11 ᠳ᠋ᠦ᠍ᠭᠡᠷ ᠰᠠᠷ᠎ᠠ᠎ᠶᠢᠨ 18 ᠤ ᠡᠳᠦᠷ᠂ ᠶᠡᠬᠡ ᠳᠡᠭᠡᠳᠦ ᠰᠤᠷᠭᠠᠭᠤᠯᠢ᠎ᠨᠤᠭᠤᠳ᠎ᠠᠴᠠ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠣᠷᠣᠨ ᠪᠦᠰᠡ᠎ᠶᠢᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠬᠦ ᠶᠠᠷᠢᠶᠠᠨ᠎ᠤ ᠲᠠᠪᠴᠠᠩ ᠬᠥᠬᠡᠬᠣᠲᠠ᠎ᠳᠤ ᠶᠠᠪᠤᠭᠳᠠᠵᠤ᠂ ᠳᠥᠷᠪᠡᠨ ᠭᠠᠵᠠᠷ᠎ᠤᠨ ᠰᠤᠷᠭᠠᠨ ᠬᠥᠮᠦᠵᠢᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠣᠯᠪᠣᠭᠠᠨ᠎ᠤ ᠪᠦᠷᠢᠯᠳᠦᠭᠦᠨ ᠪᠣᠯᠬᠤ 121 ᠶᠡᠬᠡ ᠳᠡᠭᠡᠳᠦ ᠰᠤᠷᠭᠠᠭᠤᠯᠢ᠎ᠶᠢᠨ ᠲᠥᠯᠥᠭᠡᠯᠡᠭᠴᠢᠳ ᠬᠢᠭᠡᠳ ᠬᠠᠮᠢᠶ᠎ᠠ ᠪᠦᠬᠦᠢ ᠠᠵᠤ ᠠᠬᠤᠢᠯᠠᠯ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠡᠷᠭᠡ᠎ᠠᠴᠠ ᠬᠦᠷᠦᠯᠴᠡᠨ ᠢᠷᠡᠭᠰᠡᠨ 268 ᠬᠥᠮᠥᠨ ᠣᠷᠣᠯᠴᠠᠵᠠᠢ᠃
ᠲᠣᠰ ᠤᠳᠠᠭᠠᠨ᠎ᠤ ᠶᠠᠷᠢᠶᠠᠨ᠎ᠤ ᠲᠠᠪᠴᠠᠩ ᠪᠣᠯ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠬᠣᠯᠪᠣᠭ᠎ᠠ ᠪᠠᠢᠭᠤᠯᠤᠭᠳᠠᠭᠰᠠᠨ ᠨᠢᠭᠡ ᠵᠢᠯ᠎ᠦᠨ ᠣᠶ᠎ᠶᠢᠨ ᠴᠢᠬᠤᠯᠠ ᠵᠠᠩᠭᠢᠯᠠᠭ᠎ᠠ᠎ᠶᠢᠨ ᠴᠡᠭ᠎ᠲᠦ ᠬᠤᠷᠠᠯᠳᠤᠭᠤᠯᠤᠭᠰᠠᠨ ᠬᠤᠷᠠᠯ ᠪᠣᠯᠣᠨ᠎ᠠ᠂ ᠳᠥᠷᠪᠡᠨ ᠭᠠᠵᠠᠷ᠎ᠤᠨ ᠰᠤᠷᠭᠠᠨ ᠬᠥᠮᠦᠵᠢᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠯᠤᠭᠣᠳᠴᠤ᠂ ᠬᠣᠯᠪᠣᠭᠠᠨ᠎ᠤ ᠬᠡᠷᠡᠭ ᠡᠷᠬᠢᠯᠡᠭᠴᠢᠳ᠎ᠦᠨ ᠳᠠᠷᠤᠭ᠎ᠠ᠎ᠶᠢᠨ ᠨᠢᠭᠡᠴᠢ᠎ᠪᠠᠷ ᠠᠵᠢᠯᠯᠠᠵᠤ ᠪᠠᠢᠭ᠎ᠠ ᠥᠪᠥᠷ ᠮᠣᠩᠭᠣᠯ᠎ᠤᠨ ᠶᠡᠬᠡ ᠰᠤᠷᠭᠠᠭᠤᠯᠢ ᠳᠠᠭᠠᠭᠠᠨ ᠡᠷᠬᠢᠯᠡᠪᠡ᠃ ᠶᠠᠷᠢᠶᠠᠨ᠎ᠤ ᠲᠠᠪᠴᠠᠩ ᠨᠢ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠣᠷᠣᠨ ᠪᠦᠰᠡ᠎ᠶᠢᠨ ᠬᠠᠮᠲᠤᠷᠠᠯᠴᠠᠭ᠎ᠠ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ᠂ ᠲᠣᠰ ᠬᠣᠯᠪᠣᠭ᠎ᠠ᠎ᠶᠢᠨ ᠥᠩᠭᠡᠷᠡᠭᠰᠡᠨ ᠨᠢᠭᠡ ᠵᠢᠯ᠎ᠦᠨ ᠠᠵᠢᠯ᠎ᠤᠨ ᠦᠷ᠎ᠡ ᠪᠦᠲᠦᠮᠵᠢ᠎ᠶᠢ ᠳᠡᠯᠭᠡᠨ ᠦᠵᠡᠭᠦᠯᠵᠦ᠂ ᠳᠠᠷᠠᠭᠠᠴᠢ᠎ᠶᠢᠨ ᠱᠠᠲᠤᠨ᠎ᠤ ᠬᠥᠭᠵᠢᠯᠲᠡ᠎ᠶᠢᠨ ᠴᠢᠭᠯᠡᠯ᠎ᠢ ᠲᠣᠳᠣᠷᠬᠠᠢᠯᠠᠬᠤ᠎ᠪᠠᠷ ᠵᠣᠷᠢᠯᠭ᠎ᠠ᠎ᠪᠠᠨ ᠪᠣᠯᠭᠠᠵᠠᠢ᠃ ᠶᠠᠷᠢᠶᠠᠨ᠎ᠤ ᠲᠠᠪᠴᠠᠩ ᠨᠢ ᠳᠤᠮᠳᠠᠳᠤ ᠤᠯᠤᠰ᠎ᠤᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠬᠠᠮᠲᠤᠷᠠᠯᠴᠠᠭ᠎ᠠ᠎ᠶᠢ ᠠᠬᠢᠭᠤᠯᠬᠤ ᠨᠡᠢᠭᠡᠮᠯᠢᠭ᠎ᠦᠨ ᠪᠠᠢᠩᠭᠤ᠎ᠶᠢᠨ ᠳᠡᠳ᠋ ᠳᠠᠷᠤᠭ᠎ᠠ᠂ ᠰᠤᠷᠭᠠᠨ ᠬᠥᠮᠦᠵᠢᠯ᠎ᠦᠨ ᠶᠠᠮᠤᠨ᠎ᠤ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ ᠪᠠ ᠮᠡᠳᠡᠭᠡ ᠵᠠᠩᠭᠢᠴᠢᠯᠠᠯᠲᠠ᠎ᠶᠢᠨ ᠵᠤᠷᠭᠠᠨ᠎ᠤ ᠤᠤᠯ᠎ᠤᠨ ᠳᠠᠷᠤᠭ᠎ᠠ ᠯᠧᠢ ᠴᠤᠤ ᠽᠢ᠂ ᠪᠡᠭᠡᠵᠢᠩ᠎ᠦᠨ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ᠎ᠶᠢᠨ ᠠᠰᠫᠢᠷᠠᠨᠲ᠎ᠤᠨ ᠰᠤᠷᠭᠠᠨ ᠬᠥᠮᠦᠵᠢᠯ᠎ᠦᠨ ᠰᠤᠳᠤᠯᠭᠠᠨ᠎ᠤ ᠲᠥᠪ᠎ᠦᠨ ᠡᠷᠬᠢᠯᠡᠭᠴᠢ ᠸᠠᠩ ᠵᠠᠨ ᠵᠢᠶᠦ᠋ᠨ᠎ᠢ ᠤᠷᠢᠵᠤ᠂ ᠠᠵᠤ ᠠᠬᠤᠢᠯᠠᠯ᠎ᠢᠶᠠᠷ ᠭᠣᠣᠯᠯᠠᠭᠤᠯᠤᠭᠰᠠᠨ ᠰᠤᠷᠭᠠᠭᠤᠯᠢ ᠠᠵᠤ ᠠᠬᠤᠢᠯᠠᠯ ᠬᠠᠮᠵᠢᠯᠴᠠᠨ ᠰᠢᠨ᠎ᠡ᠎ᠶᠢ ᠡᠭᠦᠳᠬᠦ᠎ᠶᠢ ᠴᠢᠩᠭᠠᠳᠬᠠᠬᠤ᠂ ᠶᠡᠬᠡ ᠳᠡᠭᠡᠳᠦ ᠰᠤᠷᠭᠠᠭᠤᠯᠢ᠎ᠶᠢᠨ 《ᠠᠷᠪᠠᠨ ᠲᠠᠪᠤᠳᠤᠭᠠᠷ ᠲᠠᠪᠤᠨ ᠵᠢᠯ》᠎ᠤᠨ ᠬᠥᠭᠵᠢᠯᠲᠡ᠎ᠶᠢᠨ ᠶᠠᠷᠢᠶᠠᠨ᠎ᠤ ᠲᠠᠪᠴᠠᠩ᠎ᠢ ᠲᠥᠯᠥᠪᠵᠢᠭᠦᠯᠬᠦ ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠲᠤᠰ ᠲᠤᠰ ᠭᠣᠣᠯ ᠵᠣᠷᠢᠯᠲᠠᠲᠤ ᠮᠡᠳᠡᠭᠦᠯᠦᠯᠲᠡ ᠬᠢᠯᠭᠡᠵᠡᠢ᠃ ᠪᠡᠭᠡᠵᠢᠩ᠎ᠦᠨ ᠦᠢᠯᠡᠳᠪᠦᠷᠢ ᠬᠤᠳᠠᠯᠳᠤᠭᠠᠨ᠎ᠤ ᠶᠡᠬᠡ ᠰᠤᠷᠭᠠᠭᠤᠯᠢ᠂ ᠲᠢᠶᠠᠨᠵᠢᠨ᠎ᠤ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠂ ᠾᠧᠪᠧᠢ᠎ᠶᠢᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠲᠤᠷᠰᠢᠯᠭ᠎ᠠ᠎ᠪᠠᠨ ᠰᠣᠯᠢᠯᠴᠠᠵᠤ᠂ ᠶᠡᠬᠡ ᠳᠡᠭᠡᠳᠦ ᠰᠤᠷᠭᠠᠭᠤᠯᠢ᠎ᠶᠢᠨ ᠣᠷᠣᠨ ᠪᠦᠰᠡ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠦᠢᠯᠡᠴᠢᠯᠡᠬᠦ ᠣᠨᠴᠠᠯᠢᠭ᠍ᠲᠤ ᠦᠢᠯᠡᠳᠦᠯᠭᠡ᠎ᠶᠢ ᠬᠤᠪᠢᠶᠠᠯᠴᠠᠨ᠂ ᠲᠣᠰ ᠬᠣᠯᠪᠣᠭᠠᠨ᠎ᠤ ᠶᠡᠬᠡ ᠳᠡᠭᠡᠳᠦ ᠰᠤᠷᠭᠠᠭᠤᠯᠢ᠎ᠶᠢᠨ ᠬᠠᠮᠵᠢᠯᠴᠠᠨ ᠬᠥᠭᠵᠢᠬᠦ᠎ᠳᠦ ᠡᠷᠬᠢᠮ ᠨᠠᠨᠳᠢᠨ ᠲᠤᠷᠰᠢᠯᠭ᠎ᠠ ᠬᠠᠩᠭᠠᠪᠠ᠃
ᠶᠠᠷᠢᠶᠠᠨ᠎ᠤ ᠲᠠᠪᠴᠠᠩ᠎ᠤᠨ ᠠᠬᠤᠢ ᠲᠠᠯᠠᠪᠠᠢ᠎ᠳᠤ ᠪᠠᠰᠠ ᠰᠤᠷᠭᠠᠭᠤᠯᠢ᠎ᠶᠢᠨ ᠬᠣᠭᠣᠷᠣᠨᠳᠣᠬᠢ ᠬᠣᠣᠰᠯᠠᠯ ᠪᠠᠶ᠋ᠢᠭᠤᠯᠬᠤ᠂ ᠰᠤᠷᠭᠠᠭᠤᠯᠢ ᠠᠵᠤ ᠠᠬᠤᠢᠯᠠᠯ ᠬᠠᠮᠲᠤᠷᠠᠯᠴᠠᠬᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠢ ᠬᠠᠮᠲᠤᠷᠠᠵᠤ ᠬᠢᠬᠦ ᠵᠡᠷᠭᠡ ᠭᠤᠷᠪᠠᠨ ᠶᠡᠬᠡ ᠲᠦᠷᠦᠯ᠎ᠦᠨ ᠨᠡᠢ᠍ᠢᠳᠡ 26 ᠵᠦᠢᠯ᠎ᠦᠨ ᠬᠠᠮᠲᠤᠷᠠᠯᠴᠠᠭᠠᠨ᠎ᠤ ᠲᠦᠷᠦᠯ ᠵᠦᠢᠯ᠎ᠳᠦ ᠲᠥᠪᠯᠡᠷᠡᠭᠦᠯᠦᠨ ᠵᠥᠪᠯᠡᠯᠴᠡᠭᠡᠷ ᠲᠣᠬᠢᠷᠠᠯᠴᠠᠵᠤ᠂ ᠲᠣᠰ ᠬᠣᠯᠪᠣᠭᠠᠨ᠎ᠤ ᠬᠠᠮᠲᠤᠷᠠᠯᠴᠠᠭ᠎ᠠ᠎ᠶᠢ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶ᠎ᠡ ᠲᠡᠢᠰᠢ ᠥᠷᠭᠡᠵᠢᠭᠦᠯᠬᠦ᠎ᠶᠢ ᠠᠬᠢᠭᠤᠯᠪᠠ᠃ ᠡᠭᠦᠨ᠎ᠡᠴᠡ ᠭᠠᠳᠠᠨ᠎ᠠ᠂ 《ᠬᠢᠯᠢ ᠬᠢᠵᠠᠭᠠᠷ᠎ᠤᠨ ᠵᠠᠰᠠᠯᠲᠠ ᠬᠢᠭᠡᠳ ᠣᠷᠣᠨ ᠪᠦᠰᠡ᠎ᠶᠢᠨ ᠵᠣᠬᠢᠴᠠᠯᠳᠤᠩᠭᠤᠢ ᠬᠥᠭᠵᠢᠯᠲᠡ》᠎ᠶᠢᠨ ᠲᠤᠰᠬᠠᠢ ᠵᠥᠪᠯᠡᠯ ᠪᠠ 《ᠵᠣᠬᠢᠶᠠᠮᠠᠯ ᠣᠶᠣᠨ + ᠰᠤᠷᠭᠠᠨ ᠬᠥᠮᠦᠵᠢᠯ》᠎ᠤᠨ ᠲᠤᠰᠬᠠᠢ ᠵᠥᠪᠯᠡᠯ᠎ᠢ ᠲᠣᠰ ᠬᠣᠯᠪᠣᠭᠠᠨ᠎ᠤ ᠪᠠᠢᠭᠤᠯᠤᠮᠵᠢ᠎ᠶᠢᠨ ᠪᠣᠷᠣ᠌ ᠲᠥᠯᠥᠪ᠎ᠲᠤ ᠪᠠᠭᠲᠠᠭᠠᠨ ᠪᠠᠢᠭᠤᠯᠤᠭᠰᠠᠨᠢ ᠨᠡᠢᠲᠡᠯᠡᠵᠦ᠂ ᠲᠧᠭᠨᠢᠭ᠎ᠦᠨ ᠤᠬᠠᠭᠠᠨ᠂ ᠲᠠᠷᠢᠶᠠᠯᠠᠩ᠎ᠤᠨ ᠤᠬᠠᠭᠠᠨ᠂ ᠠᠨᠠᠭᠠᠬᠤ ᠤᠬᠠᠭᠠᠨ᠂ ᠪᠠᠭ᠍ᠰᠢ᠎ᠶᠢᠨ ᠤᠬᠠᠭᠠᠨ᠂ ᠬᠤᠳᠠᠯᠳᠤᠭᠠᠨ᠎ᠤ ᠤᠬᠠᠭᠠᠨ᠂ ᠠᠨᠠᠷ᠎ᠤᠨ ᠦᠷ᠎ᠡ ᠵᠡᠷᠭᠡ 6 ᠬᠤᠪᠢᠶᠠᠷᠢ ᠬᠣᠯᠪᠣᠭ᠎ᠠ ᠨᠢ ᠲᠤᠰᠬᠠᠢ ᠰᠡᠳᠦᠪᠲᠦ ᠶᠠᠷᠢᠯᠴᠠᠭ᠎ᠠ᠎ᠶᠢ ᠵᠡᠷᠭᠡ᠎ᠪᠡᠷ ᠥᠷᠨᠢᠭᠦᠯᠪᠡ᠃
ᠣᠢᠯᠠᠭᠠᠭᠰᠠᠨ᠎ᠢᠶᠠᠷ᠂ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠬᠣᠯᠪᠣᠭ᠎ᠠ ᠨᠢ 2024 ᠣᠨ᠎ᠤ 11 ᠰᠠᠷ᠎ᠠ᠎ᠳᠤ ᠪᠠᠢᠭᠤᠯᠤᠭᠳᠠᠭᠰᠠᠨ᠎ᠡᠴᠡ ᠨᠠᠭᠠᠰᠢ᠂ ᠰᠤᠷᠭᠠᠭᠤᠯᠢ᠎ᠶᠢᠨ ᠬᠣᠭᠣᠷᠣᠨᠳᠣᠬᠢ ᠰᠣᠯᠢᠯᠴᠠᠭ᠎ᠠ ᠵᠡᠷᠭᠡ ᠣᠯᠠᠨ ᠲᠠᠯ᠎ᠠ᠎ᠪᠠᠷ ᠢᠯᠡᠳᠲᠡ ᠠᠮᠵᠢᠯᠲᠠ ᠣᠯᠵᠠᠢ᠃ ᠳᠥᠷᠪᠡᠨ ᠭᠠᠵᠠᠷ᠎ᠤᠨ 24 ᠶᠡᠬᠡ ᠳᠡᠭᠡᠳᠦ ᠰᠤᠷᠭᠠᠭᠤᠯᠢ ᠬᠠᠮᠲᠤᠷᠠᠯᠴᠠᠭᠠᠨ᠎ᠤ ᠵᠥᠪᠯᠡᠯᠴᠡᠭᠡᠷ ᠲᠣᠬᠢᠷᠠᠯᠴᠠᠵᠤ᠂ ᠰᠤᠷᠭᠠᠭᠤᠯᠢ᠎ᠶᠢᠨ ᠬᠣᠭᠣᠷᠣᠨᠳᠣᠬᠢ ᠭᠦᠨᠵᠡᠭᠡᠢ ᠬᠠᠮᠲᠤᠷᠠᠯᠴᠠᠨ ᠰᠣᠯᠢᠯᠴᠠᠬᠤ ᠪᠠᠢᠩᠭᠤ᠎ᠶᠢᠨ ᠲᠣᠭᠲᠠᠴᠠ ᠬᠢᠭᠡᠳ ᠣᠯᠠᠨ ᠲᠠᠰ ᠳᠠᠪᠬᠤᠷᠭ᠎ᠠ ᠪᠦᠬᠦᠢ ᠰᠣᠷᠣᠭ᠍ᠴᠢᠳᠢ ᠬᠣᠯᠪᠣᠭᠠᠯᠠᠨ ᠬᠥᠮᠥᠵᠢᠭᠦᠯᠬᠦ ᠲᠣᠭᠲᠠᠯᠴᠠᠭ᠎ᠠ᠎ᠶᠢ ᠪᠠᠢᠭᠤᠯᠵᠤ᠂ ᠬᠢᠴᠢᠶᠡᠯ᠎ᠢ ᠬᠠᠮᠲᠤ᠎ᠪᠠᠷ ᠪᠡᠯᠡᠳᠬᠡᠬᠦ᠂ ᠰᠣᠷᠣᠭ᠍ᠴᠢ᠎ᠶᠢ ᠬᠠᠷᠢᠯᠴᠠᠨ ᠲᠣᠮᠢᠯᠠᠬᠤ᠂ ᠰᠤᠷᠤᠯᠭ᠎ᠠ᠎ᠶᠢᠨ ᠬᠤᠪᠢ᠎ᠶᠢ ᠬᠠᠷᠢᠯᠴᠠᠨ ᠮᠡᠳᠡᠷᠡᠬᠦ ᠪᠠ ᠰᠠᠭᠤᠷᠢᠨ ᠭᠠᠵᠠᠷ᠎ᠢ ᠬᠠᠮᠲᠤ᠎ᠪᠠᠷ ᠡᠳ᠋ᠯᠡᠬᠦ ᠬᠠᠮᠵᠢᠯᠴᠠᠭᠠᠨ᠎ᠤ ᠲᠠᠪᠴᠠᠩ ᠪᠠᠶ᠋ᠢᠭᠤᠯᠬᠤ᠎ᠶᠢ ᠠᠬᠢᠭᠤᠯᠪᠠ; ᠪᠡᠭᠡᠵᠢᠩ ᠲᠢᠶᠠᠨᠵᠢᠨ ᠾᠧᠪᠧᠢ᠎ᠶᠢᠨ ᠶᠡᠬᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠪᠠᠭ᠍ᠰᠢ ᠨᠠᠷ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠨᠤᠭᠤᠳ᠎ᠲᠤ ᠲᠦᠰᠢᠭᠯᠡᠨ ᠤᠯᠤᠰ᠎ᠤᠨ ᠲᠠᠰ᠎ᠤᠨ ᠴᠢᠳᠠᠪᠤᠷᠢᠲᠠᠨ᠎ᠤ ᠲᠥᠷᠥᠯ ᠵᠦᠢᠯ᠎ᠢ ᠭᠤᠶᠤᠴᠢᠯᠠᠨ ᠮᠡᠳᠡᠭᠦᠯᠵᠦ᠂ ᠳᠥᠷᠪᠡᠨ ᠭᠠᠵᠠᠷ᠎ᠤᠨ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠭᠡᠨ᠎ᠦ ᠰᠠᠯᠠᠭᠠᠨ᠎ᠤ ᠪᠦᠲᠦᠭᠡᠨ ᠪᠠᠢᠭᠤᠯᠤᠯᠲᠠ᠎ᠳᠤ ᠴᠢᠳᠠᠪᠤᠷᠢᠲᠠᠨ᠎ᠤ ᠬᠦᠴᠦᠲᠡᠢ ᠪᠠᠲᠤᠯᠠᠭ᠎ᠠ ᠬᠠᠩᠭᠠᠪᠠ; ᠲᠦᠷᠪᠡᠨ ᠭᠠᠵᠠᠷ᠎ᠤᠨ ᠶᠡᠬᠡ ᠳᠡᠭᠡᠳᠦ ᠰᠤᠷᠭᠠᠭᠤᠯᠢ᠎ᠨᠤᠭᠤᠳ ᠨᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠠᠵᠤ ᠠᠬᠤᠢᠯᠠᠯ ᠵᠡᠷᠭᠡ ᠯᠦ᠍ᠭᠡ ᠰᠢᠨᠵᠢᠯᠡᠬᠦ ᠤᠬᠠᠭᠠᠨ᠎ᠤ ᠰᠤᠳᠤᠯᠭᠠᠨ᠎ᠤ 208 ᠵᠦᠢᠯ᠎ᠦᠨ ᠲᠦᠷᠦᠯ ᠵᠦᠢᠯ᠎ᠢ ᠥᠷᠨᠢᠭᠦᠯᠵᠦ᠂ ᠬᠠᠮᠲᠤᠷᠠᠯᠴᠠᠵᠤ ᠠᠷᠠᠯᠵᠢᠶ᠎ᠠ ᠪᠦᠲᠦᠭᠰᠡᠨ ᠶᠡᠷᠦᠩᠬᠡᠢ ᠵᠣᠭᠣᠰ᠎ᠤᠨ ᠲᠣᠭ᠎ᠠ 2.22 ᠳ᠋ᠦᠩᠰᠢᠭᠤᠷ ᠲᠥᠭᠥᠷᠢᠭ᠎ᠲᠦ ᠬᠦᠷᠴᠡᠢ᠃