ᠲᠣᠰ ᠤᠳᠠᠭᠠᠨ᠎ᠤ ᠠᠵᠤ ᠠᠬᠤᠢ ᠠᠷᠠᠯᠵᠢᠶᠠᠨ᠎ᠤ ᠬᠡᠯᠡᠯᠴᠡᠭᠡ ᠬᠢᠬᠦ ᠠᠵᠢᠯᠯᠠᠭ᠎ᠠ᠎ᠶᠢ ᠳᠤᠮᠳᠠᠳᠤ ᠤᠯᠤᠰ᠎ᠤᠨ ᠣᠯᠠᠨ ᠤᠯᠤᠰ᠎ᠤᠨ ᠠᠷᠠᠯᠵᠢᠶ᠎ᠠ᠎ᠶᠢ ᠠᠬᠢᠭᠤᠯᠬᠤ ᠵᠥᠪᠯᠡᠯ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠥᠪᠯᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠱᠧᠨᠵᠧᠨ᠎ᠳᠦ ᠰᠠᠭᠤᠭ᠎ᠠ ᠬᠡᠷᠡᠭ ᠡᠷᠭᠢᠯᠡᠭᠦ ᠭᠠᠵᠠᠷ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠣᠯᠠᠨ ᠤᠯᠤᠰ᠎ᠤᠨ ᠬᠤᠳᠠᠯᠳᠤᠭᠠᠴᠢᠳ᠎ᠤᠨ ᠡᠪᠯᠡᠯ ᠳᠠᠭᠠᠭᠠᠴᠢᠯᠠᠨ ᠡᠷᠬᠢᠯᠡᠵᠡᠢ᠃ ᠠᠵᠢᠯᠯᠠᠭ᠎ᠠ᠎ᠶᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠤᠳᠤ ᠦᠶ᠎ᠡ᠎ᠶᠢᠨ ᠲᠣᠨᠣᠭ ᠲᠥᠬᠥᠭᠡᠷᠦᠮᠵᠢ ᠦᠢᠯᠡᠳᠬᠦ᠂ ᠰᠢᠨ᠎ᠡ ᠡᠨᠧᠷᠭᠢ᠂ ᠰᠢᠨ᠎ᠡ ᠮᠡᠲᠸᠷᠢᠶᠠᠯ᠂ ᠮᠠᠯ ᠲᠠᠷᠢᠶᠠᠯᠠᠩ᠎ᠤᠨ ᠨᠣᠭᠣᠭᠠᠨ ᠭᠠᠷᠤᠯᠲᠠ᠎ᠶᠢ ᠡᠳ᠋ᠰᠢᠭᠦᠯᠬᠦ᠂ ᠤᠳᠤ ᠦᠶ᠎ᠡ᠎ᠶᠢᠨ ᠦᠢᠯᠡᠴᠢᠯᠡᠭᠡᠨ᠎ᠦ ᠦᠢᠯᠡᠰ᠂ ᠳ᠋ᠢᠭᠢᠲ ᠠᠵᠤ ᠠᠬᠤᠢ ᠵᠡᠷᠭᠡ ᠠᠵᠤ ᠦᠢᠯᠡᠰ᠎ᠦᠨ ᠪᠦᠯᠦᠭᠵᠢᠯ᠎ᠦᠨ 20 ᠭᠠᠷᠤᠢ ᠠᠵᠤ ᠠᠬᠤᠢᠯᠠᠯ ᠨᠢ ᠪᠦᠬᠦ ᠪᠥᠮᠪᠥᠷᠴᠡᠭ᠎ᠦᠨ 200 ᠭᠠᠷᠤᠢ ᠠᠵᠢᠯ ᠲᠦᠷᠦᠯ᠎ᠦᠨ ᠲᠤᠰᠬᠠᠢ ᠮᠡᠷᠭᠡᠵᠢᠯᠲᠡᠳ᠂ ᠬᠤᠳᠠᠯᠳᠤᠭᠠᠨ᠎ᠤ ᠨᠡᠢᠭᠡᠮᠯᠢᠭ᠎ᠦᠨ ᠤᠳᠤᠷᠢᠳᠤᠭ᠍ᠴᠢ ᠨᠠᠷ᠂ ᠠᠷᠠᠯᠵᠢᠶ᠎ᠠ᠎ᠶᠢ ᠠᠬᠢᠭᠤᠯᠬᠤ ᠪᠠᠢᠭᠤᠯᠤᠮᠵᠢ᠎ᠶᠢᠨ ᠲᠥᠯᠥᠭᠡᠯᠡᠭᠴᠢᠳ ᠵᠢᠴᠢ ᠠᠵᠤ ᠦᠢᠯᠡᠰ᠎ᠦᠨ ᠬᠡᠯᠬᠢᠶ᠎ᠡ᠎ᠶᠢᠨ ᠳᠡᠭᠡᠳᠦ ᠳᠣᠣᠷᠠᠳᠤ ᠬᠡᠯᠬᠢᠶᠡᠨ᠎ᠦ ᠠᠵᠤ ᠠᠬᠤᠢᠯᠠᠯ᠎ᠦᠳ᠎ᠤᠨ ᠲᠥᠯᠥᠭᠡᠯᠡᠭᠴᠢᠳ᠎ᠲᠠᠢ ᠨᠢᠭᠡ ᠲᠠᠩᠬᠢᠮ᠎ᠳᠤ ᠴᠤᠭᠯᠠᠷᠠᠨ᠂ 《ᠥᠪᠥᠷ ᠮᠣᠩᠭᠣᠯ ᠭᠤᠸᠠᠩᠳᠦ᠋ᠩ᠎ᠦᠨ ᠠᠵᠤ ᠦᠢᠯᠡᠰ᠎ᠦᠨ ᠬᠠᠮᠵᠢᠯᠴᠠᠭ᠎ᠠ᠎ᠶᠢ ᠭᠦᠨᠵᠡᠭᠡᠢᠷᠡᠭᠦᠯᠬᠦ᠂ ᠭᠤᠸᠠᠩᠳᠦ᠋ᠩ ᠰᠢᠶᠠᠩᠭᠠᠩ ᠣᠣᠮᠧᠨ᠎ᠦ ᠶᠡᠬᠡ ᠪᠤᠯᠤᠩ᠎ᠤᠨ ᠣᠷᠣᠨ᠎ᠤ ᠬᠥᠭᠵᠢᠯᠲᠡ᠎ᠶᠢᠨ ᠶᠡᠬᠡ ᠲᠠᠯ᠎ᠠ᠎ᠳᠤ ᠠᠭᠤᠰᠤᠯᠴᠠᠬᠤ᠂ ᠭᠠᠳᠠᠭᠠᠳᠤ᠎ᠳᠠᠬᠢ ᠵᠠᠬ᠎ᠠ ᠳᠡᠯᠭᠡᠭᠦᠷ᠎ᠦᠨ ᠰᠢᠨ᠎ᠡ ᠣᠷᠣᠨ ᠵᠠᠢ᠎ᠶᠢ ᠥᠷᠭᠡᠳᠬᠡᠬᠦ》 3 ᠶᠡᠬᠡ ᠵᠥᠪᠯᠡᠬᠦ ᠰᠡᠳᠦᠪ᠎ᠦᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠵᠠᠭᠠᠪᠠ᠃ ᠣᠢᠯᠠᠭᠠᠭᠰᠠᠨ᠎ᠢᠶᠠᠷ᠂ ᠡᠨᠡ ᠬᠦ᠌ ᠠᠵᠢᠯᠯᠠᠭ᠎ᠠ᠎ᠶᠢᠨ ᠵᠣᠷᠢᠯᠭ᠎ᠠ ᠨᠢ ᠣᠷᠣᠨ ᠪᠦᠰᠡ ᠠᠯᠤᠰᠯᠠᠭᠰᠠᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭᠠᠨ᠎ᠤ ᠲᠣᠭᠲᠠᠴᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠪᠥᠷ ᠮᠣᠩᠭᠣᠯ ᠬᠢᠭᠡᠳ ᠭᠤᠸᠠᠩᠳᠦ᠋ᠩ ᠰᠢᠶᠠᠩᠭᠠᠩ ᠣᠣᠮᠧᠨ᠎ᠦ ᠶᠡᠬᠡ ᠪᠤᠯᠤᠩ᠎ᠤᠨ ᠣᠷᠣᠨ ᠵᠢᠴᠢ ᠭᠠᠳᠠᠭᠠᠳᠤ ᠤᠯᠤᠰ᠎ᠤᠳ᠎ᠤᠨ ᠠᠵᠤ ᠦᠢᠯᠡᠰ᠎ᠦᠨ ᠬᠠᠮᠵᠢᠯᠴᠠᠭ᠎ᠠ᠂ ᠡᠬᠢ ᠪᠠᠶᠠᠯᠢᠭ᠋᠎ᠢ ᠡᠮᠬᠢᠯᠡᠨ ᠨᠡᠢᠳᠭᠡᠬᠦ᠂ ᠵᠠᠬ᠎ᠠ ᠳᠡᠯᠭᠡᠭᠦᠷ᠎ᠢ ᠥᠷᠭᠡᠳᠬᠡᠬᠦ ᠬᠦᠷᠢᠶᠡᠨ᠎ᠳᠡᠬᠢ ᠭᠦᠨᠵᠡᠭᠡᠢ ᠵᠣᠯᠭᠠᠯᠴᠠᠭ᠎ᠠ᠎ᠪᠠᠨ ᠠᠬᠢᠭᠤᠯᠵᠤ᠂ ᠠᠵᠤ ᠦᠢᠯᠡᠰ᠎ᠦᠨ ᠬᠡᠯᠬᠢᠶᠡᠨ᠎ᠦ ᠳᠡᠭᠡᠳᠦ ᠳᠣᠣᠷᠠᠳᠤ ᠬᠡᠯᠬᠢᠶᠡᠨ᠎ᠦ ᠠᠵᠤ ᠠᠬᠤᠢᠯᠠᠯ᠎ᠤᠳ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠬᠦ᠂ ᠬᠠᠷᠢᠯᠴᠠᠨ ᠠᠰᠢᠭ᠋ ᠣᠯᠭᠣᠵᠤ ᠬᠠᠮᠲᠤ᠎ᠪᠠᠷ ᠠᠰᠢᠭ᠋ ᠭᠥᠷᠳᠡᠬᠦ᠎ᠶᠢ ᠠᠬᠢᠭᠤᠯᠤᠨ᠂ ᠣᠷᠣᠨ ᠪᠦᠰᠡ᠎ᠶᠢᠨ ᠨᠡᠭᠡᠭᠡᠯᠲᠡ ᠬᠢᠬᠦ ᠴᠢᠳᠠᠮᠵᠢ᠎ᠶᠢ ᠳᠡᠭᠡᠭᠰᠢᠯᠡᠭᠦᠯᠬᠦ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠤᠶᠠᠨ ᠬᠠᠲᠠᠨ ᠴᠢᠨᠠᠷ᠎ᠢ ᠴᠢᠩᠭᠠᠳᠬᠠᠬᠤ᠎ᠳᠤ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠬᠦ᠎ᠶᠢᠨ ᠲᠥᠯᠥᠭᠡ ᠶᠤᠮ ᠄ ᠠᠵᠤ ᠦᠢᠯᠡᠰ᠎ᠦᠨ ᠲᠠᠯ᠎ᠠ᠎ᠪᠠᠷ᠂ 《ᠥᠪᠥᠷ ᠮᠣᠩᠭᠣᠯ᠎ᠤᠨ ᠬᠤᠳᠠᠯᠳᠤᠭ᠎ᠠ᠎ᠶᠢ ᠬᠡᠯᠬᠢᠶᠡᠨ᠎ᠳᠦ ᠣᠷᠣᠭᠤᠯᠵᠤ᠂ ᠥᠪᠥᠷ ᠮᠣᠩᠭᠣᠯ᠎ᠤᠨ ᠪᠦᠲᠦᠭᠡᠭᠳᠡᠬᠦᠨ᠎ᠢ ᠭᠠᠳᠠᠭᠠᠳᠤ᠎ᠳᠤ ᠭᠠᠷᠭᠠᠬᠤ》᠎ᠶᠢ ᠠᠬᠢᠭᠤᠯᠤᠨ᠎ᠠ᠃ ᠥᠪᠥᠷ ᠮᠣᠩᠭᠣᠯ᠎ᠤᠨ ᠴᠢᠨᠠᠷ ᠰᠠᠢᠲᠠᠢ ᠮᠠᠯ ᠲᠠᠷᠢᠶᠠᠯᠠᠩ᠎ᠤᠨ ᠨᠣᠭᠣᠭᠠᠨ ᠭᠠᠷᠤᠯᠲᠠ᠂ ᠴᠡᠪᠡᠷ ᠡᠨᠧᠷᠭᠢ᠎ᠶᠢ ᠶᠡᠬᠡ ᠪᠤᠯᠤᠩ᠎ᠤᠨ ᠣᠷᠣᠨ᠎ᠤ ᠵᠠᠬ᠎ᠠ ᠳᠡᠯᠭᠡᠭᠦᠷ᠎ᠲᠦ ᠣᠷᠣᠭᠤᠯᠬᠤ᠎ᠪᠠᠷ ᠪᠠᠷᠠᠬᠤ ᠦᠭᠡᠢ᠂ ᠨᠡᠩ ᠴᠤ᠌ ᠶᠡᠬᠡ ᠪᠤᠯᠤᠩ᠎ᠤᠨ ᠣᠷᠣᠨ᠎ᠤ ᠲᠡᠷᠢᠭᠦᠨ᠎ᠦ ᠮᠡᠷᠭᠡᠵᠢᠯ᠂ ᠬᠠᠮᠢᠶᠠᠷᠤᠯᠲᠠ᠎ᠶᠢᠨ ᠲᠤᠷᠰᠢᠯᠭ᠎ᠠ ᠪᠠ ᠤᠯᠠᠨ ᠤᠯᠤᠰ᠎ᠤᠨ ᠲᠣᠣᠷ ᠰᠦᠯᠵᠢᠶ᠎ᠡ᠎ᠶᠢ ᠣᠷᠣᠭᠤᠯᠤᠨ ᠠᠪᠴᠢᠷᠠᠵᠤ᠂ ᠥᠪᠥᠷ ᠮᠣᠩᠭᠣᠯ᠎ᠤᠨ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠤᠨ ᠲᠡᠰ ᠳᠡᠪᠰᠢᠭᠦᠯᠵᠦ᠂ ᠰᠢᠨ᠎ᠡ ᠡᠨᠧᠷᠭᠢ᠂ ᠰᠢᠨ᠎ᠡ ᠮᠠᠲᠧᠷᠢᠶᠠᠯ᠂ ᠳ᠋ᠢᠭᠢᠲ ᠠᠵᠤ ᠠᠬᠤᠢ ᠵᠡᠷᠭᠡ ᠰᠢᠨ᠎ᠡ᠎ᠪᠡᠷ ᠮᠠᠨᠳᠤᠵᠤ ᠪᠠᠢᠭ᠎ᠠ ᠠᠵᠤ ᠦᠢᠯᠡᠰ᠎ᠦᠨ ᠬᠡᠯᠬᠢᠶ᠎ᠡ᠎ᠶᠢ ᠬᠠᠮᠲᠤ᠎ᠪᠠᠷ ᠪᠣᠢᠵᠢᠭᠤᠯᠬᠤ᠎ᠳᠤ ᠡᠨ᠋ᠸᠷᠭᠢ ᠨᠡᠮᠡᠷᠢᠯᠡᠨ᠎ᠡ᠃ ᠨᠡᠭᠡᠭᠡᠯᠲᠡ ᠬᠢᠬᠦ ᠲᠠᠯ᠎ᠠ᠎ᠪᠠᠷ᠂ 《ᠳᠣᠲᠣᠭᠠᠳᠤ᠎ᠶᠢᠨ ᠪᠠ ᠭᠠᠳᠠᠭᠠᠳᠤ ᠡᠷᠭᠢᠯᠲᠡ᠎ᠶᠢᠨ ᠬᠣᠯᠪᠤᠭᠠᠯᠠᠨ ᠬᠦᠳᠡᠯᠦᠯᠴᠡᠭᠰᠡᠨ》 ᠬᠣᠣᠰ ᠡᠷᠭᠢᠯᠲᠡ᠎ᠶᠢᠨ ᠬᠦᠢᠰᠦ᠎ᠶᠢ ᠪᠠᠢᠭᠤᠯᠤᠨ᠎ᠠ᠃ ᠥᠪᠥᠷ ᠮᠣᠩᠭᠣᠯ 《ᠤᠮᠠᠷᠠᠰᠢ ᠨᠡᠭᠡᠭᠡᠯᠲᠡ ᠬᠢᠬᠦ》 ᠪᠡᠬᠢᠯᠡᠯᠲᠡ ᠪᠣᠯᠬᠤ᠎ᠪᠠᠷ ᠪᠠᠷᠠᠬᠤ ᠦᠭᠡᠢ᠂ ᠤᠯᠤᠰ᠎ᠤᠨ ᠳᠣᠲᠣᠭᠠᠳᠤ᠎ᠶᠢᠨ ᠪᠠ ᠣᠯᠠᠨ ᠤᠯᠤᠰ ᠯᠤᠭ᠎ᠠ᠎ᠶᠢᠨ ᠬᠣᠣᠰ ᠡᠷᠭᠢᠯᠲᠡ᠎ᠶᠢ ᠬᠣᠯᠪᠣᠭᠰᠠᠨ ᠪᠠᠢᠯᠳᠤᠬᠤ ᠪᠣᠳᠣᠯᠭ᠎ᠠ᠎ᠶᠢᠨ ᠲᠤᠯᠬᠤ ᠴᠡᠭ ᠪᠣᠯᠬᠤ᠎ᠪᠠᠷ ᠴᠢᠷᠮᠠᠢᠵᠤ ᠪᠠᠢᠨ᠎ᠠ᠃ ᠶᠡᠬᠡ ᠪᠤᠯᠤᠩ᠎ᠤᠨ ᠣᠷᠣᠨ ᠯᠤᠭ᠎ᠠ᠎ᠶᠢᠨ ᠬᠠᠮᠲᠤᠷᠠᠯᠴᠠᠭ᠎ᠠ᠎ᠶᠢᠨ ᠲᠠᠯ᠎ᠠ᠎ᠳᠤ᠂ 《ᠭᠤᠸᠠᠩᠵᠧᠦ ᠱᠧᠨᠵᠧᠨ ᠰᠢᠶᠠᠩᠭᠠᠩ ᠣᠣᠮᠧᠨ》᠎ᠤ ᠣᠯᠠᠨ ᠤᠯᠤᠰ᠎ᠤᠨ ᠠᠷᠠᠯᠵᠢᠶ᠎ᠠ ᠬᠤᠳᠠᠯᠳᠤᠭᠠᠨ᠎ᠤ ᠠᠷᠭ᠎ᠠ ᠵᠠᠮ᠎ᠢ ᠥᠪᠥᠷ ᠮᠣᠩᠭᠣᠯ᠎ᠤᠨ ᠣᠷᠣᠰ ᠮᠣᠩᠭᠣᠯ᠂ ᠡᠸᠦ᠋ᠷᠦᠫᠡ ᠲᠢᠪ᠎ᠲᠦ ᠬᠠᠨᠳᠤᠭᠤᠯᠤᠭᠰᠠᠨ ᠬᠠᠭᠤᠷᠠᠢ ᠵᠠᠮ᠎ᠤᠨ ᠳᠠᠪᠠᠭᠤᠯᠢᠭ᠋ ᠯᠤᠭ᠎ᠠ᠎ᠪᠠᠨ ᠤᠶᠠᠯᠳᠤᠭᠤᠯᠵᠤ᠂ ᠠᠵᠤ ᠠᠬᠤᠢᠯᠠᠯ᠎ᠤᠳ᠎ᠲᠤ ᠨᠠᠩ ᠥᠷᠭᠡᠨ ᠠᠭᠤᠳᠠᠮ ᠣᠯᠠᠨ ᠤᠯᠤᠰ᠎ᠤᠨ ᠵᠠᠬ᠎ᠠ ᠳᠡᠯᠭᠡᠭᠦᠷ᠎ᠢ ᠨᠡᠭᠡᠭᠡᠵᠦ ᠥᠭᠬᠦ᠎ᠳᠦ ᠨᠢ ᠲᠤᠰᠠ ᠳᠡᠮᠵᠢᠯᠭᠡ ᠪᠣᠯᠵᠤ ᠴᠢᠳᠠᠨ᠎ᠠ᠃ ᠣᠷᠴᠢᠨ ᠨᠥᠭᠦᠴᠡᠯ᠎ᠦᠨ ᠲᠠᠯ᠎ᠠ᠎ᠪᠠᠷ᠂ ᠥᠪᠥᠷ ᠮᠣᠩᠭᠣᠯ᠎ᠤᠨ ᠡᠵᠡᠩᠨᠡᠨ ᠬᠤᠳᠠᠯᠳᠤᠭᠠᠯᠠᠬᠤ ᠰᠠᠢᠨ ᠰᠠᠢᠬᠠᠨ ᠣᠷᠴᠢᠨ ᠨᠥᠭᠦᠴᠡᠯ᠎ᠢ ᠳᠡᠯᠭᠡᠨ ᠦᠵᠡᠭᠦᠯᠬᠦ ᠪᠥᠭᠡᠳ ᠰᠢᠯᠢᠳᠡᠭᠵᠢᠭᠦᠯᠦᠨ᠎ᠡ᠃ ᠬᠤᠸᠠᠨᠠᠨ ᠣᠷᠣᠨ᠎ᠤ ᠠᠮᠧᠷᠢᠺᠠ᠎ᠶᠢᠨ ᠬᠤᠳᠠᠯᠳᠤᠭᠠᠴᠢᠳ᠎ᠤᠨ ᠡᠪᠯᠡᠯ᠂ ᠳᠤᠮᠳᠠᠳᠤ ᠤᠯᠤᠰ᠎ᠲᠤ ᠰᠠᠭᠤᠭ᠎ᠠ ᠡᠯ᠎ᠡ ᠤᠯᠤᠰ᠎ᠤᠨ ᠺᠣᠨᠰᠦ᠋ᠯ ᠵᠢᠴᠢ ᠭᠠᠳᠠᠭᠠᠳᠤ ᠪᠡᠯᠡ᠎ᠶᠢᠨ ᠠᠵᠤ ᠠᠬᠤᠢᠯᠠᠯ᠎ᠤᠳ ᠯᠤᠭ᠎ᠠ ᠰᠢᠭᠤᠳ ᠶᠠᠷᠢᠯᠴᠠᠬᠤ᠎ᠪᠠᠷ ᠳᠠᠮᠵᠢᠭᠤᠯᠤᠨ᠂ ᠥᠪᠥᠷ ᠮᠣᠩᠭᠣᠯ᠎ᠤᠨ ᠭᠠᠳᠠᠭᠠᠳᠤ ᠪᠡᠯᠡ᠎ᠳᠤ ᠳᠦᠬᠦᠮᠯᠡᠬᠦ ᠲᠥᠷᠥ᠎ᠶᠢᠨ ᠪᠣᠳᠣᠯᠭ᠎ᠠ᠎ᠶᠢᠨ ᠬᠠᠩᠭᠠᠯᠭ᠎ᠠ᠎ᠶᠢ ᠦᠷᠭᠦᠯᠵᠢᠯᠡᠨ ᠨᠡᠮᠡᠭᠳᠡᠭᠦᠯᠬᠦ᠂ ᠦᠢᠯᠡᠴᠢᠯᠡᠭᠡᠨ᠎ᠦ ᠪᠠᠲᠤᠯᠠᠭ᠎ᠠ᠎ᠶᠢᠨ ᠲᠣᠭᠲᠠᠯᠴᠠᠭ᠎ᠠ᠎ᠶᠢ ᠪᠦᠷᠢᠨᠰᠢᠭᠦᠯᠬᠦ ᠡᠷᠡᠰ ᠵᠣᠷᠢᠭ᠋ ᠲᠠᠢ ᠪᠠᠢᠬᠤ᠎ᠪᠠᠨ ᠳᠠᠮᠵᠢᠭᠤᠯᠵᠤ ᠢᠯᠡᠳᠬᠡᠪᠡ᠃
ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ ᠳᠠᠭᠠᠤ ᠬᠤᠳᠠ᠎ᠶᠢᠨ ᠵᠢᠭᠤᠯᠴᠢᠯᠠᠯ᠎ᠤᠨ ᠬᠣᠯᠪᠤᠭ᠎ᠠ ᠣᠢᠷ᠎ᠠ᠎ᠶᠢᠨ ᠡᠳᠦᠷ ᠪᠤᠭᠤᠲᠤ ᠬᠤᠳᠠ᠎ᠳᠤ ᠪᠠᠢᠭᠤᠯᠤᠭᠳᠠᠵᠤ᠂ ᠵᠠᠮ ᠳᠠᠭᠠᠤ ᠬᠣᠶᠠᠷ ᠥᠪᠡᠷᠲᠡᠭᠡᠨ ᠵᠠᠰᠠᠬᠤ ᠣᠷᠣᠨ ᠲᠤᠯᠤᠭᠠᠨ ᠭᠠᠵᠠᠷ᠎ᠤᠨ ᠵᠣᠴᠢᠳ ᠨᠢᠭᠡ ᠲᠠᠩᠬᠢᠮ᠎ᠳᠤ ᠴᠤᠭᠯᠠᠷᠠᠵᠤ᠂ ᠥᠪᠥᠷ ᠮᠣᠩᠭᠣᠯ ᠨᠢᠩᠰᠢᠶᠠ ᠬᠣᠶᠠᠷ ᠭᠠᠵᠠᠷ ᠴᠢᠨᠠᠭᠰᠢᠯᠠᠪᠠᠯ ᠨᠡᠩ ᠥᠷᠭᠡᠨ ᠣᠷᠣᠨ ᠪᠦᠰᠡ᠎ᠶᠢᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ 《ᠬᠠᠷᠢᠯᠴᠠᠨ ᠨᠡᠮᠡᠬᠦ》ᠡᠴᠡ《ᠬᠠᠷᠢᠯᠴᠠᠨ ᠠᠭᠤᠰᠤᠯᠴᠠᠬᠤ》 ᠪᠣᠯᠤᠭᠰᠠᠨ ᠪᠠᠢᠳᠠᠯ᠎ᠢ ᠡᠬᠢᠯᠡᠭᠦᠯᠵᠡᠢ᠃ ᠤᠳᠠᠯ ᠦᠭᠡᠢ ᠨᠡᠪᠲᠡᠷᠡᠬᠦ᠎ᠪᠡᠷ ᠪᠠᠢᠭ᠎ᠠ ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ ᠪᠣᠯ ᠪᠠᠷᠠᠭᠤᠨ ᠬᠣᠢᠲᠤ ᠣᠷᠣᠨ᠎ᠤ《ᠨᠢᠭᠡ ᠪᠦᠰᠡ ᠨᠢᠭᠡ ᠵᠠᠮ》᠎ᠤᠨ ᠰᠠᠨᠠᠭᠠᠴᠢᠯᠠᠭ᠎ᠠ᠎ᠳᠤ ᠭᠦᠨᠵᠡᠭᠡᠢ ᠠᠭᠤᠰᠤᠯᠴᠠᠬᠤ᠂ ᠭᠠᠵᠠᠷ ᠣᠷᠣᠨ᠎ᠤ ᠥᠨᠳᠥᠷ ᠲᠦᠪᠰᠢᠨ ᠪᠦᠬᠦᠢ ᠨᠡᠭᠡᠭᠡᠯᠲᠡ ᠪᠠ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠡᠨᠡ ᠨᠢ ᠥᠪᠥᠷ ᠮᠣᠩᠭᠣᠯ ᠨᠢᠩᠰᠢᠶᠠ᠎ᠶᠢᠨ ᠣᠷᠣᠨ ᠪᠦᠰᠡ᠎ᠶᠢᠨ ᠬᠠᠮᠵᠢᠯᠴᠠᠨ ᠬᠥᠭᠵᠢᠬᠦ᠎ᠶᠢ ᠠᠬᠢᠭᠤᠯᠬᠤ᠎ᠳᠤ ᠰᠣᠶᠣᠯ ᠵᠢᠭᠤᠯᠴᠢᠯᠠᠯ᠎ᠤᠨ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠬᠦ ᠪᠣᠯᠣᠨ᠎ᠠ᠃ ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ ᠨᠢ ᠥᠪᠥᠷ ᠮᠣᠩᠭᠣᠯ ᠪᠠ ᠨᠢᠩᠰᠢᠶᠠ᠎ᠶᠢ ᠬᠣᠯᠪᠣᠭᠰᠠᠨ 《ᠵᠠᠮ ᠬᠠᠷᠢᠯᠴᠠᠭᠠᠨ᠎ᠤ ᠯᠤᠭᠰᠢᠭᠤᠨ ᠰᠤᠳᠠᠯ》 ᠪᠣᠯᠤᠭᠰᠠᠨ᠎ᠤ ᠬᠤᠪᠢ᠎ᠳᠤ᠂ ᠪᠤᠭᠤᠲᠤ᠂ ᠢᠷᠭᠠᠢ᠂ ᠱᠢ ᠽᠦᠢ ᠱᠠᠨ᠂ ᠪᠠᠶᠠᠨᠨᠠᠭᠤᠷ᠂ ᠦᠬᠠᠢ᠂ ᠠᠯᠠᠱᠠ᠂ ᠣᠷᠳᠣᠰ ᠵᠡᠷᠭᠡ ᠲᠤᠯᠤᠭᠠᠨ ᠭᠠᠵᠠᠷ᠎ᠢ ᠬᠣᠯᠪᠣᠵᠤ᠂ 《ᠬᠣᠶᠠᠷ ᠴᠠᠭ᠎ᠤᠨ ᠬᠡᠪᠴᠢᠶᠡᠨ᠎ᠳᠡᠬᠢ ᠠᠵᠤ ᠠᠬᠤᠢ᠎ᠶᠢᠨ ᠲᠣᠭᠣᠷᠢᠭ᠋》᠎ᠢ ᠪᠠᠶ᠋ᠢᠭᠤᠯᠬᠤ ᠪᠣᠯᠣᠨ᠎ᠠ᠃ ᠡᠨᠡ ᠨᠢ ᠹᠢᠽᠢᠺ᠎ᠦᠨ ᠣᠷᠣᠨ ᠵᠠᠢ᠎ᠶᠢ ᠪᠣᠭᠣᠨᠢᠰᠬᠠᠬᠤ᠎ᠪᠠᠷ ᠪᠠᠷᠠᠬᠤ ᠦᠭᠡᠢ ᠨᠡᠩ ᠴᠤ᠌ ᠬᠥᠭᠵᠢᠯᠲᠡ᠎ᠶᠢᠨ ᠰᠡᠳᠬᠢᠮᠵᠢ᠎ᠶᠢ ᠠᠭᠤᠰᠤᠯᠴᠠᠭᠤᠯᠤᠨ ᠲᠡᠰ ᠳᠡᠪᠰᠢᠭᠦᠯᠵᠦ᠂ ᠵᠠᠮ ᠳᠠᠭᠠᠤ᠎ᠶᠢᠨ ᠰᠢᠯᠢᠳᠡᠭ ᠡᠬᠢ ᠪᠠᠶᠠᠯᠢᠭ᠋᠎ᠢ ᠨᠡᠢᠳᠬᠡᠬᠦ᠂ ᠠᠶᠠᠨᠴᠢᠳ᠎ᠤᠨ ᠢᠷᠡᠯᠲᠡ᠎ᠶᠢᠨ ᠵᠠᠬ᠎ᠠ ᠳᠡᠯᠭᠡᠭᠦᠷ᠎ᠢ ᠬᠠᠮᠲᠤ᠎ᠪᠡᠷ ᠨᠡᠭᠡᠭᠡᠬᠦ᠂ ᠪᠠᠷᠠᠭᠤᠨ ᠬᠣᠢᠲᠤ᠎ᠶᠢᠨ ᠰᠢᠵᠢᠷ ᠠᠯᠳᠠᠨ ᠵᠢᠭᠤᠯᠴᠢᠯᠠᠯ᠎ᠤᠨ ᠪᠦᠰᠡ᠎ᠶᠢ ᠴᠣᠭᠴᠠᠯᠠᠬᠤ᠎ᠳᠤ ᠤᠷᠢᠳ ᠡᠮᠦᠨ᠎ᠡ ᠪᠠᠢᠭ᠎ᠠ ᠦᠭᠡᠢ ᠠᠵᠠ ᠲᠣᠭᠢᠶᠠᠯ ᠬᠠᠩᠭᠠᠭᠰᠠᠨ ᠪᠥᠭᠡᠳ ᠪᠠᠰᠠ 《ᠨᠢᠭᠡ ᠪᠦᠰᠡ ᠨᠢᠭᠡ ᠵᠠᠮ》᠎ᠤᠨ ᠪᠦᠳᠦᠭᠦᠪᠴᠢ ᠲᠥᠰᠥᠪ᠎ᠦᠨ ᠳᠣᠣᠷ᠎ᠠ ᠪᠡᠯᠡᠳᠬᠡᠮᠵᠢ᠎ᠶᠢ ᠬᠣᠯᠪᠣᠯᠳᠤᠭᠤᠯᠤᠨ ᠨᠡᠪᠲᠡᠷᠡᠭᠦᠯᠬᠦ᠂ ᠰᠣᠶᠣᠯ ᠵᠢᠭᠤᠯᠴᠢᠯᠠᠯ᠎ᠢ ᠰᠠᠭᠠᠳ ᠦᠭᠡᠢ ᠨᠡᠪᠲᠡᠷᠡᠭᠦᠯᠬᠦ᠂ ᠠᠷᠠᠳ᠎ᠤᠨ ᠰᠡᠳᠬᠢᠯ᠎ᠢ ᠨᠡᠪᠲᠡᠷᠡᠯᠴᠡᠭᠦᠯᠬᠦ ᠰᠣᠶᠣᠯ ᠵᠢᠭᠤᠯᠴᠢᠯᠠᠯ᠎ᠦᠨ ᠰᠢᠨ᠎ᠡ ᠵᠠᠮ᠎ᠢ ᠨᠡᠭᠡᠭᠡᠭᠰᠡᠨ ᠪᠠᠢᠨ᠎ᠠ᠃ ᠥᠪᠥᠷ ᠮᠣᠩᠭᠣᠯ ᠪᠠ ᠨᠢᠩᠰᠢᠶᠠ ᠪᠣᠯ ᠴᠥᠮ ᠬᠠᠲᠤᠨ ᠭᠣᠣᠯ᠎ᠤᠨ ᠰᠠᠪᠠ ᠭᠠᠵᠠᠷ᠎ᠲᠤ ᠬᠠᠷᠢᠶᠠᠯᠠᠭᠳᠠᠵᠤ᠂ ᠭᠠᠵᠠᠷ ᠵᠦᠢ᠎ᠪᠡᠷ᠎ᠢᠶᠡᠨ ᠬᠥᠷᠰᠢᠯᠡᠵᠦ᠂ ᠰᠣᠶᠣᠯ᠎ᠢᠶᠠᠷ᠎ᠢᠶᠠᠨ ᠨᠡᠪᠲᠡᠷᠡᠯᠴᠡᠨ᠂ ᠡᠬᠢ ᠪᠠᠶᠠᠯᠢᠭ᠋᠎ᠤᠨ ᠳᠠᠪᠠᠭᠤᠯᠢᠭ᠋ ᠨᠢ ᠥᠪᠡᠷ ᠥᠪᠡᠷ᠎ᠦᠨ ᠣᠨᠴᠠᠯᠢᠭ᠋᠎ᠲᠠᠢ ᠪᠠᠢᠳᠠᠭ ᠃ ᠥᠪᠥᠷ ᠮᠣᠩᠭᠣᠯ᠎ᠳᠤ ᠨᠤᠲᠤᠭ ᠪᠡᠯᠴᠢᠭᠡᠷ᠂ ᠡᠯᠡᠰᠦ ᠮᠠᠩᠬ᠎ᠠ᠂ ᠨᠤᠭᠤ ᠭᠠᠵᠠᠷ᠂ ᠤᠢ ᠰᠢᠭᠤᠢ᠂ ᠮᠥᠰᠥ ᠴᠠᠰᠤ ᠵᠡᠷᠭᠡ ᠤᠯᠠᠨ ᠵᠦᠢᠯ᠎ᠦᠨ ᠪᠠᠢᠭᠠᠯᠢ᠎ᠶᠢᠨ ᠭᠡᠯᠪᠡᠷᠢ ᠪᠠᠢᠳᠠᠯ᠎ᠲᠠᠢ; ᠨᠢᠩᠰᠢᠶᠠ ᠬᠠᠷᠢᠨ 《ᠠᠷᠤ ᠭᠠᠵᠠᠷ᠎ᠤᠨ ᠵᠢᠶᠠᠩᠨᠠᠨ ᠣᠷᠣᠨ》 ᠭᠡᠬᠦ ᠰᠠᠢᠬᠠᠨ ᠨᠡᠷ᠎ᠡ᠎ᠲᠠᠢ ᠪᠠᠢᠵᠤ᠂ ᠪᠠᠷᠠᠭᠤᠨ ᠰᠢᠶᠠ ᠤᠯᠤᠰ᠎ᠤᠨ ᠰᠣᠶᠣᠯ᠂ ᠬᠠᠲᠤᠨ ᠭᠣᠣᠯ᠎ᠤᠨ ᠦᠵᠡᠮᠵᠢ᠂ ᠠᠮᠲᠠᠲᠤ ᠦᠵᠦᠮ᠎ᠦᠨ ᠠᠷᠢᠬᠢ ᠪᠠ ᠥᠪᠡᠷᠮᠢᠴᠡ ᠣᠨᠴᠠᠯᠢᠭ᠋᠎ᠲᠠᠢ ᠠᠮᠲᠠᠲᠤ ᠢᠳᠡᠭᠡᠨ᠎ᠢ ᠬᠤᠷᠠᠮᠳᠤᠭᠤᠯᠵᠠᠢ ᠃ ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ᠎ᠢ ᠨᠡᠪᠲᠡᠷᠡᠭᠦᠯᠬᠦ ᠨᠢ ᠲᠠᠯ᠎ᠠ ᠨᠤᠲᠤᠭ᠎ᠤᠨ ᠵᠠᠩ ᠦᠢᠯᠡ᠎ᠶᠢ ᠬᠠᠳᠤᠨ ᠭᠣᠣᠯ᠎ᠤᠨ ᠨᠣᠭᠣᠭᠠᠨ ᠪᠦᠷᠢᠳᠦ ᠯᠦ᠍ᠭᠡ ᠠᠭᠤᠰᠤᠯᠴᠠᠭᠤᠯᠵᠤ᠂ ᠪᠠᠷᠠᠭᠤᠨ ᠬᠣᠢᠲᠤ᠎ᠶᠢᠨ ᠵᠠᠮ ᠳᠠᠭᠠᠤ᠎ᠶᠢᠨ ᠥᠪᠡᠷᠮᠢᠴᠡ ᠣᠨᠴᠠᠯᠢᠭ᠋ ᠪᠦᠬᠦᠢ ᠦᠵᠡᠮᠵᠢ᠎ᠶᠢᠨ ᠣᠷᠣᠨ᠎ᠢ ᠬᠠᠮᠲᠤ ᠪᠠᠷ ᠴᠣᠭᠴᠠᠯᠠᠵᠤ᠂ ᠣᠷᠣᠨ ᠪᠦᠰᠡ᠎ᠶᠢᠨ ᠵᠢᠭᠤᠯᠴᠢᠯᠠᠯ᠎ᠤᠨ ᠲᠠᠲᠠᠬᠤ ᠬᠦᠴᠦᠨ ᠪᠠ ᠥᠷᠢᠰᠦᠯᠳᠦᠬᠦ ᠬᠦᠴᠦᠨ᠎ᠢ ᠶᠡᠬᠡ ᠪᠡᠷ ᠳᠡᠭᠡᠭᠰᠢᠯᠡᠭᠦᠯᠭᠦ ᠪᠣᠯᠣᠨ᠎ᠠ᠃ ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ ᠳᠠᠭᠠᠤ ᠬᠤᠳᠠ᠎ᠶᠢᠨ ᠵᠢᠭᠤᠯᠴᠢᠯᠠᠯ᠎ᠤᠨ ᠬᠣᠯᠪᠤᠭ᠎ᠠ᠎ᠶᠢᠨ ᠪᠠᠢᠭᠤᠯᠤᠭᠳᠠᠭᠰᠠᠨ ᠨᠢ ᠥᠪᠥᠷ ᠮᠣᠩᠭᠣᠯ ᠨᠢᠩᠰᠢᠶᠠ ᠬᠣᠶᠠᠷ ᠭᠠᠵᠠᠷ᠎ᠤᠨ 《ᠡᠷᠬᠡ ᠲᠡᠭᠰᠢ ᠬᠠᠷᠢᠯᠴᠠᠨ ᠠᠰᠢᠭ᠍ᠲᠠᠢ ᠪᠠᠢᠬᠤ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠬᠦ᠂ ᠬᠠᠮᠵᠢᠯᠴᠠᠨ ᠬᠥᠭᠵᠢᠬᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ᠋ ᠭᠦᠷᠳᠡᠭᠦ》ᠶ᠋ᠢ ᠪᠠᠷᠢᠮᠲᠠᠯᠠᠬᠤ᠎ᠶᠢ ᠠᠬᠢᠭᠤᠯᠬᠤ ᠰᠢᠨ᠎ᠡ ᠡᠭᠢᠯᠡᠯᠲᠡ ᠪᠣᠯᠤᠭᠰᠠᠨ ᠪᠠᠢᠨ᠎ᠠ᠃ ᠪᠠᠢᠭᠤᠯᠤᠭᠳᠠᠬᠤ ᠶᠣᠰᠣᠯᠠᠯ᠎ᠤᠨ ᠬᠤᠭᠤᠴᠠᠭᠠᠨ᠎ᠳᠤ᠂ ᠲᠤᠯᠤᠭᠠᠨ ᠭᠠᠵᠠᠷ᠎ᠤᠨ ᠰᠣᠶᠣᠯ ᠵᠢᠭᠤᠯᠴᠢᠯᠠᠯ᠎ᠤᠨ ᠠᠵᠤ ᠠᠬᠤᠢᠯᠠᠯ 《ᠠᠶᠠᠨᠴᠢᠳ᠎ᠢ ᠬᠠᠷᠢᠯᠴᠠᠨ ᠬᠦᠷᠭᠡᠬᠦ ᠬᠠᠮᠲᠤᠷᠠᠯᠴᠠᠭᠠᠨ᠎ᠤ ᠵᠥᠪᠯᠡᠯᠴᠡᠭᠡᠷ》 ᠲᠣᠬᠢᠷᠠᠯᠴᠠᠵᠤ᠂ ᠲᠤᠯᠤᠭᠠᠨ ᠭᠠᠵᠠᠷ᠎ᠤᠨ ᠲᠥᠯᠥᠭᠡᠯᠡᠭᠴᠢᠳ 《ᠵᠢᠭᠤᠯᠴᠢᠯᠠᠯ᠎ᠤᠨ ᠬᠣᠯᠪᠤᠭ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠵᠥᠪᠯᠡᠯᠴᠡᠭᠡᠷ》ᠲᠦ᠍ ᠭᠠᠷ᠎ᠤᠨ ᠦᠰᠦᠭ ᠵᠢᠷᠤᠭᠰᠠᠨ ᠪᠥᠭᠡᠳ ᠵᠢᠭᠤᠯᠴᠢᠯᠠᠯ᠎ᠤᠨ ᠲᠠᠨᠢᠯᠴᠠᠭᠤᠯᠭ᠎ᠠ ᠬᠢᠵᠦ᠂ ᠥᠪᠡᠷ ᠥᠪᠡᠷ᠎ᠦᠨ ᠣᠨᠴᠠᠯᠢᠭ᠋᠎ᠲᠠᠢ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠋᠎ᠢᠶᠡᠨ ᠳᠡᠯᠭᠡᠨ ᠦᠵᠡᠭᠦᠯᠵᠡᠢ᠃
12 ᠰᠠᠷ᠎ᠠ᠎ᠶ᠋ᠢᠨ 2᠎ᠦᠨ ᠡᠳᠦᠷ᠂ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ ᠪᠣᠯᠤᠨ ᠮᠣᠩᠭᠣᠯ ᠤᠯᠤᠰ᠎ᠤᠨ ᠰᠡᠳᠬᠦᠯᠴᠢᠳ᠎ᠤᠨ ᠨᠢᠬᠡᠳᠦᠭᠰᠡᠨ ᠡᠪᠯᠡᠯ᠎ᠡᠴᠡ ᠬᠠᠮᠲᠤᠷᠠᠨ ᠭᠣᠣᠯᠯᠠᠨ ᠡᠷᠬᠢᠯᠡᠵᠦ᠍᠂ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠨᠲᠸᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠯᠪᠠᠨ ᠭᠡᠷ ᠪᠣᠯᠤᠨ ᠮᠣᠩᠭᠣᠯ᠎ᠤᠨ ᠰᠠᠢᠲ᠎ᠤᠨ ᠬᠣᠯᠪᠣᠭ᠎ᠠ᠂ ᠮᠣᠩᠭᠣᠯ᠎ᠤᠨ ᠦᠨᠳᠦᠰᠦᠨ᠎ᠦ ᠰᠠᠢᠲ᠎ᠤᠨ ᠬᠥᠭᠵᠢᠯ᠎ᠦᠨ ᠨᠢᠭᠡᠳᠦᠭᠰᠡᠨ ᠬᠣᠯᠪᠣᠭ᠎ᠠ᠎ᠡᠴᠡ ᠬᠠᠮᠵᠢᠨ ᠡᠷᠬᠢᠯᠡᠭ᠌ᠰᠡᠨ 《ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠨᠡᠮ · ᠰᠦᠯᠵᠢᠶᠠᠨ᠎ᠤ ᠬᠠᠮᠳᠤ᠎ᠶᠢᠨ ᠠᠶᠠᠯᠠᠯ》 ᠳᠤᠮᠳᠠᠳᠤ ᠮᠣᠩᠭᠣᠯ᠎ᠤᠨ ᠰᠦᠯᠵᠢᠶᠡᠨ᠎ᠦ ᠵᠠᠭᠤᠴᠢᠯᠠᠭᠤᠷ᠎ᠤᠨ ᠭᠤᠸᠠᠩᠳᠦ᠋ᠩ ᠦᠪᠥᠷ ᠮᠣᠩᠭᠣᠯ᠎ᠳ᠋ᠡᠬᠢ ᠠᠶᠠᠯᠠᠯ᠎ᠤᠨ ᠬᠠᠮᠲᠤᠷᠠᠭ᠍ᠰᠠᠨ ᠰᠤᠷᠪᠤᠯᠵᠢᠯᠠᠭ᠎ᠠ᠎ᠶ᠋ᠢᠨ ᠠᠵᠢᠯᠯᠠᠭ᠎ᠠ ᠭᠤᠸᠠᠩᠵᠧᠦ ᠬᠤᠳᠠ᠎ᠳᠤ ᠡᠬᠢᠯᠡᠪᠡ᠃ ᠮᠣᠩᠭᠣᠯ ᠤᠯᠤᠰ᠎ᠤᠨ News.mn᠂ Mass.mn᠂ Zuv.mn ᠵᠡᠷᠭᠡ 10 ᠭᠤᠤᠯ ᠰᠦᠯᠵᠢᠶ᠎ᠡ᠂ ᠯᠠᠪᠯᠠᠯᠲᠠ᠎ᠶ᠋ᠢᠨ ᠮᠡᠳᠡᠭᠡ᠂ ᠠᠷᠠᠳ᠎ᠤᠨ ᠰᠦᠯᠵᠢᠶ᠎ᠡ᠂ ᠱᠢᠨᠬᠤᠸᠠ ᠰᠦᠯᠵᠢᠶ᠎ᠡ᠂ ᠳᠤᠮᠳᠠᠳᠤ ᠤᠯᠤᠰ᠎ᠤᠨ ᠰᠦᠯᠵᠢᠶ᠎ᠡ ᠪᠣᠯᠤᠨ ᠭᠤᠸᠠᠩᠳᠦ᠋ᠩ ᠮᠤᠵᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 12 ᠵᠠᠭᠤᠴᠢᠯᠠᠭᠤᠷ᠎ᠤᠨ 30 ᠭᠠᠷᠤᠶ ᠰᠤᠷᠪᠤᠯᠵᠢᠯᠠᠭ᠍ᠴᠢ ᠣᠷᠣᠯᠴᠠᠵᠠᠶ᠃ ᠠᠵᠢᠯᠯᠠᠭ᠎ᠠ ᠨᠢ 12 ᠰᠠᠷ᠎ᠠ᠎ᠶ᠋ᠢᠨ 8 ᠤ᠋ ᠡᠳᠦᠷ ᠪᠣᠯᠲᠠᠯ᠎ᠠ ᠶᠠᠪᠤᠭᠳᠠᠨ᠎ᠠ᠃ ᠡᠨᠡ ᠬᠦ᠌ ᠬᠤᠭᠤᠴᠠᠭᠠᠨ᠎ᠳᠤ᠂ ᠰᠤᠷᠪᠤᠯᠵᠢᠯᠠᠬᠤ ᠪᠦᠯᠬᠦᠮ᠎ᠦᠨ ᠬᠢᠨ ᠭᠤᠸᠠᠩᠳᠦ᠋ᠩ᠎ᠤᠨ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠤ ᠠᠮᠢ ᠨᠠᠰᠤ ᠡᠷᠡᠭᠦᠯ ᠮᠡᠨᠳᠦ᠍᠎ᠶ᠋ᠢᠨ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠲᠣᠭᠣᠷᠢᠭ᠂ ᠶᠦᠩ ᠴᠢᠩ ᠹᠠᠩ᠂ ᠫᠠ ᠵᠧᠸ᠋᠎ᠶᠢᠨ ᠵᠣᠬᠢᠶᠠᠮᠠᠯ ᠣᠶᠤᠨ ᠴᠢᠳᠠᠪᠤᠷᠢ ᠬᠢᠭᠡᠳ ᠲᠣᠭᠠᠴᠢᠯᠠᠭ᠍ᠰᠠᠨ ᠠᠵᠤ ᠠᠬᠤᠶ᠎ᠶ᠋ᠢᠨ ᠪᠡᠶᠡᠴᠢᠯᠡᠨ ᠣᠢᠯᠠᠭᠠᠵᠤ ᠳᠡᠯᠭᠡᠷᠡᠭᠦᠯᠦᠨ ᠬᠦᠴᠦᠨ ᠣᠯᠭᠣᠬᠤ ᠲᠥᠪ᠂ ᠶᠦᠨ ᠳ᠋ᠢᠶᠸ ᠱᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠺᠤᠮᠫᠠᠨᠢ᠂ ᠬᠣᠶ ᠲᠢᠶᠠᠨ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠱᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠺᠤᠮᠫᠠᠨᠢ᠂ ᠱᠢᠶᠣᠤ ᠮᠠ ᡁᠢ ᠱᠢᠩ ᠺᠤᠮᠫᠠᠨᠢ᠂ ᠪᠢ ᠶᠠ ᠳ᠋ᠢ ᠺᠤᠮᠫᠠᠨᠢ᠂ ᠵᠥᠩ ᠴᠢᠩ ᠪᠣᠯᠤᠨ ᠶᠢᠤ ᠪᠢ ᠰᠢᠤᠸᠠᠨ ᠮᠠᠱᠢᠨ ᠬᠥᠮᠦᠨ᠎ᠦ ᠺᠤᠮᠫᠠᠨᠢ ᠵᠢᠴᠢ ᠥᠪᠥᠷ ᠮᠣᠩᠭᠣᠯ᠎ᠤᠨ ᠣᠯᠠᠨ ᠤᠯᠤᠰ᠎ᠤᠨ ᠮᠣᠩᠭᠣᠯ ᠡᠮᠨᠡᠯᠭᠡ᠎ᠶ᠋ᠢᠨ ᠬᠣᠷᠢᠶ᠎ᠠ᠂ ᠮᠸᠩ ᠨᠢᠤ ᠪᠦᠯᠦᠭ᠌ᠯᠡᠯ᠂ ᠴᠠᠬᠢᠯᠭᠠᠨ ᠬᠦᠴᠦᠨ᠎ᠦ ᠪᠦᠯᠦᠭ᠌ᠯᠡᠯ᠂ ᠡᠷᠢᠶᠡᠨ ᠬᠣᠲᠠ ᠬᠢᠯᠢ᠎ᠶᠢᠨ ᠪᠣᠭᠣᠮᠲᠠ ᠵᠡᠷᠭᠡ ᠭᠠᠵᠠᠷ᠎ᠲᠤ ᠬᠦᠷᠴᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ᠎ᠤᠨ ᠡᠮ᠂ ᠤᠯᠠᠮᠵᠢᠯᠠᠯᠲᠤ ᠰᠣᠶᠣᠯ᠎ᠢ ᠬᠠᠮᠠᠭᠠᠯᠠᠵᠤ ᠤᠯᠠᠮᠵᠢᠯᠠᠬᠤ ᠵᠢᠴᠢ ᠬᠢᠲᠠᠳ ᠮᠣᠩᠭᠣᠯ ᠡᠮ ᠡᠮᠨᠡᠯᠭᠡ᠂ ᠡᠨᠧᠷᠭᠢ᠎ᠶ᠋ᠢᠨ ᠴᠠᠬᠢᠯᠭᠠᠨ ᠭᠠᠷᠭᠠᠯᠳᠠ᠂ ᠰᠦ᠎ᠶᠢᠨ ᠠᠵᠤ ᠦᠢᠯᠡᠰ᠂ ᠬᠢᠯᠢ᠎ᠶᠢᠨ ᠪᠣᠭᠣᠮᠲᠠ᠎ᠶ᠋ᠢᠨ ᠪᠦᠲᠦᠭᠡᠨ ᠪᠠᠢᠭᠤᠯᠤᠯᠲᠠ ᠵᠡᠷᠭᠡ ᠬᠦᠷᠢᠶᠡᠨ᠎ᠳᠦ ᠰᠤᠷᠪᠤᠯᠵᠢᠯᠠᠨ ᠮᠡᠳᠡᠭᠡᠯᠡᠵᠤ᠂ ᠮᠣᠩᠭᠣᠯ ᠤᠯᠤᠰ᠎ᠤᠨ ᠠᠷᠠᠳ ᠣᠯᠠᠨ᠎ᠳᠤ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠢᠳᠡᠪᠬᠢᠲᠡᠶ ᠲᠠᠨᠢᠯᠴᠠᠭᠤᠯᠵᠤ᠂ ᠮᠣᠩᠭᠣᠯ ᠤᠯᠤᠰ᠎ᠲᠠᠶ ᠠᠵᠠ ᠲᠣᠬᠢᠶᠠᠯ᠎ᠢ ᠬᠠᠮᠲᠤ᠎ᠪᠠᠷ ᠡᠳ᠋ᠯᠡᠵᠤ᠂ ᠬᠠᠮᠲᠤ᠎ᠪᠠᠷ ᠬᠥᠭ᠌ᠵᠢᠵᠤ᠂ ᠳᠤᠮᠳᠠᠳᠤ ᠮᠣᠩᠭᠣᠯ ᠬᠣᠶᠠᠷ ᠤᠯᠤᠰ᠎ᠤᠨ ᠡᠯ᠎ᠡ ᠬᠦᠷᠢᠶᠡᠨ᠎ᠦ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌ ᠰᠠᠢ᠌ᠨ ᠰᠠᠢᠬᠠᠨ ᠢᠷᠡᠭᠡᠳᠦᠢ᠎ᠶ᠋ᠢ ᠠᠬᠢᠭᠤᠯᠤᠨ᠎ᠠ᠃
11 ᠳ᠋ᠦ᠍ᠭᠡᠷ ᠰᠠᠷ᠎ᠠ᠎ᠶᠢᠨ 18 ᠎ᠤ ᠡᠳᠦᠷ᠂ ᠶᠡᠬᠡ ᠳᠡᠭᠡᠳᠦ ᠰᠤᠷᠭᠠᠭᠤᠯᠢ᠎ᠨᠤᠭᠤᠳ᠎ᠠᠴᠠ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠣᠷᠣᠨ ᠪᠦᠰᠡ᠎ᠶᠢᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠬᠦ ᠶᠠᠷᠢᠶᠠᠨ᠎ᠤ ᠲᠠᠪᠴᠠᠩ ᠬᠥᠬᠡᠬᠣᠲᠠ᠎ᠳᠤ ᠶᠠᠪᠤᠭᠳᠠᠵᠤ᠂ ᠳᠥᠷᠪᠡᠨ ᠭᠠᠵᠠᠷ᠎ᠤᠨ ᠰᠤᠷᠭᠠᠨ ᠬᠥᠮᠦᠵᠢᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠣᠯᠪᠣᠭᠠᠨ᠎ᠤ ᠪᠦᠷᠢᠯᠳᠦᠭᠦᠨ ᠪᠣᠯᠬᠤ 121 ᠶᠡᠬᠡ ᠳᠡᠭᠡᠳᠦ ᠰᠤᠷᠭᠠᠭᠤᠯᠢ᠎ᠶᠢᠨ ᠲᠥᠯᠥᠭᠡᠯᠡᠭᠴᠢᠳ ᠬᠢᠭᠡᠳ ᠬᠠᠮᠢᠶ᠎ᠠ ᠪᠦᠬᠦᠢ ᠠᠵᠤ ᠠᠬᠤᠢᠯᠠᠯ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠡᠷᠭᠡ᠎ᠠᠴᠠ ᠬᠦᠷᠦᠯᠴᠡᠨ ᠢᠷᠡᠭᠰᠡᠨ 268 ᠬᠥᠮᠥᠨ ᠣᠷᠣᠯᠴᠠᠵᠠᠢ᠃ ᠲᠣᠰ ᠤᠳᠠᠭᠠᠨ᠎ᠤ ᠶᠠᠷᠢᠶᠠᠨ᠎ᠤ ᠲᠠᠪᠴᠠᠩ ᠪᠣᠯ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠬᠣᠯᠪᠣᠭ᠎ᠠ ᠪᠠᠢᠭᠤᠯᠤᠭᠳᠠᠭᠰᠠᠨ ᠨᠢᠭᠡ ᠵᠢᠯ᠎ᠦᠨ ᠣᠶ᠎ᠶᠢᠨ ᠴᠢᠬᠤᠯᠠ ᠵᠠᠩᠭᠢᠯᠠᠭ᠎ᠠ᠎ᠶᠢᠨ ᠴᠡᠭ᠎ᠲᠦ ᠬᠤᠷᠠᠯᠳᠤᠭᠤᠯᠤᠭᠰᠠᠨ ᠬᠤᠷᠠᠯ ᠪᠣᠯᠣᠨ᠎ᠠ᠂ ᠳᠥᠷᠪᠡᠨ ᠭᠠᠵᠠᠷ᠎ᠤᠨ ᠰᠤᠷᠭᠠᠨ ᠬᠥᠮᠦᠵᠢᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠯᠤᠭᠣᠳᠴᠤ᠂ ᠬᠣᠯᠪᠣᠭᠠᠨ᠎ᠤ ᠬᠡᠷᠡᠭ ᠡᠷᠬᠢᠯᠡᠭᠴᠢᠳ᠎ᠦᠨ ᠳᠠᠷᠤᠭ᠎ᠠ᠎ᠶᠢᠨ ᠨᠢᠭᠡᠴᠢ᠎ᠪᠠᠷ ᠠᠵᠢᠯᠯᠠᠵᠤ ᠪᠠᠢᠭ᠎ᠠ ᠥᠪᠥᠷ ᠮᠣᠩᠭᠣᠯ᠎ᠤᠨ ᠶᠡᠬᠡ ᠰᠤᠷᠭᠠᠭᠤᠯᠢ ᠳᠠᠭᠠᠭᠠᠨ ᠡᠷᠬᠢᠯᠡᠪᠡ᠃ ᠶᠠᠷᠢᠶᠠᠨ᠎ᠤ ᠲᠠᠪᠴᠠᠩ ᠨᠢ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠣᠷᠣᠨ ᠪᠦᠰᠡ᠎ᠶᠢᠨ ᠬᠠᠮᠲᠤᠷᠠᠯᠴᠠᠭ᠎ᠠ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ᠂ ᠲᠣᠰ ᠬᠣᠯᠪᠣᠭ᠎ᠠ᠎ᠶᠢᠨ ᠥᠩᠭᠡᠷᠡᠭᠰᠡᠨ ᠨᠢᠭᠡ ᠵᠢᠯ᠎ᠦᠨ ᠠᠵᠢᠯ᠎ᠤᠨ ᠦᠷ᠎ᠡ ᠪᠦᠲᠦᠮᠵᠢ᠎ᠶᠢ ᠳᠡᠯᠭᠡᠨ ᠦᠵᠡᠭᠦᠯᠵᠦ᠂ ᠳᠠᠷᠠᠭᠠᠴᠢ᠎ᠶᠢᠨ ᠱᠠᠲᠤᠨ᠎ᠤ ᠬᠥᠭᠵᠢᠯᠲᠡ᠎ᠶᠢᠨ ᠴᠢᠭᠯᠡᠯ᠎ᠢ ᠲᠣᠳᠣᠷᠬᠠᠢᠯᠠᠬᠤ᠎ᠪᠠᠷ ᠵᠣᠷᠢᠯᠭ᠎ᠠ᠎ᠪᠠᠨ ᠪᠣᠯᠭᠠᠵᠠᠢ᠃ ᠶᠠᠷᠢᠶᠠᠨ᠎ᠤ ᠲᠠᠪᠴᠠᠩ ᠨᠢ ᠳᠤᠮᠳᠠᠳᠤ ᠤᠯᠤᠰ᠎ᠤᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠬᠠᠮᠲᠤᠷᠠᠯᠴᠠᠭ᠎ᠠ᠎ᠶᠢ ᠠᠬᠢᠭᠤᠯᠬᠤ ᠨᠡᠢᠭᠡᠮᠯᠢᠭ᠎ᠦᠨ ᠪᠠᠢᠩᠭᠤ᠎ᠶᠢᠨ ᠳᠡᠳ᠋ ᠳᠠᠷᠤᠭ᠎ᠠ᠂ ᠰᠤᠷᠭᠠᠨ ᠬᠥᠮᠦᠵᠢᠯ᠎ᠦᠨ ᠶᠠᠮᠤᠨ᠎ᠤ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ ᠪᠠ ᠮᠡᠳᠡᠭᠡ ᠵᠠᠩᠭᠢᠴᠢᠯᠠᠯᠲᠠ᠎ᠶᠢᠨ ᠵᠤᠷᠭᠠᠨ᠎ᠤ ᠤᠤᠯ᠎ᠤᠨ ᠳᠠᠷᠤᠭ᠎ᠠ ᠯᠧᠢ ᠴᠤᠤ ᠽᠢ᠂ ᠪᠡᠭᠡᠵᠢᠩ᠎ᠦᠨ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ᠎ᠶᠢᠨ ᠠᠰᠫᠢᠷᠠᠨᠲ᠎ᠤᠨ ᠰᠤᠷᠭᠠᠨ ᠬᠥᠮᠦᠵᠢᠯ᠎ᠦᠨ ᠰᠤᠳᠤᠯᠭᠠᠨ᠎ᠤ ᠲᠥᠪ᠎ᠦᠨ ᠡᠷᠬᠢᠯᠡᠭᠴᠢ ᠸᠠᠩ ᠵᠠᠨ ᠵᠢᠶᠦ᠋ᠨ᠎ᠢ ᠤᠷᠢᠵᠤ᠂ ᠠᠵᠤ ᠠᠬᠤᠢᠯᠠᠯ᠎ᠢᠶᠠᠷ ᠭᠣᠣᠯᠯᠠᠭᠤᠯᠤᠭᠰᠠᠨ ᠰᠤᠷᠭᠠᠭᠤᠯᠢ ᠠᠵᠤ ᠠᠬᠤᠢᠯᠠᠯ ᠬᠠᠮᠵᠢᠯᠴᠠᠨ ᠰᠢᠨ᠎ᠡ᠎ᠶᠢ ᠡᠭᠦᠳᠬᠦ᠎ᠶᠢ ᠴᠢᠩᠭᠠᠳᠬᠠᠬᠤ᠂ ᠶᠡᠬᠡ ᠳᠡᠭᠡᠳᠦ ᠰᠤᠷᠭᠠᠭᠤᠯᠢ᠎ᠶᠢᠨ 《ᠠᠷᠪᠠᠨ ᠲᠠᠪᠤᠳᠤᠭᠠᠷ ᠲᠠᠪᠤᠨ ᠵᠢᠯ》᠎ᠤᠨ ᠬᠥᠭᠵᠢᠯᠲᠡ᠎ᠶᠢᠨ ᠶᠠᠷᠢᠶᠠᠨ᠎ᠤ ᠲᠠᠪᠴᠠᠩ᠎ᠢ ᠲᠥᠯᠥᠪᠵᠢᠭᠦᠯᠬᠦ ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠲᠤᠰ ᠲᠤᠰ ᠭᠣᠣᠯ ᠵᠣᠷᠢᠯᠲᠠᠲᠤ ᠮᠡᠳᠡᠭᠦᠯᠦᠯᠲᠡ ᠬᠢᠯᠭᠡᠵᠡᠢ᠃ ᠪᠡᠭᠡᠵᠢᠩ᠎ᠦᠨ ᠦᠢᠯᠡᠳᠪᠦᠷᠢ ᠬᠤᠳᠠᠯᠳᠤᠭᠠᠨ᠎ᠤ ᠶᠡᠬᠡ ᠰᠤᠷᠭᠠᠭᠤᠯᠢ᠂ ᠲᠢᠶᠠᠨᠵᠢᠨ᠎ᠤ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠂ ᠾᠧᠪᠧᠢ᠎ᠶᠢᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠲᠤᠷᠰᠢᠯᠭ᠎ᠠ᠎ᠪᠠᠨ ᠰᠣᠯᠢᠯᠴᠠᠵᠤ᠂ ᠶᠡᠬᠡ ᠳᠡᠭᠡᠳᠦ ᠰᠤᠷᠭᠠᠭᠤᠯᠢ᠎ᠶᠢᠨ ᠣᠷᠣᠨ ᠪᠦᠰᠡ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠦᠢᠯᠡᠴᠢᠯᠡᠬᠦ ᠣᠨᠴᠠᠯᠢᠭ᠍ᠲᠤ ᠦᠢᠯᠡᠳᠦᠯᠭᠡ᠎ᠶᠢ ᠬᠤᠪᠢᠶᠠᠯᠴᠠᠨ᠂ ᠲᠣᠰ ᠬᠣᠯᠪᠣᠭᠠᠨ᠎ᠤ ᠶᠡᠬᠡ ᠳᠡᠭᠡᠳᠦ ᠰᠤᠷᠭᠠᠭᠤᠯᠢ᠎ᠶᠢᠨ ᠬᠠᠮᠵᠢᠯᠴᠠᠨ ᠬᠥᠭᠵᠢᠬᠦ᠎ᠳᠦ ᠡᠷᠬᠢᠮ ᠨᠠᠨᠳᠢᠨ ᠲᠤᠷᠰᠢᠯᠭ᠎ᠠ ᠬᠠᠩᠭᠠᠪᠠ᠃ ᠶᠠᠷᠢᠶᠠᠨ᠎ᠤ ᠲᠠᠪᠴᠠᠩ᠎ᠤᠨ ᠠᠬᠤᠢ ᠲᠠᠯᠠᠪᠠᠢ᠎ᠳᠤ ᠪᠠᠰᠠ ᠰᠤᠷᠭᠠᠭᠤᠯᠢ᠎ᠶᠢᠨ ᠬᠣᠭᠣᠷᠣᠨᠳᠣᠬᠢ ᠬᠣᠣᠰᠯᠠᠯ ᠪᠠᠶ᠋ᠢᠭᠤᠯᠬᠤ᠂ ᠰᠤᠷᠭᠠᠭᠤᠯᠢ ᠠᠵᠤ ᠠᠬᠤᠢᠯᠠᠯ ᠬᠠᠮᠲᠤᠷᠠᠯᠴᠠᠬᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠢ ᠬᠠᠮᠲᠤᠷᠠᠵᠤ ᠬᠢᠬᠦ ᠵᠡᠷᠭᠡ ᠭᠤᠷᠪᠠᠨ ᠶᠡᠬᠡ ᠲᠦᠷᠦᠯ᠎ᠦᠨ ᠨᠡᠢ᠍ᠢᠳᠡ 26 ᠵᠦᠢᠯ᠎ᠦᠨ ᠬᠠᠮᠲᠤᠷᠠᠯᠴᠠᠭᠠᠨ᠎ᠤ ᠲᠦᠷᠦᠯ ᠵᠦᠢᠯ᠎ᠳᠦ ᠲᠥᠪᠯᠡᠷᠡᠭᠦᠯᠦᠨ ᠵᠥᠪᠯᠡᠯᠴᠡᠭᠡᠷ ᠲᠣᠬᠢᠷᠠᠯᠴᠠᠵᠤ᠂ ᠲᠣᠰ ᠬᠣᠯᠪᠣᠭᠠᠨ᠎ᠤ ᠬᠠᠮᠲᠤᠷᠠᠯᠴᠠᠭ᠎ᠠ᠎ᠶᠢ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶ᠎ᠡ ᠲᠡᠢᠰᠢ ᠥᠷᠭᠡᠵᠢᠭᠦᠯᠬᠦ᠎ᠶᠢ ᠠᠬᠢᠭᠤᠯᠪᠠ᠃ ᠡᠭᠦᠨ᠎ᠡᠴᠡ ᠭᠠᠳᠠᠨ᠎ᠠ᠂ 《ᠬᠢᠯᠢ ᠬᠢᠵᠠᠭᠠᠷ᠎ᠤᠨ ᠵᠠᠰᠠᠯᠲᠠ ᠬᠢᠭᠡᠳ ᠣᠷᠣᠨ ᠪᠦᠰᠡ᠎ᠶᠢᠨ ᠵᠣᠬᠢᠴᠠᠯᠳᠤᠩᠭᠤᠢ ᠬᠥᠭᠵᠢᠯᠲᠡ》᠎ᠶᠢᠨ ᠲᠤᠰᠬᠠᠢ ᠵᠥᠪᠯᠡᠯ ᠪᠠ 《ᠵᠣᠬᠢᠶᠠᠮᠠᠯ ᠣᠶᠣᠨ + ᠰᠤᠷᠭᠠᠨ ᠬᠥᠮᠦᠵᠢᠯ》᠎ᠤᠨ ᠲᠤᠰᠬᠠᠢ ᠵᠥᠪᠯᠡᠯ᠎ᠢ ᠲᠣᠰ ᠬᠣᠯᠪᠣᠭᠠᠨ᠎ᠤ ᠪᠠᠢᠭᠤᠯᠤᠮᠵᠢ᠎ᠶᠢᠨ ᠪᠣᠷᠣ᠌ ᠲᠥᠯᠥᠪ᠎ᠲᠤ ᠪᠠᠭᠲᠠᠭᠠᠨ ᠪᠠᠢᠭᠤᠯᠤᠭᠰᠠᠨ᠎ᠢ ᠨᠡᠢᠲᠡᠯᠡᠵᠦ᠂ ᠲᠧᠭᠨᠢᠭ᠎ᠦᠨ ᠤᠬᠠᠭᠠᠨ᠂ ᠲᠠᠷᠢᠶᠠᠯᠠᠩ᠎ᠤᠨ ᠤᠬᠠᠭᠠᠨ᠂ ᠠᠨᠠᠭᠠᠬᠤ ᠤᠬᠠᠭᠠᠨ᠂ ᠪᠠᠭ᠍ᠰᠢ᠎ᠶᠢᠨ ᠤᠬᠠᠭᠠᠨ᠂ ᠬᠤᠳᠠᠯᠳᠤᠭᠠᠨ᠎ᠤ ᠤᠬᠠᠭᠠᠨ᠂ ᠠᠨᠠᠷ᠎ᠤᠨ ᠦᠷ᠎ᠡ ᠵᠡᠷᠭᠡ 6 ᠬᠤᠪᠢᠶᠠᠷᠢ ᠬᠣᠯᠪᠣᠭ᠎ᠠ ᠨᠢ ᠲᠤᠰᠬᠠᠢ ᠰᠡᠳᠦᠪᠲᠦ ᠶᠠᠷᠢᠯᠴᠠᠭ᠎ᠠ᠎ᠶᠢ ᠵᠡᠷᠭᠡ᠎ᠪᠡᠷ ᠥᠷᠨᠢᠭᠦᠯᠪᠡ᠃ ᠣᠢᠯᠠᠭᠠᠭᠰᠠᠨ᠎ᠢᠶᠠᠷ᠂ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠬᠣᠯᠪᠣᠭ᠎ᠠ ᠨᠢ 2024 ᠣᠨ᠎ᠤ 11 ᠰᠠᠷ᠎ᠠ᠎ᠳᠤ ᠪᠠᠢᠭᠤᠯᠤᠭᠳᠠᠭᠰᠠᠨ᠎ᠡᠴᠡ ᠨᠠᠭᠠᠰᠢ᠂ ᠰᠤᠷᠭᠠᠭᠤᠯᠢ᠎ᠶᠢᠨ ᠬᠣᠭᠣᠷᠣᠨᠳᠣᠬᠢ ᠰᠣᠯᠢᠯᠴᠠᠭ᠎ᠠ ᠵᠡᠷᠭᠡ ᠣᠯᠠᠨ ᠲᠠᠯ᠎ᠠ᠎ᠪᠠᠷ ᠢᠯᠡᠳᠲᠡ ᠠᠮᠵᠢᠯᠲᠠ ᠣᠯᠵᠠᠢ᠃ ᠳᠥᠷᠪᠡᠨ ᠭᠠᠵᠠᠷ᠎ᠤᠨ 24 ᠶᠡᠬᠡ ᠳᠡᠭᠡᠳᠦ ᠰᠤᠷᠭᠠᠭᠤᠯᠢ ᠬᠠᠮᠲᠤᠷᠠᠯᠴᠠᠭᠠᠨ᠎ᠤ ᠵᠥᠪᠯᠡᠯᠴᠡᠭᠡᠷ ᠲᠣᠬᠢᠷᠠᠯᠴᠠᠵᠤ᠂ ᠰᠤᠷᠭᠠᠭᠤᠯᠢ᠎ᠶᠢᠨ ᠬᠣᠭᠣᠷᠣᠨᠳᠣᠬᠢ ᠭᠦᠨᠵᠡᠭᠡᠢ ᠬᠠᠮᠲᠤᠷᠠᠯᠴᠠᠨ ᠰᠣᠯᠢᠯᠴᠠᠬᠤ ᠪᠠᠢᠩᠭᠤ᠎ᠶᠢᠨ ᠲᠣᠭᠲᠠᠴᠠ ᠬᠢᠭᠡᠳ ᠣᠯᠠᠨ ᠲᠠᠰ ᠳᠠᠪᠬᠤᠷᠭ᠎ᠠ ᠪᠦᠬᠦᠢ ᠰᠣᠷᠣᠭ᠍ᠴᠢᠳ᠎ᠢ ᠬᠣᠯᠪᠣᠭᠠᠯᠠᠨ ᠬᠥᠮᠥᠵᠢᠭᠦᠯᠬᠦ ᠲᠣᠭᠲᠠᠯᠴᠠᠭ᠎ᠠ᠎ᠶᠢ ᠪᠠᠢᠭᠤᠯᠵᠤ᠂ ᠬᠢᠴᠢᠶᠡᠯ᠎ᠢ ᠬᠠᠮᠲᠤ᠎ᠪᠠᠷ ᠪᠡᠯᠡᠳᠬᠡᠬᠦ᠂ ᠰᠣᠷᠣᠭ᠍ᠴᠢ᠎ᠶᠢ ᠬᠠᠷᠢᠯᠴᠠᠨ ᠲᠣᠮᠢᠯᠠᠬᠤ᠂ ᠰᠤᠷᠤᠯᠭ᠎ᠠ᠎ᠶᠢᠨ ᠬᠤᠪᠢ᠎ᠶᠢ ᠬᠠᠷᠢᠯᠴᠠᠨ ᠮᠡᠳᠡᠷᠡᠬᠦ ᠪᠠ ᠰᠠᠭᠤᠷᠢᠨ ᠭᠠᠵᠠᠷ᠎ᠢ ᠬᠠᠮᠲᠤ᠎ᠪᠠᠷ ᠡᠳ᠋ᠯᠡᠬᠦ ᠬᠠᠮᠵᠢᠯᠴᠠᠭᠠᠨ᠎ᠤ ᠲᠠᠪᠴᠠᠩ ᠪᠠᠶ᠋ᠢᠭᠤᠯᠬᠤ᠎ᠶᠢ ᠠᠬᠢᠭᠤᠯᠪᠠ; ᠪᠡᠭᠡᠵᠢᠩ ᠲᠢᠶᠠᠨᠵᠢᠨ ᠾᠧᠪᠧᠢ᠎ᠶᠢᠨ ᠶᠡᠬᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠪᠠᠭ᠍ᠰᠢ ᠨᠠᠷ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠨᠤᠭᠤᠳ᠎ᠲᠤ ᠲᠦᠰᠢᠭᠯᠡᠨ ᠤᠯᠤᠰ᠎ᠤᠨ ᠲᠠᠰ᠎ᠤᠨ ᠴᠢᠳᠠᠪᠤᠷᠢᠲᠠᠨ᠎ᠤ ᠲᠥᠷᠥᠯ ᠵᠦᠢᠯ᠎ᠢ ᠭᠤᠶᠤᠴᠢᠯᠠᠨ ᠮᠡᠳᠡᠭᠦᠯᠵᠦ᠂ ᠳᠥᠷᠪᠡᠨ ᠭᠠᠵᠠᠷ᠎ᠤᠨ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠭᠡᠨ᠎ᠦ ᠰᠠᠯᠠᠭᠠᠨ᠎ᠤ ᠪᠦᠲᠦᠭᠡᠨ ᠪᠠᠢᠭᠤᠯᠤᠯᠲᠠ᠎ᠳᠤ ᠴᠢᠳᠠᠪᠤᠷᠢᠲᠠᠨ᠎ᠤ ᠬᠦᠴᠦᠲᠡᠢ ᠪᠠᠲᠤᠯᠠᠭ᠎ᠠ ᠬᠠᠩᠭᠠᠪᠠ; ᠲᠦᠷᠪᠡᠨ ᠭᠠᠵᠠᠷ᠎ᠤᠨ ᠶᠡᠬᠡ ᠳᠡᠭᠡᠳᠦ ᠰᠤᠷᠭᠠᠭᠤᠯᠢ᠎ᠨᠤᠭᠤᠳ ᠨᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠠᠵᠤ ᠠᠬᠤᠢᠯᠠᠯ ᠵᠡᠷᠭᠡ ᠯᠦ᠍ᠭᠡ ᠰᠢᠨᠵᠢᠯᠡᠬᠦ ᠤᠬᠠᠭᠠᠨ᠎ᠤ ᠰᠤᠳᠤᠯᠭᠠᠨ᠎ᠤ 208 ᠵᠦᠢᠯ᠎ᠦᠨ ᠲᠦᠷᠦᠯ ᠵᠦᠢᠯ᠎ᠢ ᠥᠷᠨᠢᠭᠦᠯᠵᠦ᠂ ᠬᠠᠮᠲᠤᠷᠠᠯᠴᠠᠵᠤ ᠠᠷᠠᠯᠵᠢᠶ᠎ᠠ ᠪᠦᠲᠦᠭᠰᠡᠨ ᠶᠡᠷᠦᠩᠬᠡᠢ ᠵᠣᠭᠣᠰ᠎ᠤᠨ ᠲᠣᠭ᠎ᠠ 2.22 ᠳ᠋ᠦᠩᠰᠢᠭᠤᠷ ᠲᠥᠭᠥᠷᠢᠭ᠎ᠲᠦ ᠬᠦᠷᠴᠡᠢ᠃