8 ᠳ᠋ᠤᠭᠠᠷ ᠰᠠᠷ᠎ᠠ᠎ᠶ᠋ᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠢᠩᠬᠢᠮ ᠬᠢᠭᠡᠳ ᠲᠦᠩᠯᠢᠶᠣᠤ ᠬᠤᠲᠠ᠎ᠶ᠋ᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠣᠪᠴᠢᠶ᠎ᠠ ᠬᠠᠮᠲᠤᠷᠠᠨ ᠡᠷᠭᠢᠯᠡᠭ᠌ᠰᠡᠨ 2025 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠪᠠᠷᠠᠭᠤᠨ ᠬᠡᠰᠡᠭ᠎ᠦᠨ ᠣᠷᠣᠨ ᠪᠦᠰᠡ᠎ᠶ᠋ᠢᠨ ᠬᠥᠳᠡᠯᠮᠦᠷᠢ ᠦᠢᠯᠡᠴᠢᠯᠡᠭᠡᠨ᠎ᠤ ᠬᠠᠮᠵᠢᠯᠴᠠᠨ ᠡᠯᠰᠡᠵᠦ᠍ ᠤᠷᠢᠬᠤ᠎ᠶ᠋ᠢ ᠵᠣᠯᠭᠠᠭᠤᠯᠬᠤ ᠠᠵᠢᠯᠯᠠᠭ᠎ᠠ ᠲᠦᠩᠯᠢᠶᠣᠤ ᠬᠤᠲᠠ᠎ᠳᠤ ᠶᠠᠪᠤᠭ᠍ᠳᠠᠪᠠ᠃
ᠲᠣᠰ ᠤᠳᠠᠭᠠᠨ᠎ᠤ ᠠᠵᠢᠯᠯᠠᠭ᠎ᠠ ᠵᠠᠰᠠᠭ᠎ᠤᠨ ᠣᠷᠳᠣᠨ᠎ᠤ ᠬᠥᠲᠥᠯᠦᠨ ᠵᠢᠯᠣᠭᠤᠳᠭᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠡᠭᠦᠨ ᠪᠠᠷᠠᠭᠤᠨ ᠬᠡᠰᠡᠭ᠎ᠦᠨ ᠬᠥᠳᠡᠯᠮᠦᠷᠢ ᠬᠦᠴᠦᠨ᠎ᠤ ᠡᠬᠢ ᠪᠠᠶᠠᠯᠢᠭ᠎ᠤᠨ ᠬᠠᠩᠭᠠᠯᠭ᠎ᠠ ᠬᠡᠷᠡᠭ᠌ᠴᠡᠭᠡ᠎ᠶ᠋ᠢᠨ ᠳᠠᠪᠠᠭᠤᠯᠢᠭ᠎ᠢ ᠨᠡᠢᠳᠭᠡᠵᠦ᠍᠂ ᠨᠡᠢᠲᠡ 78 ᠡᠷᠦᠬᠡ ᠱᠢᠯᠢᠳᠡᠭ ᠠᠵᠤ ᠠᠬᠤᠢᠯᠠᠯ᠎ᠢ ᠵᠣᠬᠢᠶᠠᠨ ᠪᠠᠢᠭᠤᠯᠤᠨ 2840 ᠠᠵᠢᠯ᠎ᠤᠨ ᠪᠠᠢᠷᠢ ᠬᠠᠩᠭᠠᠪᠠ᠂ ᠦᠢᠯᠡᠳᠭᠡᠯ᠂ ᠦᠢᠯᠡᠴᠢᠯᠡᠭᠡ᠂ ᠮᠡᠳᠡᠭᠡ ᠵᠠᠩᠭᠢ᠎ᠶ᠋ᠢᠨ ᠮᠡᠷᠭᠡᠵᠢᠯ ᠵᠡᠷᠭᠡ ᠣᠯᠠᠨ ᠬᠦᠷᠢᠶ᠎ᠡ᠎ᠶ᠋ᠢ ᠬᠠᠮᠤᠷᠴᠤ᠌᠂ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠢ ᠱᠢᠯᠵᠢᠭᠦᠯᠦᠨ ᠠᠵᠢᠯ ᠣᠯᠭᠤᠬᠤ᠎ᠶ᠋ᠢ ᠪᠦᠲᠦᠮᠵᠢᠲᠡᠶ ᠠᠬᠢᠭᠤᠯᠪᠠ᠃ ᠠᠵᠢᠯᠯᠠᠭ᠎ᠠ᠎ᠶ᠋ᠢᠨ ᠬᠤᠭᠤᠴᠠᠭᠠᠨ᠎ᠳᠤ᠂ ᠵᠡᠷᠭᠡ᠎ᠳᠤ ᠨᠢ ᠬᠤᠷᠠᠯᠳᠤᠭᠤᠯᠤᠭ᠍ᠰᠠᠨ ᠪᠡᠭᠡᠵᠢᠩ ᠥᠪᠥᠷ ᠮᠣᠩᠭᠤᠯ᠎ᠤᠨ ᠬᠥᠳᠡᠯᠮᠦᠷᠢ ᠦᠢᠯᠡᠴᠢᠯᠡᠭᠡᠨ᠎ᠤ ᠬᠠᠮᠵᠢᠯᠴᠠᠭᠠᠨ᠎ᠤ ᠰᠠᠭᠤᠳᠠᠯ᠎ᠤᠨ ᠬᠤᠷᠠᠯ᠎ᠤᠨ ᠵᠣᠷᠢᠯᠭ᠎ᠠ ᠨᠢ ᠬᠤᠶᠠᠷ ᠭᠠᠵᠠᠷ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ᠎ᠢ ᠱᠢᠯᠢᠳᠡᠭ᠌ᠵᠢᠭᠦᠯᠦᠨ ᠲᠤᠬᠢᠷᠠᠭᠤᠯᠬᠤ᠎ᠶ᠋ᠢ ᠤᠯᠠᠮ ᠨᠢᠭᠡ ᠠᠯᠬᠤᠮ ᠠᠬᠢᠭᠤᠯᠬᠤ᠎ᠶ᠋ᠢᠨ ᠲᠥᠯᠥᠭᠡ ᠶᠤᠮ᠃
ᠲᠣᠰ ᠤᠳᠠᠭᠠᠨ᠎ᠤ ᠠᠵᠢᠯᠯᠠᠭ᠎ᠠ ᠨᠢ 《ᠬᠤᠤᠰ ᠬᠤᠷᠠᠯ᠎ᠤᠨ ᠬᠤᠯᠪᠣᠭᠠᠯᠠᠨ ᠬᠥᠳᠡᠯᠦᠯᠴᠡᠬᠦ᠌》 ᠬᠡᠪ ᠵᠠᠭ᠍ᠪᠤᠷ᠎ᠲᠤ ᠱᠢᠨ᠎ᠡ᠎ᠶ᠋ᠢ ᠡᠭᠦᠳᠴᠦ᠍ ᠭᠡᠷᠡᠭ᠌ᠯᠡᠨ᠂ ᠠᠵᠢᠯᠯᠠᠭ᠎ᠠ᠎ᠶ᠋ᠢᠨ ᠬᠤᠭᠤᠴᠠᠭᠠᠨ᠎ᠳᠤ ᠪᠠᠰᠠ ᠲᠦᠩᠯᠢᠶᠣᠤ ᠬᠤᠲᠠ᠎ᠶ᠋ᠢᠨ 《ᠵᠠᠭᠤᠨ ᠬᠤᠲᠠ ᠮᠢᠩᠭᠠᠨ ᠠᠵᠢᠯ᠎ᠤᠨ ᠪᠠᠢᠷᠢ᠎ᠳᠤ ᠱᠢᠭᠤᠳ ᠨᠡᠪᠲᠡᠷᠡᠬᠦ᠌》 ᠪᠥᠬᠦ᠌ ᠤᠯᠤᠰ᠎ᠤᠨ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠤᠨ ᠵᠣᠨ᠎ᠤ ᠠᠮᠠᠷᠠᠯᠲᠠ᠎ᠶ᠋ᠢᠨ ᠬᠤᠭᠤᠴᠠᠭᠠᠨ᠎ᠤ ᠠᠵᠢᠯᠲᠠᠨ ᠡᠯᠰᠡᠬᠦ᠌ ᠬᠤᠷᠠᠯ ᠵᠢᠴᠢ ᠵᠠᠭᠤᠨ ᠡᠳᠦᠷ᠎ᠤᠨ ᠮᠢᠩᠭ᠎ᠠ ᠲᠦᠮᠡᠨ ᠠᠵᠢᠯ᠎ᠤᠨ ᠪᠠᠢᠷᠢ ᠬᠠᠩᠭᠠᠬᠤ ᠠᠵᠢᠯᠲᠠᠨ ᠡᠯᠰᠡᠬᠦ᠌ ᠲᠤᠰᠭᠠᠶ ᠠᠵᠢᠯᠯᠠᠭ᠎ᠠ᠎ᠶ᠋ᠢᠨ ᠲᠣᠮᠣ ᠬᠡᠯᠪᠡᠷᠢ᠎ᠶ᠋ᠢᠨ ᠠᠵᠢᠯᠲᠠᠨ ᠡᠯᠰᠡᠬᠦ᠌ ᠴᠤᠭ᠍ᠯᠠᠭᠠᠨ᠎ᠢ ᠡᠷᠭᠢᠯᠡᠵᠦ᠍᠂ 92 ᠡᠷᠦᠬᠡ ᠠᠵᠤ ᠠᠬᠤᠢᠯᠠᠯ᠎ᠢ ᠵᠣᠬᠢᠶᠠᠨ ᠪᠠᠢᠭᠤᠯᠵᠤ᠂ 2690 ᠠᠵᠢᠯ᠎ᠤᠨ ᠪᠠᠢᠷᠢ ᠬᠠᠩᠭᠠᠵᠤ᠂ ᠰᠤᠷᠭᠠᠨ ᠬᠥᠮᠦᠵᠢᠯ᠎ᠤᠨ ᠪᠣᠯᠪᠠᠰᠤᠷᠠᠯ᠂ ᠢᠨᠲ᠋ᠧᠷ ᠰᠦᠯᠵᠢᠶᠡᠨ᠎ᠤ ᠡᠯᠸᠺᠲᠷᠤᠨ ᠬᠤᠳᠠᠯᠳᠤᠭᠠᠨ᠎ᠤ ᠶᠠᠪᠤᠳᠠᠯ᠂ ᠮᠥᠩᠭᠦᠨ ᠭᠦᠢᠯᠭᠡᠭᠡ ᠵᠡᠷᠭᠡ ᠠᠵᠢᠯ ᠲᠥᠷᠥᠯ᠎ᠢ ᠬᠠᠮᠤᠷᠴᠤ᠌᠂ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠤᠨ ᠣᠯᠠᠨ ᠡᠱᠢᠵᠢᠭ᠌ᠰᠡᠨ ᠠᠵᠢᠯ ᠣᠯᠭᠤᠯᠲᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠭᠦᠢᠴᠡᠳ ᠬᠠᠩᠭᠠᠪᠠ᠃
ᠪᠦᠷᠢᠳᠭᠡᠯ᠎ᠢ ᠦᠨᠳᠦᠰᠦᠯᠡᠪᠡᠯ᠂ ᠠᠵᠢᠯᠯᠠᠭᠠᠨ᠎ᠤ ᠲᠣᠰ ᠡᠳᠦᠷ᠎ᠲᠤ 3000 ᠭᠠᠷᠤᠶ ᠠᠵᠢᠯ ᠡᠷᠢᠭ᠌ᠰᠡᠳᠢ ᠲᠡᠳᠡᠨ ᠠᠪᠴᠢᠷᠠᠵᠤ᠂ 265 ᠬᠥᠮᠦᠨ ᠤᠳᠠᠭ᠎ᠠ ᠠᠩᠬ᠎ᠠ ᠠᠯᠬᠤᠮ᠎ᠤᠨ ᠠᠵᠢᠯ ᠤᠯᠬᠤ ᠰᠠᠨᠠᠮᠵᠢ ᠲᠣᠭ᠍ᠲᠠᠵᠤ᠂ ᠰᠦᠯᠵᠢᠶ᠎ᠡ᠎ᠪᠡᠷ ᠱᠢᠭᠤᠳ ᠨᠡᠪᠲᠡᠷᠡᠭᠦᠯᠭᠡ᠎ᠶ᠋ᠢ ᠦᠵᠡᠭ᠌ᠰᠡᠨ ᠬᠦᠮᠦᠨ 1.1 ᠲᠦᠮᠡᠨ ᠬᠥᠮᠦᠨ ᠤᠳᠠᠭ᠎ᠠ ᠶ᠋ᠢ ᠳᠠᠪᠠᠪᠠ᠃ ᠲᠣᠰ ᠤᠳᠠᠭᠠᠨ᠎ᠤ ᠠᠵᠢᠯᠯᠠᠭ᠎ᠠ᠎ᠨᠢ ᠲᠥᠷᠥ᠎ᠶ᠋ᠢᠨ ᠪᠣᠳᠣᠯᠭ᠎ᠠ ᠬᠢᠭᠡᠳ ᠦᠢᠯᠡᠴᠢᠯᠡᠭᠡᠨ᠎ᠤ ᠡᠬᠢ ᠪᠠᠶᠠᠯᠢᠭ᠎ᠢ ᠭᠦᠢᠴᠡᠳ ᠨᠡᠢᠳᠭᠡᠵᠦ᠍ ᠣᠯᠠᠨ ᠰᠠᠯᠠᠭ᠎ᠠ ᠮᠥᠴᠢᠷ ᠬᠠᠮᠵᠢᠯᠴᠠᠨ ᠠᠵᠢᠯ ᠣᠯᠭᠤᠯᠲᠠ᠎ᠶ᠋ᠢ ᠠᠬᠢᠭᠤᠯᠤᠭ᠍ᠰᠠᠨ ᠰᠠᠢᠨ ᠦᠷ᠎ᠡ ᠪᠦᠲᠦᠮᠵᠢ᠎ᠶ᠋ᠢ ᠢᠯᠡᠷᠡᠭᠦᠯᠵᠦ᠍᠂ ᠣᠷᠣᠨ ᠪᠦᠰᠡ᠎ᠶ᠋ᠢᠨ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠭ᠍ᠰᠠᠨ ᠪᠠᠢᠨ᠎ᠠ᠃