ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ᠄ ᠡᠨᠡ ᠵᠢᠯ᠎ᠡᠴᠡ ᠨᠠᠭᠠᠰᠢ᠂ ᠥᠪᠥᠷ ᠮᠣᠩᠭᠣᠯ ᠠᠵᠤ ᠦᠢᠯᠡᠰ᠎ᠢᠶᠡᠷ ᠠᠵᠢᠯ ᠣᠯᠭᠣᠯᠲᠠ᠎ᠶᠢ ᠳᠠᠢᠴᠢᠯᠠᠬᠤ᠂ ᠠᠵᠢᠯ ᠣᠯᠭᠣᠯᠲᠠ᠎ᠪᠠᠷ ᠠᠵᠤ ᠦᠢᠯᠡᠰ᠎ᠢ ᠠᠬᠢᠭᠤᠯᠬᠤ᠎ᠶᠢ ᠪᠠᠷᠢᠮᠲᠠᠯᠠᠨ᠂ ᠬᠥᠳᠡᠯᠮᠦᠷᠢᠴᠢᠳ᠎ᠦᠨ ᠴᠢᠨᠠᠷ ᠰᠠᠢᠲᠠᠢ ᠭᠦᠢᠴᠡᠳ ᠠᠵᠢᠯ ᠣᠯᠬᠤ᠎ᠶ᠋ᠢ ᠠᠬᠢᠭᠤᠯᠵᠤ᠂ ᠬᠣᠲᠠ ᠪᠠᠯᠭᠠᠰᠤᠨ᠎ᠳᠦ 18 ᠲᠦᠮᠡ ᠭᠠᠷᠤᠢ ᠬᠦᠮᠦᠨ᠎ᠳᠦ ᠱᠢᠨ᠎ᠡ᠎ᠪᠡᠷ ᠠᠵᠢᠯ ᠣᠯᠭᠣᠬᠤ᠎ᠶ᠋ᠢ ᠲᠦᠯᠦᠪᠯᠡᠭ᠌ᠰᠡᠨ ᠪᠠᠢᠨ᠎ᠠ᠃ 7 ᠳ᠋ᠤᠭᠠᠷ ᠰᠠᠷ᠎ᠠ᠎ᠶᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠬᠣᠲᠠ ᠪᠠᠯᠭᠠᠰᠤᠨ᠎ᠳᠤ 14.64 ᠲᠦᠮᠡᠨ ᠬᠥᠮᠥᠨ ᠰᠢᠨ᠎ᠡ᠎ᠪᠡᠷ ᠠᠵᠢᠯ ᠣᠯᠪᠠ᠃
ᠣᠢᠯᠠᠭᠠᠭᠰᠠᠨ᠎ᠢᠶᠠᠷ᠂ ᠠᠵᠤ ᠦᠢᠯᠡᠰ ᠪᠠ ᠠᠵᠢᠯ ᠣᠯᠭᠣᠯᠲᠠ᠎ᠶᠢᠨ ᠭᠦᠢᠴᠡᠳ ᠵᠣᠯᠭᠠᠯᠴᠠᠭ᠎ᠠ᠎ᠶᠢ ᠪᠡᠶᠡᠯᠡᠭᠦᠯᠬᠦ᠎ᠶᠢᠨ ᠲᠥᠯᠥᠭᠡ᠂ ᠡᠨᠡ ᠵᠢᠯ ᠥᠪᠡᠷᠲᠡᠭᠡᠨ ᠵᠠᠰᠠᠬᠤ ᠣᠷᠣᠨ 《ᠤᠷ᠎ᠠ ᠮᠡᠷᠭᠡᠱᠢᠯ᠎ᠢᠶᠡᠷ ᠢᠷᠡᠭᠡᠳᠦᠢ᠎ᠪᠡᠨ ᠭᠡᠷᠡᠯᠲᠦᠭᠦᠯᠬᠦ᠌》 ᠪᠣᠯᠪᠠᠰᠤᠷᠠᠯ᠎ᠤᠨ ᠠᠵᠢᠯᠯᠠᠭ᠎ᠠ᠎ᠨᠢ ᠡᠬᠢᠯᠡᠨ ᠬᠡᠷᠡᠭᠵᠢᠭᠦᠯᠵᠦ᠂ ᠨᠠᠩ ᠣᠯᠠᠨ ᠬᠦᠮᠦᠰ᠎ᠲᠤ ᠠᠵᠢᠯ ᠣᠯᠭᠣᠬᠤ᠎ᠪᠠᠷ ᠳᠠᠮᠵᠢᠭᠤᠯᠤᠨ ᠭᠣᠣᠯᠳᠠᠯᠭ᠎ᠠ ᠪᠣᠯᠬᠤ ᠠᠵᠤ ᠦᠢᠯᠡᠰ᠎ᠦᠨ ᠪᠦᠯᠦᠭ᠌ᠵᠢᠯ ᠪᠠ ᠰᠢᠨ᠎ᠡ ᠬᠡᠯᠪᠡᠷᠢ᠎ᠶᠢᠨ ᠠᠵᠤ ᠦᠢᠯᠡᠰ᠎ᠦᠨ ᠬᠡᠯᠬᠢᠶ᠎ᠡ᠎ᠳᠦ ᠣᠷᠣᠯᠴᠠᠭᠤᠯᠵᠤ᠂ 2027 ᠣᠨ᠎ᠤ ᠡᠴᠦᠰ ᠪᠣᠯᠬᠤ᠎ᠳᠤ᠂ ᠪᠥᠬᠥ ᠣᠷᠣᠨ᠎ᠳᠤ ᠨᠡᠮᠡᠭᠦᠷᠢ᠎ᠶ᠋ᠢᠨ ᠴᠢᠨᠠᠷᠲᠠᠢ ᠠᠵᠢᠯ ᠮᠡᠷᠭᠡᠵᠢᠯ᠎ᠦᠨ ᠤᠷ᠎ᠠ ᠮᠡᠷᠭᠡᠱᠢᠯ᠎ᠦᠨ ᠪᠣᠯᠪᠠᠰᠤᠷᠠᠯ᠎ᠢ 40 ᠲᠦᠮᠡᠨ ᠬᠥᠮᠥᠨ ᠤᠳᠠᠭ᠎ᠠ ᠥᠷᠨᠢᠭᠦᠯᠬᠦ᠎ᠪᠡᠷ ᠲᠥᠯᠥᠪᠯᠡᠵᠦ᠂ ᠤᠷ᠎ᠠ ᠮᠡᠷᠭᠡᠱᠢᠯᠲᠦ ᠴᠢᠳᠠᠪᠤᠷᠢᠲᠠᠨ᠎ᠳᠡᠬᠢ ᠳᠡᠭᠡᠳᠦ ᠤᠷ᠎ᠠ ᠮᠡᠷᠭᠡᠱᠢᠯᠲᠦ ᠴᠢᠳᠠᠪᠤᠷᠢᠲᠠᠨ᠎ᠤ ᠡᠵᠡᠯᠡᠬᠦ᠌ ᠬᠠᠷᠢᠴᠠᠯ᠎ᠢ 35%᠎ᠳᠤ ᠬᠦᠷᠲᠡᠯ᠎ᠡ ᠳᠡᠭᠡᠭ᠌ᠰᠢᠯᠡᠭᠦᠯᠦᠨ᠂ ᠤᠷ᠎ᠠ ᠮᠡᠷᠭᠡᠱᠢᠯᠢᠶᠡᠷᠢᠶᠡᠨ ᠠᠵᠢᠯ ᠣᠯᠬᠤ᠂ ᠤᠷ᠎ᠠ ᠮᠡᠷᠭᠡᠱᠢᠯᠢᠶᠡᠷᠢᠶᠡᠨ ᠴᠢᠳᠠᠪᠤᠷᠢᠲᠠᠨ ᠪᠣᠯᠬᠤ᠂ ᠤᠷ᠎ᠠ ᠮᠡᠷᠭᠡᠱᠢᠯᠢᠶᠡᠷᠢᠶᠡᠨ ᠣᠷᠣᠯᠭ᠎ᠠ᠎ᠪᠠᠨ ᠨᠡᠮᠡᠭᠳᠡᠭᠦᠯᠬᠦ᠎ᠶᠢ ᠪᠡᠶᠡᠯᠡᠭᠦᠯᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠠᠵᠢᠯ ᠮᠡᠷᠭᠡᠵᠢᠯ᠎ᠦᠨ ᠴᠢᠳᠠᠪᠤᠷᠢ᠎ᠶᠢᠨ ᠪᠠᠢᠭᠤᠯᠤᠯᠲᠠ᠎ᠶᠢᠨ ᠭᠠᠵᠠᠷ᠎ᠤᠨ ᠳᠠᠷᠤᠭ᠎ᠠ ᠢᠦᠢ ᠬᠠᠢ ᠶᠠᠨ᠄ 《ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠪᠣᠯᠬᠤ ᠠᠵᠤ ᠦᠢᠯᠡᠰ᠎ᠦᠨ ᠪᠦᠯᠦᠭ᠌ᠵᠢᠯ ᠵᠡᠷᠭᠡ ᠭᠣᠣᠯᠳᠠᠯᠭ᠎ᠠ ᠪᠣᠯᠬᠤ ᠬᠦᠷᠢᠶᠡᠨ᠎ᠦ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠡᠴᠡ 〈ᠠᠵᠢᠯ᠎ᠤᠨ ᠪᠠᠢᠷᠢ᠎ᠶᠢᠨ ᠬᠡᠷᠡᠭᠴᠡᠭᠡ + ᠤᠷ᠎ᠠ ᠮᠡᠷᠭᠡᠱᠢᠯ᠎ᠦᠨ ᠪᠣᠯᠪᠠᠰᠤᠷᠠᠯ + ᠤᠷ᠎ᠠ ᠮᠡᠷᠭᠡᠱᠢᠯ᠎ᠦᠨ ᠦᠨᠡᠯᠡᠯᠲᠡ + ᠠᠵᠢᠯ ᠣᠯᠭᠣᠯᠲᠠ᠎ᠶᠢᠨ ᠦᠢᠯᠡᠴᠢᠯᠡᠭᠡ〉 ᠳᠥᠷᠪᠡ᠎ᠶᠢ ᠨᠢᠭᠡ ᠴᠣᠭ᠍ᠴᠠᠵᠢᠭᠤᠯᠬᠤ ᠲᠥᠷᠥᠯ ᠵᠦᠶ᠋ᠯᠴᠢᠯᠡᠭᠰᠡᠨ ᠪᠣᠯᠪᠠᠰᠤᠷᠠᠯ᠎ᠤᠨ ᠬᠡᠪ ᠵᠠᠭᠪᠤᠷ᠎ᠢ ᠬᠡᠷᠡᠭᠵᠢᠭᠦᠯᠵᠦ᠂ ᠬᠥᠳᠡᠯᠮᠦᠷᠢᠴᠢᠳ᠎ᠦᠨ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠠᠬᠢᠭᠤᠯᠪᠠ》 ᠭᠡᠵᠡᠢ᠃
ᠡᠭᠦᠨ᠎ᠦ ᠬᠠᠮᠲᠤ᠂ ᠠᠵᠢᠯ ᠣᠯᠭᠣᠬᠤ ᠠᠵᠢᠯ᠎ᠢ ᠰᠠᠢᠲᠤᠷ ᠬᠢᠬᠦ᠎ᠳᠦ ᠪᠠᠭᠲᠠᠭᠠᠮᠵᠢ᠎ᠶᠢ ᠥᠷᠭᠡᠳᠬᠡᠬᠦ ᠮᠥᠷᠲᠡᠭᠡᠨ ᠴᠢᠨᠠᠷ ᠴᠢᠨᠰᠠᠭ᠎ᠠ᠎ᠶ᠋ᠢ ᠴᠦ᠍ ᠳᠡᠭᠡᠭ᠌ᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠯᠢ ᠣᠯᠠᠨ ᠳᠡᠮᠵᠢᠯᠭᠡ᠎ᠶ᠋ᠢᠨ ᠲᠥᠷᠥ᠎ᠶᠢᠨ ᠪᠣᠳᠣᠯᠭ᠎ᠠ᠎ᠶᠢ ᠨᠡᠢᠲᠡᠯᠡᠨ ᠬᠡᠷᠡᠭᠵᠢᠭᠦᠯᠵᠦ᠂ ᠠᠵᠢᠯ ᠣᠯᠭᠣᠬᠤ ᠦᠢᠯᠡᠴᠢᠯᠡᠭᠡ᠎ᠶᠢ ᠰᠢᠯᠢᠳᠡᠭᠵᠢᠭᠦᠯᠦᠨ᠂ ᠠᠵᠤ ᠠᠬᠤᠢᠯᠠᠯ᠎ᠢ ᠲᠤᠰᠠᠯᠠᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠬᠤ ᠡᠷᠴᠢᠮ᠎ᠢᠶᠡᠨ ᠴᠢᠩᠭᠠᠷᠠᠭᠤᠯᠪᠠ ᠃ 6 ᠳ᠋ᠤᠭᠠᠷ ᠰᠠᠷ᠎ᠠ᠎ᠶᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠳᠤ ᠠᠵᠢᠯ᠎ᠠᠴᠠ ᠪᠣᠯᠤᠭᠰᠠᠨ ᠭᠡᠮᠲᠦᠯ᠎ᠦᠨ ᠳᠠᠭᠠᠳᠬᠠᠯ᠂ ᠠᠵᠢᠯ ᠠᠯᠳᠠᠯᠲᠠ᠎ᠶᠢᠨ ᠳᠠᠭᠠᠳᠬᠠᠯ᠎ᠤᠨ ᠰᠦᠢᠳᠬᠡᠯ᠎ᠦᠨ ᠨᠣᠷᠮ᠎ᠠ᠎ᠶᠢ ᠱᠠᠲᠤᠴᠢ ᠴᠢᠨᠠᠷᠲᠠᠢ᠎ᠪᠠᠷ ᠪᠠᠭᠤᠷᠠᠭᠤᠯᠬᠤ᠂ ᠠᠵᠢᠯ᠎ᠤᠨ ᠪᠠᠢᠷᠢ᠎ᠶᠢ ᠲᠣᠭ᠍ᠲᠠᠪᠤᠷᠢᠵᠢᠭᠤᠯᠬᠤ ᠪᠤᠴᠠᠭᠠᠯᠲᠠ᠂ ᠤᠷ᠎ᠠ ᠮᠡᠷᠭᠡᠱᠢᠯ᠎ᠢ ᠳᠡᠭᠡᠭ᠌ᠰᠢᠯᠡᠭᠦᠯᠬᠦ᠌ ᠨᠡᠮᠡᠭᠦᠷᠢ ᠪᠠ ᠠᠵᠢᠯ᠎ᠤᠨ ᠪᠠᠢᠷᠢ᠎ᠶᠢ ᠥᠷᠭᠡᠳᠬᠡᠬᠦ ᠨᠢᠭᠡ ᠤᠳᠠᠭ᠎ᠠ᠎ᠶᠢᠨ ᠴᠢᠨᠠᠷᠲᠠᠢ ᠨᠥᠬᠥᠪᠦᠷᠢ ᠵᠡᠷᠭᠡ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠵᠦ᠂ ᠲᠥᠷᠥ᠎ᠶᠢᠨ ᠪᠣᠳᠣᠯᠭ᠎ᠠ᠎ᠶᠢᠨ ᠴᠡᠪᠡᠷ ᠠᠰᠢᠭ᠋᠎ᠢ 21.01 ᠳ᠋ᠦᠩᠰᠢᠭᠤᠷ ᠲᠥᠭᠥᠷᠢᠭ ᠬᠦᠷᠲᠡᠭᠡᠵᠦ᠍᠂ ᠦᠢᠯᠡᠰ ᠪᠤᠰᠭᠠᠬᠤ ᠪᠠᠲᠤᠯᠠᠭᠠᠲᠤ ᠵᠢᠭᠡᠯᠡᠯᠭᠡ᠎ᠶᠢ 5.85 ᠳ᠋ᠦᠩᠰᠢᠭᠤᠷ ᠲᠥᠭᠥᠷᠢᠭ ᠲᠠᠷᠬᠠᠭᠠᠵᠤ᠂ ᠮᠥᠩᠭᠥᠨ ᠭᠦᠢᠯᠭᠡᠭᠡ᠎ᠪᠡᠷ ᠠᠵᠤ ᠠᠬᠤᠢᠯᠠᠯ᠎ᠢ ᠲᠤᠰᠠᠯᠠᠨ ᠠᠵᠢᠯ᠎ᠤᠨ ᠪᠠᠢᠷᠢ᠎ᠶᠢ ᠲᠣᠭ᠍ᠲᠠᠪᠤᠷᠢᠵᠢᠭᠤᠯᠵᠤ ᠥᠷᠭᠡᠳᠬᠡᠬᠦ ᠲᠤᠰᠬᠠᠢ ᠵᠢᠭᠡᠯᠡᠯᠭᠡ᠎ᠶᠢ 3.7 ᠳ᠋ᠦᠩᠰᠢᠭᠤᠷ ᠲᠥᠭᠥᠷᠢᠭ ᠲᠠᠷᠬᠠᠭᠠᠵᠤ᠂ ᠪᠥᠬᠥ ᠣᠷᠣᠨ᠎ᠤ ᠡᠵᠡᠩᠨᠡᠯᠲᠡ᠎ᠶᠢᠨ ᠭᠣᠣᠯ ᠴᠣᠭᠴᠠ ᠬᠥᠭᠵᠢᠭᠡᠳ 295.12 ᠲᠦᠮᠡᠨ ᠡᠷᠦᠬᠡ ᠪᠣᠯᠪᠠ᠃