ᠠᠵᠤ ᠠᠬᠤᠢ᠍ᠯᠠᠯ᠎ᠢ ᠳᠤᠰᠠᠯᠠᠬᠤ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠥᠪᠡᠷᠲᠡᠭᠡᠨ ᠵᠠᠰᠠᠬᠤ ᠣᠷᠣᠨ 《ᠺᠣᠳ᠋ ᠰᠢᠷᠪᠢᠵᠦ ᠠᠵᠤ ᠠᠬᠤᠢᠯᠠᠯ᠎ᠳᠦ ᠭᠦᠨᠵᠡᠭᠡᠢᠷᠡᠬᠦ᠌》 ᠰᠢᠰᠲᠧᠮ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ ᠵᠢᠷᠤᠮᠵᠢᠭ᠍ᠰᠠᠨ ᠬᠠᠤᠯᠢ ᠬᠡᠷᠡᠭᠵᠢᠭᠦᠯᠦᠯᠲᠡ᠎ᠶ᠋ᠢᠨ ᠬᠦᠴᠦᠨ ᠴᠢᠳᠠᠮᠵᠢ᠎ᠶ᠋ᠢ ᠨᠢ ᠡᠷᠴᠢᠮᠯᠡᠵᠦ᠍ ᠪᠤᠢ
ᠨᠡᠶ᠋ᠢᠲᠡᠯᠡᠭᠰᠡᠨ ᠴᠠᠭ᠄ 2025-07-29

ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶ᠋ᠢᠨ ᠬᠠᠮᠢᠶᠠᠷᠤᠯᠲᠠ᠎ᠶᠢᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠯᠦ᠍ᠭᠡ ᠬᠠᠮᠲᠤᠷᠠᠨ 《ᠺᠣᠳ᠋ ᠰᠢᠷᠪᠢᠵᠦ ᠠᠵᠤ ᠠᠬᠤᠢᠯᠠᠯ᠎ᠳᠤ ᠭᠦᠨᠵᠡᠭᠡᠢᠷᠡᠬᠦ᠌》 ᠰᠢᠰᠲᠧᠮ᠎ᠦᠨ ᠪᠦᠲᠦᠭᠡᠨ ᠪᠠᠢᠭᠤᠯᠤᠯᠲᠠ᠎ᠶᠢᠨ ᠬᠡᠷᠡᠭᠯᠡᠯᠲᠡ᠎ᠶᠢ ᠠᠬᠢᠭᠤᠯᠵᠤ᠂ ᠳ᠋ᠢᠭᠢᠲᠴᠢᠯᠡᠭ᠌ᠰᠡᠨ ᠠᠷᠭ᠎ᠠ ᠪᠠᠷᠢᠯ᠎ᠢᠶᠠᠷ ᠳᠠᠮᠵᠢᠭᠤᠯᠤᠨ ᠠᠵᠤ ᠠᠬᠤᠢᠯᠠᠯ᠎ᠳᠤ ᠬᠣᠯᠪᠣᠭᠳᠠᠬᠤ ᠪᠠᠢᠴᠠᠭᠠᠯᠲᠠ᠎ᠶᠢᠨ ᠦᠶ᠋ᠯᠡ ᠠᠵᠢᠯᠯᠠᠭ᠎ᠠ᠎ᠶᠢ ᠵᠢᠷᠤᠮᠵᠢᠭᠤᠯᠤᠨ᠂ ᠠᠵᠤ ᠠᠬᠤᠢᠯᠠᠯ᠎ᠤᠨ ᠳᠠᠷᠤᠭᠠᠰᠤ᠎ᠶᠢ ᠦᠨᠡᠨ ᠬᠦ᠌ ᠬᠥᠩᠭᠡᠷᠡᠭᠦᠯᠵᠦ᠂ ᠬᠠᠤᠯᠢᠵᠢᠭ᠍ᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ᠎ᠢ ᠪᠣᠶ ᠪᠣᠯᠭᠠᠬᠤ᠎ᠳᠤ ᠬᠦᠴᠦᠨ ᠨᠡᠮᠡᠷᠢᠯᠡᠵᠦ᠂ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ᠃ ᠨᠢᠭᠡ᠎ᠳᠦ᠂ ᠳ᠋ᠠᠢᠲ᠋ᠠ᠎ᠶ᠋ᠢ ᠨᠡᠢᠳᠬᠡᠵᠦ ᠬᠠᠮᠲᠤ᠎ᠪᠠᠷ ᠡᠳ᠋ᠯᠡᠬᠦ᠌᠎ᠶ᠋ᠢ ᠴᠢᠩᠭᠠᠳᠭᠠᠪᠠ᠃ ᠡᠯᠧᠺᠲᠷᠣᠨ ᠵᠠᠰᠠᠭ᠎ᠤᠨ ᠶᠠᠪᠤᠳᠠᠯ᠎ᠤᠨ ᠭᠠᠳᠠᠷ ᠰᠦᠯᠵᠢᠶᠡᠨ᠎ᠦ ᠵᠠᠰᠠᠭ᠎ᠤᠨ ᠶᠠᠪᠤᠳᠠᠯ᠎ᠤᠨ ᠡᠭᠦᠯᠡᠨ ᠲᠠᠪᠴᠠᠩ᠎ᠳᠤ ᠲᠦᠰᠢᠭᠯᠡᠨ᠂ ᠣᠲᠣ᠌᠎ᠶᠢᠨ ᠪᠠᠢᠭ᠎ᠠ ᠮᠡᠳᠡᠭᠡ ᠵᠠᠩᠭᠢᠴᠢᠯᠠᠭ᠍ᠰᠠᠨ ᠡᠬᠢ ᠪᠠᠶᠠᠯᠢᠭ᠋᠎ᠢ ᠡᠮᠬᠢᠯᠡᠨ ᠨᠡᠢᠯᠡᠭᠦᠯᠵᠦ᠂ 《ᠺᠣᠳ᠋ ᠰᠢᠷᠪᠢᠵᠦ ᠠᠵᠤ ᠠᠬᠤᠢᠯᠠᠯ᠎ᠳᠤ ᠭᠦᠨᠵᠡᠭᠡᠢᠷᠡᠬᠦ᠌》 ᠪᠠ 《ᠨᠢᠭᠡ ᠤᠳᠠᠭ᠎ᠠ᠎ᠳᠦ ᠶᠡᠷᠦᠩᠬᠡᠢᠯᠡᠨ ᠪᠠᠢᠴᠠᠭᠠᠬᠤ》 ᠭᠣᠣᠯᠯᠠᠬᠤ ᠴᠢᠳᠠᠮᠵᠢ᠎ᠶᠢᠨ ᠮᠣᠳᠧᠯ᠎ᠢ ᠨᠡᠭᠡᠭᠡᠵᠦ᠍᠂ ᠵᠠᠰᠠᠭ᠎ᠤᠨ ᠶᠠᠪᠤᠳᠠᠯ᠎ᠤᠨ ᠰᠢᠰᠲᠧᠮ᠎ᠦᠨ ᠲᠠᠪᠴᠠᠩ ᠯᠤᠭ᠎ᠠ ᠵᠣᠯᠭᠠᠭᠤᠯᠬᠤ᠎ᠶᠢ ᠪᠡᠶᠡᠯᠡᠭᠦᠯᠦᠨ᠂ ᠬᠠᠤᠯᠢ ᠬᠡᠷᠡᠭ᠌ᠵᠢᠭᠦᠯᠦᠯᠲᠡ᠎ᠶ᠋ᠢᠨ ᠳ᠋ᠠᠢᠲ᠋ᠠ᠎ᠶ᠋ᠢ ᠠᠦ᠋ᠲ᠋ᠣ᠋ ᠲᠠᠭᠯᠠᠬᠤ᠂ ᠪᠠᠢᠴᠠᠭᠠᠭᠰᠠᠨ ᠦᠷ᠎ᠡ ᠳ᠋ᠦᠩ᠎ᠢ ᠣᠬᠣᠷ ᠮᠡᠳᠡᠭᠡ᠎ᠪᠡᠷ ᠮᠡᠳᠡᠭᠳᠡᠬᠦ ᠵᠡᠷᠭᠡ ᠴᠢᠳᠠᠮᠵᠢ᠎ᠶᠢ ᠪᠡᠶᠡᠯᠡᠭᠦᠯᠵᠦ᠂ ᠬᠥᠮᠥᠨ᠎ᠦ ᠬᠦᠴᠦ᠎ᠪᠡᠷ ᠪᠢᠴᠢᠨ ᠣᠷᠣᠭᠤᠯᠬᠤ ᠠᠵᠢᠯ᠎ᠤᠨ ᠬᠡᠮᠵᠢᠶ᠎ᠡ᠎ᠶᠢ ᠶᠡᠬᠡ᠎ᠪᠡᠷ ᠪᠠᠭᠠᠰᠭᠠᠪᠠ᠃ ᠬᠣᠶᠠᠷ᠎ᠲᠤ᠂ ᠬᠠᠤᠯᠢ ᠬᠡᠷᠡᠭ᠌ᠵᠢᠭᠦᠯᠦᠯᠲᠡ᠎ᠶ᠋ᠢᠨ ᠪᠦᠬᠦ ᠶᠠᠪᠤᠴᠠ᠎ᠶᠢ ᠮᠦᠷᠳᠡᠨ ᠨᠡᠬᠡᠮᠵᠢᠯᠡᠵᠦ ᠪᠣᠯᠬᠤ᠎ᠶᠢ ᠪᠡᠶᠡᠯᠡᠭᠦᠯᠪᠡ᠃ ᠤᠶᠤᠨᠯᠢᠭ᠎ᠢᠶᠠᠷ ᠬᠠᠷᠢᠴᠠᠭᠤᠯᠬᠤ ᠪᠠ ᠬᠣᠯᠪᠣᠭᠠᠯᠠᠨ ᠪᠠᠢᠴᠠᠭᠠᠬᠤ᠎ᠶ᠋ᠢ ᠰᠠᠨᠠᠭᠤᠯᠬᠤ ᠴᠢᠳᠠᠮᠵᠢ᠎ᠪᠠᠷ ᠳᠠᠮᠵᠢᠭᠤᠯᠤᠨ᠂ ᠳᠠᠪᠬᠤᠷᠳᠠᠭᠤᠯᠤᠨ ᠬᠠᠤᠯᠢ ᠬᠡᠷᠡᠭᠵᠢᠭᠦᠯᠬᠦ ᠦᠵᠡᠭᠳᠡᠯ᠎ᠢ ᠪᠦᠲᠦᠮᠵᠢᠲᠡᠶ ᠪᠠᠭᠠᠰᠭᠠᠪᠠ᠃ ᠬᠠᠤᠯᠢ ᠬᠡᠷᠡᠭ᠌ᠵᠢᠭᠦᠯᠦᠯᠲᠡ᠎ᠶ᠋ᠢᠨ ᠠᠵᠢᠯᠲᠠᠨ 《ᠺᠣᠳ᠋᠎ᠢᠶᠠᠨ ᠦᠵᠡᠭᠦᠯᠦᠨ ᠠᠵᠤ ᠠᠬᠤᠢᠯᠠᠯ᠎ᠳᠤ ᠭᠦᠨᠵᠡᠭᠡᠢᠷᠡᠵᠦ᠍》᠂ ᠬᠠᠤᠯᠢ ᠬᠡᠷᠡᠭᠵᠢᠭᠦᠯᠬᠦ ᠪᠥᠬᠥ ᠶᠠᠪᠤᠴᠠ᠎ᠳᠤ ᠣᠷᠣ᠌ ᠮᠥᠷ ᠦᠯᠡᠳᠡᠭᠡᠬᠦ᠎ᠶᠢ ᠪᠡᠶᠡᠯᠡᠭᠦᠯᠦᠨ᠂ ᠠᠵᠤ ᠠᠬᠤᠢᠯᠠᠯ ᠨᠢ ᠪᠠᠢᠴᠠᠭᠠᠯᠲᠠ᠎ᠶ᠋ᠢᠨ ᠲᠥᠯᠥᠪᠯᠡᠭᠡ᠎ᠶᠢ ᠪᠠᠢᠴᠠᠭᠠᠨ ᠯᠠᠪᠯᠠᠵᠤ ᠪᠣᠯᠬᠤ᠎ᠶ᠋ᠢᠨ ᠬᠠᠮᠲᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ᠎ᠳᠤ ᠦᠨᠡᠯᠡᠯᠲᠡ ᠥᠭ᠌ᠴᠦ ᠪᠣᠯᠣᠨ᠎ᠠ᠂ 《ᠨᠢᠭᠡ ᠯᠡ ᠤᠳᠠᠭ᠎ᠠ ᠭᠦᠨᠵᠡᠭᠡᠢᠷᠡᠵᠦ᠍᠂ ᠣᠯᠠᠨ ᠵᠦᠢᠯᠡᠰ᠎ᠢ ᠪᠠᠢᠴᠠᠭᠠᠨ᠂ ᠨᠢᠭᠡ ᠯᠡ ᠤᠳᠠᠭ᠎ᠠ᠎ᠳᠤ ᠪᠤᠲᠠᠲᠠᠢᠵᠢᠭᠤᠯᠬᠤ》᠎ᠶᠢ ᠪᠡᠶᠡᠯᠡᠭᠦᠯᠪᠡ᠃ ᠭᠤᠷᠪᠠ᠎ᠳᠤ᠂ ᠲᠤᠷᠰᠢᠯᠲᠠ᠎ᠶᠢᠨ ᠴᠡᠭ᠎ᠦᠨ ᠬᠡᠷᠡᠭᠯᠡᠯᠲᠡ᠎ᠶᠢ ᠦᠷᠨᠢᠭᠦᠯᠪᠡ᠃ ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠋᠎ᠢ ᠥᠪᠡᠷᠲᠡᠭᠡᠨ ᠵᠠᠰᠠᠬᠤ ᠣᠷᠣᠨ᠎ᠤ 《ᠺᠣᠳ᠋ ᠰᠢᠷᠪᠢᠵᠦ ᠠᠵᠤ ᠠᠬᠤᠢᠯᠠᠯ᠎ᠳᠤ ᠭᠦᠨᠵᠡᠭᠡᠢᠷᠡᠬᠦ᠌》 ᠲᠤᠷᠰᠢᠯᠲᠠ᠎ᠶᠢᠨ ᠴᠡᠭ᠎ᠦᠨ ᠭᠠᠵᠠᠷ ᠣᠷᠣᠨ᠎ᠢᠶᠠᠷ ᠲᠣᠭᠲᠠᠭᠠᠵᠤ᠂ ᠣᠢᠷ᠎ᠠ᠎ᠶᠢᠨ ᠬᠤᠭᠤᠴᠠᠭᠠᠨ᠎ᠳᠤ ᠨᠢᠭᠡᠨᠲᠡ 100 ᠭᠠᠷᠤᠢ ᠬᠠᠤᠯᠢ ᠬᠡᠷᠡᠭ᠌ᠵᠢᠭᠦᠯᠦᠯᠲᠡ᠎ᠶ᠋ᠢᠨ ᠠᠵᠢᠯᠲᠠᠨ᠎ᠢ ᠵᠣᠬᠢᠶᠠᠨ ᠪᠠᠢᠭᠤᠯᠵᠤ ᠪᠠᠢᠭᠠᠳ ᠰᠢᠰᠲᠧᠮ᠎ᠢᠶᠡᠷ ᠠᠵᠢᠯᠯᠠᠭᠤᠯᠬᠤ ᠪᠣᠯᠪᠠᠰᠤᠷᠠᠯ ᠦᠷᠨᠢᠭᠦᠯᠵᠦ᠍᠂ ᠭᠠᠭᠴᠠ ᠰᠠᠯᠠᠭ᠎ᠠ ᠮᠥᠴᠢᠷ ᠵᠢᠴᠢ ᠰᠠᠯᠠᠭ᠎ᠠ ᠮᠥᠴᠢᠷ ᠠᠯᠤᠰᠯᠠᠭᠰᠠᠨ ᠬᠣᠯᠪᠣᠭᠠᠯᠠᠨ ᠪᠠᠢᠴᠠᠭᠠᠬᠤ ᠠᠵᠢᠯᠯᠠᠭᠠᠨ᠎ᠤ ᠴᠤᠪᠤᠷᠠᠯ᠎ᠢ ᠭᠣᠣᠯᠳᠠᠯᠭ᠎ᠠ᠎ᠲᠠᠢ ᠵᠢᠷᠤᠮᠵᠢᠭᠤᠯᠤᠨ᠂ ᠪᠥᠬᠥ ᠣᠷᠣᠨ ᠲᠡᠢᠰᠢ ᠳᠡᠯᠭᠡᠷᠡᠭᠦᠯᠬᠦ᠌᠎ᠳᠦ ᠲᠤᠷᠰᠢᠯᠭ᠎ᠠ ᠬᠤᠷᠠᠮᠳᠤᠭᠤᠯᠪᠠ᠃ 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶ᠋ᠢᠨ ᠬᠠᠮᠢᠶᠠᠷᠤᠯᠲᠠ᠎ᠶᠢᠨ ᠲᠣᠪᠴᠢᠶ᠎ᠠ