᠭᠯᠡᠨ᠂ ᠠᠯᠤᠰ᠎ᠡᠴᠡ ᠨᠢᠭᠤᠷᠳᠠᠬᠤ ᠦᠭᠡᠢ᠎ᠪᠡᠷ ᠳᠠᠭᠠᠭᠠᠴᠢᠯᠠᠯᠲᠠ᠎ᠪᠠᠨ ᠨᠡᠭᠡᠭᠡᠵᠦ ᠡᠬᠢᠯᠡᠭᠦᠯᠬᠦ᠎ᠶᠢ ᠪᠥᠬᠥ ᠲᠠᠯ᠎ᠠ᠎ᠪᠠᠷ ᠪᠡᠶᠡᠯᠡᠭᠦᠯᠬᠦ᠎ᠶᠢᠨ ᠬᠠᠮᠲᠤ᠂ ᠬᠠᠩᠭᠠᠯᠭ᠎ᠠ᠎ᠶᠢᠨ ᠬᠤᠳᠠᠯᠳᠤᠭᠠᠴᠢᠨ᠎ᠤ ᠲᠠᠪᠴᠠᠩ᠎ᠳᠤ ᠣᠷᠣᠵᠤ ᠲᠤᠰᠢᠶᠠᠬᠤ ᠰᠦᠢᠳᠬᠡᠯ᠎ᠢ ᠬᠡᠯᠲᠦᠷᠢᠭᠦᠯᠬᠦ ᠵᠡᠷᠭᠡ᠎ᠪᠡᠷ ᠳᠠᠮᠵᠢᠭᠤᠯᠤᠨ᠂ ᠬᠠᠩᠭᠠᠯᠭ᠎ᠠ᠎ᠶᠢᠨ ᠬᠤᠳᠠᠯᠳᠤᠭᠠᠴᠢᠨ᠎ᠤ ᠳᠠᠷᠤᠭᠠᠰᠤ᠎ᠶᠢ ᠬᠦᠩᠭᠡᠷᠡᠭᠦᠯᠪᠡ᠃ ᠠᠵᠤ ᠠᠬᠤᠢᠯᠠᠯ᠎ᠤᠨ ᠪᠡᠯᠡ ᠲᠣᠬᠢᠷᠠᠭᠤᠯᠬᠤ ᠬᠦᠴᠢᠷ ᠰᠡᠳᠦᠪ᠎ᠢ ᠱᠢᠢᠳᠪᠦᠷᠢᠯᠡᠪᠡ᠃ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠡᠴᠡ 1 ᠳ᠋ᠦᠩᠰᠢᠭᠤᠷ ᠲᠥᠭᠥᠷᠢᠭ ᠣᠷᠣᠭᠤᠯᠵᠤ ᠠᠷᠠᠳ᠎ᠡᠴᠡ ᠡᠵᠡᠩᠨᠡᠭᠰᠡᠨ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠢᠲᠡᠭᠡᠮᠵᠢᠲᠦ ᠪᠡᠯᠡ ᠲᠣᠬᠢᠷᠠᠭᠤᠯᠭ᠎ᠠ᠎ᠶᠢᠨ ᠲᠦᠭᠰᠢᠭᠦᠷᠢ᠎ᠶᠢ ᠬᠤᠪᠢᠳᠠᠨ ᠡᠭᠦᠷᠭᠡᠯᠡᠬᠦ 《ᠪᠡᠯᠡ ᠮᠥᠩᠭᠥᠨ᠎ᠦ ᠲᠠᠲᠠᠭᠠᠯ》᠎ᠢ ᠪᠠᠢᠭᠤᠯᠵᠤ᠂ ᠪᠠᠩᠬᠢ᠎ᠶᠢᠨ ᠪᠠᠢᠭᠤᠯᠤᠮᠵᠢ᠎ᠳᠤ 10%᠎ᠶ᠋ᠢᠨ ᠠᠵᠤ ᠠᠬᠤᠢᠯᠠᠯ᠎ᠳᠤ ᠵᠢᠭᠡᠯᠡᠯᠭᠡ ᠲᠠᠯᠪᠢᠭ᠍ᠰᠠᠨ ᠬᠣᠬᠢᠷᠠᠯ᠎ᠤᠨ ᠨᠥᠬᠥᠪᠦᠷᠢ ᠥᠭᠴᠦ᠂ ᠵᠢᠵᠢᠭ ᠪᠢᠴᠢᠯ ᠠᠵᠤ ᠠᠬᠤᠢᠯᠠᠯ᠎ᠳᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ᠎ᠢᠶᠡᠨ ᠴᠢᠩᠭᠠᠷᠠᠭᠤᠯᠬᠤ᠎ᠶᠢ ᠬᠥᠲᠥᠯᠥᠨ ᠵᠢᠯᠣᠭᠣᠳᠪᠠ᠃ ᠡᠨᠡ ᠵᠢᠯ᠎ᠦᠨ 6 ᠳ᠋ᠤᠭᠠᠷ ᠰᠠᠷ᠎ᠠ᠎ᠶᠢᠨ ᠰᠡᠭᠦᠯᠴᠢ ᠪᠣᠯᠲᠠᠯ᠎ᠠ᠂ ᠥᠪᠥᠷ ᠮᠣᠩᠭᠣᠯ᠎ᠤᠨ ᠳ᠋ᠢᠩ ᠰᠢᠨ ᠪᠡᠯᠡ ᠲᠣᠬᠢᠷᠠᠭᠤᠯᠭ᠎ᠠ᠎ᠶᠢᠨ ᠳᠠᠭᠠᠭᠠᠯᠲᠠ᠎ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠠᠬᠢᠯᠲᠠ ᠳᠠᠭᠠᠭᠠᠯᠲᠠ᠎ᠶ᠋ᠢᠨ ᠲᠤᠬᠠᠢᠯᠠᠭᠰᠠᠨ ᠠᠵᠢᠯ᠎ᠢ ᠨᠡᠶ᠋ᠢᠲᠡ 27.18 ᠳ᠋ᠦᠩᠰᠢᠭᠤᠷ ᠲᠥᠭᠥᠷᠢᠭ ᠥᠷᠨᠢᠭᠦᠯᠵᠦ᠂ ᠳᠠᠬᠢᠯᠲᠠ ᠳᠠᠭᠠᠭᠠᠯᠲᠠ᠎ᠶ᠋ᠢᠨ ᠲᠤᠬᠠᠢᠯᠠᠭᠰᠠᠨ ᠠᠵᠢᠯ᠎ᠢ ᠣᠷᠣᠨ᠎ᠤ ᠳᠣᠲᠣᠷ᠎ᠠ ᠪᠦᠬᠦᠨ᠎ᠢ ᠬᠠᠮᠤᠷᠬᠤ᠎ᠪᠡᠨ ᠪᠡᠶᠡᠯᠡᠭᠦᠯᠵᠡᠢ᠃ ᠡᠭᠦᠨ᠎ᠡᠴᠡ ᠭᠠᠳᠠᠨ᠎ᠠ᠂ ᠥᠪᠥᠷ ᠮᠣᠩᠭᠣᠯ 《ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢᠭᠡᠯᠡᠯᠭᠡ》᠎ᠶᠢᠨ ᠪᠡᠯᠡ ᠲᠣᠬᠢᠷᠠᠭᠤᠯᠭ᠎ᠠ᠎ᠶᠢᠨ ᠬᠡᠪ ᠵᠠᠭᠪᠤᠷ᠎ᠢ ᠢᠳᠡᠪᠬᠢᠲᠡᠢ ᠳᠡᠯᠭᠡᠷᠡᠭᠦᠯᠬᠦ᠎ᠪᠡᠷ ᠳᠠᠮᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠳᠤ ᠨᠡᠶ᠋ᠢᠲᠡ 19 ᠳ᠋ᠦᠩᠰᠢᠭᠤᠷ ᠭᠠᠷᠤᠢ ᠲᠥᠭᠥᠷᠢᠭ᠎ᠦᠨ ᠪᠡᠯᠡ ᠲᠣᠬᠢᠷᠠᠭᠤᠯᠭ᠎ᠠ ᠬᠢᠵᠦ᠂ ᠠᠷᠠᠳ᠎ᠡᠴᠡ ᠡᠵᠡᠩᠨᠡᠭᠰᠡᠨ ᠠᠵᠤ ᠠᠬᠤᠢᠯᠠᠯ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠳᠤ ᠣᠷᠣᠯᠴᠠᠬᠤ ᠪᠡᠯᠡ ᠮᠥᠩᠭᠥᠨ᠎ᠦ ᠳᠠᠷᠤᠭᠠᠰᠤ᠎ᠶ᠋ᠢ ᠪᠦᠲᠦᠮᠵᠢᠲᠡᠶ ᠬᠥᠩᠭᠡᠷᠡᠭᠦᠯᠪᠡ᠃
ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ 《ᠭᠤᠶᠤᠴᠢᠯᠠᠬᠤ ᠦᠭᠡᠢ᠎ᠪᠡᠷ ᠬᠦᠷᠲᠡᠭᠡᠬᠦ᠌》 ᠠᠵᠢᠯ᠎ᠢ ᠥᠷᠨᠢᠭᠦᠯᠪᠡ
《ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶ᠋ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭᠠᠨ᠎ᠤ ᠬᠦᠴᠦᠨ ᠴᠢᠳᠠᠪᠤᠷᠢ᠎ᠶᠢ ᠳᠡᠭᠡᠭᠰᠢᠯᠡᠭᠦᠯᠦᠨ 〈ᠥᠨᠳᠥᠷ ᠪᠦᠲᠦᠮᠵᠢᠲᠡᠶ᠎ᠪᠡᠷ ᠨᠢᠭᠡ ᠠᠵᠢᠯ ᠶᠠᠪᠤᠳᠠᠯ᠎ᠢ ᠭᠦᠢᠴᠡᠳᠭᠡᠬᠦ᠌〉᠎ᠶᠢ ᠠᠬᠢᠭᠤᠯᠬᠤ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠵᠢᠯᠤᠭᠣᠳᠬᠤ ᠰᠠᠨᠠᠯ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢᠯᠠᠯ᠎ᠢ ᠲᠤᠰᠠᠯᠠᠬᠤ ᠠᠵᠢᠯᠯᠠᠭᠠᠨ᠎ᠤ ᠬᠡᠷᠡᠭᠵᠢᠭᠦᠯᠬᠦ ᠲᠥᠰᠥᠯ》᠎ᠤᠨ ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶ᠋ᠢ 《ᠨᠠᠷᠢᠯᠢᠭ᠋ ᠣᠨᠣᠴᠠᠲᠠᠢ᠎ᠪᠠᠷ ᠬᠦᠷᠭᠡᠵᠦ᠍᠂ ᠭᠤᠶᠤᠴᠢᠯᠠᠬᠤ ᠦᠭᠡᠢ᠎ᠪᠡᠷ ᠬᠦᠷᠲᠡᠭᠡᠬᠦ᠌》᠎ᠶ᠋ᠢ ᠠᠬᠢᠭᠤᠯᠬᠤ᠎ᠶ᠋ᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ᠎ᠡᠴᠡ 《ᠭᠤᠶᠤᠴᠢᠯᠠᠬᠤ ᠦᠭᠡᠢ᠎ᠪᠡᠷ ᠬᠦᠷᠲᠡᠭᠡᠬᠦ᠌》 ᠦᠢᠯᠡᠴᠢᠯᠡᠭᠡ᠎ᠶᠢ ᠭᠦᠨᠵᠡᠭᠡᠢ ᠬᠡᠷᠡᠭᠵᠢᠭᠦᠯᠵᠦ᠂ ᠳ᠋ᠠᠢᠲ᠋ᠠ᠎ᠪᠠᠷ ᠬᠦᠴᠦᠨ ᠴᠢᠳᠠᠮᠵᠢ᠎ᠶ᠋ᠢ ᠨᠢ ᠡᠷᠴᠢᠮᠯᠡᠬᠦ᠌᠂ ᠴᠤᠪᠤᠷᠠᠯ᠎ᠢ ᠳᠠᠬᠢᠨ ᠪᠠᠢᠭᠤᠯᠬᠤ᠎ᠪᠠᠷ ᠳᠠᠮᠵᠢᠭᠤᠯᠤᠨ᠂ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ 《ᠠᠵᠤ ᠠᠬᠤᠢᠯᠠᠯ᠎ᠤᠳ ᠲᠥᠷᠥ᠎ᠶᠢᠨ ᠪᠣᠳᠣᠯᠭ᠎ᠠ ᠡᠷᠢᠵᠦ᠍》 ᠪᠠᠢᠭᠰᠠᠨ᠎ᠠᠴᠠ ᠨᠢ 《ᠲᠥᠷᠥ᠎ᠶᠢᠨ ᠪᠣᠳᠣᠯᠭ᠎ᠠ ᠨᠢ ᠠᠵᠤ ᠠᠬᠤᠢᠯᠠᠯ᠎ᠢ ᠡᠷᠢᠬᠦ》 ᠪᠣᠯᠭᠠᠨ ᠬᠤᠪᠢᠷᠠᠭᠤᠯᠵᠤ᠂ ᠲᠥᠷᠥ᠎ᠶᠢᠨ ᠪᠣᠳᠣᠯᠭ᠎ᠠ᠎ᠶᠢᠨ ᠠᠰᠢᠭ᠎ᠢ ᠱᠢᠭᠤᠳ ᠬᠦᠷᠲᠡᠭᠡᠬᠦ᠌᠎ᠶ᠋ᠢ ᠪᠡᠶᠡᠯᠡᠭᠦᠯᠪᠡ᠃ ᠨᠢᠭᠡ᠎ᠳᠦ᠂ ᠠᠵᠢᠯ᠎ᠤᠨ ᠲᠣᠭᠲᠠᠴᠠ᠎ᠶᠢ ᠪᠠᠢᠭᠤᠯᠪᠠ᠃ ᠬᠤᠪᠢᠳᠠᠨ ᠬᠠᠮᠢᠶᠠᠷᠴᠤ ᠪᠠᠢᠭ᠎ᠠ ᠲᠢᠩᠬᠢᠮ᠎ᠦᠨ ᠳᠡᠳ᠋ ᠳᠠᠷᠤᠭ᠎ᠠ ᠬᠠᠷᠢᠭᠤᠴᠠᠵᠤ᠂ ᠡᠯ᠎ᠡ ᠭᠠᠵᠠᠷ ᠲᠠᠰᠤᠭ᠎ᠤᠨ ᠭᠠᠵᠠᠷ᠎ᠤᠨ ᠳᠠᠷᠤᠭ᠎ᠠ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ᠎ᠦᠨ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ 《ᠨᠠᠷᠢᠯᠢᠭ᠋ ᠣᠨᠣᠴᠠᠲᠠᠢ᠎ᠪᠠᠷ ᠬᠦᠷᠭᠡᠵᠦ᠍᠂ ᠭᠤᠶᠤᠴᠢᠯᠠᠬᠤ ᠦᠭᠡᠢ᠎ᠪᠡᠷ ᠬᠦᠷᠲᠡᠭᠡᠬᠦ᠌》 ᠠᠵᠢᠯ᠎ᠤᠨ ᠲᠣᠭᠲᠠᠴᠠ᠎ᠶᠢ ᠪᠠᠢᠭᠤᠯᠵᠤ᠂ ᠲᠥᠷᠥ᠎ᠶᠢᠨ ᠪᠣᠳᠣᠯᠭ᠎ᠠ ᠬᠠᠤᠯᠢ ᠲᠣᠭᠲᠠᠭᠠᠯ᠎ᠤᠨ ᠭᠠᠵᠠᠷ᠎ᠢ ᠲᠦᠷᠦᠭᠦᠯᠡᠨ ᠬᠢᠬᠦ᠌ ᠭᠠᠵᠠᠷ ᠲᠠᠰᠤᠭ ᠪᠣᠯᠭᠠᠬᠤ᠎ᠪᠠᠷ ᠲᠣᠳᠣᠷᠬᠠᠢ ᠲᠣᠭᠲᠠᠭᠠᠪᠠ᠃ ᠬᠣᠶᠠᠷ᠎ᠲᠤ᠂ ᠲᠦᠷᠦ᠎ᠶᠢᠨ ᠪᠣᠳᠣᠯᠭ᠎ᠠ᠎ᠶᠢᠨ ᠪᠢᠴᠢᠭ ᠮᠠᠲᠧᠷᠢᠶᠠᠯ᠎ᠢ ᠬᠢᠨᠠᠮᠠᠭᠠᠢ ᠡᠮᠬᠢᠯᠡᠨ ᠲᠢᠭ᠌ᠯᠡᠪᠡ᠃ ᠬᠡᠷᠡᠭᠵᠢᠭᠦᠯᠬᠦ ᠬᠡᠪᠴᠢᠶ᠎ᠡ ᠪᠠ ᠨᠥᠬᠥᠴᠡᠯ᠎ᠢ ᠲᠣᠳᠣᠷᠬᠠᠢᠯᠠᠬᠤ᠎ᠪᠠᠷ ᠳᠠᠮᠵᠢᠭᠤᠯᠤᠨ᠂ ᠠᠵᠤ ᠠᠬᠤᠢᠯᠠᠯ᠎ᠳᠤ ᠬᠣᠯᠪᠣᠭᠳᠠᠬᠤ ᠦᠢᠯᠡᠴᠢᠯᠡᠭᠡᠨ᠎ᠦ ᠲᠥᠷᠥ᠎ᠶᠢᠨ ᠪᠣᠳᠣᠯᠭ᠎ᠠ᠎ᠶᠢ ᠡᠮᠬᠢᠯᠡᠨ ᠰᠠᠯᠭᠠᠵᠤ᠂ ᠨᠡᠶ᠋ᠢᠲᠡ 15 ᠪᠢᠴᠢᠭ ᠮᠠᠲᠧᠷᠢᠶᠠᠯ ᠂ 73 ᠵᠦᠢᠯ᠎ᠦᠨ ᠬᠣᠯᠪᠣᠭᠳᠠᠯ ᠪᠦᠬᠦᠢ ᠲᠥᠷᠥ᠎ᠶᠢᠨ ᠪᠣᠳᠣᠯᠭ᠎ᠠ᠎ᠶᠢ ᠡᠮᠬᠢᠯᠡᠨ ᠳᠢᠭᠯᠡᠪᠡ᠃ 5 ᠳ᠋ᠤᠭᠠᠷ ᠰᠠᠷ᠎ᠠ᠎ᠶᠢᠨ 6 ᠤ ᠡᠳᠦᠷ᠎ᠡᠴᠡ ᠡᠬᠢᠯᠡᠨ᠂ ᠲᠥᠷᠥ᠎ᠶᠢᠨ ᠪᠣᠳᠣᠯᠭ᠎ᠠ ᠬᠠᠤᠯᠢ ᠲᠣᠭᠲᠠᠭᠠᠯ᠎ᠤᠨ ᠭᠠᠵᠠᠷ᠎ᠡᠴᠡ ᠲᠤᠬᠠᠢᠯᠠᠭᠰᠠᠨ ᠠᠵᠢᠯ᠎ᠤᠨ 7 ᠭᠠᠵᠠᠷ ᠲᠠᠰᠤᠭ᠎ᠤᠨ 14 ᠬᠥᠮᠥᠨ ᠤᠳᠠᠭ᠎ᠠ᠎ᠶ᠋ᠢ ᠵᠣᠬᠢᠶᠠᠨ ᠪᠠᠢᠭᠤᠯᠵᠤ ᠪᠠᠢᠭᠠᠳ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠳᠤ ᠬᠦᠷᠴᠦ ᠲᠤᠬᠠᠢ᠎ᠶᠢᠨ ᠲᠠᠯᠠᠪᠤᠷ᠎ᠲᠤ ᠨᠢ ᠠᠵᠢᠯᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ ᠯᠤᠭ᠎ᠠ ᠬᠠᠮᠵᠢᠯᠴᠠᠨ ᠲᠥᠷᠥ᠎ᠶᠢᠨ ᠪᠣᠳᠣᠯᠭ᠎ᠠ᠎ᠶᠢ ᠡᠮᠬᠢᠯᠡᠨ ᠲᠢᠭ᠌ᠯᠡᠬᠦ᠌᠂ ᠴᠤᠪᠤᠷᠠᠯ᠎ᠢ ᠳᠠᠬᠢᠨ ᠪᠠᠢᠭᠤᠯᠬᠤ ᠠᠵᠢᠯ᠎ᠢ ᠠᠬᠢᠭᠤᠯᠪᠠ᠃ ᠭᠤᠷᠪᠠ᠎ᠳᠤ᠂ ᠠᠩᠬᠠᠨ᠎ᠤ ᠪᠦᠯᠦᠭ᠎ᠦᠨ 《ᠭᠤᠶᠤᠴᠢᠯᠠᠬᠤ ᠦᠭᠡᠢ᠎ᠪᠡᠷ ᠬᠦᠷᠲᠡᠭᠡᠬᠦ᠌》 ᠡᠭᠦᠷᠭᠡ᠎ᠶᠢ ᠪᠡᠶᠡᠯᠡᠭᠦᠯᠪᠡ᠃ ᠨᠡᠶ᠋ᠢᠲᠡ 7 ᠪᠢᠴᠢᠭ ᠮᠠᠲᠧᠷᠢᠶᠠᠯ᠂ 47 ᠵᠦᠢᠯ᠎ᠦᠨ ᠲᠥᠷᠥ᠎ᠶᠢᠨ ᠪᠣᠳᠣᠯᠭ᠎ᠠ᠎ᠶᠢ ᠡᠮᠬᠢᠯᠡᠨ ᠳᠢᠭᠯᠡᠵᠦ᠂ ᠲᠡᠷᠡ ᠳᠠᠷᠤᠢ᠎ᠳᠦ ᠨᠢ ᠬᠡᠷᠡᠭᠵᠢᠭᠦᠯᠵᠦ ᠪᠣᠯᠬᠤ 《ᠭᠤᠶᠤᠴᠢᠯᠠᠬᠤ ᠦᠭᠡᠢ᠎ᠪᠡᠷ ᠬᠦᠷᠲᠡᠭᠡᠬᠦ》 7 ᠵᠦᠢᠯ᠎ᠦᠨ ᠲᠥᠷᠥ᠎ᠶᠢᠨ ᠪᠣᠳᠣᠯᠭ᠎ᠠ᠎ᠶᠢ ᠡᠮᠬᠢᠯᠡᠨ ᠭᠠᠷᠭᠠᠵᠤ᠂ ᠲᠥᠷᠥ᠎ᠶᠢᠨ ᠪᠣᠳᠣᠯᠭ᠎ᠠ ᠬᠡᠷᠡᠭ᠌ᠵᠢᠭᠦᠯᠬᠦ᠌ 《ᠡᠴᠦᠰ᠎ᠦᠨ ᠨᠢᠭᠡ ᠺᠢᠯᠣᠮᠧᠲᠷ》᠎ᠢ ᠪᠥᠬᠥ ᠲᠠᠯ᠎ᠠ᠎ᠪᠠᠷ ᠨᠡᠪᠲᠡᠷᠡᠭᠦᠯᠦᠨ᠂ ᠢᠲᠡᠭᠡᠮᠵᠢ ᠰᠠᠢᠲᠠᠢ ᠪᠤᠶᠤ ᠨᠥᠬᠥᠴᠡᠯ᠎ᠳᠦ ᠨᠡᠢᠴᠡᠬᠦ ᠠᠵᠤ ᠠᠬᠤᠢᠯᠠᠯ ᠪᠠ ᠬᠤᠪᠢ ᠬᠥᠮᠥᠨ᠎ᠳᠦ ᠭᠤᠶᠤᠴᠢᠯᠠᠨ ᠮᠡᠳᠡᠭᠦᠯᠬᠦ ᠦᠭᠡᠢ᠎ᠪᠡᠷ ᠲᠥᠷᠥ᠎ᠶᠢᠨ ᠪᠣᠳᠣᠯᠭ᠎ᠠ᠎ᠶᠢ ᠱᠢᠭᠤᠳ ᠬᠦᠷᠲᠡᠭᠡᠬᠦ᠎ᠶ᠋ᠢ ᠪᠡᠶᠡᠯᠡᠭᠦᠯᠪᠡ᠃