ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠳᠡᠭᠡᠷ᠎ᠡ ᠬᠠᠭᠠᠰ ᠵᠢᠯ᠎ᠳᠦ ᠵᠠᠮ ᠬᠠᠷᠢᠯᠴᠠᠭ᠎ᠠ ᠲᠡᠭᠡᠭᠡᠪᠦᠷᠢ᠎ᠶᠢᠨ ᠬᠦᠷᠢᠶᠡᠨ᠎ᠳᠠᠬᠢ ᠠᠵᠢᠯ ᠣᠯᠭᠣᠬᠤ᠎ᠪᠠᠷ ᠬᠦᠳᠡᠯᠮᠦᠷᠢᠯᠡᠬᠦ᠌᠎ᠶ᠋ᠢ ᠣᠷᠣᠯᠠᠭᠤᠯᠬᠤ ᠠᠵᠢᠯ 《 ᠭᠤᠷᠪᠠᠨ ᠨᠡᠮᠡᠭᠳᠡᠯ 》᠎ᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-07-21

ᠳᠡᠭᠡᠷ᠎ᠡ ᠬᠠᠭᠠᠰ ᠵᠢᠯ᠎ᠳᠦ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠬᠦᠷᠢᠶᠡᠨ᠎ᠳᠡᠬᠢ ᠠᠵᠢᠯ ᠣᠯᠭᠣᠬᠤ᠎ᠪᠠᠷ ᠬᠦᠳᠡᠯᠮᠦᠷᠢᠯᠡᠬᠦ᠌᠎ᠶ᠋ᠢ ᠣᠷᠣᠯᠠᠭᠤᠯᠬᠤ ᠠᠵᠢᠯ 《ᠭᠤᠷᠪᠠᠨ ᠨᠡᠮᠡᠭᠳᠡᠯ 》᠎ᠢ ᠪᠡᠶᠡᠯᠡᠭᠦᠯᠵᠡᠢ᠃ ᠵᠠᠮ ᠬᠠᠷᠢᠯᠴᠠᠭᠠᠨ᠎ᠤ ᠪᠦᠲᠦᠭᠡᠨ ᠪᠠᠢᠭᠤᠯᠤᠯᠲᠠ᠎ᠶᠢᠨ ᠬᠦᠷᠢᠶᠡᠨ᠎ᠳᠦ ᠠᠵᠢᠯ ᠣᠯᠭᠣᠬᠤ᠎ᠪᠠᠷ ᠬᠦᠳᠡᠯᠮᠦᠷᠢᠯᠡᠬᠦ᠌᠎ᠶ᠋ᠢ ᠣᠷᠣᠯᠠᠭᠤᠯᠤᠭ᠍ᠰᠠᠨ ᠠᠵᠢᠯ᠎ᠤᠨ ᠪᠠᠢᠷᠢ᠎ᠶᠢ ᠨᠡᠶ᠋ᠢᠲᠡ 7497 ᠬᠠᠩᠭᠠᠵᠤ᠂ ᠶᠠᠳᠠᠭᠤ᠎ᠡᠴᠡ ᠠᠩᠭᠢᠵᠢᠷᠠᠭᠰᠠᠨ 663 ᠡᠷᠦᠬᠡ᠎ᠶᠢ ᠪᠠᠭ᠍ᠲᠠᠭᠠᠨ᠎ᠠ; 7758.55 ᠲᠦᠮᠡᠨ ᠲᠥᠭᠥᠷᠢᠭ᠎ᠦᠨ ᠬᠥᠳᠡᠯᠮᠦᠷᠢ ᠦᠢᠯᠡᠴᠢᠯᠡᠭᠡᠨ᠎ᠦ ᠬᠠᠷᠠᠮᠵᠢ ᠲᠠᠷᠬᠠᠭᠠᠪᠠ; 8054 ᠬᠥᠮᠥᠨ ᠤᠷ᠎ᠠ ᠮᠡᠷᠭᠡᠱᠢᠯ᠎ᠦᠨ ᠪᠣᠯᠪᠠᠰᠤᠷᠠᠯ᠎ᠳᠤ ᠣᠷᠣᠯᠴᠠᠵᠠᠢ᠃ 2024 ᠣᠨ᠎ᠤ ᠠᠳᠠᠯᠢ ᠬᠤᠭᠤᠴᠠᠭᠠᠨ᠎ᠤ ᠬᠢ ᠲᠠᠢ ᠬᠠᠷᠢᠴᠠᠭᠤᠯᠪᠠᠯ᠂ ᠠᠵᠢᠯᠴᠢᠨ ᠬᠡᠷᠡᠭᠯᠡᠭᠰᠡᠨ᠂ ᠬᠠᠷᠠᠮᠵᠢ᠂ ᠪᠣᠯᠪᠠᠰᠤᠷᠠᠯ᠎ᠤᠨ ᠬᠡᠮᠵᠢᠶ᠎ᠡ ᠨᠢ ᠲᠣᠰ ᠲᠣᠰ 6.07%᠂ 1.2%᠂ 20%᠎ᠪᠠᠷ ᠨᠡᠮᠡᠭ᠌ᠳᠡᠪᠡ᠃ ᠨᠢᠭᠡ᠎ᠳᠦ᠂ ᠭᠣᠣᠯᠳᠠᠯᠭ᠎ᠠ ᠪᠣᠯᠬᠤ ᠲᠦᠷᠦᠯ ᠵᠦᠢᠯ᠎ᠢ ᠲᠠᠨᠢᠯᠴᠠᠭᠤᠯᠪᠠ᠃ 2 ᠲᠥᠷᠥᠯ ᠵᠦᠢᠯ᠎ᠢ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠭᠣᠣᠯᠳᠠᠯᠭ᠎ᠠ ᠪᠣᠯᠬᠤ ᠲᠥᠷᠥᠯ ᠵᠦᠢᠯ᠎ᠦᠨ ᠨᠠᠷᠢᠨ ᠳᠠᠩᠰᠠᠨ᠎ᠳᠤ ᠵᠢᠭ᠍ᠰᠠᠭᠠᠨ ᠣᠷᠣᠭᠤᠯᠬᠤ᠎ᠶ᠋ᠢ ᠠᠬᠢᠭᠤᠯᠵᠤ᠂ 7 ᠲᠥᠷᠥᠯ ᠵᠦᠢᠯ᠎ᠢ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠪᠣᠯᠬᠤ ᠲᠥᠷᠥᠯ ᠵᠦᠢᠯ᠎ᠦᠨ ᠨᠠᠷᠢᠨ ᠳᠠᠩᠰᠠᠨ᠎ᠳᠤ ᠵᠢᠭ᠍ᠰᠠᠭᠠᠨ ᠣᠷᠣᠭᠤᠯᠵᠠᠢ᠃ ᠭᠣᠣᠯᠳᠠᠯᠭ᠎ᠠ ᠪᠣᠯᠬᠤ ᠲᠦᠷᠦᠯ ᠵᠦᠢᠯ᠎ᠦᠨ ᠡᠷᠭᠢᠨ ᠲᠣᠭᠣᠷᠢᠨ᠎ᠳᠦ ᠨᠢ ᠵᠡᠷᠭᠡ᠎ᠪᠡᠷ ᠢᠵᠢ ᠪᠦᠷᠢᠳᠦᠭᠦᠯᠦᠨ ᠬᠡᠷᠡᠭᠵᠢᠭᠦᠯᠵᠦ ᠪᠣᠯᠬᠤ ᠬᠥᠳᠡᠭᠡ ᠲᠣᠰᠬᠣᠨ᠎ᠤ ᠵᠠᠰᠠᠮᠠᠯ ᠵᠠᠮ᠂ ᠠᠷᠠᠴᠢᠯᠠᠨ ᠬᠠᠮᠠᠭᠠᠯᠠᠬᠤ ᠢᠨᠵᠧᠨᠧᠷᠢᠩ᠂ ᠨᠤᠷᠠᠬᠤ ᠠᠶᠤᠯᠲᠠᠢ ᠬᠥᠭᠥᠷᠭᠡ᠎ᠶᠢᠨ ᠠᠶᠤᠯ ᠦᠭᠡᠢ᠎ᠶ᠋ᠢᠨ ᠰᠡᠷᠭᠡᠢᠯᠡᠯᠲᠡ᠎ᠶᠢᠨ ᠢᠨᠵᠧᠨᠧᠷᠢᠩ ᠵᠡᠷᠭᠡ᠎ᠶᠢ 《ᠠᠵᠢᠯ ᠣᠯᠭᠣᠬᠤ᠎ᠪᠠᠷ ᠬᠦᠳᠡᠯᠮᠦᠷᠢᠯᠡᠬᠦ᠌᠎ᠶ᠋ᠢ ᠣᠷᠣᠯᠠᠭᠤᠯᠬᠤ ᠵᠢᠱ᠌ᠢᠶ᠎ᠡ ᠦᠵᠡᠭᠦᠯᠬᠦ ᠢᠨᠵᠧᠨᠧᠷᠢᠩ᠎ᠳᠦ ᠬᠣᠯᠪᠣᠭ᠍ᠳᠠᠬᠤ ᠲᠥᠪ᠎ᠦᠨ ᠲᠥᠰᠥᠪ᠎ᠦᠨ ᠳᠣᠲᠣᠷᠠᠬᠢ ᠪᠡᠯᠡ ᠣᠷᠣᠭᠤᠯᠤᠯᠲᠠ᠎ᠶᠢᠨ ᠢᠨᠵᠧᠨᠧᠷᠢᠩ》᠎ᠦᠨ ᠨᠠᠷᠢᠨ ᠳᠠᠩᠰᠠᠨ᠎ᠳᠤ ᠣᠷᠣᠭᠤᠯᠬᠤ᠎ᠪᠠᠷ ᠢᠳᠡᠪᠬᠢᠲᠡᠢ ᠴᠢᠷᠮᠠᠢᠵᠤ᠂ ᠠᠵᠢᠯ ᠣᠯᠭᠣᠬᠤ᠎ᠪᠠᠷ ᠬᠦᠳᠡᠯᠮᠦᠷᠢᠯᠡᠬᠦ᠌᠎ᠶ᠋ᠢ ᠣᠷᠣᠯᠠᠭᠤᠯᠬᠤ ᠪᠡᠯᠡ ᠮᠥᠩᠭᠥ ᠣᠯᠬᠤ ᠠᠷᠭ᠎ᠠ ᠵᠠᠮ᠎ᠢ ᠦᠷᠭᠡᠳᠭᠡᠪᠡ᠃ ᠬᠣᠶᠠᠷ᠎ᠲᠤ᠂ ᠡᠮᠦᠨᠡᠬᠢ ᠬᠤᠭᠤᠴᠠᠭᠠᠨ᠎ᠤ ᠠᠵᠢᠯ᠎ᠢ ᠨᠠᠢᠳᠠᠪᠤᠷᠢᠵᠢᠭᠤᠯᠪᠠ᠃ ᠪᠦᠲᠦᠭᠡᠨ ᠪᠠᠢᠭᠤᠯᠤᠯᠲᠠ᠎ᠶᠢᠨ ᠲᠦᠷᠦᠯ ᠵᠦᠢᠯ᠎ᠦᠨ ᠢᠨᠵᠧᠨᠧᠷᠢᠩ᠎ᠦᠨ ᠬᠡᠷᠡᠭ᠌ᠵᠢᠭᠦᠯᠵᠦ᠍ ᠪᠣᠯᠬᠣᠢᠴᠠ ᠴᠢᠨᠠᠷ᠎ᠤᠨ ᠠᠵᠢᠯ ᠲᠦᠷᠦᠯ᠎ᠤᠨ ᠬᠢᠨᠠᠨ ᠪᠠᠢᠴᠠᠭᠠᠯᠲᠠ᠂ ᠪᠦᠲᠦᠭᠡᠨ ᠪᠠᠶ᠋ᠢᠭᠤᠯᠬᠤ ᠪᠠ ᠠᠷᠠᠴᠢᠯᠠᠨ ᠬᠠᠮᠠᠭᠠᠯᠠᠬᠤ ᠢᠨᠵᠧᠨᠧᠷᠢᠩ᠎ᠦᠨ ᠵᠢᠷᠤᠭ ᠲᠥᠯᠥᠪᠯᠡᠭᠡ᠎ᠶᠢ ᠬᠢᠨᠠᠨ ᠵᠥᠪᠰᠢᠶᠡᠷᠡᠬᠦ ᠶᠠᠪᠤᠴᠠ᠎ᠳᠤ᠂ ᠠᠵᠢᠯ ᠣᠯᠭᠣᠬᠤ᠎ᠪᠠᠷ ᠬᠦᠳᠡᠯᠮᠦᠷᠢᠯᠡᠬᠦ᠌᠎ᠶ᠋ᠢ ᠣᠷᠣᠯᠠᠭᠤᠯᠬᠤ᠎ᠶ᠋ᠢ ᠬᠡᠷᠡᠭ᠌ᠵᠢᠭᠦᠯᠬᠦ᠌ ᠪᠣᠳᠠᠲᠠᠢ ᠡᠭᠦᠷᠭᠡ᠂ ᠠᠵᠢᠯᠴᠢᠨ ᠬᠡᠷᠡᠭᠯᠡᠬᠦ ᠭᠣᠭᠴᠣᠭ᠎ᠠ ᠪᠠ ᠲᠤᠬᠠᠢ᠎ᠶᠢᠨ ᠭᠠᠵᠠᠷ᠎ᠲᠤ ᠬᠠᠩᠭᠠᠵᠤ ᠪᠣᠯᠬᠤ ᠠᠵᠢᠯ᠎ᠤᠨ ᠪᠠᠢᠷᠢ᠎ᠶᠢ ᠲᠣᠳᠣᠷᠬᠠᠢ ᠲᠣᠭ᠍ᠲᠠᠭᠠᠪᠠ᠃ ᠭᠤᠷᠪᠠ᠎ᠳᠤ᠂ ᠪᠣᠯᠪᠠᠰᠤᠷᠠᠯ᠎ᠤᠨ ᠵᠢᠯᠣᠭᠣᠳᠤᠯᠭ᠎ᠠ᠎ᠶᠢ ᠴᠢᠩᠭᠠᠳᠭᠠᠪᠠ᠃ ᠪᠦᠲᠦᠭᠡᠨ ᠪᠠᠢᠭᠤᠯᠬᠤ᠎ᠳᠤ ᠣᠷᠣᠯᠴᠠᠭᠰᠠᠨ᠂ ᠠᠷᠠᠴᠢᠯᠠᠨ ᠬᠠᠮᠠᠭᠠᠯᠠᠬᠤ᠎ᠳᠤ ᠣᠷᠣᠯᠴᠠᠭᠰᠠᠳ᠎ᠤᠨ ᠪᠣᠯᠪᠠᠰᠤᠷᠠᠯ᠎ᠢ ᠦᠷᠭᠦᠯᠵᠢᠯᠡᠨ ᠲᠦᠯᠬᠢᠨ ᠠᠬᠢᠭᠤᠯᠵᠤ᠂ ᠤᠷ᠎ᠠ ᠮᠡᠷᠭᠡᠵᠢᠯ ᠬᠦᠷᠦᠯᠴᠡᠬᠦ ᠦᠭᠡᠢ᠎ᠡᠴᠡ ᠪᠣᠯᠵᠤ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ᠎ᠳᠤ ᠪᠡᠷᠬᠡᠲᠡᠢ ᠪᠠᠢᠬᠤ ᠠᠰᠠᠭᠤᠳᠠᠯ᠎ᠢ ᠰᠠᠢᠲᠤᠷ ᠰᠢᠢᠳᠪᠦᠷᠢᠯᠡᠵᠦ᠂ ᠬᠠᠷᠢᠶ᠎ᠠ ᠭᠠᠵᠠᠷ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠲᠦ ᠪᠣᠯᠪᠠᠰᠤᠷᠠᠯ᠎ᠤᠨ ᠬᠡᠷᠡᠭᠴᠡᠭᠡ᠎ᠶᠢ ᠨᠡᠢ᠍ᠢᠳᠡ 2212 ᠬᠥᠮᠥᠨ ᠤᠳᠠᠭ᠎ᠠ ᠮᠡᠳᠡᠭᠦᠯᠵᠦ᠍᠂ 845 ᠬᠥᠮᠥᠨ᠎ᠳᠦ ᠪᠣᠯᠪᠠᠰᠤᠷᠠᠯ ᠬᠦᠷᠲᠡᠭᠡᠪᠡ᠃ ᠳᠥᠷᠪᠡ᠎ᠳᠦ᠂ ᠠᠵᠢᠯᠴᠢᠨ ᠬᠡᠷᠡᠭᠯᠡᠬᠦ ᠬᠡᠷᠡᠭᠴᠡᠭᠡ᠎ᠶᠢ ᠵᠣᠯᠭᠠᠭᠤᠯᠪᠠ᠃ ᠬᠠᠷᠢᠶ᠎ᠠ ᠭᠠᠵᠠᠷ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ ᠯᠦ᠍ᠭᠡ ᠠᠵᠢᠯᠴᠢᠨ ᠬᠡᠷᠡᠭᠯᠡᠬᠦ᠎ᠶᠢ ᠵᠢᠯᠤᠭᠣᠳᠬᠤ ᠪᠠ ᠠᠵᠢᠯᠴᠢᠨ ᠬᠡᠷᠡᠭᠯᠡᠬᠦ᠎ᠶᠢ ᠲᠣᠬᠢᠷᠠᠭᠤᠯᠬᠤ ᠠᠵᠢᠯ᠎ᠢ ᠰᠠᠢᠲᠤᠷ ᠬᠢᠵᠦ᠂ ᠬᠠᠷᠢᠶ᠎ᠠ ᠭᠠᠵᠠᠷ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠭᠤᠨ ᠮᠠᠯᠵᠢᠬᠤ ᠣᠷᠣᠨ᠎ᠤ ᠰᠠᠯᠠᠭ᠎ᠠ ᠮᠥᠴᠢᠷ ᠯᠦ᠍ᠭᠡ ᠠᠵᠢᠯᠴᠢᠨ ᠬᠡᠷᠡᠭᠯᠡᠬᠦ᠎ᠶᠢ ᠨᠡᠶ᠋ᠢᠲᠡ 41 ᠤᠳᠠᠭ᠎ᠠ  ᠵᠣᠯᠭᠠᠭᠤᠯᠵᠤ᠂ 2832 ᠬᠥᠮᠥᠨ᠎ᠦ ᠬᠡᠷᠡᠭᠴᠡᠭᠡ ᠱᠠᠭᠠᠷᠳᠠᠯᠭ᠎ᠠ᠎ᠶᠢ ᠲᠠᠨᠢᠯᠴᠠᠭᠤᠯᠤᠨ ᠬᠦᠷᠭᠡᠵᠦ᠍᠂ 1329 ᠬᠦᠮᠦᠨ᠎ᠦ ᠬᠦᠮᠦᠨ ᠬᠡᠷᠡᠭ᠌ᠯᠡᠬᠦ᠌ ᠬᠡᠷᠡᠭ᠌ᠴᠡᠭᠡ᠎ᠶ᠋ᠢ ᠬᠠᠩᠭᠠᠭᠰᠠᠨ ᠪᠠᠢᠨ᠎ᠠ ᠃ ᠲᠠᠪᠤ᠎ᠳᠤ᠂ ᠡᠷᠬᠡ ᠠᠰᠢᠭ᠋᠎ᠤᠨ ᠪᠠᠲᠤᠯᠠᠭ᠎ᠠ᠎ᠶᠢ ᠨᠠᠢᠳᠠᠪᠤᠷᠢᠵᠢᠭᠤᠯᠪᠠ᠃ ᠠᠵᠢᠯ ᠣᠯᠭᠣᠬᠤ᠎ᠪᠠᠷ ᠬᠦᠳᠡᠯᠮᠦᠷᠢᠯᠡᠬᠦ᠌᠎ᠶ᠋ᠢ ᠣᠷᠣᠯᠠᠭᠤᠯᠬᠤ ᠬᠢᠭᠡᠳ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠬᠠᠤᠯᠢ ᠶᠣᠰᠣᠨ᠎ᠤ ᠡᠷᠬᠡ ᠠᠰᠢᠭ᠋᠎ᠢ ᠪᠠᠲᠤᠯᠠᠬᠤ ᠠᠵᠢᠯ᠎ᠢ ᠤᠶᠠᠯᠳᠤᠭᠤᠯᠤᠨ ᠥᠷᠨᠢᠭᠦᠯᠵᠦ᠂ ᠰᠠᠷ᠎ᠠ ᠪᠦᠷᠢ ᠴᠠᠯᠢᠩ ᠥᠷᠢᠲᠦᠬᠦ᠎ᠶᠢ ᠴᠡᠭ᠌ᠴᠡᠯᠡᠨ ᠵᠠᠰᠠᠬᠤ ᠠᠵᠢᠯ ᠯᠤᠭ᠎ᠠ ᠵᠡᠷᠭᠡ᠎ᠳᠤ ᠨᠢ ᠲᠣᠬᠢᠷᠠᠭᠤᠯᠤᠨ᠂ 《ᠬᠢᠨᠠᠨ ᠡᠵᠡᠮᠳᠡᠵᠦ ᠰᠡᠷᠡᠮᠵᠢᠯᠡᠭᠦᠯᠬᠦ ᠲᠠᠪᠴᠠᠩ》᠎ᠢ ᠠᠰᠢᠭ᠍ᠯᠠᠨ ᠬᠠᠷᠭᠤᠭᠤᠯᠤᠨ ᠪᠠᠢᠴᠠᠭᠠᠵᠤ᠂ ᠠᠵᠢᠯ᠎ᠤᠨ ᠬᠠᠷᠠᠯᠲᠠ᠎ᠪᠠᠨ ᠬᠥᠳᠡᠯᠦᠩᠭᠦᠢ᠎ᠪᠡᠷ ᠲᠣᠬᠢᠷᠠᠭᠤᠯᠪᠠ᠃ ᠬᠢᠨᠠᠯᠲᠠ ᠲᠠᠯᠪᠢᠵᠤ ᠪᠠᠢᠴᠠᠭᠠᠬᠤ᠎ᠪᠠᠨ ᠴᠢᠩᠭᠠᠳᠬᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠬᠠᠤᠯᠢ ᠶᠣᠰᠣᠨ᠎ᠤ ᠡᠷᠬᠡ ᠠᠰᠢᠭ᠋᠎ᠲᠤ ᠬᠠᠯᠳᠠᠬᠤ ᠵᠡᠷᠭᠡ ᠠᠰᠠᠭᠤᠳᠠᠯ ᠭᠠᠷᠬᠤ᠎ᠠᠴᠠ ᠰᠡᠷᠭᠡᠢᠯᠡᠨ ᠵᠣᠭ᠍ᠰᠣᠭᠠᠪᠠ᠃ 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ