ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠰᠢᠯᠢ᠎ᠶᠢᠨ ᠭᠣᠣᠯ ᠠᠢᠮᠠᠭ᠎ᠤᠨ ᠬᠢᠨ ᠴᠢᠳᠠᠪᠤᠷᠢᠲᠠᠨ ᠨᠥᠭᠡᠴᠡᠯᠡᠬᠦ ᠲᠣᠭᠲᠠᠴᠠ᠎ᠶᠢᠨ ᠰᠢᠨ᠎ᠡ᠎ᠶᠢ ᠡᠭᠦᠳᠴᠦ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠤᠨ ᠠᠵᠢᠯ ᠣᠯᠭᠣᠯᠲᠠ᠎ᠶᠢ ᠳᠡᠮᠵᠢᠪᠡ
ᠨᠡᠶ᠋ᠢᠲᠡᠯᠡᠭᠰᠡᠨ ᠴᠠᠭ᠄ 2025-08-07

ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠤᠨ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠳᠤ ᠬᠦᠴᠦᠨ ᠨᠡᠮᠡᠷᠢᠯᠡᠬᠦ᠎ᠶᠢᠨ ᠲᠥᠯᠥᠭᠡ᠂ ᠰᠢᠯᠢ᠎ᠶᠢᠨ ᠭᠣᠣᠯ ᠠᠢᠮᠠᠭ᠎ᠦᠨ ᠬᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠣᠭ᠍ᠲᠠᠯᠴᠠᠭ᠎ᠠ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠴᠢᠳᠠᠪᠤᠷᠢᠲᠠᠨ ᠨᠥᠭᠡᠴᠡᠯᠡᠬᠦ ᠲᠣᠭᠲᠠᠴᠠ᠎ᠶᠢᠨ ᠰᠢᠨ᠎ᠡ᠎ᠶᠢ ᠡᠭᠦᠳᠴᠦ᠂ ᠳᠤᠮᠳᠠ ᠵᠢᠵᠢᠭ ᠠᠵᠤ ᠠᠬᠤᠢᠯᠠᠯ᠎ᠤᠨ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠨ ᠴᠢᠳᠠᠪᠤᠷᠢᠲᠠᠨ ᠨᠥᠭᠡᠴᠡᠯᠡᠬᠦ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠵᠦ᠂ ᠦᠢᠯᠡᠴᠢᠯᠡᠭᠡᠨ᠎ᠦ ᠴᠢᠨᠠᠷ ᠴᠢᠨᠰᠠᠭ᠎ᠠ᠎ᠶ᠋ᠢ ᠳᠡᠭᠡᠭᠰᠢᠯᠡᠭᠦᠯᠬᠦ᠂ ᠠᠵᠢᠯ᠎ᠤᠨ ᠠᠷᠭ᠎ᠠ ᠬᠡᠮᠵᠢᠶ᠎ᠡ᠎ᠶᠢ ᠰᠢᠯᠢᠳᠡᠭᠵᠢᠭᠦᠯᠬᠦ᠂ ᠠᠵᠢᠯ᠎ᠤᠨ ᠠᠷᠭ᠎ᠠ ᠬᠡᠮᠵᠢᠶ᠎ᠡ᠎ᠶ᠋ᠢᠨ ᠰᠢᠨ᠎ᠡ᠎ᠶᠢ ᠡᠭᠦᠳᠬᠦ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭ᠌ᠵᠢᠭᠦᠯᠦᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯ ᠣᠯᠬᠣ ᠠᠩᠬᠠᠨ᠎ᠤ ᠠᠯᠬᠤᠮ᠎ᠢᠶᠠᠨ ᠰᠠᠢᠲᠤᠷ ᠠᠯᠬᠤᠬᠤ᠎ᠳᠤ ᠬᠦᠴᠦ ᠨᠡᠮᠡᠷᠢᠯᠡᠪᠡ᠃ 

ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠤᠨ ᠲᠦᠷᠦ᠎ᠶᠢᠨ ᠪᠣᠳᠣᠯᠭ᠎ᠠ᠎ᠶᠢᠨ ᠠᠰᠢᠭ᠋᠎ᠢ ᠭᠦᠨᠵᠡᠭᠡᠢ ᠣᠢᠯᠠᠭᠠᠬᠤ᠎ᠶᠢ ᠨᠢ ᠪᠠᠲᠤᠯᠠᠬᠤ᠎ᠶᠢᠨ ᠲᠥᠯᠥᠭᠡ᠂ ᠰᠢᠯᠢ᠎ᠶᠢᠨ ᠭᠣᠣᠯ ᠠᠢᠮᠠᠭ᠎ᠤᠨ ᠬᠢᠨ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠲᠤ ᠬᠠᠨᠳᠤᠭᠤᠯᠤᠭ᠍ᠰᠠᠨ ᠤᠯᠠᠨ ᠲᠠᠯᠠᠪᠤᠷ ᠲᠦᠷᠦ᠎ᠶᠢᠨ ᠪᠣᠳᠣᠯᠭ᠎ᠠ᠎ᠶᠢ ᠨᠢᠭᠤᠷᠳᠡᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠵᠡᠢ᠃ ᠤᠬᠠᠭᠤᠯᠤᠨ ᠲᠠᠢᠯᠪᠤᠷᠢᠯᠠᠬᠤ ᠶᠠᠪᠤᠴᠠ᠎ᠳᠤ᠂ ᠠᠵᠢᠯᠲᠠᠳ ᠠᠵᠢᠯ ᠣᠯᠭᠣᠯᠲᠠ᠎ᠶᠢᠨ ᠬᠠᠨᠳᠤᠰᠢ᠎ᠶᠢᠨ ᠵᠠᠳᠠᠯᠤᠯᠲᠠ᠂ ᠠᠵᠢᠯ ᠮᠡᠷᠭᠡᠵᠢᠯ᠎ᠦᠨ ᠲᠥᠯᠦᠪᠵᠢᠭᠦᠯᠭᠡ ᠵᠡᠷᠭᠡ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠤᠨ ᠠᠩᠬᠠᠷᠴᠤ ᠪᠠᠢᠭ᠎ᠠ ᠠᠭᠤᠯᠭ᠎ᠠ᠎ᠶᠢ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ ᠯᠤᠭ᠎ᠠ ᠠᠭᠤᠰᠤᠯᠴᠠᠭᠤᠯᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠢ ᠬᠥᠲᠥᠯᠥᠨ ᠵᠢᠯᠤᠭᠣᠳᠴᠤ ᠪᠠᠢᠭᠠᠳ ᠵᠥᠪ ᠣᠨᠣᠪᠴᠢᠲᠠᠶ ᠠᠵᠢᠯ ᠣᠯᠭᠣᠯᠲᠠ᠎ᠶᠢᠨ ᠦᠵᠡᠯᠲᠡ᠎ᠶ᠋ᠢ ᠪᠣᠢ ᠪᠣᠯᠭᠠᠵᠣ᠂ ᠠᠵᠢᠯ ᠮᠡᠷᠭᠡᠵᠢᠯ᠎ᠦᠨ ᠵᠠᠮ᠎ᠢ ᠨᠢ ᠵᠦᠢ ᠵᠣᠬᠢᠰᠲᠠᠢ ᠲᠥᠯᠥᠪᠵᠢᠭᠦᠯᠦᠭᠰᠡᠨ᠎ᠢᠶᠡᠷ ᠪᠠᠷᠠᠬᠤ ᠦᠭᠡᠢ ᠪᠠᠰᠠ ᠳᠤᠮᠳᠠ ᠵᠢᠵᠢᠭ ᠠᠵᠤ ᠠᠬᠤᠢᠯᠠᠯ᠎ᠤᠨ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠢ ᠨᠥᠭᠡᠴᠡᠯᠡᠬᠦ ᠠᠰᠢᠭ᠍ᠲᠠᠢ ᠲᠥᠷᠥ᠎ᠶᠢᠨ ᠪᠣᠳᠣᠯᠭ᠎ᠠ᠎ᠶᠢ ᠭᠣᠣᠯᠳᠠᠯᠭ᠎ᠠ᠎ᠲᠠᠢ ᠲᠠᠢᠯᠪᠤᠷᠢᠯᠠᠭᠰᠠᠨ ᠪᠠᠢᠨ᠎ᠠ᠃ ᠰᠢᠯᠢ᠎ᠶᠢᠨ ᠭᠣᠣᠯ ᠠᠢᠮᠠᠭ᠎ᠤᠨ ᠬᠢᠨ ᠬᠠᠩᠭᠠᠯᠭ᠎ᠠ ᠬᠡᠷᠡᠭᠴᠡᠭᠡᠨ᠎ᠦ ᠲᠠᠪᠴᠠᠩ ᠪᠠᠶ᠋ᠢᠭᠤᠯᠬᠤ᠂ ᠲᠦᠷᠦ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠨᠢᠭᠦᠯᠬᠦ᠌ ᠵᠡᠷᠭᠡ ᠠᠯᠢ ᠤᠯᠠᠨ ᠠᠷᠭ᠎ᠠ ᠬᠡᠮᠵᠢᠶ᠎ᠡ᠎ᠪᠡᠷ ᠳᠠᠮᠵᠢᠨ᠂ ᠠᠵᠢᠯ ᠣᠯᠭᠣᠯᠲᠠ᠎ᠶᠢᠨ ᠦᠢᠯᠡᠴᠢᠯᠡᠭᠡ ᠪᠣᠯᠣᠨ ᠠᠵᠤ ᠠᠬᠤᠢᠯᠠᠯ᠎ᠤᠨ ᠬᠥᠮᠥᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢ ᠨᠠᠷᠢᠯᠢᠭ ᠣᠨᠣᠴᠠᠲᠠᠢ᠎ᠪᠠᠷ ᠵᠤᠯᠠᠭᠤᠯᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠪᠣᠯᠣᠨ ᠠᠵᠤ ᠠᠬᠤᠢᠯᠠᠯ᠎ᠤᠨ ᠬᠣᠭᠣᠷᠣᠨᠳᠤ ᠨᠡᠪᠲᠡᠷᠡᠯᠴᠡᠯ᠎ᠦᠨ ᠬᠥᠭᠥᠷᠭᠡ ᠳᠡᠪᠢᠰᠴᠤ᠌᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠤᠨ ᠠᠵᠢᠯ ᠣᠯᠭᠣᠯᠲᠠ᠎ᠶᠢ ᠥᠨᠳᠥᠷ ᠪᠦᠲᠦᠮᠵᠢᠲᠡᠢ ᠠᠬᠢᠭᠤᠯᠵᠠᠢ᠃ 

ᠲᠦᠷᠦᠭᠦᠬᠡᠨ᠎ᠳᠤ ᠠᠢᠮᠠᠭ ᠬᠣᠲᠠ ᠬᠣᠶᠠᠷ ᠱᠠᠲᠤᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠨ ᠬᠠᠮᠲᠤᠷᠠᠨ ᠡᠷᠭᠢᠯᠡᠭᠰᠡᠨ 《ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭᠠᠨ ᠵᠢᠴᠢ ᠲᠥᠷᠥ᠎ᠶᠢᠨ ᠪᠣᠳᠣᠯᠭ᠎ᠠ᠎ᠶᠢ ᠨᠠᠢᠲᠠᠪᠤᠷᠢᠵᠢᠭᠤᠯᠵᠤ ᠦᠢᠯᠡᠴᠢᠯᠡᠭᠡ᠎ᠶᠢ ᠪᠤᠲᠠᠲᠠᠢᠵᠢᠭᠤᠯᠬᠤ》 ᠭᠣᠣᠯ ᠰᠡᠳᠦᠪᠲᠦ ᠤᠬᠠᠭᠤᠯᠭ᠎ᠠ᠎ᠶᠢᠨ ᠠᠵᠢᠯᠯᠠᠭ᠎ᠠ ᠳᠤᠮᠳᠠ᠂ ᠠᠬᠤᠢ ᠲᠠᠯᠠᠪᠠᠢ ᠎ᠳᠤ 47 ᠰᠢᠯᠢᠳᠡᠭ ᠠᠵᠤ ᠠᠬᠤᠢᠯᠠᠯ ᠬᠤᠷᠠᠨ ᠴᠤᠭᠯᠠᠷᠠᠵᠤ᠂ 140 ᠬᠥᠮᠥᠨ ᠬᠡᠷᠡᠭᠯᠡᠬᠦ ᠬᠡᠷᠡᠭᠴᠡᠭᠡᠨ᠎ᠦ ᠠᠵᠢᠯ᠎ᠤᠨ ᠪᠠᠢᠷᠢ᠎ᠶᠢᠨ ᠲᠣᠳᠣᠷᠬᠠᠢ ᠬᠠᠭᠤᠳᠠᠰᠤ᠂ 620 ᠡᠳᠦᠷ᠎ᠦᠨ ᠬᠦᠴᠦᠨ᠎ᠦ ᠠᠵᠢᠯ᠎ᠤᠨ ᠪᠠᠢᠷᠢ᠎ᠶᠢᠨ ᠲᠣᠳᠣᠷᠬᠠᠢ ᠬᠠᠭᠤᠳᠠᠰᠤ᠂ 207 ᠠᠵᠢᠯ ᠣᠯᠭᠣᠯᠲᠠ᠎ᠶᠢᠨ ᠳᠠᠳᠤᠯᠭ᠎ᠠ᠎ᠶᠢᠨ ᠠᠵᠢᠯ᠎ᠤᠨ ᠪᠠᠢᠷᠢ᠎ᠶᠢᠨ ᠲᠣᠳᠣᠷᠬᠠᠢ ᠬᠠᠭᠤᠳᠠᠰᠤ ᠵᠢᠴᠢ 115 ᠳᠤᠮᠳᠠ ᠵᠢᠵᠢᠭ ᠠᠵᠤ ᠠᠬᠤᠢᠯᠠᠯ᠎ᠤᠨ ᠴᠢᠳᠠᠪᠤᠷᠢᠲᠠᠨ ᠨᠥᠭᠡᠴᠡᠯᠡᠬᠦ ᠠᠵᠢᠯ᠎ᠤᠨ ᠪᠠᠢᠷᠢ᠎ᠶᠢᠨ ᠲᠣᠳᠣᠷᠬᠠᠢ ᠬᠠᠭᠤᠳᠠᠰᠤ᠎ᠶᠢ ᠬᠠᠩᠭᠠᠵᠤ᠂ ᠮᠠᠰᠢ ᠣᠯᠠᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠩᠬᠠᠷᠤᠯ᠎ᠢ ᠲᠠᠲᠠᠭᠰᠠᠨ ᠪᠠᠢᠨ᠎ᠠ᠃ ᠲᠠᠷᠠᠭᠠᠴᠢ᠎ᠶᠢᠨ ᠠᠯᠬᠤᠮ᠎ᠳᠤ᠂ ᠰᠢᠯᠢ᠎ᠶᠢᠨ ᠭᠣᠣᠯ ᠠᠢᠮᠠᠭ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠣᠭ᠍ᠲᠠᠯᠴᠠᠭ᠎ᠠ ᠎ᠪᠠᠨ ᠲᠠᠰᠤᠷᠠᠯᠲᠠ ᠦᠭᠡᠢ ᠪᠦᠷᠢᠨᠱᠢᠭᠦᠯᠵᠦ᠍᠂ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠠᠵᠢᠯ᠎ᠢᠶᠠᠨ ᠯᠠᠪᠳᠠᠭᠤᠨ ᠪᠠᠲᠤᠲᠠᠢ ᠰᠠᠢᠲᠤᠷ ᠬᠢᠵᠦ᠂ ᠠᠵᠢᠯ ᠣᠯᠬᠣ ᠬᠦᠮᠦᠰ᠎ᠲᠤ ᠲᠥᠷᠥ᠎ᠶᠢᠨ ᠪᠣᠳᠣᠯᠭ᠎ᠠ᠎ᠪᠠᠷ ᠨᠠᠩ ᠰᠢᠯᠢᠳᠡᠭ᠂ ᠦᠢᠯᠡᠴᠢᠯᠡᠭᠡ᠎ᠪᠡᠷ ᠨᠠᠩ ᠰᠠᠢᠨ᠂ ᠦᠷ᠎ᠡ ᠪᠦᠲᠦᠮᠵᠢ᠎ᠪᠡᠷ ᠨᠠᠩ ᠥᠨᠳᠥᠷ ᠠᠵᠢᠯ ᠣᠯᠭᠣᠯᠲᠠ᠎ᠶᠢᠨ ᠲᠠᠪᠴᠠᠩ᠎ᠢ ᠭᠦᠢᠴᠡᠳ ᠪᠠᠢᠭᠤᠯᠵᠤ ᠥᠭᠭᠦᠨ᠎ᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ