ᠣᠷᠣᠨ ᠪᠥᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠭᠠᠵᠠᠷ ᠣᠷᠣᠨ᠎ᠤ ᠴᠠᠬᠢᠯᠭᠠᠨ ᠬᠦᠴᠦᠨ᠎ᠤ ᠲᠣᠣᠷ ᠨᠢ ᠪᠡᠭᠡᠵᠢᠩ ᠲᠢᠶᠠᠨᠵᠢᠨ ᠯᠤᠭ᠎ᠠ ᠮᠤᠵᠢ ᠣᠷᠣᠨ ᠠᠯᠤᠰᠯᠠᠭᠰᠠᠨ ᠬᠣᠣᠰ ᠰᠠᠷ᠎ᠠ᠎ᠶᠢᠨ ᠨᠣᠭᠣᠭᠠᠨ ᠴᠠᠬᠢᠯᠭᠠᠨ᠎ᠢ ᠠᠩᠬ᠎ᠠ ᠤᠳᠠᠭ᠎ᠠ ᠠᠷᠠᠯᠵᠢᠶᠠᠯᠠᠪᠠ
ᠨᠡᠶ᠋ᠢᠲᠡᠯᠡᠭᠰᠡᠨ ᠴᠠᠭ᠄ 2025-10-14

ᠰᠤᠷᠪᠤᠯᠵᠢᠯᠠᠭ᠍ᠴᠢ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭᠯᠡᠯ᠎ᠡᠴᠡ ᠣᠢᠯᠠᠭᠠᠭᠰᠠᠨ᠎ᠢᠶᠠᠷ᠄ ᠣᠢᠷ᠎ᠠ᠎ᠳᠤ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠴᠠᠬᠢᠯᠭᠠᠨ ᠬᠦᠴᠦᠨ᠎ᠦ ᠲᠣᠣᠷ ᠨᠢ ᠪᠡᠭᠡᠵᠢᠩ ᠲᠢᠶᠠᠨᠵᠢᠨ ᠯᠤᠭ᠎ᠠ ᠮᠤᠵᠢ ᠣᠷᠣᠨ ᠠᠯᠤᠰᠯᠠᠭᠰᠠᠨ ᠬᠣᠣᠰ ᠰᠠᠷ᠎ᠠ(9 – 10 ᠳ᠋ᠤᠭᠠᠷ ᠰᠠᠷ᠎ᠠ)᠎ᠶ᠋ᠢᠨ ᠨᠣᠭᠣᠭᠠᠨ ᠴᠠᠬᠢᠯᠭᠠᠨ᠎ᠢ ᠠᠩᠬ᠎ᠠ ᠤᠳᠠᠭ᠎ᠠ ᠠᠷᠠᠯᠵᠢᠶᠠᠯᠠᠪᠠ᠃ ᠣᠢᠯᠠᠭᠠᠭᠰᠠᠨ᠎ᠢᠶᠠᠷ᠂ ᠲᠣᠰ ᠤᠳᠠᠭᠠᠨ᠎ᠤ ᠠᠷᠠᠯᠵᠢᠶ᠎ᠠ᠎ᠳᠤ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠴᠠᠬᠢᠯᠭᠠᠨ ᠬᠦᠴᠦᠨ᠎ᠦ ᠲᠣᠣᠷ᠎ᠤᠨ ᠬᠢᠨ ᠪᠡᠭᠡᠵᠢᠩ᠂ ᠲᠢᠶᠠᠨᠵᠢᠨ᠎ᠤ 53 ᠴᠠᠬᠢᠯᠭᠠᠨ ᠬᠡᠷᠡᠭᠯᠡᠭᠴᠢ ᠵᠢᠴᠢ ᠴᠠᠬᠢᠯᠭᠠᠨ ᠪᠣᠷᠣᠯᠠᠭᠤᠯᠬᠤ ᠺᠣᠮᠫᠠᠨᠢ ᠯᠤᠭ᠎ᠠ 2.7 ᠳ᠋ᠦᠩᠰᠢᠭᠤᠷ ᠺᠢᠯᠣᠸᠠᠲ ᠴᠠᠭ᠎ᠤᠨ ᠨᠣᠭᠣᠭᠠᠨ ᠴᠠᠬᠢᠯᠭᠠᠨ ᠠᠷᠠᠯᠵᠢᠶᠠᠯᠠᠬᠤ᠎ᠪᠠᠷ ᠲᠣᠬᠢᠷᠠᠯᠴᠠᠪᠠ᠃ 

ᠡᠨᠡ ᠤᠳᠠᠭᠠᠨ᠎ᠤ ᠠᠷᠠᠯᠵᠢᠶ᠎ᠠ ᠨᠢ ᠠᠩᠬ᠎ᠠ ᠤᠳᠠᠭ᠎ᠠ ᠴᠠᠬᠢᠯᠭᠠᠨ ᠬᠦᠴᠦᠨ᠎ᠦ ᠠᠷᠠᠯᠵᠢᠶᠠᠨ᠎ᠤ ᠦᠶᠡᠯᠡᠯ᠎ᠦᠨ ᠬᠤᠭᠤᠴᠠᠭ᠎ᠠ᠎ᠶ᠋ᠢ 2 ᠰᠠᠷ᠎ᠠ ᠤᠷᠲᠤᠳᠬᠠᠵᠤ᠂ ᠤᠯᠠᠮᠵᠢᠯᠠᠯᠲᠤ ᠰᠠᠷ᠎ᠠ᠎ᠶᠢᠨ ᠪᠠ ᠰᠠᠷ᠎ᠠ᠎ᠶᠢᠨ ᠳᠣᠲᠣᠷᠠᠬᠢ ᠴᠠᠬᠢᠯᠭᠠᠨ ᠬᠦᠴᠦᠨ᠎ᠦ ᠠᠷᠠᠯᠵᠢᠶᠠᠨ᠎ᠤ ᠦᠶᠡᠯᠡᠯ᠎ᠦᠨ ᠬᠤᠭᠤᠴᠠᠭᠠᠨ᠎ᠤ ᠬᠢᠵᠠᠭᠠᠷᠯᠠᠯ᠎ᠢ ᠤᠰᠠᠳᠭᠠᠵᠤ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠴᠠᠬᠢᠯᠭᠠᠨ ᠬᠦᠴᠦᠨ᠎ᠦ ᠲᠣᠣᠷ᠎ᠤᠨ ᠮᠤᠵᠢ ᠣᠷᠣᠨ ᠠᠯᠤᠰᠯᠠᠭᠰᠠᠨ ᠨᠣᠭᠣᠭᠠᠨ ᠴᠠᠬᠢᠯᠭᠠᠨ᠎ᠤ ᠣᠷᠳᠣ᠌ ᠦᠶᠡᠯᠡᠯ᠎ᠦᠨ ᠬᠤᠭᠤᠴᠠᠭ᠎ᠠ ᠲᠠᠢ ᠠᠷᠠᠯᠵᠢᠶᠠᠯᠠᠬᠤ ᠬᠦᠷᠢᠶᠡᠨ᠎ᠳᠡᠬᠢ ᠬᠣᠭᠣᠰᠤᠨ᠎ᠢ ᠨᠦᠬᠦᠪᠦᠷᠢᠯᠡᠪᠡ᠂ ᠡᠨᠡ ᠨᠢ ᠴᠠᠬᠢᠯᠭᠠᠨ ᠬᠡᠷᠡᠭᠯᠡᠬᠦ ᠭᠠᠵᠠᠷ ᠣᠷᠣᠨ᠎ᠤ ᠨᠣᠭᠣᠭᠠᠨ ᠴᠠᠬᠢᠯᠭᠠᠨ᠎ᠤ ᠬᠠᠩᠭᠠᠯᠭ᠎ᠠ᠎ᠶᠢ ᠲᠣᠭᠲᠠᠭᠤᠨ᠎ᠢᠶᠠᠷ ᠪᠠᠲᠤᠯᠠᠭᠰᠠᠨ ᠮᠥᠷᠲᠡᠭᠡᠨ ᠪᠠᠰᠠ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠴᠠᠬᠢᠯᠭᠠᠨ ᠬᠦᠴᠦᠨ᠎ᠦ ᠲᠣᠣᠷ᠎ᠤᠨ ᠴᠠᠬᠢᠯᠭᠠᠨ ᠬᠡᠷᠡᠭᠯᠡᠬᠦ ᠭᠠᠵᠠᠷ ᠣᠷᠣᠨ᠎ᠤ ᠬᠡᠷᠡᠭ᠌ᠯᠡᠭᠡ᠎ᠶ᠋ᠢᠨ ᠬᠡᠷᠡᠭᠴᠡᠭᠡ᠎ᠪᠠᠨ ᠦᠨᠳᠦᠰᠦᠯᠡᠨ ᠴᠠᠬᠢᠯᠭᠠᠨ ᠬᠦᠴᠦᠨ᠎ᠦ ᠠᠷᠠᠯᠵᠢᠶ᠎ᠠ᠎ᠶᠢ ᠠᠮᠢᠳᠤᠯᠢᠭ᠋᠎ᠢᠶᠠᠷ ᠥᠷᠨᠢᠭᠦᠯᠬᠦ᠎ᠳᠦ ᠲᠥᠬᠥᠮ ᠪᠣᠯᠭᠠᠵᠤ᠂ ᠨᠣᠭᠣᠭᠠᠨ ᠴᠠᠬᠢᠯᠭᠠᠨ᠎ᠤ ᠵᠠᠬ᠎ᠠ ᠳᠡᠯᠭᠡᠭᠦᠷ᠎ᠦᠨ ᠣᠷᠣᠨ ᠵᠠᠢ᠎ᠶᠢ ᠪᠦᠲᠦᠮᠵᠢᠲᠡᠶ ᠥᠷᠭᠡᠳᠬᠡᠭᠰᠡᠨ ᠪᠠᠢᠨ᠎ᠠ᠃ 

ᠨᠣᠭᠣᠭᠠᠨ ᠴᠠᠬᠢᠯᠭᠠᠨ᠎ᠳᠤ ᠵᠠᠭᠠᠭ ᠬᠢᠵᠠᠭᠠᠷ ᠪᠠᠢᠳᠠᠭ ᠦᠭᠡᠢ᠂ ᠬᠠᠮᠲᠤ᠎ᠪᠠᠷ ᠠᠰᠢᠭ᠋ ᠬᠦᠷᠳᠡᠬᠦ᠎ᠶ᠋ᠢ ᠪᠡᠶᠡᠯᠡᠭᠦᠯᠬᠦ᠌᠎ᠳᠦ ᠨᠠᠢᠳᠠᠪᠤᠷᠢᠲᠠᠢ ᠪᠠᠢᠨ᠎ᠠ᠃ ᠣᠢᠯᠠᠭᠠᠭᠰᠠᠨ᠎ᠢᠶᠠᠷ᠂ ᠬᠠᠩᠭᠠᠯᠭ᠎ᠠ᠎ᠶᠢ ᠪᠠᠲᠤᠯᠠᠬᠤ ᠪᠠ ᠬᠡᠯᠪᠡᠷᠢ᠎ᠪᠠᠨ ᠬᠤᠪᠢᠷᠠᠭᠤᠯᠬᠤ ᠶᠠᠪᠤᠴᠠ᠎ᠳᠤ᠎ᠪᠠᠨ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠴᠠᠬᠢᠯᠭᠠᠨ ᠬᠦᠴᠦᠨ᠎ᠦ ᠲᠣᠣᠷ᠎ᠤᠨ ᠬᠢᠨ ᠨᠣᠭᠣᠭᠠᠨ ᠴᠠᠬᠢᠯᠭᠠᠨ᠎ᠢ ᠭᠠᠳᠠᠭ᠍ᠰᠢ ᠬᠦᠷᠭᠡᠬᠦ ᠬᠡᠪᠴᠢᠶ᠎ᠡ᠎ᠪᠠᠨ ᠦᠷᠭᠦᠯᠵᠢᠯᠡᠨ ᠥᠷᠭᠡᠳᠬᠡᠵᠦ᠂ ᠨᠣᠭᠣᠭᠠᠨ ᠴᠠᠬᠢᠯᠭᠠᠨ᠎ᠢ ᠭᠠᠳᠠᠭ᠍ᠰᠢ ᠬᠦᠷᠭᠡᠬᠦ ᠲᠣᠭᠲᠠᠴᠠ᠎ᠳᠦ ᠰᠢᠨ᠎ᠡ᠎ᠶᠢ ᠡᠭᠦᠳᠴᠦ᠂ ᠪᠦᠬᠦ ᠤᠯᠤᠰ᠎ᠤᠨ ᠨᠣᠭᠣᠭᠠᠨ ᠴᠠᠬᠢᠯᠭᠠᠨ᠎ᠤ ᠠᠷᠠᠯᠵᠢᠶ᠎ᠠ᠎ᠳᠤ 《ᠥᠪᠥᠷ ᠮᠣᠩᠭᠣᠯ᠎ᠦᠨ ᠴᠠᠬᠢᠯᠭᠠᠨ ᠬᠦᠴᠦᠨ᠎ᠦ ᠲᠥᠰᠥᠯ》᠎ᠢ ᠳᠡᠪᠱᠢᠭᠦᠯᠵᠦ᠍᠂ ᠨᠣᠭᠣᠭᠠᠨ ᠴᠠᠬᠢᠯᠭᠠᠨ ᠬᠦᠴᠦᠨ᠎ᠢᠶᠡᠷ ᠨᠡᠩ ᠤᠯᠠᠨ ᠭᠠᠵᠠᠷ ᠣᠷᠣᠨ᠎ᠤ ᠬᠡᠷᠡᠭ᠌ᠯᠡᠭᠡ᠎ᠶ᠋ᠢᠨ ᠬᠡᠷᠡᠭᠴᠡᠭᠡ᠎ᠶᠢ ᠪᠦᠲᠦᠮᠵᠢᠲᠡᠢ ᠬᠠᠩᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠢᠰᠢ ᠬᠡᠯᠪᠡᠷᠢ᠎ᠪᠡᠨ ᠬᠤᠪᠢᠷᠠᠭᠤᠯᠬᠤ ᠪᠠ ᠣᠳᠣᠬᠢᠴᠢᠯᠠᠭᠰᠠᠨ ᠴᠠᠬᠢᠯᠭᠠᠨ ᠬᠦᠴᠦᠨ᠎ᠦ ᠬᠠᠩᠭᠠᠯᠭ᠎ᠠ᠎ᠶᠢᠨ ᠲᠣᠭ᠍ᠲᠠᠯᠴᠠᠭᠠᠨ᠎ᠤ ᠪᠠᠢᠭᠤᠯᠤᠯᠲᠠ᠎ᠳᠤ ᠦᠢᠯᠡᠴᠢᠯᠡᠵᠦ᠂ ᠪᠦᠬᠦ ᠤᠯᠤᠰ᠎ᠤᠨ ᠨᠢᠭᠡᠳᠦᠯᠲᠡᠢ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠬᠦ᠌ ᠪᠣᠯᠣᠨ᠎ᠠ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ