7 ᠳ᠋ᠤᠭᠠᠷ ᠰᠠᠷ᠎ᠠ᠎ᠶᠢᠨ 23᠎ᠤ ᠡᠳᠦᠷ᠂ ᠤᠯᠤᠰ᠎ᠤᠨ ᠮᠡᠳᠡᠯᠭᠡ ᠦᠮᠴᠢᠯᠡᠬᠦ᠌ ᠡᠷᠬᠡ᠎ᠶᠢᠨ ᠲᠣᠪᠴᠢᠶ᠎ᠠ᠎ᠶ᠋ᠢᠨ ᠵᠢᠯᠣᠭᠣᠳᠤᠯᠭ᠎ᠠ᠎ᠪᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠦᠮᠴᠢᠯᠡᠬᠦ᠌ ᠡᠷᠬᠡ᠎ᠶᠢᠨ ᠲᠣᠪᠴᠢᠶ᠎ᠠ᠂ ᠪᠤᠭᠤᠲᠤ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠠ᠋ᠴᠠ ᠭᠣᠣᠯᠯᠠᠨ ᠡᠷᠭᠢᠯᠡᠵᠦ᠂ ᠵᠧᠵᠢᠶᠠᠩ ᠮᠤᠵᠢ᠎ᠶᠢᠨ ᠮᠡᠳᠡᠯᠭᠡ ᠦᠮᠴᠢᠯᠡᠬᠦ᠌ ᠡᠷᠬᠡ᠎ᠶᠢᠨ ᠲᠣᠪᠴᠢᠶ᠎ᠠ᠂ ᠭᠤᠸᠠᠩᠳᠦ᠋ᠩ ᠮᠤᠵᠢ᠎ᠶᠢᠨ ᠮᠡᠳᠡᠯᠭᠡ ᠦᠮᠴᠢᠯᠡᠬᠦ᠌ ᠡᠷᠬᠡ᠎ᠶᠢᠨ ᠲᠣᠪᠴᠢᠶ᠎ᠠ ᠠᠴᠠ ᠬᠠᠮᠵᠢᠯᠴᠠᠨ ᠡᠷᠭᠢᠯᠡᠭᠰᠡᠨ ᠥᠪᠥᠷ ᠮᠣᠩᠭᠣᠯ ᠵᠧᠵᠢᠶᠠᠩ ᠭᠤᠸᠠᠩᠳᠦ᠋ᠩ ᠭᠤᠷᠪᠠᠨ ᠮᠤᠵᠢ (ᠣᠷᠣᠨ)᠎ᠶᠢᠨ ᠣᠷᠣᠨ ᠪᠦᠰᠡ ᠠᠯᠤᠰᠯᠠᠨ ᠲᠤᠰᠬᠠᠢ ᠠᠰᠢᠭ᠋᠎ᠤᠨ ᠤᠯᠠᠷᠢᠭᠤᠯᠤᠯᠲᠠ᠎ᠶᠢ ᠵᠣᠯᠭᠠᠭᠤᠯᠬᠤ ᠠᠵᠢᠯᠯᠠᠭ᠎ᠠ ᠨᠢ ᠪᠤᠭᠤᠲᠤ ᠬᠣᠲᠠ᠎ᠳᠤ ᠡᠬᠢᠯᠡᠪᠡ᠃ ᠥᠪᠥᠷ ᠮᠣᠩᠭᠣᠯ᠂ ᠵᠧᠵᠢᠶᠠᠩ᠂ ᠭᠤᠸᠠᠩᠳᠦ᠋ᠩ ᠭᠤᠷᠪᠠᠨ ᠮᠤᠵᠢ (ᠣᠷᠣᠨ) ᠨᠢ ᠣᠷᠣᠨ ᠪᠦᠰᠡ ᠠᠯᠤᠰᠯᠠᠭ᠍ᠰᠠᠨ ᠬᠠᠮᠲᠤᠷᠠᠯᠴᠠᠭ᠎ᠠ᠎ᠪᠠᠷ ᠳᠠᠮᠵᠢᠵᠤ᠂ 《ᠤᠮᠠᠷᠠᠲᠤ ᠣᠷᠣᠨ᠎ᠤ ᠬᠣᠪᠣᠷ ᠱᠢᠷᠤᠢ᠎ᠶ᠋ᠢ ᠡᠮᠦᠨᠡᠲᠦ ᠣᠷᠣᠨ᠎ᠳᠦ ᠠᠭᠤᠰᠤᠯᠴᠠᠭᠤᠯᠬᠤ》 ᠲᠤᠰᠬᠠᠢ ᠠᠰᠢᠭ᠋᠎ᠢ ᠤᠯᠠᠷᠢᠭᠤᠯᠬᠤ ᠱᠢᠨ᠎ᠡ ᠠᠷᠭ᠎ᠠ ᠵᠠᠮ᠎ᠢ ᠬᠠᠢᠨ ᠰᠦᠪᠡᠭᠴᠢᠯᠡᠵᠦ᠂ ᠡᠭᠦᠨ᠎ᠢᠶᠡᠷ ᠳᠠᠮᠵᠢᠭᠤᠯᠤᠨ 《ᠲᠤᠰᠬᠠᠢ ᠠᠰᠢᠭ᠋᠎ᠤᠨ ᠮᠡᠷᠭᠡᠵᠢᠯ – ᠠᠵᠤ ᠦᠢᠯᠡᠰ᠎ᠦᠨ ᠬᠡᠷᠡᠭ᠌ᠯᠡᠯᠲᠡ》᠎ᠶ᠋ᠢᠨ ᠲᠦᠭᠵᠢᠷᠡᠯ ᠴᠡᠭ᠎ᠢ ᠨᠡᠪᠲᠡᠷᠡᠭᠦᠯᠬᠦ᠎ᠪᠡᠷ ᠪᠣᠶ᠃
ᠥᠪᠥᠷ ᠮᠣᠩᠭᠣᠯ᠎ᠳᠤ ᠡᠯᠪᠡᠭ ᠳᠡᠯᠪᠡᠭ ᠬᠣᠪᠣᠷ ᠱᠢᠷᠤᠢ᠎ᠶ᠋ᠢᠨ ᠡᠬᠢ ᠪᠠᠶᠠᠯᠢᠭ᠋᠎ᠲᠠᠢ ᠪᠠᠢᠵᠤ᠂ ᠤᠯᠤᠰ᠎ᠤᠨ ᠬᠣᠪᠣᠷ ᠱᠢᠷᠤᠢ᠎ᠶᠢᠨ ᠠᠵᠤ ᠦᠢᠯᠡᠰ᠎ᠦᠨ ᠰᠠᠭᠤᠷᠢᠨ ᠭᠠᠵᠠᠷ ᠪᠣᠯᠣᠨ᠎ᠠ᠂ ᠵᠧᠵᠢᠶᠠᠩ᠂ ᠭᠤᠸᠠᠩᠳᠦ᠋ᠩ ᠬᠣᠶᠠᠷ ᠮᠤᠵᠢ᠎ᠶᠢᠨ ᠰᠢᠨ᠎ᠡ᠎ᠶᠢ ᠡᠭᠦᠳᠬᠦ ᠴᠢᠳᠠᠪᠤᠷᠢ ᠨᠢ ᠲᠣᠪᠣᠢᠮ᠎ᠠ ᠪᠠᠢᠳᠠᠭ᠃ ᠲᠣᠰ ᠤᠳᠠᠭᠠᠨ᠎ᠤ ᠠᠵᠢᠯᠯᠠᠭ᠎ᠠ ᠨᠢ ᠬᠣᠪᠣᠷ ᠱᠢᠷᠤᠢ᠂ ᠵᠣᠬᠢᠶᠠᠮᠠᠯ ᠤᠶᠤᠨ᠂ ᠳ᠋ᠠᠢᠲ᠋ᠠ᠂ ᠨᠡᠭᠦᠷᠡᠰᠦ ᠬᠢᠮᠢ᠎ᠶᠢᠨ ᠠᠵᠤ ᠦᠢᠯᠡᠳᠪᠦᠷᠢ ᠵᠡᠷᠭᠡ ᠭᠣᠣᠯᠳᠠᠯᠭ᠎ᠠ ᠪᠣᠯᠬᠤ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ 《ᠬᠡᠷᠡᠭᠴᠡᠭᠡᠨ᠎ᠦ ᠦᠵᠦᠭᠦᠷ – ᠬᠠᠩᠭᠠᠯᠭ᠎ᠠ᠎ᠶᠢᠨ ᠦᠵᠦᠭᠦᠷ – ᠦᠢᠯᠡᠴᠢᠯᠡᠭᠡᠨ᠎ᠦ ᠦᠵᠦᠭᠦᠷ》᠎ᠤᠨ ᠨᠠᠷᠢᠯᠢᠭ᠋ ᠣᠨᠣᠴᠠᠲᠠᠢ᠎ᠪᠠᠷ ᠵᠣᠯᠭᠠᠭᠤᠯᠬᠤ ᠲᠠᠪᠴᠠᠩ᠎ᠢ ᠪᠠᠶ᠋ᠢᠭᠤᠯᠬᠤ᠎ᠪᠠᠷ ᠭᠣᠣᠯᠯᠠᠭᠤᠯᠵᠤ᠂ ᠥᠪᠥᠷ ᠮᠣᠩᠭᠣᠯ᠎ᠤᠨ ᠬᠣᠪᠣᠷ ᠱᠢᠷᠤᠢ᠎ᠶᠢᠨ ᠡᠬᠢ ᠪᠠᠶᠠᠯᠢᠭ᠋᠎ᠢ ᠵᠧᠵᠢᠶᠠᠩ᠂ ᠭᠤᠸᠠᠩᠳᠦ᠋ᠩ᠎ᠦᠨ ᠲᠡᠷᠢᠭᠦᠨ᠎ᠦ ᠮᠡᠷᠭᠡᠵᠢᠯ ᠯᠣᠭᠡ ᠭᠦᠨᠵᠡᠭᠡᠢ ᠠᠭᠤᠰᠤᠯᠴᠠᠭᠤᠯᠬᠤ᠎ᠪᠠᠷ ᠳᠠᠮᠵᠢᠨ᠂ 《ᠮᠡᠷᠭᠡᠵᠢᠯ᠎ᠦᠨ ᠪᠣᠭᠣᠮᠲᠠ ᠰᠢᠪᠲᠤᠯᠤᠯᠲᠠ – ᠲᠤᠰᠬᠠᠢ ᠠᠰᠢᠭ᠋᠎ᠤᠨ ᠤᠯᠠᠷᠢᠭᠤᠯᠤᠯᠲᠠ – ᠠᠵᠤ ᠦᠢᠯᠡᠰ᠎ᠦᠨ ᠲᠠᠰ ᠳᠠᠪᠰᠢᠯᠲᠠ》᠎ᠶᠢᠨ ᠪᠥᠬᠥ ᠬᠡᠯᠬᠢᠶ᠎ᠡ᠎ᠪᠠᠷ ᠨᠢ ᠬᠠᠮᠵᠢᠯᠴᠠᠨ ᠬᠥᠭ᠌ᠵᠢᠭᠦᠯᠬᠦ᠌᠎ᠶ᠋ᠢ ᠲᠦᠯᠬᠢᠨ ᠠᠬᠢᠭᠤᠯᠤᠨ᠎ᠠ᠃
ᠵᠣᠯᠭᠠᠭᠤᠯᠬᠤ ᠠᠵᠢᠯᠯᠠᠭ᠎ᠠ᠎ᠶᠢᠨ ᠳᠤᠮᠳᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠦᠮᠴᠢᠯᠡᠬᠦ᠌ ᠡᠷᠬᠡ᠎ᠶᠢᠨ ᠲᠣᠪᠴᠢᠶ᠎ᠠ ᠬᠢᠭᠡᠳ ᠪᠤᠭᠤᠲᠤ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠡᠴᠡ 《ᠴᠢᠨᠠᠷ ᠰᠠᠢᠲᠠᠢ᠎ᠪᠠᠷ ᠬᠡᠯᠪᠡᠷᠢ᠎ᠪᠡᠨ ᠬᠤᠪᠢᠷᠠᠭᠤᠯᠤᠨ ᠬᠥᠭᠵᠢᠭᠦᠯᠬᠦ ᠲᠠᠯ᠎ᠠ᠎ᠳᠠᠬᠢ ᠮᠡᠳᠡᠯᠭᠡ ᠦᠮᠴᠢᠯᠡᠬᠦ᠌ ᠡᠷᠬᠡ᠎ᠶ᠋ᠢᠨ ᠬᠦᠴᠦᠷᠬᠡᠭ ᠬᠣᠲᠠ᠎ᠶ᠋ᠢ ᠬᠠᠮᠲᠤ᠎ᠪᠠᠷ ᠪᠠᠶ᠋ᠢᠭᠤᠯᠬᠤ ᠬᠠᠮᠲᠤᠷᠠᠯᠴᠠᠭᠠᠨ᠎ᠤ ᠵᠦᠪᠯᠡᠨ ᠲᠣᠭ᠍ᠲᠠᠭᠠᠭ᠍ᠰᠠᠨ ᠪᠢᠴᠢᠭ》᠎ᠲᠤ ᠭᠠᠷᠤᠨ ᠥᠰᠥᠭ ᠵᠢᠷᠤᠵᠤ᠂ ᠪᠤᠭᠤᠲᠤ ᠬᠣᠲᠠ᠎ᠶ᠋ᠢ 《ᠮᠡᠳᠡᠯᠭᠡ ᠦᠮᠴᠢᠯᠡᠬᠦ᠌ ᠡᠷᠬᠡ᠎ᠶ᠋ᠢᠨ ᠬᠦᠴᠦᠷᠬᠡᠭ ᠬᠣᠲᠠ》᠎ᠶ᠋ᠢᠨ ᠬᠡᠪ ᠳᠠᠭᠤᠷᠢᠶᠠᠯ ᠪᠣᠯᠭᠠᠨ ᠴᠣᠭ᠍ᠴᠠᠯᠠᠬᠤ᠎ᠳᠤ ᠬᠦᠴᠦᠨ ᠨᠡᠮᠡᠷᠢᠯᠡᠪᠡ; ᠪᠤᠭᠤᠲᠤ᠂ ᠣᠷᠳᠣᠰ᠂ ᠬᠠᠩᠵᠧᠦ᠂ ᠨᠢᠩᠪᠦ᠋ᠸᠧ᠂ ᠵᠢᠨᠬᠤᠸᠠ᠂ ᠵᠢᠶᠸᠶᠠᠩ 6 ᠬᠤᠳᠠ ᠬᠠᠮᠲᠤ᠎ᠪᠠᠷ《ᠭᠤᠸᠠᠩᠳᠦ᠋ᠩ ᠰᠢᠶᠠᠩᠭᠠᠩ ᠣᠣᠮᠧᠨ᠎ᠦ ᠶᠡᠬᠡ ᠪᠤᠯᠤᠩ᠎ᠤᠨ ᠣᠷᠣᠨ᠎ᠤ ᠣᠷᠣᠨ ᠪᠦᠰᠡ ᠠᠯᠤᠰᠯᠠᠨ ᠲᠤᠰᠬᠠᠢ ᠠᠰᠢᠭ᠋᠎ᠢ ᠤᠯᠠᠷᠢᠭᠤᠯᠬᠤ ᠬᠠᠮᠲᠤᠷᠠᠯᠴᠠᠭᠠᠨ᠎ᠤ ᠬᠣᠯᠪᠣᠭ᠎ᠠ》᠎ᠶ᠋ᠢ ᠪᠠᠢᠭᠤᠯᠵᠤ᠂ ᠣᠷᠣᠨ ᠪᠦᠰᠡ ᠠᠯᠤᠰᠯᠠᠨ ᠲᠤᠰᠬᠠᠢ ᠠᠰᠢᠭ᠋᠎ᠤᠨ ᠤᠯᠠᠷᠢᠭᠤᠯᠤᠯᠲᠠ᠎ᠶ᠋ᠢᠨ ᠬᠠᠮᠲᠤᠷᠠᠯᠴᠠᠭ᠎ᠠ᠎ᠶᠢ ᠤᠯᠠᠮ ᠨᠢᠭᠡ ᠠᠯᠬᠤᠮ ᠥᠷᠭᠡᠳᠬᠡᠭᠡᠳ᠂ ᠰᠢᠨ᠎ᠡ᠎ᠶᠢ ᠡᠭᠦᠳᠦᠭᠰᠡᠨ ᠡᠬᠢ ᠪᠠᠶᠠᠯᠢᠭ᠋᠎ᠢ ᠣᠷᠣᠨ ᠪᠦᠰᠡ ᠠᠯᠤᠰᠯᠠᠨ ᠬᠠᠮᠲᠤ᠎ᠪᠠᠷ ᠡᠳ᠋ᠯᠡᠬᠦ᠎ᠶᠢ ᠪᠡᠶᠡᠯᠡᠭᠦᠯᠪᠡ᠃ ᠡᠭᠦᠨ᠎ᠦ ᠬᠠᠮᠲᠤ᠂ ᠬᠠᠮᠢᠶ᠎ᠠ ᠪᠦᠬᠦᠢ ᠠᠵᠤ ᠠᠬᠤᠢᠯᠠᠯ ᠬᠢᠭᠡᠳ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢᠨ ᠲᠤᠰᠬᠠᠢ ᠠᠰᠢᠭ᠋᠎ᠤᠨ ᠮᠡᠷᠭᠡᠵᠢᠯ᠎ᠢ ᠰᠢᠯᠵᠢᠭᠦᠯᠦᠨ ᠥᠭᠬᠦ᠂ ᠶᠡᠬᠡ ᠳᠡᠭᠡᠳᠦ ᠰᠤᠷᠭᠠᠭᠤᠯᠢ ᠬᠢᠭᠡᠳ ᠠᠵᠤ ᠠᠬᠤᠢᠯᠠᠯ ᠯᠤᠭ᠎ᠠ᠎ᠶ᠋ᠢᠨ ᠦᠢᠯᠡᠳᠪᠦᠷᠢᠯᠡᠯ ᠵᠢᠭᠠᠨ ᠰᠤᠷᠭᠠᠯᠲᠠ ᠰᠣᠨᠳᠣᠢᠯᠭᠠᠨᠤ ᠬᠠᠮᠲᠤᠷᠠᠯᠴᠠᠭ᠎ᠠ᠂ ᠲᠤᠰᠬᠠᠢ ᠠᠰᠢᠭ᠋᠎ᠢᠶᠡᠨ ᠳᠠᠨᠵᠢᠯᠠᠵᠤ ᠪᠡᠯᠡ ᠲᠣᠬᠢᠷᠠᠭᠤᠯᠬᠤ ᠵᠡᠷᠭᠡ ᠣᠯᠠᠨ ᠲᠥᠷᠥᠯ ᠬᠡᠯᠪᠡᠷᠢ᠎ᠶᠢᠨ ᠬᠠᠮᠲᠤᠷᠠᠯᠴᠠᠭᠠᠨ᠎ᠤ ᠵᠦᠪᠯᠡᠯᠴᠡᠭᠡᠷ ᠲᠣᠬᠢᠷᠠᠯᠴᠠᠬᠤ᠎ᠶ᠋ᠢ ᠵᠡᠷᠭᠡ᠎ᠪᠡᠷ ᠪᠡᠶᠡᠯᠡᠭᠦᠯᠵᠦ᠂ ᠪᠥᠬᠥ ᠵᠣᠭᠣᠰ᠎ᠤᠨ ᠲᠣᠭ᠎ᠠ ᠨᠢ 3.79 ᠳ᠋ᠦᠩᠰᠢᠭᠤᠷ ᠲᠥᠭᠥᠷᠢᠭ᠎ᠲᠦ ᠬᠦᠷᠴᠦ᠂ ᠬᠣᠪᠣᠷ ᠱᠢᠷᠤᠢ᠂ ᠵᠣᠬᠢᠶᠠᠮᠠᠯ ᠤᠶᠤᠨ᠂ ᠨᠡᠭᠦᠷᠡᠰᠦ ᠬᠢᠮᠢ᠎ᠶᠢᠨ ᠠᠵᠤ ᠦᠢᠯᠡᠳᠪᠦᠷᠢ ᠵᠡᠷᠭᠡ ᠭᠣᠣᠯᠳᠠᠯᠭ᠎ᠠ ᠪᠣᠯᠬᠤ ᠠᠵᠤ ᠦᠢᠯᠡᠰ᠎ᠦᠨ ᠬᠦᠷᠢᠶ᠎ᠡ᠎ᠶᠢ ᠬᠠᠮᠤᠷᠪᠠ᠃
ᠣᠢᠯᠠᠭᠠᠭᠰᠠᠨ᠎ᠢᠶᠠᠷ᠂ ᠥᠪᠥᠷ ᠮᠣᠩᠭᠣᠯ᠂ ᠵᠧᠵᠢᠶᠠᠩ᠂ ᠭᠤᠸᠠᠩᠳᠦ᠋ᠩ ᠭᠤᠷᠪᠠᠨ ᠮᠤᠵᠢ (ᠣᠷᠣᠨ) ᠣᠷᠳᠣ᠌ ᠬᠤᠭᠤᠴᠠᠭᠠᠨ᠎ᠤ ᠪᠦᠲᠦᠮᠵᠢᠲᠡᠶ ᠬᠠᠮᠲᠤᠷᠠᠯᠴᠠᠭᠠᠨ᠎ᠤ ᠲᠣᠭᠲᠠᠴᠠ᠎ᠶᠢ ᠪᠠᠢᠭᠤᠯᠤᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠵᠣᠯᠭᠠᠭᠤᠯᠬᠤ ᠠᠵᠢᠯᠯᠠᠭ᠎ᠠ ᠥᠷᠨᠢᠭᠦᠯᠬᠦ᠎ᠪᠡᠷ ᠳᠠᠮᠵᠢᠭᠤᠯᠵᠤ᠂ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠨᠡᠢᠲᠡᠯᠡᠵᠦ᠍᠂ ᠨᠠᠩ ᠣᠯᠠᠨ ᠲᠤᠰᠬᠠᠢ ᠠᠰᠢᠭ᠋᠎ᠤᠨ ᠦᠷ᠎ᠡ ᠪᠦᠲᠦᠭᠡᠯ᠎ᠢ ᠤᠯᠠᠷᠢᠭᠤᠯᠤᠨ ᠨᠠᠢᠳᠠᠪᠤᠷᠢᠵᠢᠭᠤᠯᠬᠤ᠎ᠶᠢ ᠲᠦᠯᠬᠢᠨ ᠠᠬᠢᠭᠤᠯᠤᠨ᠎ᠠ᠃