ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠵᠢᠷᠭᠤᠭᠠᠨ ᠮᠣᠵᠢ ᠣᠷᠣᠨ ᠬᠣᠯᠪᠣᠭᠠᠯᠠᠨ ᠬᠥᠳᠡᠯᠦᠯᠴᠡᠬᠦ ᠤᠷᠢᠵᠤ ᠡᠯᠰᠡᠬᠦ ᠠᠵᠢᠯᠯᠠᠭ᠎ᠠ᠎ᠪᠠᠷ 2.9 ᠲᠦᠮᠡ ᠭᠠᠷᠤᠢ ᠠᠵᠢᠯ᠎ᠤ᠋ᠨ ᠪᠠᠢᠷᠢ ᠬᠠᠩᠭᠠᠪᠠ
ᠨᠡᠶ᠋ᠢᠲᠡᠯᠡᠭᠰᠡᠨ ᠴᠠᠭ᠄ 2025-09-16

ᠨᠠᠮ᠎ᠤ᠋ᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤ᠋ᠨ ᠬᠣᠷᠢᠶ᠎ᠠ᠎ᠶ᠋ᠢᠨ ᠶᠠᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠵᠠᠯᠠᠭᠤᠴᠤᠳ᠎ᠲᠤ ᠠᠵᠢᠯ ᠣᠯᠭᠣᠬᠤ ᠠᠵᠢᠯ᠎ᠢ᠋ ᠠᠬᠢᠭᠤᠯᠬᠤ ᠲᠤᠬᠠᠢ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠵᠤ᠂ ᠣᠷᠣᠨ ᠪᠦᠰᠡ᠎ᠶ᠋ᠢᠨ ᠬᠠᠮᠲᠤᠷᠠᠯᠴᠠᠭ᠎ᠠ ᠰᠣᠯᠢᠯᠴᠠᠭ᠎ᠠ᠎ᠶ᠋ᠢ ᠴᠢᠩᠭᠠᠷᠠᠭᠤᠯᠬᠤ᠎ᠶ᠋ᠢᠨ ᠲᠦᠯᠦᠭᠡ᠂ 9 ᠳ᠋ᠦ᠍ᠭᠡᠷ ᠰᠠᠷ᠎ᠠ᠎ᠶ᠋ᠢᠨ 13 ᠎ᠤ᠋ ᠡᠳᠦᠷ᠎ᠡᠴᠡ 14 ᠎ᠦ᠌ ᠡᠳᠦᠷ ᠪᠣᠯᠲᠠᠯ᠎ᠠ᠂ 《ᠠᠵᠢᠯ ᠦᠢᠯᠡᠰ᠎ᠢᠶᠡᠷ ᠢᠷᠡᠭᠡᠳᠦᠢ᠎ᠪᠡᠨ ᠬᠥᠲᠥᠯᠦᠨ ᠳᠠᠭᠠᠭᠤᠯᠤᠶ᠎ᠠ — 2025 ᠣᠨ᠎ᠤ᠋ ᠪᠦᠬᠦ ᠤᠯᠤᠰ᠎ᠤ᠋ᠨ ᠬᠣᠲᠠ᠎ᠨᠤᠭᠤᠳ ᠬᠣᠯᠪᠣᠭᠠᠯᠠᠨ ᠣᠷᠢᠵᠤ ᠡᠯᠰᠡᠬᠦ᠌ ᠪᠠᠷᠠᠭᠤᠨ ᠬᠣᠢᠲᠤ ᠣᠷᠣᠨ᠎ᠳᠠᠬᠢ ᠲᠤᠰᠬᠠᠢ ᠲᠠᠯᠠᠪᠤᠷ ᠠᠵᠢᠯᠯᠠᠭ᠎ᠠ》 ᠣᠷᠳᠣᠰ ᠬᠣᠲᠠ᠎ᠶ᠋ᠢᠨ ᠣᠯᠠᠨ ᠤᠯᠤᠰ᠎ᠤ᠋ᠨ ᠬᠤᠷᠠᠯ ᠦᠵᠡᠰᠬᠦᠯᠡᠩ᠎ᠦ᠋ᠨ ᠲᠥᠪ᠎ᠲᠦ᠍ ᠶᠠᠪᠤᠭᠳᠠᠪᠠ᠃

ᠲᠤᠰ ᠤᠳᠠᠭᠠᠨ᠎ᠤ᠋ ᠠᠵᠢᠯᠯᠠᠭ᠎ᠠ᠎ᠶ᠋ᠢ ᠬᠥᠮᠦᠨ᠎ᠦ᠌ ᠬᠦᠴᠦᠨ᠎ᠦ᠌ ᠡᠬᠢ ᠪᠠᠶᠠᠯᠢᠭ ᠪᠠ ᠨᠡᠢᠭᠡᠮ᠎ᠦ᠋ᠨ ᠪᠠᠲᠤᠯᠠᠭ᠎ᠠ᠎ᠶ᠋ᠢᠨ ᠶᠠᠮᠤᠨ᠎ᠤ᠋ ᠪᠦᠬᠦ ᠤᠯᠤᠰ᠎ᠤ᠋ᠨ ᠴᠢᠳᠠᠪᠤᠷᠢᠲᠠᠨ᠎ᠤ᠋ ᠰᠢᠯᠵᠢᠯᠲᠡ᠎ᠶ᠋ᠢᠨ ᠲᠥᠪ᠂ ᠥᠪᠡᠷᠲᠡᠭᠡᠨ ᠵᠠᠰᠠᠬᠤ ᠣᠷᠣᠨ᠎ᠤ᠋ ᠬᠥᠮᠦᠨ᠎ᠦ᠌ ᠬᠦᠴᠦᠨ᠎ᠦ᠌ ᠡᠬᠢ ᠪᠠᠶᠠᠯᠢᠭ ᠪᠠ ᠨᠡᠢᠭᠡᠮ᠎ᠦ᠋ᠨ ᠪᠠᠲᠤᠯᠠᠭ᠎ᠠ᠎ᠶ᠋ᠢᠨ ᠲᠢᠩᠬᠢᠮ᠂ ᠣᠷᠳᠣᠰ ᠬᠣᠲᠠ᠎ᠶ᠋ᠢᠨ ᠠᠷᠠᠳ᠎ᠤ᠋ᠨ ᠵᠠᠰᠠᠭ᠎ᠤ᠋ᠨ ᠣᠷᠳᠣᠨ᠎ᠠᠴᠠ ᠬᠠᠮᠲᠤᠷᠠᠵᠤ ᠭᠣᠣᠯᠯᠠᠨ ᠡᠷᠬᠢᠯᠡᠵᠦ᠍᠂ ᠱᠠᠨᠰᠢ ᠮᠣᠵᠢ᠂ ᠭᠠᠨᠰᠦ ᠮᠣᠵᠢ᠂ ᠬᠥᠬᠡᠨᠠᠭᠤᠷ ᠮᠣᠵᠢ᠂ ᠨᠢᠩᠰᠢᠶᠠ᠎ᠶ᠋ᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠂ ᠰᠢᠨᠵᠢᠶᠠᠩ᠎ᠤ᠋ᠨ ᠤᠢᠭᠤᠷ ᠥᠪᠡᠷᠲᠡᠭᠡᠨ ᠵᠠᠰᠠᠬᠤ ᠣᠷᠣᠨ ᠵᠡᠷᠭᠡ ᠪᠠᠷᠠᠭᠤᠨ ᠬᠣᠢᠲᠤ᠎ᠶ᠋ᠢᠨ ᠲᠠᠪᠤᠨ ᠮᠣᠵᠢ ᠣᠷᠣᠨ᠎ᠤ᠋ ᠬᠥᠮᠦᠨ᠎ᠦ᠌ ᠬᠦᠴᠦᠨ᠎ᠦ᠌ ᠡᠬᠢ ᠪᠠᠶᠠᠯᠢᠭ ᠪᠠ ᠨᠡᠢᠭᠡᠮ᠎ᠦ᠋ᠨ ᠪᠠᠲᠤᠯᠠᠭ᠎ᠠ᠎ᠶ᠋ᠢᠨ ᠲᠢᠩᠬᠢᠮ ᠬᠠᠮᠵᠢᠯᠴᠠᠨ ᠡᠷᠬᠢᠯᠡᠪᠡ᠃ ᠠᠵᠢᠯᠯᠠᠭ᠎ᠠ ᠨᠢ 《ᠤᠮᠠᠷᠠᠲᠤ ᠬᠢᠵᠠᠭᠠᠷ᠎ᠲᠤ ᠠᠵᠢᠯ ᠦᠢᠯᠡᠰ᠎ᠢᠶᠡᠷ ᠢᠷᠡᠭᠡᠳᠦᠢ᠎ᠪᠡᠨ ᠬᠦᠲᠦᠯᠦᠨ ᠳᠠᠭᠠᠭᠤᠯᠤᠶ᠎ᠠ》 ᠭᠡᠰᠡᠨ᠎ᠢᠶᠡᠷ ᠭᠣᠣᠯ ᠰᠡᠳᠦᠪ᠎ᠢᠶᠡᠨ ᠪᠣᠯᠭᠠᠵᠤ᠂ ᠪᠠᠷᠠᠭᠤᠨ ᠬᠣᠢᠲᠤ ᠣᠷᠣᠨ᠎ᠤ᠋ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠠᠵᠢᠯ ᠠᠯᠳᠠᠭᠰᠠᠳ᠂ ᠴᠡᠷᠢᠭ᠎ᠦ᠋ᠨ ᠠᠯᠪᠠ᠎ᠠᠴᠠ ᠬᠠᠯᠠᠭ᠍ᠳᠠᠭ᠍ᠰᠠᠳ ᠵᠡᠷᠭᠡ ᠭᠣᠣᠯᠳᠠᠯᠭ᠎ᠠ ᠪᠣᠯᠬᠤ ᠬᠥᠮᠦᠰ᠎ᠲᠦ᠍ ᠬᠠᠨᠳᠤᠭᠤᠯᠵᠤ᠂ ᠵᠢᠷᠭᠤᠭᠠᠨ ᠮᠣᠵᠢ ᠣᠷᠣᠨ᠎ᠤ ᠬᠣᠯᠪᠣᠭᠠᠯᠠᠨ ᠬᠦᠳᠡᠯᠦᠯᠴᠡᠬᠦ᠌᠎ᠪᠡᠷ ᠳᠠᠮᠵᠢᠨ᠂ ᠥᠨᠳᠥᠷ ᠪᠦᠲᠦᠮᠵᠢᠲᠡᠢ᠂ ᠨᠠᠷᠢᠯᠢᠭ ᠣᠨᠣᠴᠠᠲᠠᠢ ᠣᠯᠠᠨ ᠡᠰᠢᠵᠢᠭᠰᠡᠨ ᠠᠵᠢᠯ ᠣᠯᠭᠣᠬᠤ ᠦᠢᠯᠡᠴᠢᠯᠡᠭᠡᠨ᠎ᠦ᠌ ᠲᠠᠪᠴᠠᠩ᠎ᠢ᠋ ᠬᠠᠮᠲᠤ᠎ᠪᠠᠷ ᠴᠣᠭᠴᠠᠯᠠᠨ ᠪᠠᠢᠭᠤᠯᠤᠨ᠎ᠠ᠃ ᠤᠷᠢᠨ ᠡᠯᠰᠡᠬᠦ᠌᠎ᠳᠦ᠎ᠪᠡᠨ᠂ ᠰᠦᠯᠵᠢᠶ᠎ᠡ᠎ᠪᠡᠷ ᠪᠠ ᠰᠦᠯᠵᠢᠶᠡᠨ᠎ᠡᠴᠡ ᠭᠠᠳᠠᠭᠤᠷᠬᠢ ᠢᠵᠢᠯ ᠠᠯᠬᠤᠮ᠎ᠢ᠋ᠶ᠋ᠠᠷ ᠶᠠᠪᠤᠭᠳᠠᠭᠤᠯᠵᠤ᠂ ᠨᠡᠢᠲᠡ 573 ᠬᠥᠮᠦᠨ ᠬᠡᠷᠡᠭᠯᠡᠬᠦ ᠨᠢᠭᠡᠴᠢ᠎ᠶ᠋ᠢ ᠵᠣᠬᠢᠶᠠᠨ ᠪᠠᠢᠭᠤᠯᠤᠨ᠂ 29054 ᠠᠵᠢᠯ ᠣᠯᠭᠣᠬᠤ ᠠᠵᠢᠯ᠎ᠤ᠋ᠨ ᠪᠠᠢᠷᠢ ᠬᠠᠩᠭᠠᠵᠠᠢ ᠃ ᠡᠭᠦᠨ᠎ᠳ᠋ᠦ᠍᠂ ᠰᠦᠯᠵᠢᠶᠡᠨ᠎ᠡᠴᠡ ᠭᠠᠳᠠᠭᠤᠷᠬᠢ ᠴᠤᠭᠯᠠᠭᠠᠨ᠎ᠳ᠋ᠤ᠌ ᠣᠷᠣᠯᠴᠠᠭᠰᠠᠨ ᠠᠵᠤ ᠠᠬᠤᠢᠯᠠᠯ 201 ᠪᠠᠢᠵᠤ᠂ 6332 ᠠᠵᠢᠯ ᠣᠯᠭᠣᠬᠤ ᠠᠵᠢᠯ᠎ᠤ᠋ᠨ ᠪᠠᠢᠷᠢ ᠬᠠᠩᠭᠠᠵᠠᠢ ᠃ ᠲᠤᠬᠠᠢ᠎ᠶ᠋ᠢᠨ ᠲᠠᠯᠠᠪᠠᠢ᠎ᠳ᠋ᠤ᠌ ᠲᠥᠷᠥ᠎ᠶ᠋ᠢᠨ ᠪᠣᠳᠣᠯᠭ᠎ᠠ᠎ᠪᠠᠷ ᠠᠶᠠᠯᠠᠯ ᠬᠠᠮᠠᠭᠠᠯᠠᠬᠤ ᠠᠵᠢᠯ ᠣᠯᠭᠣᠬᠤ ᠦᠢᠯᠡᠴᠢᠯᠡᠭᠡ᠂ ᠶᠡᠷᠦᠩᠬᠡᠢᠯᠡᠭ᠌ᠰᠡᠨ ᠤᠷᠢᠨ ᠡᠯᠰᠡᠬᠦ᠌ ᠲᠤᠰᠬᠠᠢ ᠲᠣᠭᠣᠷᠢᠭ᠂ ᠳ᠋ᠢᠭᠢᠲ ᠤᠶᠤᠨᠲᠦ ᠠᠵᠢᠯ ᠣᠯᠭᠣᠯᠲᠠ᠎ᠳᠤ ᠴᠢᠳᠠᠪᠤᠷᠢ ᠣᠯᠭᠣᠬᠤ ᠲᠤᠰᠬᠠᠢ ᠲᠣᠭᠣᠷᠢᠭ᠂ ᠲᠤᠬᠠᠢᠯᠠᠭᠰᠠᠨ ᠠᠵᠢᠯ᠎ᠤ᠋ᠨ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ᠎ᠤ᠋ᠨ ᠦᠢᠯᠡᠴᠢᠯᠡᠭᠡᠨ᠎ᠦ᠌ ᠲᠤᠰᠬᠠᠢ ᠲᠣᠭᠣᠷᠢᠭ᠂ ᠠᠵᠢᠯ᠎ᠤᠨ ᠲᠠᠯᠠᠪᠤᠷ᠎ᠤᠨ ᠪᠡᠶᠡᠴᠢᠯᠡᠨ ᠣᠢᠯᠠᠭᠠᠬᠤ ᠲᠤᠰᠬᠠᠢ ᠲᠣᠭᠤᠷᠢᠭ᠂ ᠭᠣᠣᠯᠳᠠᠯᠭ᠎ᠠ ᠪᠣᠯᠬᠤ ᠠᠵᠤ ᠠᠬᠤᠢᠯᠠᠯ᠎ᠤᠨ ᠤᠷᠢᠨ ᠡᠯᠰᠡᠬᠦ᠌ ᠲᠤᠰᠭᠠᠢ ᠲᠣᠭᠤᠷᠢᠭ ᠵᠡᠷᠭᠡ ᠵᠢᠷᠭᠤᠭᠠᠨ ᠶᠡᠬᠡ ᠴᠢᠳᠠᠮᠵᠢᠲᠤ ᠬᠡᠰᠡᠭ ᠪᠠᠢᠭᠤᠯᠵᠤ᠂ ᠣᠯᠠᠨ ᠬᠡᠯᠪᠡᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠂ ᠬᠦᠷᠢᠶ᠎ᠡ ᠴᠠᠷᠠᠭ᠎ᠠ ᠬᠤᠪᠢᠶᠠᠭ᠍ᠰᠠᠨ ᠠᠵᠤ ᠠᠬᠤᠢᠯᠠᠯ᠎ᠤᠨ ᠤᠷᠢᠨ ᠡᠯᠰᠡᠬᠦ᠂ ᠪᠥᠬᠥ ᠶᠠᠪᠤᠴᠠ᠎ᠶ᠋ᠢᠨ ᠪᠣᠯᠪᠠᠰᠤᠷᠠᠯ᠎ᠤ᠋ᠨ ᠲᠠᠢᠯᠤᠮᠵᠢ᠂ ᠴᠢᠨᠠᠷᠵᠢᠭ᠍ᠰᠠᠨ ᠠᠵᠢᠯ ᠮᠡᠷᠭᠡᠵᠢᠯ᠎ᠦ᠋ᠨ ᠵᠢᠯᠣᠭᠣᠳᠤᠯᠭ᠎ᠠ ᠬᠢᠬᠦ᠎ᠪᠡᠷ ᠳᠠᠮᠵᠢᠨ᠂ ᠮᠣᠵᠢ᠎ᠶ᠋ᠢᠨ ᠬᠣᠭᠣᠷᠣᠨᠳᠣᠬᠢ ᠠᠵᠢᠯ ᠣᠯᠬᠤ ᠠᠵᠢᠯ ᠡᠷᠢᠬᠦ ᠪᠠ ᠣᠷᠢᠵᠤ ᠡᠯᠰᠡᠬᠦ᠌ ᠠᠷᠭ᠎ᠠ ᠵᠠᠮ᠎ᠢ᠋ ᠨᠡᠪᠲᠡᠷᠡᠭᠦᠯᠪᠡ᠃

ᠠᠵᠢᠯᠯᠠᠭ᠎ᠠ᠎ᠶ᠋ᠢᠨ ᠬᠤᠭᠤᠴᠠᠭᠠᠨ᠎ᠳ᠋ᠤ᠌᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠠᠵᠢᠯ ᠣᠯᠭᠣᠯᠲᠠ᠎ᠶ᠋ᠢᠨ ᠵᠢᠯᠣᠭᠣᠳᠬᠤ ᠲᠠᠢᠯᠤᠮᠵᠢ᠎ᠶ᠋ᠢ ᠵᠡᠷᠭᠡ᠎ᠪᠡᠷ ᠥᠷᠨᠢᠭᠦᠯᠵᠦ᠂ ᠤᠯᠤᠰ᠎ᠤ᠋ᠨ ᠠᠵᠢᠯ ᠮᠡᠷᠭᠡᠵᠢᠯ᠎ᠦ᠋ᠨ ᠵᠢᠭᠠᠨ ᠵᠢᠯᠣᠭᠣᠳᠤᠭᠴᠢ᠂ ᠱ᠋ᠢ ᠠᠨ᠎ᠤ᠋ ᠵᠠᠮ ᠬᠠᠷᠢᠯᠴᠠᠭᠠᠨ᠎ᠤ᠋ ᠶᠡᠬᠡ ᠰᠤᠷᠭᠠᠭᠤᠯᠢ᠎ᠶ᠋ᠢᠨ ᠫᠷᠣᠹᠧᠰᠰᠣᠷ ᠳ᠋ᠦᠩ ᠶᠠᠨ ᠯᠢᠨ᠎ᠢ᠋ ᠤᠷᠢᠵᠤ ᠣᠷᠳᠣᠰ ᠬᠡᠷᠡᠭᠯᠡᠭᠡᠨ᠎ᠦ᠌ ᠮᠡᠷᠭᠡᠵᠢᠯ᠎ᠦ᠋ᠨ ᠳᠡᠭᠡᠳᠦ ᠰᠤᠷᠭᠠᠭᠤᠯᠢ᠎ᠳ᠋ᠤ᠌ ᠬᠦᠷᠴᠦ᠍᠂ ᠰᠤᠷᠤᠭᠴᠢᠳ᠎ᠢ᠋ ᠬᠠᠪᠰᠤᠷᠤᠨ ᠠᠵᠢᠯ ᠮᠡᠷᠭᠡᠵᠢᠯ᠎ᠦ᠋ᠨ ᠴᠢᠭᠯᠡᠯ᠎ᠢ᠋ ᠲᠣᠳᠣᠷᠬᠠᠢᠯᠠᠵᠤ᠂ ᠠᠵᠢᠯ ᠣᠯᠭᠣᠯᠲᠠ᠎ᠶ᠋ᠢᠨ ᠴᠢᠳᠠᠪᠤᠷᠢ᠎ᠶ᠋ᠢ ᠨᠢ ᠳᠡᠭᠡᠭ᠌ᠰᠢᠯᠡᠭᠦᠯᠪᠡ᠃ ᠠᠵᠢᠯᠯᠠᠭ᠎ᠠ᠎ᠶ᠋ᠢ ᠳᠡᠭᠦᠯᠢᠯᠲᠡ ᠬᠠᠮ ᠵᠠᠭᠤᠴᠢᠯᠠᠭᠤᠷ᠂ ᠠᠵᠢᠯ ᠣᠯᠭᠣᠯᠲᠠ᠎ᠶ᠋ᠢᠨ ᠥᠪᠥᠷ ᠮᠣᠩᠭᠣᠯ᠂ ᠲᠢᠭ ᠲᠣᠭ ᠵᠡᠷᠭᠡ ᠣᠯᠠᠨ ᠲᠠᠪᠴᠠᠩ᠎ᠢ᠋ᠶ᠋ᠠᠷ ᠳᠠᠮᠵᠢᠭᠤᠯᠤᠨ ᠪᠦᠬᠦ᠌ ᠶᠠᠪᠤᠴᠠ᠎ᠶ᠋ᠢ ᠰᠢᠭᠤᠳ ᠨᠡᠪᠲᠡᠷᠡᠭᠦᠯᠵᠦ᠂ ᠶᠡᠬᠡ ᠬᠡᠮᠵᠢᠶᠡᠨ᠎ᠦ᠌ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠢ ᠲᠠᠲᠠᠨ ᠰᠦᠯᠵᠢᠶ᠎ᠡ᠎ᠪᠡᠷ ᠣᠷᠣᠯᠴᠠᠭᠤᠯᠵᠤ᠂ ᠰᠦᠯᠵᠢᠶ᠎ᠡ᠎ᠪᠡᠷ ᠦᠵᠡᠭᠰᠡᠨ ᠬᠥᠮᠦᠨ᠎ᠦ᠌ ᠲᠣᠭ᠎ᠠ ᠨᠢ 28.9 ᠲᠦᠮᠡ᠎ᠶ᠋ᠢ ᠳᠠᠪᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ