ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠥᠪᠥᠷ ᠮᠣᠩᠭᠤᠯ᠄ ᠵᠠᠯᠠᠭᠤᠴᠤᠳ᠎ᠤᠨ ᠠᠵᠢᠯ ᠣᠯᠭᠤᠯᠲᠠ᠎ᠶᠢᠨ ᠦᠢᠯᠡᠴᠢᠯᠡᠭᠡᠨ᠎ᠤ ᠰᠢᠪᠲᠤᠯᠤᠯᠲᠠ᠎ᠶᠢᠨ ᠠᠵᠢᠯᠯᠠᠭ᠎ᠠ᠎ᠶᠢᠨ ᠬᠥᠬᠡᠬᠤᠲᠠ᠎ᠳᠡᠬᠢ ᠲᠤᠰᠬᠠᠢ ᠲᠠᠯᠠᠪᠤᠷ ᠠᠵᠢᠯᠯᠠᠭ᠎ᠠ ᠡᠬᠢᠯᠡᠪᠡ
ᠨᠡᠶ᠋ᠢᠲᠡᠯᠡᠭᠰᠡᠨ ᠴᠠᠭ᠄ 2025-09-02

8 ᠳ᠋ᠤᠭᠠᠷ ᠰᠠᠷ᠎ᠠ᠎ᠶᠢᠨ 29᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠋ ᠪᠠ ᠨᠡᠶ᠋ᠢᠭᠡᠮ᠎ᠤᠨ ᠪᠠᠲᠤᠯᠠᠭ᠎ᠠ᠎ᠶᠢᠨ ᠲᠢᠩᠬᠢᠮ᠎ᠡᠴᠡ 《2025 ᠣᠨ᠎ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠭᠤᠯᠲᠠ᠎ᠶᠢᠨ ᠦᠢᠯᠡᠴᠢᠯᠡᠭᠡᠨ᠎ᠤ ᠰᠢᠪᠲᠤᠯᠤᠯᠲᠠ᠎ᠶᠢᠨ ᠠᠵᠢᠯᠯᠠᠭ᠎ᠠ᠎ᠶᠢᠨ ᠰᠢᠷᠢᠰ ᠠᠵᠢᠯᠯᠠᠭ᠎ᠠ ∣ ᠠᠵᠢᠯ᠎ᠤᠨ ᠪᠠᠶ᠋ᠢᠷᠢ ᠲᠠᠨᠢᠯᠴᠠᠭᠤᠯᠬᠤ》 ᠠᠵᠢᠯᠯᠠᠭ᠎ᠠ᠎ᠶᠢ ᠥᠷᠨᠢᠭᠦᠯᠪᠡ᠃ ᠲᠣᠰ ᠤᠳᠠᠭᠠᠨ᠎ᠤ ᠠᠵᠢᠯᠯᠠᠭ᠎ᠠ᠎ᠨᠢ 《ᠰᠢᠪᠲᠤᠯᠤᠯᠲᠠ᠎ᠪᠠᠷ ᠠᠵᠢᠯ ᠣᠯᠭᠤᠯᠲᠠ᠎ᠶᠢ ᠠᠬᠢᠭᠤᠯᠵᠤ   ᠴᠢᠷᠮᠠᠢᠨ ᠲᠡᠮᠡᠴᠡᠵᠦ᠍ ᠢᠷᠡᠭᠡᠳᠦᠶ᠎ᠪᠡᠨ ᠴᠣᠭᠴᠠᠯᠠᠬᠤ》᠎ᠪᠠᠷ ᠭᠤᠤᠯ ᠰᠡᠳᠦᠪ ᠪᠣᠯᠭᠠᠵᠤ᠂ ᠬᠥᠬᠡᠬᠤᠲᠠ᠎ᠶᠢᠨ ᠵᠡᠭᠦᠨ᠂ ᠪᠠᠷᠠᠭᠤᠨ ᠸᠠᠨ ᠳᠠ ᠲᠠᠯᠠᠪᠠᠢ᠎ᠳᠤ ᠵᠡᠷᠭᠡ᠎ᠪᠡᠷ ᠥᠷᠨᠢᠭᠦᠯᠵᠦ᠂ 2025 ᠣᠨ᠎ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠠᠵᠢᠯ ᠠᠯᠳᠠᠭ᠍ᠰᠠᠳ᠎ᠢᠶᠠᠷ ᠳᠠᠩᠰᠠᠯᠠᠭᠤᠯᠤᠭᠰᠠᠨ ᠵᠠᠯᠠᠭᠤᠴᠤᠳ᠎ᠲᠤ ᠣᠨᠣᠴᠠᠲᠠᠢ ᠠᠵᠢᠯ  ᠣᠯᠭᠣᠬᠤ᠎ᠶ᠋ᠢ ᠨᠢ ᠵᠣᠯᠭᠠᠭᠤᠯᠬᠤ ᠲᠠᠪᠴᠠᠩ᠎ᠢ ᠪᠠᠶ᠋ᠢᠭᠤᠯᠵᠤ ᠥᠭᠪᠡ᠃

ᠠᠵᠢᠯᠯᠠᠭ᠎ᠠ᠎ᠳᠤ ᠶᠡᠷᠦᠩᠬᠡᠶ᠋ᠢᠯᠡᠭᠰᠡᠨ ᠦᠢᠯᠡᠴᠢᠯᠡᠭᠡᠨ᠎ᠤ ᠲᠣᠭᠤᠷᠢᠭ᠋᠂ ᠠᠵᠢᠯ᠎ᠤᠨ ᠪᠠᠶ᠋ᠢᠷᠢ ᠲᠠᠨᠢᠯᠴᠠᠭᠤᠯᠬᠤ ᠲᠣᠭᠤᠷᠢᠭ᠋᠂ ᠲᠥᠷᠥ᠎ᠶᠢᠨ ᠪᠣᠳᠣᠯᠭ᠎ᠠ᠎ᠶᠢᠨ ᠤᠬᠠᠭᠤᠯᠤᠨ ᠲᠠᠨᠢᠯᠴᠠᠭᠤᠯᠬᠤ ᠲᠣᠭᠤᠷᠢᠭ᠋᠂ AI᠎ᠪᠠᠷ ᠨᠢᠭᠤᠷᠳᠠᠨ ᠰᠢᠯᠭᠠᠬᠤ᠎ᠶᠢ ᠪᠡᠶᠡᠴᠢᠯᠡᠨ ᠣᠶ᠋ᠢᠯᠠᠭᠠᠬᠤ ᠲᠤᠭᠤᠷᠢᠭ᠋᠂ ᠠᠵᠢᠯ ᠮᠡᠷᠭᠡᠵᠢᠯ᠎ᠤᠨ ᠵᠢᠭᠠᠨ ᠵᠢᠯᠣᠭᠤᠳᠬᠤ ᠲᠣᠭᠤᠷᠢᠭ᠋᠂ ᠰᠤᠷᠭᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭᠠᠨ᠎ᠤ ᠲᠤᠭᠤᠷᠢᠭ᠋᠂ ᠲᠣᠭᠯᠠᠭᠠᠮ᠎ᠢᠶᠠᠷ ᠬᠠᠷᠢᠯᠴᠠᠨ ᠬᠥᠳᠡᠯᠦᠯᠴᠡᠬᠦ ᠲᠤᠭᠤᠷᠢᠭ᠋᠂ ᠠᠬᠤᠢ ᠲᠠᠯᠠᠪᠠᠢ᠎ᠶᠢᠨ ᠰᠢᠭᠤᠳ ᠨᠡᠪᠲᠡᠷᠡᠭᠦᠯᠬᠦ ᠲᠤᠭᠤᠷᠢᠭ᠋ ᠵᠡᠷᠭᠡ ᠠᠷᠪᠠᠨ ᠨᠢᠭᠡᠨ ᠶᠡᠭᠡ ᠴᠢᠳᠠᠮᠵᠢᠲᠤ ᠬᠡᠰᠡᠭ᠎ᠢ ᠲᠣᠬᠢᠷᠠᠭᠤᠯᠪᠠ᠃ ᠠᠵᠢᠯᠯᠠᠭ᠎ᠠ᠎ᠨᠢ ᠪᠠᠰᠠ 《ᠰᠦᠯᠵᠢᠶᠡᠨ ᠳᠡᠭᠡᠷᠡᠬᠢ + ᠰᠦᠯᠵᠢᠶᠡᠨ᠎ᠡᠴᠡ ᠭᠠᠳᠠᠭᠤᠷᠬᠢ》᠎ᠶᠢ ᠭᠦᠨᠵᠡᠭᠡᠶ ᠠᠭᠤᠰᠤᠯᠴᠠᠭᠤᠯᠬᠤ ᠬᠡᠪ ᠵᠠᠭᠪᠤᠷ᠎ᠢᠶᠠᠷ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠲᠤ ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ ᠪᠠ ᠠᠵᠢᠯ᠎ᠤᠨ ᠪᠠᠶ᠋ᠢᠷᠢ᠎ᠶᠢᠨ ᠲᠠᠨᠢᠯᠴᠠᠭᠤᠯᠭ᠎ᠠ᠎ᠶᠢ ᠪᠥᠬᠦ ᠲᠠᠯ᠎ᠠ᠎ᠪᠠᠷ ᠬᠠᠩᠭᠠᠪᠠ᠃ ᠠᠵᠢᠯᠯᠠᠭ᠎ᠠ᠎ᠶᠢᠨ ᠠᠬᠤᠢ ᠲᠠᠯᠠᠪᠠᠢ᠎ᠳᠤ ᠪᠠᠰᠠ AI ᠨᠢᠭᠤᠷᠲᠠᠨ ᠱᠢᠯᠭᠠᠯᠲᠠ᠎ᠶ᠋ᠢ ᠪᠡᠶᠡᠴᠢᠯᠡᠨ ᠣᠢᠯᠠᠭᠠᠬᠤ ᠲᠣᠭᠤᠷᠢᠭ᠋᠎ᠢ ᠣᠨᠴᠠᠭᠠᠶ᠋ᠢᠯᠠᠨ ᠳᠣᠭᠢᠷᠠᠭᠤᠯᠵᠤ᠂ ᠠᠵᠤ ᠠᠬᠤᠶ᠋ᠢᠯᠠᠯ᠎ᠤᠨ HR ᠪᠤᠶᠤ AI ᠨᠢᠭᠤᠷᠲᠠᠨ ᠰᠢᠯᠭᠠᠭ᠍ᠴᠢ ᠯᠤᠭ᠎ᠠ ᠬᠠᠷᠢᠯᠴᠠᠨ ᠬᠥᠳᠡᠯᠦᠯᠴᠡᠬᠦ᠎ᠪᠡᠷ ᠳᠠᠮᠵᠢᠭᠤᠯᠵᠤ᠂ ᠦᠨᠡᠨ ᠪᠣᠳᠠᠲᠠᠶ ᠨᠢᠭᠤᠷᠲᠠᠨ ᠰᠢᠯᠭᠠᠬᠤ ᠪᠠᠶ᠋ᠢᠳᠠᠯ᠎ᠢ ᠪᠡᠶᠡᠴᠢᠯᠡᠨ ᠣᠶ᠋ᠢᠯᠠᠭᠠᠭᠤᠯᠵᠤ᠂ ᠠᠵᠢᠯ ᠡᠷᠢᠭᠰᠡᠳ᠎ᠲᠤ ᠨᠢᠭᠤᠷᠲᠠᠨ ᠰᠢᠯᠭᠠᠬᠤ ᠶᠠᠪᠤᠴᠠ ᠪᠠ ᠠᠵᠤ ᠠᠬᠤᠶ᠋ᠢᠯᠠᠯ᠎ᠤᠨ ᠬᠥᠮᠦᠨ ᠬᠡᠷᠡᠭᠯᠡᠬᠦ ᠱᠠᠭᠠᠷᠳᠠᠯᠭ᠎ᠠ᠎ᠶᠢ ᠤᠷᠢᠳᠴᠢᠯᠠᠨ ᠣᠶ᠋ᠢᠯᠠᠭᠠᠭᠤᠯᠵᠤ᠂ ᠠᠵᠢᠯ ᠡᠷᠢᠭᠰᠡᠳ ᠪᠠ ᠠᠵᠤ ᠠᠬᠤᠶ᠋ᠢᠯᠠᠯ᠎ᠤᠨ ᠶᠠᠷᠢᠯᠴᠠᠭᠠᠨ᠎ᠢᠶᠠᠷ ᠣᠢᠯᠠᠭᠠᠬᠤ ᠢᠲᠡᠭᠡᠯ᠎ᠢ ᠳᠡᠭᠡᠭᠰᠢᠯᠡᠭᠦᠯᠵᠦ᠂ ᠠᠵᠢᠯ ᠡᠷᠢᠬᠦ ᠲᠣᠬᠢᠶᠠᠯᠳᠤᠮᠵᠢ᠎ᠶᠢ ᠨᠡᠮᠡᠭᠳᠡᠭᠦᠯᠪᠡ᠃ ᠠᠵᠢᠯᠯᠠᠭ᠎ᠠ᠎ᠶᠢᠨ ᠠᠬᠤᠢ ᠲᠠᠯᠠᠪᠠᠢ᠎ᠳᠤ 100 ᠭᠠᠷᠤᠢ ᠰᠢᠯᠢᠳᠡᠭ ᠠᠵᠤ ᠠᠬᠤᠶ᠋ᠢᠯᠠᠯ᠎ᠢ ᠤᠷᠢᠵᠤ ᠰᠤᠷᠭᠠᠨ ᠬᠥᠮᠦᠵᠢᠯ᠂ ᠡᠮᠴᠢᠯᠡᠭᠡ᠂ ᠰᠣᠶᠣᠯ ᠪᠡᠶ᠎ᠡ᠎ᠶᠢᠨ ᠲᠠᠮᠢᠷ᠂ ᠵᠠᠮ ᠬᠠᠷᠢᠯᠴᠠᠭ᠎ᠠ ᠲᠡᠭᠡᠭᠡᠪᠦᠷᠢ᠂ ᠮᠡᠳᠡᠭᠡ ᠵᠠᠩᠭᠢ᠎ᠶᠢᠨ ᠮᠡᠷᠭᠡᠵᠢᠯ᠂ ᠳ᠋ᠢᠭᠢᠲᠴᠢᠯᠡᠭᠰᠡᠨ ᠠᠵᠤ ᠠᠬᠤᠢ ᠵᠡᠷᠭᠡ ᠤᠯᠠᠨ ᠬᠦᠷᠢᠶᠡᠨ᠎ᠳᠤ ᠬᠣᠯᠪᠣᠭ᠍ᠳᠠᠭ᠍ᠰᠠᠨ 2400 ᠭᠠᠷᠤᠢ ᠠᠵᠢᠯ᠎ᠤᠨ ᠪᠠᠶ᠋ᠢᠷᠢ ᠬᠠᠩᠭᠠᠯᠭᠠᠪᠠ᠃

ᠲᠣᠰ ᠤᠳᠠᠭᠠᠨ᠎ᠤ ᠠᠵᠢᠯᠯᠠᠭ᠎ᠠ᠎ᠨᠢ ᠬᠤᠤᠰ ᠬᠤᠷᠠᠯ᠎ᠤᠨ ᠲᠠᠯᠠᠪᠠᠶ᠎ᠶᠢᠨ ᠪᠠᠶ᠋ᠢᠷᠢᠰᠢᠭᠤᠯᠤᠯᠲᠠ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠡᠴᠡ ᠭᠠᠳᠠᠭᠤᠷᠬᠢ᠎ᠶ᠋ᠢ ᠬᠤᠯᠪᠣᠭᠠᠯᠠᠨ ᠬᠥᠳᠡᠯᠦᠯᠴᠡᠬᠦ᠎ᠪᠠᠷ ᠳᠠᠮᠵᠢᠭᠤᠯᠤᠨ᠂ ᠠᠵᠢᠯ ᠣᠯᠤᠭᠠᠳᠤᠶ ᠵᠠᠯᠠᠭᠤᠴᠤᠳ᠎ᠲᠤ ᠣᠯᠠᠨ ᠡᠰᠢᠵᠢᠭᠰᠡᠨ ᠠᠵᠢᠯ᠎ᠤᠨ ᠪᠠᠶ᠋ᠢᠷᠢ᠎ᠶᠢᠨ ᠰᠣᠩᠭᠤᠯᠲᠠ ᠪᠠ ᠲᠤᠰᠬᠠᠶ ᠮᠡᠷᠭᠡᠵᠢᠯ᠎ᠤᠨ ᠠᠵᠢᠯ ᠣᠯᠭᠤᠯᠲᠠ᠎ᠶᠢᠨ ᠵᠢᠯᠣᠭᠤᠳᠣᠯᠭ᠎ᠠ ᠬᠠᠩᠭᠠᠭᠰᠠᠨ᠎ᠢᠶᠠᠷ ᠪᠠᠷᠠᠬᠤ ᠥᠬᠡᠶ᠂ ᠨᠡᠩ ᠴᠤ᠌ ᠵᠠᠯᠠᠭᠤᠴᠤᠳ᠎ᠢ ᠬᠠᠪᠰᠤᠷᠤᠨ ᠠᠵᠢᠯ ᠡᠷᠢᠬᠦ ᠥᠷᠢᠰᠥᠯᠳᠦᠬᠦ ᠬᠦᠴᠦᠨ᠎ᠢ ᠨᠢ ᠳᠡᠭᠡᠭᠰᠢᠯᠡᠭᠦᠯᠵᠦ᠂ ᠠᠵᠢᠯ ᠣᠯᠭᠣᠬᠤ ᠲᠠᠯ᠎ᠠ᠎ᠪᠠᠷ ᠬᠢ ᠵᠣᠪᠠᠨᠢᠯ᠎ᠢ ᠨᠢ ᠨᠠᠮᠳᠠᠭᠤᠯᠪᠠ ; ᠡᠭᠦᠨ᠎ᠤ ᠬᠠᠮᠲᠤ ᠪᠠᠰᠠ ᠠᠵᠤ ᠠᠬᠤᠶ᠋ᠢᠯᠠᠯ᠎ᠳᠤ ᠴᠢᠳᠠᠪᠤᠷᠢᠲᠠᠳ ᠤᠷᠢᠵᠤ ᠡᠯᠰᠡᠬᠦ ᠥᠨᠳᠥᠷ ᠪᠦᠲᠦᠮᠵᠢᠲᠡᠶ ᠠᠷᠭ᠎ᠠ ᠵᠠᠮ᠎ᠢ ᠪᠠᠶ᠋ᠢᠭᠤᠯᠤᠨ ᠥᠭᠴᠦ᠂ ᠬᠥᠮᠦᠨ᠎ᠤ ᠬᠦᠴᠦᠨ᠎ᠤ ᠡᠬᠢ ᠪᠠᠶᠠᠯᠢᠭ᠋᠎ᠤᠨ ᠬᠠᠩᠭᠠᠯᠭ᠎ᠠ ᠬᠡᠷᠡᠭᠴᠡᠭᠡ᠎ᠶᠢ ᠣᠨᠣᠴᠠᠲᠠᠶ᠎ᠪᠠᠷ ᠳᠣᠭᠢᠷᠠᠭᠤᠯᠬᠤ᠎ᠶᠢ ᠠᠬᠢᠭᠤᠯᠤᠭᠰᠠᠨ ᠪᠠᠢᠨ᠎ᠠ᠃

ᠲᠤᠰ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠋ ᠪᠠ ᠨᠡᠶ᠋ᠢᠭᠡᠮ᠎ᠤᠨ ᠪᠠᠲᠤᠯᠠᠭ᠎ᠠ᠎ᠶᠢᠨ ᠲᠢᠩᠬᠢᠮ᠎ᠤᠨ ᠠᠵᠢᠯ ᠣᠯᠭᠤᠯᠲᠠ᠎ᠶᠢ ᠲᠡᠷᠢᠭᠦᠨ᠎ᠳᠤ ᠲᠠᠯᠪᠢᠬᠤ ᠲᠥᠷᠥ᠎ᠶᠢᠨ ᠪᠣᠳᠣᠯᠭ᠎ᠠ᠎ᠶᠢ ᠨᠠᠶ᠋ᠢᠳᠠᠪᠤᠷᠢᠵᠢᠭᠤᠯᠬᠤ ᠴᠢᠬᠤᠯᠠ ᠦᠢᠯᠡᠳᠦᠯᠭᠡ ᠪᠣᠯᠤᠭᠰᠠᠨ᠎ᠤ ᠬᠤᠪᠢ᠎ᠳᠤ᠂ ᠠᠵᠢᠯ ᠣᠯᠭᠤᠯᠲᠠ᠎ᠶᠢᠨ ᠦᠢᠯᠡᠴᠢᠯᠡᠭᠡᠨ᠎ᠤ ᠰᠢᠪᠲᠤᠯᠤᠯᠲᠠ᠎ᠶᠢᠨ ᠠᠵᠢᠯᠯᠠᠭ᠎ᠠ᠎ᠶᠢᠨ ᠵᠠᠩᠭᠢᠯᠠᠭ᠎ᠠ᠎ᠶᠢᠨ ᠭᠤᠭᠴᠤᠭ᠎ᠠ ᠪᠣᠯᠣᠭ᠍ᠰᠠᠨ ᠪᠥᠭᠡᠳ ᠪᠠᠰᠠ ᠴᠤ᠌ ᠬᠤᠶ᠋ᠢᠰᠢᠳᠠ᠎ᠶᠢᠨ ᠵᠠᠯᠠᠭᠤᠴᠤᠳ᠎ᠤᠨ ᠠᠵᠢᠯ ᠣᠯᠭᠤᠯᠲᠠ᠎ᠶᠢᠨ ᠦᠢᠯᠡᠴᠢᠯᠡᠭᠡᠨ᠎ᠤ ᠠᠵᠢᠯ᠎ᠳᠤ ᠬᠣᠪᠣᠷ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠪᠠᠶ᠋ᠢᠨ᠎ᠠ᠃ ᠡᠨᠡ ᠬᠦ᠌ ᠠᠵᠢᠯᠯᠠᠭ᠎ᠠ᠎ᠶ᠋ᠢ 12 ᠳ᠋ᠤᠭᠠᠷ ᠰᠠᠷ᠎ᠠ᠎ᠶᠢᠨ ᠰᠡᠭᠦᠯᠴᠢ ᠪᠣᠯᠲᠠᠯ᠎ᠠ ᠦᠷᠭᠦᠯᠵᠢᠯᠡᠵᠦ᠂ ᠵᠠᠯᠠᠭᠤᠴᠤᠳ ᠪᠠ ᠠᠵᠤ ᠠᠬᠤᠶ᠋ᠢᠯᠠᠯ᠎ᠳᠤ ᠪᠦᠬᠦ ᠶᠠᠪᠤᠴᠠ᠎ᠶ᠋ᠢᠨ ᠴᠢᠨᠠᠷ ᠰᠠᠶ᠋ᠢᠲᠠᠢ ᠦᠢᠯᠡᠴᠢᠯᠡᠭᠡ ᠬᠠᠩᠭᠠᠵᠤ᠂ ᠲᠤᠰ ᠤᠳᠠᠭᠠᠨ᠎ᠤ ᠠᠵᠢᠯᠯᠠᠭ᠎ᠠ ᠎ᠪᠠᠷ ᠳᠠᠮᠵᠢᠭᠤᠯᠵᠤ ᠨᠡᠩ ᠤᠯᠠᠨ ᠵᠠᠯᠠᠭᠤᠴᠤᠳ᠎ᠲᠤ ᠲᠣᠬᠢᠷᠠᠮᠵᠢᠲᠠᠢ ᠠᠵᠢᠯ᠎ᠤᠨ ᠪᠠᠶ᠋ᠢᠷᠢ ᠣᠯᠬᠤ᠎ᠳᠤ ᠬᠦᠴᠦᠨ ᠨᠡᠮᠡᠷᠢᠯᠡᠵᠦ᠂ ᠬᠥᠮᠦᠨ ᠬᠡᠷᠡᠭᠯᠡᠬᠦ ᠨᠢᠭᠡᠴᠢ ᠪᠠ ᠠᠵᠢᠯ ᠡᠷᠢᠭᠰᠡᠳ᠎ᠲᠤ ᠨᠡᠩ ᠥᠷᠭᠡᠨ ᠬᠡᠪᠴᠢᠶ᠎ᠡ᠎ᠪᠡᠷ ᠰᠣᠯᠢᠯᠴᠠᠬᠤ᠎ᠳᠤ ᠬᠠᠩᠭᠠᠯᠭ᠎ᠠ ᠬᠡᠷᠡᠭᠴᠡᠭᠡ᠎ᠶᠢᠨ ᠲᠠᠪᠴᠠᠩ᠎ᠢ ᠪᠠᠶ᠋ᠢᠭᠤᠯᠵᠤ ᠥᠭ᠌ᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ