ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠬᠠᠲᠤᠨ ᠭᠤᠤᠯ ᠳᠠᠭᠠᠤ᠎ᠶᠢᠨ ᠶᠢᠰᠦᠨ ᠮᠤᠵᠢ (ᠣᠷᠣᠨ)᠎ᠶᠢᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠠᠵᠢᠯᠲᠠᠳ ᠤᠷᠢᠵᠤ ᠡᠯᠰᠡᠬᠦ ᠲᠤᠰᠬᠠᠢ ᠴᠤᠭ᠍ᠯᠠᠭᠠᠨ ᠥᠪᠥᠷ ᠮᠣᠩᠭᠤᠯ᠎ᠤᠨ ᠶᠡᠭᠡ ᠰᠤᠷᠭᠠᠭᠤᠯᠢ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2025-09-01

ᠡᠨᠡ ᠦᠳᠡ᠎ᠶᠢᠨ ᠡᠮᠦᠨ᠎ᠡ᠂ 2025 ᠬᠠᠲᠤᠨ ᠭᠤᠤᠯ ᠳᠠᠭᠠᠤ᠎ᠶᠢᠨ ᠶᠢᠰᠦᠨ ᠮᠤᠵᠢ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠋᠎ᠤᠨ ᠵᠠᠬ᠎ᠠ ᠳᠡᠯᠭᠡᠭᠦᠷ᠎ᠤᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠤ ᠠᠵᠢᠯ ᠣᠯᠭᠤᠬᠤ ᠦᠢᠯᠡᠴᠢᠯᠡᠭᠡᠨ᠎ᠤ ᠠᠵᠢᠯᠲᠠᠳ ᠤᠷᠢᠵᠤ ᠡᠯᠰᠡᠬᠦ ᠲᠤᠰᠬᠠᠢ ᠴᠤᠭ᠍ᠯᠠᠭᠠᠨ ᠨᠢ ᠥᠪᠥᠷ ᠮᠣᠩᠭᠤᠯ᠎ᠤᠨ ᠶᠡᠭᠡ ᠰᠤᠷᠭᠠᠭᠤᠯᠢ᠎ᠳᠤ ᠶᠠᠪᠤᠭᠳᠠᠪᠠ᠃

ᠸᠠᠩ ᠰᠢᠶᠠᠩ  ᠥᠪᠥᠷ ᠮᠣᠩᠭᠤᠯ᠎ᠤᠨ ᠲᠸᠯᠸᠢᠰ ᠬᠣᠷᠢᠶᠠᠨ᠎ᠤ ᠰᠤᠷᠪᠤᠯᠵᠢᠯᠠᠭ᠍ᠴᠢ     ᠠᠵᠢᠯᠲᠠᠳ ᠤᠷᠢᠵᠤ ᠡᠯᠰᠡᠬᠦ ᠴᠤᠭ᠍ᠯᠠᠭᠠᠨ᠎ᠤ ᠠᠬᠤᠶ ᠲᠠᠯᠠᠪᠠᠶ᠎ᠳᠤ᠂ ᠱᠠᠨ ᠰᠢ᠂ ᠱᠠᠨᠳᠦ᠋ᠩ᠂ ᠰᠧᠴᠤᠸᠠᠨ ᠵᠡᠷᠭᠡ ᠭᠠᠵᠠᠷ᠎ᠠᠴᠠ ᠢᠷᠡᠭᠰᠡᠨ ᠣᠷᠣᠨ᠎ᠤ ᠭᠠᠳᠠᠨᠠᠬᠢ 60 ᠭᠠᠷᠤᠶ ᠠᠵᠤ ᠠᠬᠤᠶ᠋ᠢᠯᠠᠯ ᠪᠣᠢ᠃ ᠠᠵᠤ ᠠᠬᠤᠶ᠋ᠢᠯᠠᠯ ᠪᠦᠷᠢ᠎ᠶᠢᠨ ᠠᠵᠢᠯᠲᠠᠨ ᠤᠷᠢᠵᠤ ᠡᠯᠰᠡᠬᠦ ᠬᠥᠮᠦᠨ᠎ᠤ ᠲᠤᠭ᠎ᠠ᠎ᠨᠢ ᠴᠥᠮ ᠮᠠᠰᠢ ᠣᠯᠠᠨ ᠪᠠᠢᠵᠤ᠂ ᠮᠢᠨᠦ ᠬᠠᠵᠠᠭᠤ᠎ᠳᠤ ᠪᠠᠢᠭ᠎ᠠ ᠡᠨᠡ ᠬᠦ᠌ ᠠᠵᠤ ᠠᠬᠤᠶ᠋ᠢᠯᠠᠯ᠎ᠨᠢ ᠨᠢᠭᠡ ᠯᠡ ᠴᠠᠭ᠎ᠲᠤ 100 ᠭᠠᠷᠤᠶ ᠬᠤᠪᠢ ᠲᠣᠪᠴᠢ ᠨᠠᠮᠲᠠᠷ᠎ᠢ ᠲᠣᠰᠣᠨ ᠠᠪᠤᠭᠰᠠᠨ ᠪᠠᠢᠨ᠎ᠠ᠃

ᠱᠠᠨᠳᠦ᠋ᠩ ᠮᠤᠵᠢ᠎ᠶᠢᠨ ᠶᠠᠨ ᠲᠠᠢ᠎ᠶᠢᠨ ᠸᠠᠨ ᠯᠦᠩ ᠬᠣᠭᠣᠰᠤᠮ ᠲᠡᠮᠦᠷᠯᠢᠭ ᠬᠠᠶ᠋ᠢᠯᠤᠭᠤᠯᠬᠤ ᠬᠣᠪᠢᠴᠠᠭᠠᠲᠤ ᠬᠢᠵᠠᠭᠠᠷᠲᠤ ᠺᠣᠮᠫᠠᠨᠢ᠎ᠶᠢᠨ ᠶᠡᠷᠦᠩᠬᠡᠶ᠋ᠢᠯᠡᠭᠰᠡᠨ ᠬᠡᠯᠲᠡᠰ᠎ᠤᠨ ᠳᠠᠭᠠᠭᠠᠮᠠᠯ  ᠵᠠᠩ ᠶᠤᠸᠠᠨ     ᠣᠲᠣ᠌ ᠠᠩᠬ᠎ᠠ ᠠᠯᠬᠤᠮ᠎ᠳᠦ 150 ᠭᠠᠷᠤᠶ ᠬᠤᠪᠢ (ᠲᠣᠪᠴᠢ ᠨᠠᠮᠲᠠᠷ)᠎ᠪᠠᠷ ᠵᠢᠱ᠌ᠢᠵᠦ ᠪᠣᠶ᠂ ᠪᠢᠳᠡ ᠲᠡᠮᠦᠷᠯᠢᠭ᠎ᠤᠨ ᠪᠣᠯᠪᠠᠰᠤᠷᠠᠭᠤᠯᠤᠯᠲᠠ᠎ᠶᠢᠨ ᠪᠦᠲᠦᠭᠡᠭᠳᠡᠬᠦᠨ ᠬᠢᠵᠦ ᠪᠠᠢᠭ᠎ᠠ ᠶᠤᠮ᠃ ᠮᠠᠨ᠎ᠤ ᠺᠣᠮᠫᠠᠨᠢ᠎ᠳᠤ ᠪᠠᠰᠠ ᠥᠪᠥᠷ ᠮᠣᠩᠭᠣᠯ᠎ᠠᠴᠠ ᠢᠷᠡᠭᠰᠡᠨ ᠠᠵᠢᠯᠲᠠᠳ ᠪᠣᠢ᠂ ᠵᠠᠷᠢᠮ ᠲᠤᠰᠬᠠᠢ ᠮᠡᠷᠭᠡᠵᠢᠯ᠎ᠨᠢ ᠪᠠᠰᠠ ᠬᠠᠷᠢᠴᠠᠩᠭᠤᠢ ᠳᠣᠬᠢᠷᠠᠯᠴᠠᠭᠰᠠᠨ ᠪᠠᠢᠳᠠᠭ᠃

ᠲᠣᠰ ᠤᠳᠠᠭᠠᠨ᠎ᠤ ᠠᠵᠢᠯᠲᠠᠳ ᠤᠷᠢᠵᠤ ᠡᠯᠰᠡᠬᠦ ᠴᠤᠭ᠍ᠯᠠᠭᠠᠨ ᠨᠢ ᠬᠠᠲᠤᠨ ᠭᠤᠤᠯ ᠳᠠᠭᠠᠤ᠎ᠶᠢᠨ ᠶᠢᠰᠦᠨ ᠮᠤᠵᠢ (ᠣᠷᠣᠨ)᠎ᠶᠢᠨ ᠨᠡᠶ᠋ᠢᠲᠡᠯᠡᠭᠰᠡᠨ 2025 ᠣᠨ᠎ᠤ ᠭᠤᠤᠯᠳᠠᠯᠭ᠎ᠠ ᠪᠣᠯᠬᠤ ᠠᠵᠤ ᠦᠢᠯᠡᠰ᠎ᠤᠨ ᠳᠡᠭᠡᠳᠦ ᠳᠠᠪᠬᠤᠷᠭ᠎ᠠ᠎ᠶᠢᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶ᠋ᠢᠨ ᠭᠠᠷᠴᠠᠭ᠎ᠢ ᠦᠨᠳᠦᠰᠦᠯᠡᠨ᠂ ᠭᠤᠤᠯᠳᠠᠭᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠤ ᠬᠠᠨᠳᠤᠭᠤᠯᠵᠤ᠂ ᠭᠤᠤᠯᠳᠠᠯᠭ᠎ᠠ ᠪᠣᠯᠬᠤ ᠠᠵᠤ ᠦᠢᠯᠡᠰ᠎ᠲᠤ ᠴᠢᠳᠠᠪᠤᠷᠢᠲᠠᠨ ᠣᠷᠣᠭᠤᠯᠤᠨ ᠠᠪᠴᠢᠷᠠᠪᠠ᠃ ᠨᠡᠶ᠋ᠢᠲᠡ 23888 ᠠᠵᠢᠯ᠎ᠤᠨ ᠪᠠᠶ᠋ᠢᠷᠢ ᠬᠠᠩᠭᠠᠵᠤ᠂ ᠠᠵᠢᠯᠲᠠᠳ ᠤᠷᠢᠵᠤ ᠡᠯᠰᠡᠬᠦ ᠰᠦᠯᠵᠢᠶᠡᠨ ᠳᠡᠭᠡᠷᠡᠬᠢ ᠴᠤᠭ᠍ᠯᠠᠭᠠᠨ᠎ᠳᠤ 389 ᠠᠵᠤ ᠠᠬᠤᠶ᠋ᠢᠯᠠᠯ ᠣᠷᠣᠯᠴᠠᠵᠤ᠂ 28081 ᠠᠵᠢᠯ᠎ᠤᠨ ᠪᠠᠶ᠋ᠢᠷᠢ ᠬᠠᠩᠭᠠᠪᠠ᠃ ᠭᠣᠤᠯᠳᠠᠯᠭ᠎ᠠ ᠪᠣᠯᠬᠤ ᠠᠵᠤ ᠦᠢᠯᠡᠰ᠎ᠨᠢ ᠣᠳᠣ᠌ ᠦᠶ᠎ᠡ᠎ᠶᠢᠨ ᠲᠣᠨᠣᠭ ᠲᠥᠬᠦᠭᠡᠷᠦᠮᠵᠢ ᠦᠢᠯᠡᠳᠬᠦ᠂ ᠰᠢᠨ᠎ᠡ ᠡᠨᠧᠷᠭᠢ᠂ ᠰᠢᠨ᠎ᠡ ᠮᠠᠲᠧᠷᠢᠶᠠᠯ᠂ ᠰᠢᠨ᠎ᠡ ᠬᠡᠯᠪᠡᠷᠢ᠎ᠶᠢᠨ ᠬᠢᠮᠢ᠎ᠶᠢᠨ ᠠᠵᠤ ᠦᠢᠯᠡᠳᠪᠦᠷᠢ᠂ ᠳᠣᠤᠷ᠎ᠠ ᠠᠭᠠᠷ᠎ᠤᠨ ᠠᠵᠤ ᠠᠬᠤᠶ ᠵᠡᠷᠭᠡ ᠣᠯᠠᠨ ᠬᠦᠷᠢᠶ᠎ᠡ᠎ᠶᠢ ᠬᠠᠮᠤᠷᠤᠭᠰᠠᠨ ᠪᠠᠢᠨ᠎ᠠ᠃

ᠱᠠᠨ ᠰᠢ ᠮᠤᠵᠢ᠎ᠶᠢᠨ ᠳ᠋ᠠᠲ᠋ᠦ᠋ᠩ᠎ᠤᠨ ᠵᠢᠶ ᠳ᠋ᠦᠩ ᠱᠦᠢᠨᠢ᠎ᠶᠢᠨ ᠬᠢᠵᠠᠭᠠᠷᠲᠤ ᠺᠣᠮᠫᠠᠨᠢ᠎ᠶᠢᠨ ᠠᠵᠢᠯᠲᠠᠨ  ᠡᠦ ᠶᠤᠸᠠᠢ᠎ᠨᠢ     ᠠᠳᠡ ᠢᠷᠡᠬᠦ᠎ᠠᠴᠠ ᠡᠮᠦᠨ᠎ᠡ ᠵᠥᠪᠬᠡᠨ 4 ᠠᠵᠢᠯ᠎ᠤᠨ ᠪᠠᠶ᠋ᠢᠷᠢ᠎ᠶᠢᠨ ᠬᠡᠷᠡᠭᠴᠡᠭᠡ ᠱᠠᠭᠠᠷᠳᠠᠯᠭ᠎ᠠ᠎ᠲᠠᠢ ᠪᠠᠶ᠋ᠢᠵᠤ᠂ ᠠᠳᠡ ᠢᠷᠡᠭᠰᠡᠨ᠎ᠤ ᠳᠠᠷᠠᠭ᠎ᠠ ᠬᠢᠮᠢ᠎ᠶᠢᠨ ᠮᠧᠬᠠᠨᠢᠭ᠋᠎ᠤᠨ ᠲᠤᠰᠬᠠᠶ ᠮᠡᠷᠭᠡᠵᠢᠯ᠎ᠨᠢ ᠴᠦ᠍ ᠮᠠᠨ᠎ᠤ ᠠᠵᠢᠯ᠎ᠤᠨ ᠪᠠᠶ᠋ᠢᠷᠢ᠎ᠶᠢᠨ ᠬᠡᠷᠡᠭᠴᠡᠭᠡ ᠱᠠᠭᠠᠷᠳᠠᠯᠭ᠎ᠠ᠎ᠳᠤ ᠨᠡᠢᠴᠡᠬᠦ᠎ᠶᠢ ᠣᠯᠵᠤ ᠮᠡᠳᠡᠭᠡᠳ ᠪᠠᠰᠠ 14 ᠠᠵᠢᠯ᠎ᠤᠨ ᠪᠠᠶ᠋ᠢᠷᠢ ᠨᠡᠮᠡᠪᠡ᠂ ᠬᠡᠦᠬᠡᠳ᠎ᠤᠳ ᠴᠦ᠍ ᠴᠥᠮ ᠰᠢᠯᠢᠳᠡᠭ ᠪᠠᠶ᠋ᠢᠵᠤ᠂ ᠢᠯᠡᠭᠦᠬᠡᠨ ᠨᠢᠭᠡ ᠪᠦᠯᠦᠭ ᠴᠢᠳᠠᠪᠤᠷᠢᠲᠠᠳ ᠤᠷᠢᠵᠤ ᠡᠯᠰᠡᠬᠦ᠎ᠶᠢ ᠬᠦᠰᠡᠵᠦ ᠪᠠᠶ᠋ᠢᠨ᠎ᠠ᠃

ᠨᠡᠶ᠋ᠢᠲᠡ ᠲᠦᠮᠡ ᠭᠠᠷᠤᠶ ᠲᠡᠭᠦᠰᠬᠦ ᠣᠨ᠎ᠤ ᠰᠤᠷᠤᠭ᠍ᠴᠢᠳ ᠰᠦᠯᠵᠢᠶᠡᠨ᠎ᠠᠴᠠ ᠭᠠᠳᠠᠭᠤᠷᠬᠢ ᠠᠵᠢᠯᠲᠠᠳ ᠤᠷᠢᠵᠤ ᠡᠯᠰᠡᠬᠦ ᠴᠤᠭ᠍ᠯᠠᠭᠠᠨ᠎ᠳᠤ ᠣᠷᠣᠯᠴᠠᠵᠤ᠂ ᠰᠦᠯᠵᠢᠶ᠎ᠡ᠎ᠪᠡᠷ ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠶ᠋ᠢᠷᠢ ᠬᠠᠩᠭᠠᠬᠤ ᠲᠠᠪᠴᠠᠩ᠎ᠤᠨ ᠰᠣᠨᠢᠷᠬᠠᠭᠰᠠᠨ ᠬᠦᠮᠦᠨ᠎ᠦ ᠲᠣᠭ᠎ᠠ 18 ᠲᠦᠮᠡ᠎ᠶᠢ ᠳᠠᠪᠠᠪᠠ᠃

ᠬᠥᠬᠡᠬᠣᠲᠠ᠎ᠶᠢᠨ ᠠᠵᠢᠯ ᠣᠯᠭᠣᠬᠤ ᠦᠢᠯᠡᠴᠢᠯᠡᠭᠡᠨ᠎ᠤ ᠲᠥᠪ᠎ᠤᠨ ᠳᠡᠳ᠋ ᠡᠷᠬᠢᠯᠡᠭᠴᠢ  ᠱᠠᠩ ᠴᠢᠶᠠᠨ     ᠪᠢᠳᠡ ᠬᠠᠮᠤᠭ ᠡᠴᠦᠰ᠎ᠲᠤ ᠴᠢᠳᠠᠪᠤᠷᠢᠲᠠᠳ᠎ᠤᠨ ᠣᠷᠣᠨ ᠪᠦᠰᠡ ᠠᠯᠤᠰᠯᠠᠨ ᠰᠢᠯᠵᠢᠬᠦ ᠪᠠ ᠵᠣᠯᠭᠠᠭᠤᠯᠬᠤ᠎ᠶᠢ ᠪᠡᠶᠡᠯᠡᠭᠦᠯᠵᠦ᠂ ᠠᠵᠢᠯ᠎ᠤᠨ ᠪᠠᠢᠷᠢ ᠪᠠ ᠠᠵᠢᠯᠲᠠᠳ᠎ᠢ ᠣᠨᠣᠴᠠᠲᠠᠢ ᠵᠣᠬᠢᠴᠠᠭᠤᠯᠬᠤ ᠪᠣᠯᠣᠨ᠎ᠠ᠃

ᠢᠷᠡᠯᠲᠡ᠄ ᠱᠢᠨᠬᠤᠸᠠ ᠰᠦᠯᠵᠢᠶ᠎ᠡ