ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭᠠᠨ   -   ᠠᠵᠢᠯ ᠶᠠᠪᠤᠭ᠍ᠳᠠᠵᠤ ᠪᠤᠢ
753 ᠠᠵᠤ ᠠᠬᠤᠢᠯᠠᠯ 21146 ᠬᠥᠮᠥᠨ ᠡᠯᠰᠡᠬᠦ᠎ᠪᠡᠷ ᠲᠥᠯᠥᠪᠯᠡᠵᠦ ᠪᠠᠢᠨ᠎ᠠ   ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠠᠵᠢᠯᠴᠢᠨ᠎ᠤ ᠡᠪᠯᠡᠯ᠎ᠦᠨ ᠥᠪᠥᠷ ᠮᠣᠩᠭᠣᠯ᠎ᠳᠠᠬᠢ ᠠᠵᠢᠯᠲᠠᠨ ᠣᠷᠢᠵᠤ ᠡᠯᠰᠡᠬᠦ ᠲᠤᠰᠬᠠᠢ ᠲᠠᠯᠠᠪᠤᠷ ᠠᠵᠢᠯᠯᠠᠭ᠎ᠠ ᠡᠬᠢᠯᠡᠪᠡ
ᠨᠡᠶ᠋ᠢᠲᠡᠯᠡᠭᠰᠡᠨ ᠴᠠᠭ᠄ 2025-09-29

9 ᠳ᠋ᠦ᠍ᠭᠡᠷ ᠰᠠᠷ᠎ᠠ᠎ᠶᠢᠨ 27 ᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠬᠢᠨ ᠨᠢ ᠪᠡᠭᠡᠵᠢᠩ ᠬᠣᠲᠠ᠎ᠶ᠋ᠢᠨ᠂ ᠲᠢᠶᠠᠨᠵᠢᠨ ᠬᠣᠲᠠ᠎ᠶ᠋ᠢᠨ ᠪᠠ ᠾᠧᠪᠧᠢ ᠮᠤᠵᠢ᠎ᠶᠢᠨ ᠠᠵᠢᠯᠴᠢᠨ᠎ᠤ ᠶᠡᠷᠦᠩᠬᠡᠢ ᠡᠪᠯᠡᠯ ᠯᠦ᠍ᠭᠡ ᠬᠣᠯᠪᠣᠭᠠᠯᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠠᠴᠠ ᠭᠣᠣᠯᠯᠠᠨ ᠡᠷᠭᠢᠯᠡᠭᠰᠡᠨ 2025 ᠣᠨ᠎ᠤ 《ᠠᠵᠢᠯᠴᠢᠨ᠎ᠤ ᠡᠪᠯᠡᠯ ᠬᠠᠪᠰᠤᠷᠤᠨ ᠠᠵᠢᠯ ᠣᠯᠭᠣᠬᠤ》 ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠠᠵᠢᠯᠴᠢᠨ᠎ᠤ ᠡᠪᠯᠡᠯ᠎ᠦᠨ ᠠᠵᠢᠯ ᠣᠯᠭᠣᠬᠤ ᠪᠠ ᠦᠢᠯᠡᠰ ᠪᠤᠰᠭᠠᠬᠤ ᠬᠠᠮᠵᠢᠯᠴᠠᠭᠠᠨ᠎ᠤ ᠥᠪᠥᠷ ᠮᠣᠩᠭᠣᠯ᠎ᠳᠠᠬᠢ ᠠᠵᠢᠯᠲᠠᠨ ᠣᠷᠢᠵᠤ ᠡᠯᠰᠡᠬᠦ ᠲᠤᠰᠬᠠᠢ ᠲᠠᠯᠠᠪᠤᠷ ᠠᠵᠢᠯᠯᠠᠭ᠎ᠠ ᠨᠢ ᠥᠪᠥᠷ ᠮᠣᠩᠭᠣᠯ᠎ᠤᠨ ᠬᠤᠩ ᠳᠧ ᠨᠡᠢᠭᠡᠮ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠳᠡᠭᠡᠳᠦ ᠰᠤᠷᠭᠠᠭᠤᠯᠢ᠎ᠳᠤ ᠶᠠᠪᠤᠭᠳᠠᠪᠠ᠃ 

ᠠᠵᠢᠯᠲᠠᠨ ᠣᠷᠢᠵᠤ ᠡᠯᠰᠡᠬᠦ ᠠᠬᠤᠢ ᠲᠠᠯᠠᠪᠠᠢ᠎ᠳᠤ 150 ᠭᠠᠷᠤᠢ ᠰᠢᠯᠢᠳᠡᠭ ᠠᠵᠤ ᠠᠬᠤᠢᠯᠠᠯ ᠠᠵᠢᠯᠲᠠᠨ ᠣᠷᠢᠵᠤ ᠡᠯᠰᠡᠬᠦ ᠳᠥᠷᠪᠡᠨ ᠶᠡᠬᠡ ᠣᠨᠴᠠᠯᠢᠭ᠍ᠲᠤ ᠲᠤᠰᠬᠠᠢ ᠲᠣᠭᠤᠷᠢᠭ ᠬᠤᠪᠢᠶᠠᠪᠠ᠄ ᠪᠡᠭᠡᠵᠢᠩ ᠲᠢᠶᠠᠨᠵᠢᠨ ᠾᠧᠪᠧᠢ᠎ᠶ᠋ᠢᠨ ᠠᠵᠤ ᠠᠬᠤᠢᠯᠠᠯ᠎ᠤᠨ ᠠᠵᠢᠯᠲᠠᠨ ᠣᠷᠢᠵᠤ ᠡᠯᠰᠡᠬᠦ᠌ ᠲᠤᠰᠬᠠᠢ ᠲᠣᠭᠤᠷᠢᠭ ᠨᠢ ᠴᠢᠨᠠᠷᠵᠢᠭᠤᠨ ᠠᠵᠢᠯ᠎ᠤᠨ ᠪᠠᠢᠷᠢ᠎ᠶᠢ ᠳᠡᠯᠭᠡᠨ ᠦᠵᠡᠭᠦᠯᠵᠦ᠂ ᠪᠡᠭᠡᠵᠢᠩ ᠲᠢᠶᠠᠨᠵᠢᠨ ᠾᠧᠪᠧᠢ᠎ᠶ᠋ᠢ ᠬᠠᠮᠵᠢᠯᠴᠠᠨ ᠬᠥᠭ᠌ᠵᠢᠭᠦᠯᠬᠦ᠌᠎ᠳᠦ ᠦᠢᠯᠡᠴᠢᠯᠡᠨ᠎ᠡ; 《ᠢᠯᠡ᠎ᠪᠡᠷ ᠠᠵᠢᠯ ᠣᠯᠭᠣᠬᠤ》 ᠠᠵᠢᠯᠲᠠᠨ ᠣᠷᠢᠵᠤ ᠡᠯᠰᠡᠬᠦ᠌ ᠲᠤᠰᠬᠠᠢ ᠲᠣᠭᠤᠷᠢᠭ ᠨᠢ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠲᠦ ᠴᠢᠭᠯᠡᠭᠦᠯᠦᠨ᠂ 《ᠨᠢᠭᠡ ᠦᠷᠲᠡᠭᠡᠴᠢᠯᠡᠭ᠌ᠰᠡᠨ ᠮᠠᠶᠢᠭ᠋》᠎ᠤᠨ ᠦᠢᠯᠡᠴᠢᠯᠡᠭᠡ ᠬᠠᠩᠭᠠᠨ᠎ᠠ; ᠰᠢᠨ᠎ᠡ ᠠᠵᠢᠯ ᠣᠯᠭᠣᠯᠲᠠ᠎ᠶᠢᠨ ᠬᠡᠯᠪᠡᠷᠢ ᠪᠠᠢᠳᠠᠯ᠎ᠤᠨ ᠠᠵᠤ ᠠᠬᠤᠢᠯᠠᠯ᠎ᠤᠨ ᠠᠵᠢᠯᠲᠠᠨ ᠣᠷᠢᠵᠤ ᠡᠯᠰᠡᠬᠦ᠌ ᠲᠤᠰᠬᠠᠢ ᠲᠣᠭᠤᠷᠢᠭ ᠨᠢ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠣᠯᠠᠨ ᠶᠠᠩᠵᠤᠴᠢᠯᠠᠭ᠍ᠰᠠᠨ ᠠᠵᠢᠯ ᠣᠯᠭᠣᠯᠲᠠ᠎ᠶᠢᠨ ᠠᠵᠠ ᠲᠣᠬᠢᠶᠠᠯ᠎ᠢ ᠬᠠᠩᠭᠠᠨ᠎ᠠ; ᠥᠪᠥᠷ ᠮᠣᠩᠭᠣᠯ᠎ᠤᠨ ᠠᠵᠢᠯᠲᠠᠨ ᠬᠡᠷᠡᠭᠯᠡᠬᠦ ᠭᠣᠣᠯᠳᠠᠯᠭ᠎ᠠ ᠪᠣᠯᠬᠤ ᠠᠵᠤ ᠠᠬᠤᠢᠯᠠᠯ᠎ᠤᠨ ᠠᠵᠢᠯᠲᠠᠨ ᠤᠷᠢᠬᠤ ᠲᠤᠰᠬᠠᠢ ᠲᠣᠭᠤᠷᠢᠭ ᠨᠢ ᠲᠣᠰ ᠭᠠᠵᠠᠷ ᠣᠷᠣᠨ᠎ᠤ᠎ᠪᠡᠨ ᠬᠥᠭᠵᠢᠯᠲᠡ᠎ᠳᠦ ᠦᠢᠯᠡᠴᠢᠯᠡᠵᠦ᠂ ᠴᠢᠳᠠᠪᠤᠷᠢᠲᠠᠳ᠎ᠢ ᠬᠦᠲᠦᠯᠦᠨ ᠵᠢᠯᠣᠭᠣᠳᠴᠤ᠌ ᠪᠠᠢᠭᠠᠳ ᠥᠪᠥᠷ ᠮᠣᠩᠭᠣᠯ᠎ᠳᠤ ᠦᠯᠡᠳᠡᠭᠡᠨ ᠪᠦᠲᠦᠭᠡᠨ ᠪᠠᠢᠭᠤᠯᠤᠯᠲᠠ ᠬᠢᠬᠦ᠌᠎ᠳᠦ ᠣᠷᠣᠯᠴᠠᠭᠤᠯᠤᠨ᠎ᠠ᠃ 《ᠲᠣᠭᠤᠷᠢᠭ ᠬᠤᠪᠢᠶᠠᠨ ᠲᠥᠷᠥ᠎ᠶᠢᠨ ᠪᠣᠳᠣᠯᠭ᠎ᠠ ᠬᠡᠷᠡᠭᠵᠢᠭᠦᠯᠬᠦ᠂ ᠨᠠᠷᠢᠯᠢᠭ᠋ ᠣᠨᠣᠴᠠᠲᠠᠢ ᠵᠣᠯᠭᠠᠭᠤᠯᠬᠤ》 ᠬᠡᠪ ᠵᠠᠭᠪᠤᠷ᠎ᠢᠶᠠᠷ ᠳᠠᠮᠵᠢᠭᠤᠯᠤᠨ᠂ ᠠᠵᠢᠯ ᠡᠷᠢᠭᠰᠡᠳ᠎ᠲᠦ ᠥᠪᠡᠷ᠎ᠲᠦ ᠨᠢ ᠲᠣᠬᠢᠷᠠᠭ᠍ᠰᠠᠨ ᠠᠵᠢᠯ᠎ᠤᠨ ᠪᠠᠢᠷᠢ᠎ᠶᠢ ᠲᠦᠷᠭᠡᠨ ᠣᠯᠭᠣᠭᠤᠯᠬᠤ᠎ᠪᠠᠷ ᠴᠢᠷᠮᠠᠢᠪᠠ᠃ 

ᠪᠦᠷᠢᠳᠬᠡᠯ᠎ᠢ ᠦᠨᠳᠦᠰᠦᠯᠡᠪᠡᠯ᠂ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ ᠳᠥᠷᠪᠡᠨ ᠭᠠᠵᠠᠷ᠎ᠤᠨ ᠠᠵᠢᠯᠴᠢᠨ᠎ᠤ ᠶᠡᠷᠦᠩᠬᠡᠢ ᠡᠪᠯᠡᠯ ᠡᠬᠢ ᠪᠠᠶᠠᠯᠢᠭ᠋᠎ᠢᠶᠠᠨ ᠨᠡᠢᠳᠭᠡᠵᠦ᠍᠂ ᠰᠦᠯᠵᠢᠶ᠎ᠡ᠎ᠪᠡᠷ ᠪᠠ ᠰᠦᠯᠵᠢᠶᠡᠨ᠎ᠡᠴᠡ ᠭᠠᠳᠠᠭᠤᠷ ᠨᠡᠶ᠋ᠢᠲᠡ 753 ᠠᠵᠤ ᠠᠬᠤᠢᠯᠠᠯ᠎ᠢ ᠲᠡᠳᠡᠨ ᠰᠢᠨ᠎ᠡ ᠡᠨᠧᠷᠭᠢ᠂ ᠮᠡᠳᠡᠭᠡ ᠵᠠᠩᠭᠢ᠎ᠶᠢᠨ ᠮᠡᠷᠭᠡᠵᠢᠯ᠂ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ ᠵᠡᠷᠭᠡ ᠬᠦᠷᠢᠶᠡᠨ᠎ᠳᠡᠬᠢ 2075 ᠠᠵᠢᠯ᠎ᠤᠨ ᠪᠠᠢᠷᠢ ᠬᠠᠩᠭᠠᠵᠤ᠂ 21146 ᠬᠥᠮᠥᠨ ᠡᠯᠰᠡᠬᠦ᠎ᠪᠡᠷ ᠲᠥᠯᠥᠪᠯᠡᠵᠦ ᠪᠠᠢᠨ᠎ᠠ᠃ ᠠᠵᠢᠯᠯᠠᠭ᠎ᠠ᠎ᠶᠢᠨ ᠲᠤᠬᠠᠢ᠎ᠶᠢᠨ ᠡᠳᠦᠷ᠂ ᠰᠦᠯᠵᠢᠶᠡᠨ᠎ᠠᠴᠠ ᠭᠠᠳᠠᠭᠤᠷ ᠨᠡᠶ᠋ᠢᠲᠡ 1.4 ᠲᠦᠮᠡᠨ ᠠᠵᠢᠯ ᠡᠷᠢᠭᠰᠡᠳ᠎ᠢ ᠲᠠᠯᠠᠪᠠᠶ᠎ᠳᠤ ᠣᠷᠢᠨ ᠣᠷᠣᠯᠴᠠᠭᠤᠯᠵᠤ᠂ ᠰᠦᠯᠵᠢᠶ᠎ᠡ᠎ᠪᠡᠷ ᠠᠵᠢᠯᠲᠠᠨ ᠣᠷᠢᠵᠤ ᠡᠯᠰᠡᠬᠦ᠌ ᠠᠵᠢᠯᠯᠠᠭ᠎ᠠ᠎ᠳᠤ 6.3 ᠲᠦᠮᠡᠨ ᠬᠥᠮᠥᠨ ᠤᠳᠠᠭ᠎ᠠ ᠣᠷᠣᠯᠴᠠᠵᠤ᠂  ᠰᠦᠯᠵᠢᠶ᠎ᠡ᠎ᠪᠡᠷ ᠪᠠ ᠰᠦᠯᠵᠢᠶᠡᠨ᠎ᠠᠴᠠ ᠭᠠᠳᠠᠭᠤᠷ ᠨᠡᠶ᠋ᠢᠲᠡ 1.76 ᠲᠦᠮᠡᠨ ᠬᠤᠪᠢ ᠲᠣᠪᠴᠢ ᠨᠠᠮᠲᠠᠷ ᠲᠤᠱᠢᠶᠠᠭ᠍ᠰᠠᠨ ᠪᠠᠢᠨ᠎ᠠ᠃ 

ᠲᠣᠰ ᠤᠳᠠᠭᠠᠨ᠎ᠤ ᠠᠵᠢᠯᠯᠠᠭ᠎ᠠ᠎ᠳᠤ 《ᠳ᠋ᠢᠭᠢᠲ ᠤᠶᠤᠨᠴᠢ᠎ᠪᠠᠷ ᠡᠷᠴᠢᠮᠯᠡᠬᠦ᠌》 ᠪᠠ 《ᠰᠤᠷᠭᠠᠭᠤᠯᠢ ᠠᠵᠤ ᠠᠬᠤᠢᠯᠠᠯ ᠬᠠᠮᠵᠢᠯᠴᠠᠬᠤ》 ᠬᠣᠶᠠᠷ ᠶᠡᠬᠡ ᠬᠢᠯᠠᠰ ᠴᠡᠭ᠎ᠢ ᠳᠣᠪᠣᠶ᠋ᠢᠯᠭᠠᠵᠤ᠂ ᠣᠶᠤᠨᠴᠢᠯᠠᠭᠰᠠᠨ᠂ ᠨᠠᠷᠢᠯᠢᠭ᠋ ᠣᠨᠣᠴᠠᠲᠠᠢ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠰᠢᠨ᠎ᠡ ᠣᠢᠯᠠᠭᠠᠯᠲᠠ᠎ᠶ᠋ᠢ ᠪᠣᠶ ᠪᠣᠯᠭᠠᠪᠠ᠃ ᠠᠬᠤᠢ ᠲᠠᠯᠠᠪᠠᠢ᠎ᠳᠤ ᠲᠣᠬᠢᠷᠠᠭᠤᠯᠤᠭ᠍ᠰᠠᠨ 《 AI ᠳ᠋ᠢᠭᠢᠲ ᠤᠶᠤᠨᠴᠢ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠣᠭᠣᠷᠢᠭ᠋》᠎ᠲᠤ᠂ 《ᠠᠵᠢᠯᠴᠢᠨ᠎ᠤ ᠡᠪᠯᠡᠯ ᠠᠵᠢᠯ ᠣᠯᠭᠣᠬᠤ — ᠠᠵᠢᠯ ᠣᠯᠭᠣᠯᠲᠠ᠎ᠶᠢᠨ ᠳ᠋ᠢᠭᠢᠲ ᠤᠶᠤᠨᠴᠢ ᠡᠭᠦᠯᠡᠨ ᠵᠢᠷᠤᠭ》 ᠨᠢ ᠠᠵᠢᠯ᠎ᠤᠨ ᠪᠠᠢᠷᠢ᠎ᠶᠢᠨ ᠬᠡᠷᠡᠭᠴᠡᠭᠡ᠂ ᠴᠢᠳᠠᠪᠤᠷᠢᠲᠠᠨ᠎ᠤ ᠰᠢᠯᠵᠢᠯᠲᠡ ᠪᠠ ᠴᠠᠯᠢᠩ ᠬᠥᠯᠥᠰᠦ᠎ᠶᠢᠨ ᠲᠠᠷᠬᠠᠯᠲᠠ᠎ᠶᠢᠨ ᠪᠠᠢᠳᠠᠯ᠎ᠢ ᠴᠠᠭ ᠲᠤᠬᠠᠢ᠎ᠳᠤ ᠨᠢ ᠵᠠᠳᠠᠯᠤᠨ ᠰᠢᠨᠵᠢᠯᠡᠪᠡ; 《ᡁᠢ ᠳᠡ e ᠥᠷᠲᠡᠭᠡ》 ᠪᠣᠯᠣᠨ 《ᠳ᠋ᠢᠭᠢᠲ ᠤᠶᠤᠨᠴᠢ ᠠᠵᠢᠯ ᠣᠯᠭᠣᠯᠲᠠ᠎ᠶᠢᠨ ᠵᠠᠮᠴᠢᠯᠠᠭ᠍ᠴᠢ᠎ᠶᠢᠨ ᠲᠤᠰᠠᠯᠠᠭ᠍ᠴᠢ》 ᠨᠢ ᠠᠵᠢᠯ ᠡᠷᠢᠭᠰᠡᠳ᠎ᠲᠦ ᠨᠢᠭᠡ ᠯᠡ ᠳᠠᠷᠤᠪᠴᠢ᠎ᠪᠠᠷ ᠲᠣᠪᠴᠢ ᠨᠠᠮᠲᠠᠷ᠎ᠢᠶᠠᠨ ᠲᠤᠱᠢᠶᠠᠬᠤ᠂ ᠣᠶᠤᠨᠴᠢ᠎ᠪᠠᠷ ᠬᠥᠲᠥᠯᠥᠨ ᠵᠢᠯᠤᠭᠣᠳᠬᠤ᠂ ᠴᠠᠯᠢᠩ ᠬᠥᠯᠥᠰᠦ᠎ᠶᠢ ᠠᠵᠢᠭ᠍ᠯᠠᠬᠤ ᠵᠡᠷᠭᠡ ᠦᠪᠡᠷᠮᠢᠴᠢᠯᠡᠭ᠌ᠰᠡᠨ ᠦᠢᠯᠡᠴᠢᠯᠡᠭᠡ ᠬᠠᠩᠭᠠᠪᠠ; ᠵᠢᠷᠭᠤᠭᠠᠨ ᠶᠡᠬᠡ ᠰᠢᠭᠤᠳ ᠨᠡᠪᠲᠡᠷᠡᠭᠦᠯᠭᠡ᠎ᠶᠢᠨ ᠲᠤᠰᠬᠠᠢ ᠲᠠᠯᠠᠪᠤᠷ ᠠᠵᠢᠯᠯᠠᠭ᠎ᠠ᠎ᠶ᠋ᠢ ᠵᠡᠷᠭᠡ᠎ᠪᠡᠷ ᠠᠬᠢᠭᠤᠯᠵᠤ᠂ ᠰᠦᠯᠵᠢᠶ᠎ᠡ᠎ᠪᠡᠷ ᠨᠡᠶ᠋ᠢᠲᠡ 59.4 ᠲᠦᠮᠡᠨ ᠬᠥᠮᠥᠨ ᠤᠳᠠᠭ᠎ᠠ᠎ᠶ᠋ᠢ ᠲᠠᠲᠠᠨ ᠣᠷᠣᠯᠴᠠᠭᠤᠯᠪᠠ᠃ ᠡᠭᠦᠨ᠎ᠦ ᠬᠠᠮᠲᠤ᠂ 《ᠰᠤᠷᠭᠠᠭᠤᠯᠢ ᠠᠵᠤ ᠠᠬᠤᠢᠯᠠᠯ᠎ᠤᠨ ᠬᠠᠮᠲᠤᠷᠠᠯᠴᠠᠭ᠎ᠠ ᠬᠢᠭᠡᠳ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠵᠣᠯᠭᠠᠭᠤᠯᠬᠤ ᠲᠤᠰᠬᠠᠢ ᠲᠣᠭᠤᠷᠢᠭ》᠎ᠲᠤ᠂ 6 ᠶᠡᠬᠡ ᠳᠡᠭᠡᠳᠦ ᠰᠤᠷᠭᠠᠭᠤᠯᠢ ᠨᠢ ᠠᠵᠤ ᠠᠬᠤᠢᠯᠠᠯ ᠯᠤᠭ᠎ᠠ ᠠᠬᠤᠢ ᠲᠠᠯᠠᠪᠠᠢ᠎ᠳᠤ ᠵᠣᠯᠭᠠᠭᠤᠯᠵᠤ᠂ ᠬᠠᠨᠳᠤᠯᠭ᠎ᠠ᠎ᠲᠠᠢ᠎ᠪᠠᠷ ᠬᠥᠮᠥᠵᠢᠭᠦᠯᠬᠦ᠂ ᠳᠠᠳᠤᠯᠭ᠎ᠠ᠎ᠶ᠋ᠢᠨ ᠰᠠᠭᠤᠷᠢᠨ᠎ᠤ ᠪᠦᠲᠦᠭᠡᠨ ᠪᠠᠢᠭᠤᠯᠤᠯᠲᠠ ᠵᠡᠷᠭᠡ᠎ᠶᠢᠨ ᠲᠣᠭᠣᠷᠢᠨ᠎ᠳᠤ ᠭᠦᠨᠵᠡᠭᠡᠢ ᠵᠥᠪᠳᠡᠯᠴᠡᠭᠡ ᠬᠢᠵᠡᠢ᠃ 

ᠲᠣᠰ ᠤᠳᠠᠭᠠᠨ᠎ᠤ ᠲᠤᠰᠬᠠᠢ ᠲᠠᠯᠠᠪᠤᠷ ᠠᠵᠢᠯᠯᠠᠭ᠎ᠠ ᠪᠣᠯ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ ᠳᠥᠷᠪᠡᠨ ᠭᠠᠵᠠᠷ᠎ᠤᠨ ᠠᠵᠢᠯᠴᠢᠨ᠎ᠤ ᠶᠡᠷᠦᠩᠬᠡᠢ ᠡᠪᠯᠡᠯ᠎ᠦᠨ ᠴᠢᠨᠠᠷ ᠰᠠᠢᠲᠠᠢ ᠪᠥᠭᠡᠳ ᠭᠦᠢᠴᠡᠳ ᠠᠵᠢᠯ ᠣᠯᠭᠣᠯᠲᠠ᠎ᠶᠢ ᠠᠬᠢᠭᠤᠯᠬᠤ ᠲᠠᠯ᠎ᠠ᠎ᠪᠠᠷ ᠬᠢ ᠨᠢᠭᠡ ᠤᠳᠠᠭᠠᠨ᠎ᠤ ᠰᠢᠨ᠎ᠡ᠎ᠶᠢ ᠡᠭᠦᠳᠦᠭ᠌ᠰᠡᠨ ᠦᠢᠯᠡᠳᠦᠯᠭᠡ ᠪᠣᠯᠣᠨ᠎ᠠ᠂ ᠰᠦᠯᠵᠢᠶᠡᠨ᠎ᠠᠴᠠ ᠭᠠᠳᠠᠭᠤᠷ ᠠᠵᠢᠯᠲᠠᠨ ᠣᠷᠢᠵᠤ ᠡᠯᠰᠡᠭ᠌ᠰᠡᠨ᠎ᠦ ᠳᠠᠭᠠᠤ᠎ᠳᠤ ᠨᠢ ᠰᠦᠯᠵᠢᠶ᠎ᠡ᠎ᠪᠡᠷ ᠠᠵᠢᠯᠲᠠᠨ ᠣᠷᠢᠵᠤ ᠡᠯᠰᠡᠬᠦ᠌ ᠴᠤᠭᠯᠠᠭᠠᠨ᠎ᠢ ᠴᠦ᠍ ᠵᠡᠷᠬᠡ᠎ᠪᠡᠷ ᠡᠬᠢᠯᠡᠭᠦᠯᠵᠡᠢ᠂ ᠲᠣᠰ ᠤᠳᠠᠭᠠᠨ᠎ᠤ ᠠᠵᠢᠯᠯᠠᠭ᠎ᠠ ᠨᠢ ᠨᠢᠭᠡ ᠰᠠᠷ᠎ᠠ᠎ᠶ᠋ᠢᠨ ᠬᠤᠭᠤᠴᠠᠭ᠎ᠠ ᠲᠠᠢ᠎ᠪᠠᠷ ᠶᠠᠪᠤᠭ᠍ᠳᠠᠬᠤ ᠪᠣᠯᠣᠨ᠎ᠠ᠃ 

 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ