ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠲᠠᠷᠢᠶᠠᠨ ᠭᠠᠵᠠᠷ᠎ᠲᠤ ᠤᠰᠤ ᠠᠷᠪᠢᠯᠠᠬᠤ ᠠᠩᠬᠠᠳᠠᠭ᠍ᠴᠢ ᠬᠠᠤᠯᠢ ᠲᠣᠭᠲᠠᠭᠠᠯ᠎ᠢ ᠨᠡᠢᠲᠡᠯᠡᠪᠡ
ᠰᠤᠷᠪᠤᠯᠵᠢᠯᠠᠭ᠍ᠴᠢ ᠪᠠᠶᠠᠨᠨᠠᠭᠤᠷ ᠬᠣᠲᠠ᠎ᠶᠢᠨ ᠤᠰᠤᠨ ᠠᠰᠢᠭ᠍ᠯᠠᠯᠲᠠ᠎ᠶᠢᠨ ᠲᠣᠪᠴᠢᠶ᠎ᠠ᠎ᠠᠴᠠ ᠣᠢᠯᠠᠭᠠᠭᠰᠠᠨ᠎ᠢᠶᠠᠷ ᠂ 《 ᠪᠠᠶᠠᠨᠨᠠᠭᠤᠷ ᠬᠣᠲᠠ᠎ᠶᠢᠨ ᠲᠠᠷᠢᠶᠠᠨ ᠭᠠᠵᠠᠷ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠬᠠᠮᠢᠶᠠᠷᠤᠯᠲᠠ᠎ᠶᠢᠨ ᠳᠦᠷᠢᠮ 》 ( ᠳᠣᠷᠣᠭ᠍ᠰᠢ 《 ᠳᠦᠷᠢᠮ 》 ᠭᠡᠵᠦ ᠲᠣᠪᠴᠢᠯᠠᠨ᠎ᠠ )᠎ᠢ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠠᠷᠪᠠᠨ ᠨᠠᠢ᠍ᠮᠠᠳᠤᠭᠠᠷ ᠬᠤᠷᠠᠯᠳᠤᠭᠠᠨ᠎ᠢᠶᠠᠷ ᠵᠥᠪᠰᠢᠶᠡᠷᠡᠭᠦᠯᠦᠭᠡᠳ ᠂ 2026 ᠣᠨ᠎ᠤ 1 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠬᠦ᠎ᠪᠡᠷ ᠪᠠᠢᠨ᠎ᠠ᠃ ᠲᠣᠰ 《 ᠳᠦᠷᠢᠮ 》 ᠪᠣᠯ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠲᠠᠷᠢᠶᠠᠨ ᠭᠠᠵᠠᠷ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠬᠠᠮᠢᠶᠠᠷᠤᠯᠲᠠ᠎ᠳᠤ ᠴᠢᠭᠯᠡᠭᠦᠯᠦᠭᠰᠡᠨ ᠣᠷᠣᠨ ᠨᠤᠲᠤᠭ᠎ᠤᠨ ᠴᠢᠨᠠᠷᠲᠠᠢ ᠠᠩᠬᠠᠳᠠᠭ᠍ᠴᠢ ᠬᠠᠤᠯᠢ ᠲᠣᠭᠲᠠᠭᠠᠯ ᠪᠣᠯᠣᠨ᠎ᠠ ᠂ ᠡᠨᠡ ᠨᠢ ᠤᠰᠤᠯᠠᠯᠲᠠ᠎ᠶᠢᠨ ᠣᠷᠣᠨ᠎ᠤ ᠤᠰᠤ ᠠᠷᠪᠢᠯᠠᠬᠤ ᠬᠠᠮᠢᠶᠠᠷᠤᠯᠲᠠ ᠬᠠᠤᠯᠢ᠎ᠪᠠᠷ ᠵᠠᠰᠠᠬᠤ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ ᠃ 《ᠳᠦᠷᠢᠮ》᠎ᠳᠤ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠤᠰᠤ ᠵᠠᠯᠠᠬᠤ ᠳᠣᠯᠣᠳᠤᠭᠠᠷ ᠳᠡᠰ᠎ᠤᠨ ᠣᠨᠴᠠᠯᠢᠭ᠋᠎ᠲᠤ ᠠᠩᠬᠠᠷᠤᠯ᠎ᠢᠶᠠᠨ ᠲᠥᠪᠯᠡᠷᠡᠭᠦᠯᠦᠨ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠎ᠶᠢ ᠬᠢᠵᠠᠭᠠᠷᠯᠠᠬᠤ᠂ ᠲᠥᠯᠥᠪᠯᠡᠭᠡ᠎ᠲᠠᠢ᠎ᠪᠡᠷ ᠤᠰᠤ ᠬᠡᠷᠡᠭᠯᠡᠬᠦ᠂ ᠪᠠᠷᠢᠯᠭ᠎ᠠ᠎ᠳᠤ ᠤᠰᠤ ᠠᠷᠪᠢᠯᠠᠬᠤ᠂ ᠲᠠᠷᠢᠶᠠᠯᠠᠩ᠎ᠤᠨ ᠮᠡᠷᠭᠡᠵᠢᠯ᠎ᠢᠶᠠᠷ ᠤᠰᠤ ᠠᠷᠪᠢᠯᠠᠬᠤ ᠵᠡᠷᠭᠡ ᠪᠦᠲᠦᠮᠵᠢᠲᠡᠢ ᠲᠤᠷᠰᠢᠯᠭ᠎ᠠ᠎ᠶᠢ ᠬᠠᠤᠯᠢ ᠴᠠᠭᠠᠵᠠ᠎ᠶᠢᠨ ᠲᠣᠭᠲᠠᠭᠠᠯ ᠪᠣᠯᠭᠠᠨ ᠬᠤᠪᠢᠷᠠᠭᠤᠯᠤᠭᠰᠠᠨ ᠪᠠᠢᠨ᠎ᠠ᠃ ᠢᠯᠠᠩᠭᠤᠶ᠎ᠠ ᠪᠥᠬᠥ ᠬᠣᠲᠠ᠎ᠶᠢᠨ 358 ᠲᠠᠷᠢᠶᠠᠴᠢᠨ ᠡᠷᠦᠬᠡ᠎ᠶᠢᠨ ᠤᠰᠤ ᠬᠡᠷᠡᠭᠯᠡᠬᠦ ᠬᠣᠷᠰᠢᠶᠠᠯᠠᠯ᠎ᠤᠨ ᠵᠣᠬᠢᠶᠠᠨ ᠪᠠᠢᠭᠤᠯᠤᠯᠲᠠ᠎ᠶᠢᠨ ᠡᠭᠦᠷᠭᠡ ᠴᠢᠳᠠᠪᠤᠷᠢ᠎ᠶᠢ ᠲᠣᠳᠣᠷᠬᠠᠢᠯᠠᠵᠤ ᠂ ᠤᠰᠤ ᠠᠷᠪᠢᠯᠠᠬᠤ ᠬᠠᠮᠢᠶᠠᠷᠤᠯᠲᠠ᠎ᠶᠢᠨ 《 ᠡᠴᠦᠰ᠎ᠦᠨ ᠨᠢᠭᠡ ᠺᠢᠯᠣᠮᠧᠲᠷ 》᠎ᠢ ᠨᠡᠪᠲᠡᠷᠡᠭᠦᠯᠪᠡ ᠃ ᠬᠠᠤᠯᠢ ᠲᠣᠭᠲᠠᠭᠠᠬᠤ ᠶᠠᠪᠤᠴᠠ᠎ᠳᠤ ᠂ ᠪᠠᠶᠠᠨᠨᠠᠭᠤᠷ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠨᠢ ᠡᠭᠦᠳᠡ᠎ᠪᠡᠨ ᠨᠡᠭᠡᠭᠡᠵᠦ ᠬᠠᠤᠯᠢ ᠲᠣᠭᠲᠠᠭᠠᠬᠤ᠎ᠶᠢ ᠪᠠᠷᠢᠮᠲᠠᠯᠠᠨ ᠂ ᠦᠨᠳᠦᠰᠦᠨ ᠱᠠᠲᠤᠨ᠎ᠳᠤ ᠭᠦᠨᠵᠡᠭᠡᠢᠷᠡᠨ ᠰᠠᠨᠠᠯ ᠬᠤᠷᠢᠶᠠᠵᠤ᠂ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ ᠤᠰᠤ ᠬᠡᠷᠡᠭᠯᠡᠬᠦ ᠡᠷᠦᠬᠡ᠎ᠨᠦᠭᠦᠳ ᠂ ᠲᠤᠰᠬᠠᠢ ᠮᠡᠷᠭᠡᠵᠢᠯᠲᠡᠳ ᠂ ᠦᠨᠳᠦᠰᠦᠨ ᠱᠠᠲᠤᠨ᠎ᠤ ᠲᠥᠯᠥᠭᠡᠯᠡᠭᠴᠢᠳ᠎ᠦᠨ ᠰᠠᠨᠠᠭᠤᠯᠭ᠎ᠠ ᠨᠤᠭᠤᠳ᠎ᠢ ᠥᠷᠭᠡᠨ᠎ᠢᠶᠡᠷ ᠬᠦᠯᠢᠶᠡᠨ ᠠᠪᠴᠤ ᠂ ᠠᠷᠠᠳ᠎ᠤᠨ ᠬᠦᠰᠡᠯ ᠱᠠᠭᠠᠷᠳᠠᠯᠭᠠᠨᠤᠭᠤᠳᠢ ᠪᠣᠳᠠᠲᠠᠢ ᠵᠦᠢᠯ ᠵᠤᠷᠪᠤᠰ ᠪᠣᠯᠭᠠᠨ ᠬᠤᠪᠢᠷᠠᠭᠤᠯᠤᠭᠠᠳ ᠂ 《 ᠬᠠᠤᠯᠢ᠎ᠪᠠᠷ ᠵᠠᠰᠠᠬᠤ + ᠥᠪᠡᠷᠲᠡᠭᠡᠨ ᠵᠠᠰᠠᠬᠤ 》 ᠤᠰᠤ ᠬᠡᠷᠡᠭᠯᠡᠬᠦ ᠬᠠᠮᠢᠶᠠᠷᠤᠯᠲᠠ᠎ᠶᠢᠨ ᠰᠢᠨ᠎ᠡ ᠲᠣᠭᠲᠠᠴᠠ᠎ᠶᠢ ᠪᠣᠶ ᠪᠣᠯᠭᠠᠪᠠ ᠃ ᠲᠣᠰ 《 ᠳᠦᠷᠢᠮ 》 ᠨᠢ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠤᠰᠤᠨ᠎ᠤ ᠡᠬᠢ ᠰᠤᠷᠪᠤᠯᠵᠢ᠎ᠶᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ ᠪᠠ ᠲᠠᠷᠢᠶᠠᠯᠠᠩ᠎ᠤᠨ ᠤᠨᠠᠯᠲᠠ ᠪᠠ ᠦᠷ᠎ᠡ ᠠᠰᠢᠭ᠎ᠢᠶᠠᠨ ᠨᠡᠮᠡᠭᠳᠡᠭᠦᠯᠬᠦ᠎ᠶᠢ ᠠᠬᠢᠭᠤᠯᠬᠤ ᠬᠠᠤᠯᠢ ᠲᠣᠭᠲᠠᠭᠠᠯᠲᠠ᠎ᠶᠢᠨ ᠬᠣᠭᠣᠰᠤᠨ᠎ᠢ ᠨᠥᠬᠥᠪᠦᠷᠢᠯᠡᠭᠰᠡᠨ᠎ᠢᠶᠡᠷ ᠦᠯᠦ ᠪᠠᠷᠠᠮ᠂ ᠪᠠᠰᠠ ᠬᠠᠲᠤᠨ ᠭᠣᠣᠯ᠎ᠤᠨ ᠰᠠᠪᠠ ᠭᠠᠵᠠᠷ ᠴᠢᠨᠠᠭᠰᠢᠯᠠᠪᠠᠯ ᠪᠥᠬᠥ ᠤᠯᠤᠰ᠎ᠤᠨ ᠣᠨᠴᠠ ᠲᠣᠮᠣ᠌ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠳᠤ ᠲᠠᠷᠢᠶᠠᠨ ᠭᠠᠵᠠᠷ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠬᠠᠮᠢᠶᠠᠷᠤᠯᠲᠠ᠎ᠶᠢᠨ ᠨᠠᠩ ᠥᠨᠳᠥᠷ ᠲᠦᠪᠰᠢᠨ ᠪᠦᠬᠦᠢ ᠲᠣᠭᠲᠠᠯᠴᠠᠭ᠎ᠠ᠎ᠶᠢ ᠪᠠᠶ᠋ᠢᠭᠤᠯᠬᠤ᠎ᠳᠤ ᠬᠠᠤᠯᠢ᠎ᠪᠠᠷ ᠵᠠᠰᠠᠬᠤ ᠦᠯᠢᠭᠡᠷ ᠵᠠᠭᠪᠤᠷ᠎ᠢ ᠬᠠᠩᠭᠠᠭᠰᠠᠨ ᠪᠠᠢᠨ᠎ᠠ ᠃ 《 ᠳᠦᠷᠢᠮ 》 ᠨᠢ ᠪᠠᠰᠠ ᠠᠮᠤ ᠪᠤᠳᠠᠭᠠᠨ᠎ᠤ ᠠᠮᠤᠷ ᠲᠦᠪᠰᠢᠨ᠂ ᠠᠮᠢ ᠠᠬᠤᠢ᠎ᠶᠢᠨ ᠠᠮᠤᠷ ᠲᠦᠪᠰᠢᠨ ᠪᠠ ᠤᠰᠤᠨ᠎ᠤ ᠡᠬᠢ ᠰᠤᠷᠪᠤᠯᠵᠢ᠎ᠶᠢ ᠦᠷᠭᠦᠯᠵᠢᠯᠡᠨ ᠠᠰᠢᠭ᠍ᠯᠠᠬᠤ᠎ᠶᠢ ᠪᠠᠲᠤᠯᠠᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ ᠪᠣᠯ ᠪᠦᠬᠦ ᠤᠯᠤᠰ᠎ᠤᠨ 3 ᠣᠨᠴᠠ ᠲᠣᠮᠣ᠌ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠤ ᠨᠢᠭᠡ ᠪᠣᠯᠬᠤ ᠪᠥᠭᠡᠳ ᠠᠽᠢᠶ᠎ᠠ ᠲᠢᠪ ᠲᠡᠬᠢ ᠭᠣᠣᠯ᠎ᠤᠨ ᠤᠷᠤᠰᠬᠠᠯ᠎ᠳᠤ ᠳᠣᠭᠲᠠᠪᠤᠷᠢᠲᠠᠢ ᠤᠰᠤ ᠵᠠᠯᠠᠬᠤ ᠨᠢᠭᠡ ᠯᠠ ᠠᠮᠠᠰᠠᠷ ᠲᠠᠢ ᠬᠠᠮᠤᠭ᠎ᠤᠨ ᠲᠣᠮᠣ᠌ ᠤᠰᠤᠯᠠᠯᠲᠠ᠎ᠶᠢᠨ ᠣᠷᠣᠨ ᠪᠣᠯᠣᠨ᠎ᠠ᠂ ᠬᠠᠳᠤᠨ ᠭᠣᠣᠯ ᠤᠰᠤ ᠲᠠᠲᠠᠵᠤ ᠤᠰᠤᠯᠠᠭᠠᠳ ᠨᠢᠭᠡᠨᠲᠡ 2000 ᠭᠠᠷᠤᠢ ᠵᠢᠯ᠎ᠦᠨ ᠲᠡᠦᠬᠡ᠎ᠲᠠᠢ ᠪᠣᠯᠵᠠᠢ᠃ ᠬᠠᠲᠤᠨ ᠭᠣᠣᠯ᠎ᠤᠨ ᠤᠰᠤᠨ᠎ᠤ ᠤᠰᠤᠯᠠᠯᠲᠠ᠎ᠪᠡᠷ᠂ ᠪᠣᠷᠣᠳᠣᠬᠣᠢ᠎ᠶᠢᠨ ᠲᠠᠯ᠎ᠠ ᠭᠠᠵᠠᠷ ᠨᠢ ᠡᠳ᠋ ᠭᠠᠷᠤᠯᠲᠠ ᠡᠯᠪᠡᠭ ᠪᠠᠶᠠᠯᠢᠭ᠋ ᠲᠠᠢ᠂ 《 ᠪᠣᠭᠣᠮᠲᠠ᠎ᠶᠢᠨ ᠭᠠᠳᠠᠨᠠᠬᠢ ᠠᠮᠤ ᠪᠤᠳᠠᠭᠠᠨ᠎ᠤ ᠬᠥᠮᠥᠷᠭᠡ 》 ᠭᠡᠰᠡᠨ ᠰᠠᠢᠬᠠᠨ ᠠᠯᠳᠠᠷ ᠲᠠᠢ ᠪᠠᠢᠵᠤ᠂ ᠤᠯᠤᠰ᠎ᠤᠨ ᠲᠠᠸᠠᠷ᠎ᠤᠨ ᠠᠮᠤ ᠲᠣᠰᠣᠨ᠎ᠤ ᠦᠢᠯᠡᠳᠪᠦᠷᠢᠯᠡᠯ᠎ᠦᠨ ᠴᠢᠬᠤᠯᠠ ᠰᠠᠭᠤᠷᠢᠨ ᠭᠠᠵᠠᠷ ᠪᠠ ᠡᠬᠡ ᠤᠯᠤᠰ᠎ᠤᠨ ᠤᠮᠠᠷᠠᠲᠤ ᠬᠢᠵᠠᠭᠠᠷ᠎ᠤᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠴᠢᠬᠤᠯᠠ ᠪᠦᠷᠢᠯᠳᠦᠭᠦᠨ ᠬᠡᠰᠡᠭ ᠪᠣᠯᠪᠠ᠃
ᠣᠷᠳᠣᠰ ᠬᠣᠲᠠ᠎ᠶᠢᠨ ᠥᠨᠳᠥᠷ ᠪᠦᠲᠦᠮᠵᠢᠲᠡᠶ᠎ᠪᠠᠷ ᠤᠰᠤ ᠠᠷᠪᠢᠯᠠᠬᠤ ᠲᠤᠷᠰᠢᠯᠲᠠ ᠠᠩᠬ᠎ᠠ ᠠᠯᠬᠤᠮ᠎ᠤᠨ ᠦᠷ᠎ᠡ ᠪᠦᠲᠦᠮᠵᠢ ᠣᠯᠪᠠ
2025 ᠣᠨ᠎ᠳᠤ᠂ ᠣᠷᠳᠣᠰ ᠬᠣᠲᠠ᠎ᠶᠢᠨ ᠲᠠᠷᠢᠶᠠᠨ ᠭᠠᠵᠠᠷ᠎ᠤᠨ ᠤᠰᠤ ᠠᠷᠪᠢᠯᠠᠬᠤ ᠤᠰᠤᠯᠠᠯᠲᠠ᠎ᠶᠢᠨ ᠲᠤᠬᠠᠢ ᠬᠠᠢᠨ ᠰᠦᠪᠡᠭᠴᠢᠯᠡᠬᠦ ᠲᠤᠷᠰᠢᠯᠲᠠ ᠨᠢᠭᠡᠨᠲᠡ ᠠᠩᠬ᠎ᠠ ᠠᠯᠬᠤᠮ᠎ᠤᠨ ᠦᠷ᠎ᠡ ᠪᠦᠲᠦᠮᠵᠢ ᠣᠯᠪᠠ᠃ ᠭᠣᠣᠯ ᠳᠠᠭᠠᠤ ᠭᠠᠵᠠᠷ ᠣᠷᠣᠨ᠎ᠤ ᠤᠰᠤ ᠠᠷᠪᠢᠯᠠᠬᠤ ᠲᠠᠷᠢᠶᠠᠯᠠᠩ᠎ᠤᠨ 《ᠬᠤᠱᠢᠭᠤᠴᠢ ᠵᠢᠭ᠍ᠰᠠᠭᠠᠯ᠎ᠤᠨ ᠭᠠᠵᠠᠷ》 ᠪᠣᠯᠤᠭᠰᠠᠨ᠎ᠤ ᠬᠤᠪᠢ᠎ᠳᠤ᠂ ᠡᠷᠳᠡᠨᠢ ᠰᠢᠰᠢ ᠪᠣᠯᠣᠨ ᠨᠡᠷᠡᠨ ᠬᠣᠸᠠᠷ᠎ᠤᠨ ᠥᠨᠳᠥᠷ ᠪᠦᠲᠦᠮᠵᠢᠲᠦ ᠤᠰᠤ ᠪᠣᠷᠳᠣᠭᠤᠷ᠎ᠤᠨ ᠲᠤᠷᠰᠢᠯᠲᠠ᠎ᠶᠢᠨ ᠲᠠᠷᠢᠶ᠎ᠠ ᠨᠢ ᠨᠠᠷᠢᠯᠢᠭ᠋ ᠣᠨᠣᠪᠴᠢᠲᠠᠢ ᠬᠡᠮᠵᠢᠶᠡᠵᠢᠭᠦᠯᠦᠭᠰᠡᠨ ᠤᠰᠤᠯᠠᠯᠲᠠ᠎ᠶᠢᠨ ᠲᠣᠭ᠎ᠠ ᠪᠠᠷᠢᠮᠲᠠ᠎ᠪᠠᠷ ᠳᠠᠮᠵᠢᠨ᠂ ᠬᠠᠳᠤᠨ ᠭᠣᠣᠯ᠎ᠤᠨ ᠤᠰᠤᠯᠠᠯᠲᠠ᠎ᠶᠢᠨ ᠣᠷᠣᠨ᠂ ᠭᠠᠩ ᠬᠠᠭᠤᠷᠠᠢ ᠬᠠᠭᠠᠰ ᠭᠠᠩ ᠬᠠᠭᠤᠷᠠᠢ ᠣᠷᠣᠨ᠎ᠳᠤ ᠬᠠᠭᠤᠯᠪᠤᠷᠢᠯᠠᠵᠤ ᠪᠣᠯᠬᠤ ᠦᠢᠯᠡᠳᠦᠯᠭᠡ᠎ᠶᠢᠨ ᠵᠠᠭᠪᠤᠷ᠎ᠢ ᠬᠠᠩᠭᠠᠵᠤ ᠪᠠᠢᠨ᠎ᠠ᠃ ᠬᠤᠳᠠ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠮᠡᠷᠭᠡᠵᠢᠯ᠎ᠢ ᠳᠡᠯᠭᠡᠷᠡᠭᠦᠯᠬᠦ ᠲᠥᠪ᠎ᠤᠨ ᠬᠢᠨ ᠳᠤᠰᠤᠯᠭᠠᠨ ᠤᠰᠤᠯᠠᠬᠤ ᠣᠷᠣᠨ᠎ᠳᠦ ᠤᠯᠠᠨ ᠵᠦᠢᠯ᠎ᠦᠨ ᠤᠰᠤᠨ᠎ᠤ ᠬᠡᠮᠵᠢᠶ᠎ᠡ᠎ᠶᠢᠨ ᠲᠤᠷᠰᠢᠯᠲᠠ᠎ᠶᠢᠨ ᠬᠠᠷᠢᠴᠠᠭᠤᠯᠤᠯ᠎ᠢ ᠲᠣᠬᠢᠷᠠᠭᠤᠯᠵᠠᠢ᠃ ᠤᠰᠤᠨ᠎ᠤ ᠬᠡᠮᠵᠢᠶ᠎ᠡ ᠨᠢ 270 ᠺᠦᠪ ᠮᠧᠲᠷ ᠬᠦᠷᠬᠦ᠌ ᠦᠶᠡᠰ᠂ ᠲᠠᠷᠢᠮᠠᠯ᠎ᠤᠨ ᠣᠷᠭᠣᠯᠲᠠ ᠨᠢ ᠨᠡᠯᠢᠶᠡᠳ ᠰᠠᠢᠨ᠂ ᠤᠷᠭᠤᠮᠠᠯ᠎ᠤᠨ ᠤᠷᠭᠤᠴᠠ ᠨᠢ ᠢᠳᠡᠷᠡᠭᠦᠨ᠂ ᠨᠠᠪᠴᠢ ᠨᠢ ᠨᠣᠮᠢᠨ ᠨᠣᠭᠣᠭᠠᠨ᠂ ᠦᠨᠳᠦᠰᠦ᠎ᠶ᠋ᠢᠨ ᠱᠢᠰᠲ᠋ᠧᠮ ᠨᠢ ᠬᠥᠭᠵᠢᠭᠰᠡᠨ ᠪᠠᠢᠳᠠᠭ᠃ 270 ᠺᠦᠪ ᠮᠧᠲᠷ᠎ᠦᠨ ᠳᠤᠰᠤᠯᠭᠠᠨ ᠤᠰᠤᠯᠠᠬᠤ ᠤᠰᠤᠨ᠎ᠤ ᠬᠡᠮᠵᠢᠶ᠎ᠡ ᠨᠢ ᠲᠠᠷᠢᠮᠠᠯ᠎ᠤᠨ ᠤᠰᠤᠨ᠎ᠤ ᠬᠡᠷᠡᠭᠴᠡᠭᠡ᠎ᠶᠢ ᠨᠡᠯᠢᠶᠡᠳ ᠰᠠᠢᠨ ᠬᠠᠩᠭᠠᠬᠤ᠎ᠶᠢᠨ ᠬᠠᠮᠲᠤ᠂ ᠤᠰᠤᠨ᠎ᠤ ᠡᠬᠢ ᠪᠠᠶᠠᠯᠢᠭ᠋᠎ᠢ ᠥᠨᠳᠥᠷ ᠪᠦᠲᠦᠮᠵᠢᠲᠡᠶ᠎ᠪᠡᠷ ᠠᠰᠢᠭ᠍ᠯᠠᠬᠤ᠎ᠶᠢ ᠪᠡᠶᠡᠯᠡᠭᠦᠯᠵᠦ ᠴᠢᠳᠠᠨ᠎ᠠ ᠭᠡᠳᠡᠭ᠎ᠢ ᠠᠩᠬ᠎ᠠ ᠠᠯᠬᠤᠮ ᠬᠠᠷᠠᠭᠤᠯᠤᠭᠰᠠᠨ ᠪᠠᠢᠨ᠎ᠠ᠃ ᠥᠨᠳᠥᠷ ᠪᠦᠲᠦᠮᠵᠢᠲᠡᠶ᠎ᠪᠡᠷ ᠤᠰᠤ ᠠᠷᠪᠢᠯᠠᠬᠤ ᠲᠤᠷᠰᠢᠯᠲᠠ᠎ᠶᠢ ᠳᠡᠯᠭᠡᠷᠡᠭᠦᠯᠬᠦ ᠨᠢ ᠤᠯᠠᠨ ᠲᠠᠯ᠎ᠠ᠎ᠶᠢᠨ᠂ ᠭᠦᠨ ᠳᠠᠪᠬᠤᠷᠭ᠎ᠠ᠎ᠶᠢᠨ ᠴᠢᠬᠤᠯᠠ ᠠᠴᠢ ᠬᠣᠯᠪᠣᠭᠳᠠᠯ᠎ᠲᠠᠢ ᠪᠠᠢᠵᠤ᠂ ᠡᠬᠢ ᠪᠠᠶᠠᠯᠢᠭ᠋ ᠦᠨ ᠦᠷᠬᠦᠯᠵᠢᠯᠡᠬᠦᠢᠴᠡ ᠠᠱᠢᠭ᠍ᠯᠠᠯᠲᠠ᠎ᠳᠤ ᠬᠣᠯᠪᠣᠭᠳᠠᠬᠤ ᠮᠥᠷᠲᠡᠭᠡᠨ ᠪᠠᠰᠠ ᠠᠵᠤ ᠠᠬᠤᠢ᠎ᠶᠢᠨ ᠬᠥᠭᠵᠢᠯᠲᠡ᠂ ᠠᠮᠢ ᠠᠬᠤᠢ᠎ᠶᠢᠨ ᠬᠠᠮᠠᠭᠠᠯᠠᠯᠲᠠ ᠪᠠ ᠨᠡᠢᠭᠡᠮ᠎ᠦᠨ ᠲᠣᠭᠲᠠᠭᠤᠨ᠎ᠢ ᠨᠥᠯᠥᠭᠡᠯᠡᠵᠦ ᠪᠠᠢᠳᠠᠭ᠂ ᠡᠭᠦᠨ᠎ᠦ ᠭᠣᠣᠯᠳᠠᠯᠭ᠎ᠠ ᠨᠢ ᠮᠡᠷᠭᠡᠵᠢᠯ ᠬᠢᠭᠡᠳ ᠬᠡᠪ ᠵᠠᠭᠪᠤᠷ᠎ᠤᠨ ᠰᠢᠨ᠎ᠡ᠎ᠶᠢ ᠡᠭᠦᠳᠬᠦ᠌᠎ᠪᠡᠷ ᠳᠠᠮᠵᠢᠨ᠂ ᠤᠰᠤᠨ᠎ᠤ ᠡᠬᠢ ᠪᠠᠶᠠᠯᠢᠭ᠋᠎ᠤᠨ ᠬᠠᠩᠭᠠᠯᠭ᠎ᠠ ᠬᠡᠷᠡᠭ᠌ᠴᠡᠭᠡᠨ᠎ᠦ ᠵᠥᠷᠢᠴᠡᠯ᠎ᠢ ᠨᠠᠮᠳᠠᠭᠤᠯᠵᠤ᠂ ᠨᠡᠢᠭᠡᠮ᠎ᠢ ᠪᠣᠬᠢᠷᠲᠤᠯ ᠦᠭᠡᠢ ᠨᠡᠭᠦᠷᠡᠰᠦᠳᠦ᠋ᠷᠦᠭ᠌ᠴᠢ ᠪᠠᠭ᠎ᠠ ᠭᠠᠳᠠᠭ᠍ᠰᠢᠯᠠᠭᠤᠯᠬᠤ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠯᠬᠢᠨ ᠠᠬᠢᠭᠤᠯᠬᠤ᠎ᠳᠤ ᠪᠠᠢᠨ᠎ᠠ᠃ ᠲᠤᠷᠰᠢᠯᠲᠠ᠎ᠶᠢᠨ ᠲᠥᠷᠥᠯ ᠵᠦᠢᠯ ᠨᠢ ᠰᠢᠭᠤᠳ ᠢᠯᠡᠷᠬᠡᠢ ᠤᠰᠤ ᠠᠷᠪᠢᠯᠠᠬᠤ ᠦᠷ᠎ᠡ ᠪᠦᠲᠦᠮᠵᠢ᠎ᠪᠡᠷ ᠳᠠᠮᠵᠢᠨ᠂ ᠣᠯᠠᠨ ᠨᠡᠶ᠋ᠢᠲᠡ᠎ᠳᠦ ᠤᠰᠤ ᠠᠷᠪᠢᠯᠠᠬᠤ ᠳᠠᠯᠳᠠ ᠬᠦᠴᠦᠨ᠎ᠢ ᠰᠢᠭᠤᠳ ᠲᠠᠨᠢᠭᠤᠯᠵᠤ᠂ ᠪᠥᠬᠥ ᠨᠡᠢᠭᠡᠮ᠎ᠢᠶᠡᠷ᠎ᠢᠶᠡᠨ ᠤᠰᠤ ᠠᠷᠪᠢᠯᠠᠬᠤ ᠳᠠᠳᠬᠠᠯ᠎ᠢ ᠪᠣᠢ ᠪᠣᠯᠭᠠᠬᠣ᠎ᠶᠢ ᠨᠢ ᠲᠦᠯᠬᠢᠨ ᠠᠬᠢᠭᠤᠯᠵᠤ᠂ ᠣᠷᠳᠣᠰ ᠬᠣᠲᠠ᠎ᠶᠢᠨ ᠤᠰᠤ ᠠᠷᠪᠢᠯᠠᠬᠤ ᠲᠥᠷᠥ᠎ᠶᠢᠨ ᠪᠣᠳᠣᠯᠭ᠎ᠠ ᠲᠣᠭᠲᠠᠭᠠᠬᠤ᠎ᠳᠤ ᠦᠨᠳᠦᠰᠦᠯᠡᠯ ᠬᠠᠩᠭᠠᠵᠤ᠂ ᠤᠰᠤᠨ᠎ᠤ ᠡᠬᠢ ᠪᠠᠶᠠᠯᠢᠭ᠋᠎ᠤᠨ ᠵᠠᠰᠠᠯᠲᠠ᠎ᠶ᠋ᠢᠨ ᠣᠳᠣᠬᠢᠴᠢᠯᠠᠯᠲᠠ᠎ᠶᠢᠨ ᠬᠢᠷᠢ ᠲᠦᠪᠱᠢᠨ᠎ᠢ ᠳᠡᠭᠡᠭ᠌ᠰᠢᠯᠡᠭᠦᠯᠵᠦ᠍ ᠪᠣᠯᠣᠨ᠎ᠠ᠃
ᠬᠠᠩᠭᠢᠨ ᠬᠣᠢᠲᠤ ᠬᠣᠰᠢᠭᠤ ᠲᠠᠷᠢᠶᠠᠯᠠᠩ᠎ᠤᠨ ᠤᠰᠤ ᠠᠷᠪᠢᠯᠠᠬᠤ ᠠᠵᠢᠯᠯᠠᠭ᠎ᠠ᠎ᠨᠢ ᠲᠦᠯᠬᠢᠨ ᠠᠬᠢᠭᠤᠯᠵᠤ ᠪᠣᠢ
ᠣᠢᠷ᠎ᠠ᠎ᠶᠢᠨ ᠵᠢᠯ᠎ᠡᠴᠡ ᠨᠠᠭᠠᠰᠢ᠂ ᠬᠠᠩᠭᠢᠨ ᠬᠣᠢᠲᠤ ᠬᠣᠰᠢᠭᠤ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠲᠠᠷᠢᠶᠠᠯᠠᠩ᠎ᠤᠨ ᠤᠰᠤ ᠠᠷᠪᠢᠯᠠᠬᠤ ᠠᠵᠢᠯᠯᠠᠭ᠎ᠠ᠎ᠨᠢ ᠲᠦᠯᠬᠢᠨ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠣᠭᠰᠠᠨ ᠪᠠᠢᠨ᠎ᠠ᠃ ᠤᠰᠤ ᠠᠷᠪᠢᠯᠠᠵᠤ ᠤᠰᠤ ᠬᠢᠵᠠᠭᠠᠷᠯᠠᠬᠤ 《ᠬᠠᠮᠲᠤ᠎ᠶᠢᠨ ᠴᠣᠭᠴᠠ》᠎ᠶᠢ ᠪᠠᠢᠭᠤᠯᠵᠤ᠂ 《ᠨᠠᠮ᠎ᠤᠨ ᠡᠭᠦᠷ + ᠤᠰᠤ ᠬᠡᠷᠡᠭᠯᠡᠬᠦ ᠬᠣᠷᠰᠢᠶ᠎ᠠ + ᠲᠠᠷᠢᠶᠠᠴᠢᠨ ᠡᠷᠦᠬᠡ》᠎ᠶᠢᠨ ᠭᠤᠷᠪᠠᠨ ᠱᠠᠲᠤᠨ᠎ᠤ ᠬᠣᠯᠪᠣᠭᠠᠯᠠᠨ ᠬᠥᠳᠡᠯᠦᠯᠴᠡᠬᠦ ᠲᠣᠭᠲᠠᠴᠠ᠎ᠶᠢ ᠠᠰᠢᠭ᠍ᠯᠠᠨ᠂ ᠪᠥᠬᠥ ᠬᠣᠰᠢᠭᠤᠨ᠎ᠳᠤ ᠲᠠᠷᠢᠶᠠᠴᠢᠳ᠎ᠤᠨ ᠤᠰᠤ ᠬᠡᠷᠡᠭᠯᠡᠬᠦ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢ 63 ᠂ ᠳᠠᠭᠠᠭᠠᠴᠢᠯᠠᠨ ᠤᠰᠤᠯᠠᠬᠤ 669 ᠳᠤᠭᠤᠢᠯᠠᠩ᠎ᠢ ᠪᠠᠢᠭᠤᠯᠪᠠ; 《ᠨᠢᠭᠡ ᠬᠦᠷᠵᠡ》᠎ᠪᠡᠷ ᠲᠠᠷᠢᠶ᠎ᠠ ᠤᠰᠤᠯᠠᠬᠤ ᠬᠡᠪ ᠵᠠᠭᠪᠤᠷ᠎ᠢ ᠶᠡᠬᠡᠪᠡᠷ ᠬᠡᠷᠡᠭᠵᠢᠭᠦᠯᠵᠦ᠂ ᠭᠦᠢᠬᠡᠨ ᠤᠰᠤᠯᠠᠯᠲᠠ᠎ᠶᠢᠨ ᠡᠭᠡᠯᠵᠢ᠎ᠶᠢ ᠲᠦᠷᠭᠡᠳᠭᠡᠬᠦ᠂ ᠳᠠᠭᠠᠭᠠᠴᠢᠯᠠᠨ ᠤᠰᠤᠯᠠᠬᠤ ᠳᠤᠭᠤᠢᠯᠠᠩ᠎ᠤᠨ ᠲᠠᠷᠢᠶ᠎ᠠ ᠤᠰᠤᠯᠠᠬᠤ ᠵᠡᠷᠭᠡ ᠲᠠᠷᠢᠶᠠᠨ ᠭᠠᠵᠠᠷ᠎ᠤᠨ ᠤᠰᠤ ᠠᠷᠪᠢᠯᠠᠬᠤ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ 《ᠤᠰᠤ ᠠᠷᠪᠢᠯᠠᠬᠤ ᠭᠤᠤᠷᠰᠤᠨ᠎ᠤ ᠲᠣᠣᠷ》᠎ᠢ ᠪᠠᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 52 ᠲᠦᠮᠡᠨ ᠮᠦ᠍ ᠪᠠᠢᠭᠤᠯᠵᠤ᠂ ᠤᠤᠯ᠎ᠤᠨ ᠪᠠᠢᠭᠰᠠᠨ 7 ᠲᠠᠰ᠎ᠤᠨ ᠤᠰᠤᠯᠠᠵᠤ ᠲᠠᠲᠠᠷᠡᠭᠤᠯᠬᠤ ᠳᠤᠭᠲᠠᠯᠴᠠᠭ᠎ᠠ᠎ᠶᠢ 6 ᠲᠠᠰ ᠪᠤᠶᠤ 5 ᠲᠠᠰ ᠪᠣᠯᠭᠠᠨ ᠪᠠᠭᠠᠰᠬᠠᠵᠤ᠂ 431 ᠺᠢᠯᠣᠮᠧᠲᠷ᠎ᠤᠨ ᠰᠤᠪᠠᠭ᠎ᠢ ᠲᠣᠳᠤᠷᠯᠠᠵᠤ᠂ ᠲᠠᠷᠢᠶᠠᠨ ᠭᠠᠵᠠᠷ᠎ᠤᠨ ᠰᠢᠮ᠎ᠡ᠎ᠶᠢᠨ ᠲᠠᠰ᠎ᠢ 1 ᠲᠠᠰ ᠳᠡᠭᠡᠭᠰᠢᠯᠡᠭᠦᠯᠦᠨ᠂ ᠤᠰᠤᠯᠠᠯᠲᠠ᠎ᠶᠢᠨ ᠤᠰᠤᠨ᠎ᠤ ᠠᠰᠢᠭ᠍ᠯᠠᠯᠲᠠ᠎ᠶᠢᠨ ᠨᠣᠷᠮ᠎ᠠ᠎ᠶᠢ 25%᠎ᠪᠠᠷ ᠲᠡᠭᠡᠭᠰᠢᠯᠡᠭᠦᠯᠪᠡ; ᠰᠢᠭᠤᠳ ᠲᠠᠲᠠᠬᠤ ᠮᠠᠶᠢᠭ᠋᠎ᠤᠨ᠂ ᠲᠣᠬᠢᠷᠠᠭᠤᠯᠤᠨ ᠬᠠᠳᠠᠭᠠᠯᠠᠬᠤ ᠮᠠᠶᠢᠭ᠋᠎ᠤᠨ᠂ ᠰᠢᠯᠵᠢᠮᠡᠯ ᠮᠠᠶᠢᠭ᠋᠎ᠤᠨ᠂ ᠠᠪᠴᠤ ᠶᠠᠪᠤᠬᠤ ᠮᠠᠶᠢᠭ᠋᠎ᠤᠨ 4 ᠵᠦᠢᠯ᠎ᠦᠨ ᠬᠡᠯᠪᠡᠷᠢ᠎ᠪᠡᠷ ᠬᠠᠲᠤᠨ ᠭᠣᠣᠯ᠎ᠤᠨ ᠤᠰᠤ᠎ᠶᠢ ᠲᠠᠲᠠᠵᠤ ᠳᠤᠰᠤᠯᠭᠠᠨ ᠤᠰᠤᠯᠠᠬᠤ ᠬᠡᠪ ᠵᠠᠭᠪᠤᠷ᠎ᠢ ᠰᠢᠨ᠎ᠡ᠎ᠶᠢ ᠡᠭᠦᠳᠦᠨ ᠳᠡᠯᠭᠡᠷᠡᠭᠦᠯᠵᠦ᠂ ᠰᠢᠯᠵᠢᠮᠡᠯ ᠮᠠᠶᠢᠭ᠋᠎ᠤᠨ ᠤᠰᠤ ᠪᠣᠷᠳᠣᠭᠤᠷ᠎ᠤᠨ ᠨᠢᠭᠡ ᠴᠣᠭᠴᠠᠲᠤ ᠮᠠᠰᠢᠨ᠎ᠢ 1057᠂ ᠠᠪᠴᠤ ᠶᠠᠪᠤᠬᠤ ᠮᠠᠶᠢᠭ᠋᠎ᠤᠨ ᠬᠢ᠎ᠶᠢ 1600 ᠠᠰᠢᠭ᠍ᠯᠠᠨ᠂ ᠬᠠᠲᠤᠨ ᠭᠣᠣᠯ᠎ᠤᠨ ᠤᠰᠤ᠎ᠶᠢ ᠲᠠᠲᠠᠵᠤ ᠳᠤᠰᠤᠯᠭᠠᠨ ᠤᠰᠤᠯᠠᠭᠰᠠᠨ ᠪᠦᠷᠬᠦᠴᠡ᠎ᠶᠢᠨ ᠲᠠᠯᠠᠪᠠᠶ 107 ᠲᠦᠮᠡᠨ ᠮᠦ᠍᠎ᠳᠦ ᠬᠥᠷᠪᠡ᠃ ᠣᠶᠤᠨᠲᠤ ᠲᠠᠷᠢᠶᠠᠯᠠᠩ᠎ᠤᠨ《ᠤᠰᠤᠨ᠎ᠤ ᠬᠥᠳᠡᠯᠭᠡᠭᠴᠢ ᠡᠨᠧᠷᠭᠢ》᠎ᠶ᠋ᠢ ᠬᠥᠭᠵᠢᠭᠡᠵᠦ᠂ ᠱᠠ ᠬᠠᠢ ᠪᠠᠯᠭᠠᠰᠤ᠎ᠶᠢᠨ ᠮᠢᠩᠭᠠᠨ ᠮᠦ᠍ ᠳᠤᠰᠤᠯᠭᠠᠨ ᠤᠰᠤᠯᠠᠬᠤ ᠪᠤᠭᠤᠳᠠᠢ᠎ᠶᠢᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠋᠎ᠤᠨ ᠳᠣᠲᠣᠷᠠᠬᠢ ᠭᠦᠢᠬᠡᠨ ᠪᠤᠯᠠᠬᠤ ᠮᠠᠶᠢᠭ᠋᠎ᠤᠨ ᠳᠤᠰᠤᠯᠭᠠᠨ ᠤᠰᠤᠯᠠᠬᠤ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠰᠢᠰᠲᠧᠮ ᠨᠢ 40%᠎ᠶ᠋ᠢᠨ ᠤᠰᠤ ᠠᠷᠪᠢᠯᠠᠵᠤ᠂ 30%᠎ᠶᠢᠨ ᠪᠣᠷᠳᠣᠭᠤᠷ ᠠᠷᠪᠢᠯᠠᠬᠤ᠎ᠶᠢ ᠪᠡᠶᠡᠯᠡᠭᠦᠯᠵᠦ᠂ ᠪᠤᠭᠤᠳᠠᠢ᠎ᠶᠢᠨ ᠲᠠᠯᠠᠪᠠᠢ ᠨᠢᠭᠡᠴᠢ᠎ᠶᠢᠨ ᠤᠨᠠᠯᠲᠠ᠎ᠶᠢ ᠮᠦ᠍ ᠪᠦᠷᠢᠳᠦ 500 ᠺᠢᠯᠣᠭ᠌ᠷᠠᠮ ᠪᠠᠢᠭᠰᠠᠨ᠎ᠠᠴᠠ 550 ᠺᠢᠯᠣᠭ᠌ᠷᠠᠮ ᠪᠣᠯᠭᠠᠨ ᠳᠡᠭᠡᠭᠰᠢᠯᠡᠭᠦᠯᠪᠡ᠃