ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠵᠡᠩᠨᠡᠭ᠌ᠰᠡᠨ ᠠᠵᠤ ᠠᠬᠤᠢ᠎ᠶᠢᠨ ᠬᠦᠭ᠌ᠵᠢᠨ ᠪᠤᠵᠠᠭᠠᠢᠷᠠᠬᠤ᠎ᠶ᠋ᠢ ᠠᠬᠢᠭᠤᠯᠬᠤ ᠲᠤᠬᠠᠢ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠱᠢᠯᠠᠭᠤᠯᠤᠨ᠂ ᠣᠷᠣᠨ ᠪᠦᠰᠡ ᠠᠯᠤᠰᠯᠠᠭᠰᠠᠨ ᠠᠵᠤ ᠦᠢᠯᠡᠰ᠎ᠦᠨ ᠬᠠᠮᠲᠤᠷᠠᠯᠴᠠᠭᠠᠨ᠎ᠤ ᠲᠠᠪᠴᠠᠩ᠎ᠢ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠵᠡᠩᠨᠡᠭ᠌ᠰᠡᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠬᠦ᠌᠎ᠶ᠋ᠢᠨ ᠲᠤᠰᠠᠳᠠ᠂ 2025 ᠣᠨ᠎ᠤ 7 ᠳ᠋ᠤᠭᠠᠷ ᠰᠠᠷ᠎ᠠ᠎ᠶᠢᠨ 17᠎ᠤ ᠡᠳᠦᠷ᠎ᠡᠴᠡ 18᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠵᠡᠩᠨᠡᠭ᠌ᠰᠡᠨ ᠠᠵᠤ ᠠᠬᠤᠢ᠎ᠶᠢᠨ ᠬᠥᠭᠵᠢᠯᠲᠡ᠎ᠶᠢᠨ ᠦᠢᠯᠡᠴᠢᠯᠡᠭᠡᠨ᠎ᠦ ᠲᠣᠪᠴᠢᠶ᠎ᠠ᠎ᠠᠴᠠ ᠭᠣᠣᠯᠯᠠᠨ ᠡᠷᠭᠢᠯᠡᠭᠰᠡᠨ 《ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠵᠡᠩᠨᠡᠭ᠌ᠰᠡᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠲᠥᠷᠥᠯ ᠵᠦᠢᠯ ᠵᠢᠴᠢ ᠲᠥᠷᠥ᠎ᠶᠢᠨ ᠪᠣᠳᠣᠯᠭ᠎ᠠ᠎ᠶᠢᠨ ᠰᠤᠳᠤᠯᠭᠠᠨ》᠎ᠤ 《ᠥᠪᠥᠷ ᠮᠣᠩᠭᠣᠯ᠎ᠤᠨ ᠠᠵᠤ ᠠᠬᠤᠢᠯᠠᠯ᠎ᠳᠤ ᠦᠢᠯᠡᠴᠢᠯᠡᠬᠦ᠌ ᠠᠵᠢᠯ᠎ᠤᠨ ᠥᠷᠲᠡᠭᠡ — ᠤᠯᠤᠰ᠎ᠤᠨ ᠳᠣᠲᠣᠭᠠᠳᠤ᠎ᠳᠡᠬᠢ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠢ ᠥᠪᠥᠷ ᠮᠣᠩᠭᠣᠯ᠎ᠳᠤ ᠣᠴᠢᠭᠤᠯᠬᠤ》 2025 ᠣᠨ᠎ᠤ ᠠᠩᠬᠠᠨ᠎ᠤ ᠥᠷᠲᠡᠭᠡ᠎ᠶ᠋ᠢᠨ ᠠᠵᠢᠯᠯᠠᠭ᠎ᠠ᠎ᠶ᠋ᠢ ᠬᠢᠩᠭᠠᠨ ᠠᠢᠮᠠᠭ᠎ᠲᠤ ᠠᠮᠵᠢᠯᠲᠠ ᠲᠠᠢ ᠶᠠᠪᠤᠭ᠍ᠳᠠᠭᠤᠯᠪᠠ᠃
ᠲᠣᠰ ᠤᠳᠠᠭᠠᠨ᠎ᠤ ᠠᠵᠢᠯᠯᠠᠭ᠎ᠠ ᠨᠢ ᠥᠨᠳᠥᠷ ᠬᠢᠷᠢ ᠲᠦᠪᠰᠢᠨ ᠪᠦᠬᠦᠢ ᠵᠣᠯᠭᠠᠭᠤᠯᠬᠤ ᠲᠠᠪᠴᠠᠩ ᠪᠠᠶ᠋ᠢᠭᠤᠯᠬᠤ᠎ᠪᠠᠷ ᠳᠡᠮᠵᠢᠨ᠂ ᠬᠢᠩᠭᠠᠨ ᠠᠢᠮᠠᠭ᠎ᠤᠨ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ ᠭᠠᠵᠠᠷ ᠣᠷᠣᠨ᠎ᠤ 15 ᠨᠠᠷᠠᠲᠤ ᠠᠵᠤ ᠠᠬᠤᠢᠯᠠᠯ (ᠬᠤᠳᠠᠯᠳᠤᠭᠠᠴᠢᠳ᠎ᠤᠨ ᠡᠪᠯᠡᠯ)᠎ᠤᠨ ᠲᠥᠯᠥᠭᠡᠯᠡᠭ᠌ᠴᠢᠳ᠎ᠢ ᠨᠠᠷᠢᠯᠢᠭ᠋ ᠣᠨᠣᠴᠠᠲᠠᠢ᠎ᠪᠠᠷ ᠤᠷᠢᠨ ᠣᠷᠣᠯᠴᠠᠭᠤᠯᠵᠤ᠂ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠢᠶᠡᠨ ᠥᠷᠭᠡᠳᠬᠡᠬᠦ᠂ ᠵᠠᠬᠢᠶᠠᠯᠠᠭ᠎ᠠ᠎ᠪᠠᠨ ᠨᠡᠮᠡᠭ᠌ᠳᠡᠭᠦᠯᠬᠦ᠌᠎ᠳᠦ ᠬᠦᠴᠦᠨ ᠨᠡᠮᠡᠷᠢᠯᠡᠵᠦ᠂ ᠡᠬᠢ ᠪᠠᠶᠠᠯᠢᠭ᠋᠎ᠤᠨ ᠬᠠᠮᠲᠤᠷᠠᠯᠴᠠᠭ᠎ᠠ ᠪᠠ ᠣᠷᠣᠨ ᠨᠤᠲᠤᠭ᠎ᠤᠨ ᠬᠤᠳᠠᠯᠳᠤᠭᠠᠴᠢᠨ ᠤᠷᠢᠵᠤ ᠪᠡᠯᠡ ᠲᠠᠲᠠᠬᠤ᠎ᠶ᠋ᠢ ᠠᠬᠢᠭᠤᠯᠪᠠ᠃
ᠠᠵᠢᠯᠯᠠᠭ᠎ᠠ ᠳᠤᠮᠳᠠ᠂ ᠠᠵᠤ ᠠᠬᠤᠢᠯᠠᠯ᠎ᠤᠨ ᠲᠥᠯᠥᠭᠡᠯᠡᠭᠴᠢᠳ᠎ᠦᠨ ᠪᠦᠯᠬᠦᠮ ᠦᠢᠯᠡᠳᠪᠦᠷᠢᠯᠡᠯ᠎ᠦᠨ ᠨᠢᠭᠡᠳᠦᠭᠡᠷ ᠹᠷᠣᠨᠲ᠎ᠲᠤ ᠭᠦᠨᠵᠡᠭᠡᠢᠷᠡᠨ᠂ ᠢᠦᠢ ᠰᠧᠨ ᠲᠠᠷᠢᠶᠠᠯᠠᠩ ᠮᠠᠯ ᠠᠵᠤ ᠠᠬᠤᠢ᠂ ᠯᠦᠩ ᠳ᠋ᠢᠩ ᠲᠠᠷᠢᠶᠠᠯᠠᠩ᠂ ᠺᠧ ᠴᠢᠨ ᠸᠠᠨ ᠵᠢᠶᠠ᠂ ᠬᠤᠸᠠ ᠶᠠᠩ ᠦᠬᠡᠷ᠎ᠦᠨ ᠦᠢᠯᠡᠰ᠂ ᠵᠢᠨ ᠭᠧ ᠯᠧ ᠢᠳᠡᠭᠡᠨ᠂ ᠵᠢᠩ ᠹᠠᠩ ᠣᠨᠴᠠᠯᠢᠭ᠍ᠲᠤ ᠲᠠᠷᠢᠶᠠᠯᠠᠩ ᠵᠡᠷᠭᠡ ᠲᠥᠯᠥᠭᠡᠯᠡᠬᠦ ᠴᠢᠨᠠᠷᠲᠠᠢ ᠠᠷᠠᠳ᠎ᠡᠴᠡ ᠡᠵᠡᠩᠨᠡᠭᠰᠡᠨ ᠣᠯᠠᠨ ᠠᠵᠤ ᠠᠬᠤᠢᠯᠠᠯ᠎ᠤᠨ ᠲᠤᠬᠠᠢ᠎ᠶᠢᠨ ᠭᠠᠵᠠᠷ᠎ᠲᠤ ᠨᠢ ᠬᠦᠷᠴᠦ᠍ ᠰᠤᠷᠪᠤᠯᠵᠢᠯᠠᠪᠠ᠃ ᠲᠥᠯᠥᠭᠡᠯᠡᠭᠴᠢᠳ᠎ᠦᠨ ᠪᠦᠯᠬᠦᠮ《ᠬᠢᠩᠭᠠᠨ ᠠᠢᠮᠠᠭ᠎ᠤᠨ ᠲᠤᠲᠤᠷᠭ᠎ᠠ》ᠵᠢᠨ ᠴᠢᠨᠠᠷ ᠴᠢᠨᠰᠠᠭ᠎ᠠ ᠪᠠ ᠲᠦᠷᠦᠯ ᠲᠡᠮᠳᠡᠭᠲᠦ ᠮᠠᠰᠢ ᠶᠡᠬᠡ ᠰᠣᠨᠢᠷᠬᠠᠯᠲᠠᠢ ᠪᠠᠢᠵᠤ᠂ ᠢᠦᠢ ᠰᠧᠨ ᠲᠠᠷᠢᠶᠠᠯᠠᠩ ᠮᠠᠯ ᠠᠵᠤ ᠠᠬᠤᠢ᠂ ᠯᠦᠩ ᠳ᠋ᠢᠩ ᠲᠠᠷᠢᠶᠠᠯᠠᠩ᠎ᠤᠨ ᠬᠢᠨ ᠲᠤᠬᠠᠢ᠎ᠶ᠋ᠢᠨ ᠲᠠᠯᠠᠪᠠᠢ᠎ᠳᠤ᠎ᠪᠡᠨ ᠦᠢᠯᠡᠳᠬᠦᠨ ᠬᠤᠳᠠᠯᠳᠤᠨ ᠠᠪᠬᠤ ᠵᠠᠬᠢᠶᠠᠯᠠᠭ᠎ᠠ ᠲᠣᠰᠣᠭ᠍ᠰᠠᠨ ᠪᠥᠭᠡᠳ ᠤᠬᠠᠭᠤᠯᠤᠨ ᠳᠡᠯᠭᠡᠷᠡᠭᠦᠯᠬᠦ ᠬᠠᠮᠲᠤᠷᠠᠯᠴᠠᠭᠠᠨ᠎ᠤ ᠰᠠᠨᠠᠮᠵᠢ ᠲᠣᠬᠢᠷᠠᠯᠴᠠᠵᠠᠢ᠃ ᠺᠧ ᠴᠢᠨ ᠸᠠᠨ ᠵᠢᠶᠠ ᠺᠤᠮᠫᠠᠨᠢ᠎ᠳᠤ᠂ ᠲᠥᠯᠥᠭᠡᠯᠡᠭᠴᠢᠳ᠎ᠦᠨ ᠪᠦᠯᠬᠦᠮ᠎ᠦᠨ ᠬᠢᠨ ᠠᠮᠲᠠ ᠣᠷᠣᠭᠤᠯᠤᠭ᠍ᠴᠢ᠂ ᠣᠨᠴᠠᠯᠢᠭ᠍ᠲᠤ ᠵᠢᠶᠠᠩ᠎ᠢᠶᠠᠷ ᠳᠠᠷᠤᠭ᠍ᠰᠠᠨ ᠨᠣᠭᠤᠭ᠎ᠠ ᠵᠡᠷᠭᠡ ᠪᠦᠲᠦᠭᠡᠭᠳᠡᠬᠦᠨ᠎ᠦ ᠣᠳᠣᠬᠢᠴᠢᠯᠠᠭᠰᠠᠨ ᠦᠢᠯᠡᠳᠪᠦᠷᠢᠯᠡᠯ᠎ᠦᠨ ᠤᠷ᠎ᠠ ᠮᠡᠷᠭᠡᠱᠢᠯ᠎ᠢ ᠨᠠᠷᠢᠨ ᠨᠢᠭ᠍ᠲᠠ ᠰᠢᠨᠵᠢᠯᠡᠨ ᠪᠠᠢᠴᠠᠭᠠᠭᠰᠠᠨ ᠪᠥᠭᠡᠳ ᠲᠠᠸᠠᠷ ᠬᠤᠳᠠᠯᠳᠤᠨ ᠠᠪᠬᠤ ᠲᠠᠯ᠎ᠠ᠎ᠪᠠᠷ ᠠᠩᠬ᠎ᠠ ᠠᠯᠬᠤᠮ᠎ᠤᠨ ᠬᠠᠮᠲᠤᠷᠠᠯᠴᠠᠭᠠᠨ᠎ᠤ ᠲᠥᠰᠥᠯ᠎ᠢ ᠪᠦᠷᠢᠯᠳᠦᠭᠦᠯᠵᠡᠢ᠃ ᠡᠭᠦᠨ᠎ᠡᠴᠡ ᠭᠠᠳᠠᠨ᠎ᠠ᠂ ᠲᠥᠯᠥᠭᠡᠯᠡᠭᠴᠢᠳ᠎ᠦᠨ ᠪᠦᠯᠬᠦᠮ᠎ᠦᠨ ᠬᠢᠨ ᠪᠠᠰᠠ ᠬᠤᠸᠠ ᠶᠠᠩ ᠦᠬᠡᠷ᠎ᠦᠨ ᠦᠢᠯᠡᠰ᠎ᠦᠨ ᠦᠬᠡᠷ ᠬᠤᠨᠢᠨ ᠮᠢᠬ᠎ᠠ᠂ ᠵᠢᠨ ᠭᠧ ᠯᠧ ᠢᠳᠡᠭᠡᠨ᠎ᠦ ᠺᠣᠮᠫᠠᠨᠢ᠎ᠶ᠋ᠢᠨ ᠣᠨᠴᠠᠯᠢᠭ᠍ᠲᠤ ᠢᠳᠡᠰᠢᠨ ᠲᠣᠰᠣ᠌ ᠵᠢᠴᠢ ᠵᠢᠩ ᠹᠠᠩ ᠣᠨᠴᠠᠯᠢᠭ᠍ᠲᠤ ᠲᠠᠷᠢᠶᠠᠯᠠᠩ᠎ᠤᠨ ᠺᠣᠮᠫᠠᠨᠢ᠎ᠶ᠋ᠢᠨ ᠮᠦᠬᠦ᠎ᠶᠢᠨ ᠲᠦᠷᠦᠯ᠎ᠦᠨ ᠪᠦᠲᠦᠭᠡᠭᠳᠡᠬᠦᠨ᠎ᠢ ᠭᠣᠣᠯᠳᠠᠯᠭ᠎ᠠ᠎ᠲᠠᠢ ᠰᠢᠨᠵᠢᠯᠡᠨ ᠪᠠᠢᠴᠠᠭᠠᠵᠤ᠂ ᠬᠢᠩᠭᠠᠨ ᠠᠢᠮᠠᠭ᠎ᠤᠨ ᠡᠯᠪᠡᠭ ᠪᠠᠶᠠᠯᠢᠭ᠋ ᠲᠠᠷᠢᠶᠠᠯᠠᠩ ᠮᠠᠯ᠎ᠤᠨ ᠠᠰᠢᠭ᠋ ᠰᠢᠮ᠎ᠡ᠎ᠶ᠋ᠢᠨ ᠪᠦᠲᠦᠭᠡᠭᠳᠡᠬᠦᠨ ᠪᠠ ᠤᠢ᠎ᠶᠢᠨ ᠬᠣᠷᠮᠣᠢ᠎ᠶᠢᠨ ᠠᠵᠤ ᠠᠬᠤᠢ᠎ᠶᠢᠨ ᠡᠬᠢ ᠪᠠᠶᠠᠯᠢᠭ᠋᠎ᠤᠨ ᠳᠠᠪᠠᠭᠤᠯᠢᠭ᠎ᠲᠤ ᠳᠡᠭᠡᠳᠦ ᠬᠡᠮᠵᠢᠶᠡᠨ᠎ᠦ ᠦᠨᠡᠯᠡᠯᠲᠡ ᠥᠭ᠌ᠪᠡ᠃ ᠣᠯᠠᠨ ᠠᠵᠤ ᠠᠬᠤᠢᠯᠠᠯ᠎ᠤᠨ ᠲᠥᠯᠥᠭᠡᠯᠡᠭᠴᠢ ᠢᠯᠡᠷᠬᠡᠢᠯᠡᠬᠦ᠎ᠳᠦ᠎ᠪᠡᠨ᠂ ᠬᠢᠩᠭᠠᠨ ᠠᠢᠮᠠᠭ᠎ᠤᠨ ᠣᠨᠴᠠᠯᠢᠭ᠍ᠲᠤ ᠠᠵᠤ ᠦᠢᠯᠡᠰ᠎ᠢ ᠨᠡᠭᠡᠭᠡᠨ ᠬᠥᠭᠵᠢᠭᠦᠯᠬᠦ ᠳᠠᠯᠳᠠ ᠬᠦᠴᠦᠨ ᠯᠤᠲᠤ ᠶᠡᠬᠡ᠂ ᠬᠠᠮᠲᠤᠷᠠᠯᠴᠠᠭᠠᠨ᠎ᠤ ᠣᠷᠣᠨ ᠵᠠᠢ ᠥᠷᠭᠡᠨ ᠠᠭᠤᠳᠠᠮ ᠪᠠᠢᠨ᠎ᠠ᠂ ᠲᠣᠰ ᠤᠳᠠᠭᠠᠨ᠎ᠤ ᠰᠢᠨᠵᠢᠯᠡᠨ ᠪᠠᠢᠴᠠᠭᠠᠯᠲᠠ᠎ᠪᠠᠷ ᠳᠡᠮᠵᠢᠨ ᠣᠷᠳᠣ᠌ ᠬᠤᠭᠤᠴᠠᠭᠠᠨ᠎ᠤ ᠲᠣᠭᠲᠠᠭᠤᠨ ᠬᠠᠨᠢᠲᠠᠨ᠎ᠤ ᠬᠠᠷᠢᠴᠠᠭ᠎ᠠ ᠪᠠᠢᠭᠤᠯᠵᠤ᠂ ᠵᠠᠬ᠎ᠠ ᠳᠡᠯᠭᠡᠭᠦᠷ᠎ᠢ ᠬᠠᠮᠲᠤ᠎ᠪᠠᠷ ᠨᠡᠭᠡᠭᠡᠨ ᠥᠷᠭᠡᠳᠬᠡᠵᠦ᠂ ᠬᠠᠷᠢᠯᠴᠠᠨ ᠠᠱᠢᠭ᠍ᠲᠠᠢ ᠬᠠᠮᠲᠤ᠎ᠪᠠᠷ ᠠᠰᠢᠭ᠋ ᠭᠥᠷᠳᠡᠬᠦ᠎ᠶᠢ ᠬᠦᠰᠡᠵᠦ ᠪᠠᠢᠨ᠎ᠠ ᠭᠡᠵᠡᠢ ᠃
ᠬᠢᠩᠭᠠᠨ ᠠᠢᠮᠠᠭ᠎ᠤᠨ ᠠᠮᠵᠢᠯᠲᠠ᠎ᠲᠠᠢ ᠦᠢᠯᠡᠳᠦᠯᠭᠡ ᠨᠢ ᠳᠠᠷᠠᠭᠠᠴᠢ᠎ᠪᠠᠷ ᠬᠥᠯᠥᠨ ᠪᠤᠢ᠍ᠢᠷ ᠬᠤᠳᠠ᠂ ᠮᠠᠨᠵᠤᠤᠷ ᠬᠤᠳᠠ᠎ᠳᠤ ᠬᠦᠷᠴᠦ᠍ ᠠᠵᠢᠯᠯᠠᠭ᠎ᠠ ᠦᠷᠨᠢᠭᠦᠯᠬᠦ᠌᠎ᠳᠤ ᠰᠠᠢᠨ ᠰᠠᠭᠤᠷᠢ᠎ᠶ᠋ᠢ ᠲᠠᠯᠪᠢᠵᠤ ᠥᠭᠴᠡᠢ᠃ ᠲᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠵᠡᠩᠨᠡᠭ᠌ᠰᠡᠨ ᠠᠵᠤ ᠠᠬᠤᠢ᠎ᠶᠢᠨ ᠬᠥᠭᠵᠢᠯᠲᠡ᠎ᠶᠢᠨ ᠦᠢᠯᠡᠴᠢᠯᠡᠭᠡᠨ᠎ᠦ ᠲᠣᠪᠴᠢᠶ᠎ᠠ ᠨᠢ ᠲᠣᠰ ᠤᠳᠠᠭᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭᠠᠵᠤ᠂ 《 ᠥᠪᠥᠷ ᠮᠣᠩᠭᠣᠯ᠎ᠦᠨ ᠠᠵᠤ ᠠᠬᠤᠢᠯᠠᠯ᠎ᠳᠦ ᠦᠢᠯᠡᠴᠢᠯᠡᠬᠦ᠌ ᠠᠵᠢᠯ᠎ᠤᠨ ᠥᠷᠲᠡᠭᠡ》᠎ᠶᠢᠨ ᠨᠠᠷᠠᠲᠤ ᠲᠡᠮᠳᠡᠭ ᠪᠦᠬᠦᠢ ᠠᠵᠢᠯᠯᠠᠭ᠎ᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠠᠵᠤ ᠠᠬᠤᠢᠯᠠᠯ᠎ᠤᠨ ᠵᠣᠯᠭᠠᠭᠤᠯᠤᠨ ᠬᠠᠮᠲᠤᠷᠠᠯᠴᠠᠬᠤ ᠲᠠᠪᠴᠠᠩ᠎ᠢ ᠪᠠᠢᠩᠭᠤᠱᠢᠭᠤᠯᠤᠨ ᠴᠣᠭ᠍ᠴᠠᠯᠠᠨ᠎ᠠ᠃ ᠣᠷᠣᠨ᠎ᠤ ᠳᠣᠲᠣᠷᠠᠬᠢ ᠠᠢᠮᠠᠭ ᠬᠣᠲᠠ ᠪᠠ ᠬᠥᠬᠡᠮᠥ᠋ᠷᠡᠨ᠎ᠦ ᠭᠤᠷᠪᠠᠯᠵᠢᠨ ᠬᠣᠢᠭ᠋ ᠵᠡᠷᠭᠡ ᠲᠡᠷᠢᠭᠦᠨ᠎ᠦ ᠭᠠᠵᠠᠷ ᠣᠷᠣᠨ ᠯᠤᠭ᠎ᠠ᠎ᠶ᠋ᠢᠨ ᠤᠷᠲᠤ ᠬᠤᠭᠤᠴᠠᠭᠠᠨ᠎ᠤ ᠨᠡᠪᠲᠡᠷᠡᠯᠴᠡᠭᠡᠨᠦ ᠲᠣᠭᠲᠠᠴᠠ᠎ᠶ᠋ᠢ ᠪᠠᠶ᠋ᠢᠭᠤᠯᠬᠤ᠎ᠶ᠋ᠢ ᠭᠣᠣᠯᠳᠠᠯᠭ᠎ᠠ ᠲᠠᠢ ᠠᠬᠢᠭᠤᠯᠵᠤ᠂ ᠲᠤᠬᠠᠢ᠎ᠶᠢᠨ ᠭᠠᠵᠠᠷ᠎ᠤᠨ ᠲᠠᠷᠢᠶᠠᠯᠠᠩ᠎ᠤᠨ ᠣᠨᠴᠠ ᠪᠦᠲᠦᠭᠡᠭ᠌ᠳᠡᠬᠦᠨ ᠦᠢᠯᠡᠳᠪᠦᠷᠢᠯᠡᠬᠦ᠌ ᠠᠵᠤ ᠠᠬᠤᠢᠯᠠᠯ᠎ᠢ ᠵᠣᠬᠢᠶᠠᠨ ᠪᠠᠢᠭᠤᠯᠵᠤ ᠪᠠᠢᠭᠠᠳ 《ᠭᠠᠷᠴᠤ᠌ ᠶᠠᠪᠤᠨ》᠂ ᠣᠷᠣᠨ᠎ᠤ ᠭᠠᠳᠠᠨᠠᠬᠢ ᠦᠵᠡᠰᠭᠦᠯᠡᠩ ᠴᠤᠭ᠍ᠯᠠᠭᠠᠨ ᠵᠢᠴᠢ ᠦᠢᠯᠡᠳᠪᠦᠷᠢᠯᠡᠯ ᠪᠣᠷᠣᠯᠠᠭᠤᠯᠭ᠎ᠠ᠎ᠶ᠋ᠢᠨ ᠵᠣᠯᠭᠠᠭᠤᠯᠬᠤ ᠠᠵᠢᠯᠯᠠᠭ᠎ᠠ᠎ᠳᠤ ᠢᠳᠡᠪᠬᠢᠲᠡᠢ ᠣᠷᠣᠯᠴᠠᠭᠤᠯᠬᠤ᠎ᠶ᠋ᠢᠨ ᠬᠠᠮᠲᠤ᠂ ᠭᠠᠳᠠᠷ ᠣᠷᠣᠨ᠎ᠤ ᠨᠡᠩ ᠤᠯᠠᠨ ᠠᠵᠤ ᠠᠬᠤᠢᠯᠠᠯ᠎ᠢ ᠤᠷᠢᠵᠤ ᠮᠠᠨ᠎ᠤ ᠣᠷᠣᠨ᠎ᠤ ᠲᠤᠬᠠᠢ᠎ᠶᠢᠨ ᠭᠠᠵᠠᠷ᠎ᠲᠤ ᠰᠢᠨᠵᠢᠯᠡᠨ ᠪᠠᠢᠴᠠᠭᠠᠯᠲᠠ ᠬᠢᠯᠭᠡᠵᠦ᠍᠂ ᠬᠠᠩᠭᠠᠯᠭ᠎ᠠ᠎ᠶᠢᠨ ᠬᠡᠯᠬᠢᠶᠡᠨ᠎ᠦ ᠬᠠᠮᠵᠢᠯᠴᠠᠭ᠎ᠠ᠂ ᠨᠡᠷᠡᠲᠦ ᠲᠡᠮᠳᠡᠭ᠎ᠢ ᠬᠠᠮᠲᠤ᠎ᠪᠠᠷ ᠪᠠᠶ᠋ᠢᠭᠤᠯᠬᠤ᠂ ᠠᠷᠭ᠎ᠠ ᠵᠠᠮ᠎ᠢ ᠬᠠᠮᠲᠤ᠎ᠳᠤ᠎ᠪᠠᠨ ᠬᠤᠪᠢᠶᠠᠯᠴᠠᠬᠤ ᠵᠡᠷᠭᠡ ᠲᠠᠯ᠎ᠠ᠎ᠪᠠᠷ ᠬᠢ ᠬᠠᠮᠲᠤᠷᠠᠯᠴᠠᠭ᠎ᠠ᠎ᠪᠡᠨ ᠭᠦᠨᠵᠡᠭᠡᠢᠷᠡᠭᠦᠯᠵᠦ᠂ ᠣᠷᠣᠨ᠎ᠤ ᠳᠣᠲᠣᠷᠠᠬᠢ ᠣᠨᠴᠠᠯᠢᠭ᠍ᠲᠤ ᠪᠦᠲᠦᠭᠡᠭᠳᠡᠬᠦᠨ᠎ᠢ ᠭᠠᠳᠠᠭ᠍ᠰᠢ ᠪᠣᠷᠣᠯᠠᠭᠤᠯᠬᠤ ᠠᠷᠭ᠎ᠠ ᠵᠠᠮ᠎ᠢ ᠲᠠᠰᠤᠷᠠᠯᠲᠠ ᠦᠭᠡᠢ ᠦᠷᠭᠡᠳᠭᠡᠨ᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠦᠷᠭᠦᠯᠵᠢᠯᠡᠨ ᠡᠷᠡᠭᠦᠯ᠎ᠢᠶᠡᠷ ᠬᠥᠭᠵᠢᠬᠦ᠎ᠳᠦ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠰᠢᠨ᠎ᠡ ᠬᠦᠳᠡᠯᠭᠡᠭ᠌ᠴᠢ ᠬᠦᠴᠦᠨ ᠨᠡᠮᠡᠷᠢᠯᠡᠬᠦ᠌ ᠪᠣᠯᠣᠨ᠎ᠠ᠃