ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ᠄ 8 ᠳ᠋ᠤᠭᠠᠷ ᠰᠠᠷ᠎ᠠ᠎ᠶᠢᠨ 15 ᠤ ᠡᠳᠦᠷ᠂ ᠥᠪᠥᠷ ᠮᠣᠩᠭᠣᠯ᠎ᠤᠨ ᠠᠯᠠᠱᠠ ᠠᠢᠮᠠᠭ ᠨᠢ ᠰᠸᠴᠤᠸᠠᠨ ᠮᠤᠵᠢ᠎ᠶᠢᠨ ᠭᠠᠨᠽᠢ ᠵᠧᠦ ᠯᠦ᠍ᠭᠡ 《ᠬᠠᠲᠤᠨ ᠭᠣᠣᠯ᠎ᠤᠨ ᠰᠠᠪᠠ ᠭᠠᠵᠠᠷ᠎ᠤᠨ ᠣᠷᠣᠨ ᠪᠦᠰᠡ᠎ᠶᠢᠨ ᠤᠰᠤᠨ᠎ᠤ ᠥᠮᠴᠢᠯᠡᠵᠦ ᠬᠡᠷᠡᠭᠯᠡᠬᠦ ᠡᠷᠬᠡ᠎ᠶᠢ ᠮᠤᠵᠢ ᠠᠯᠤᠰᠯᠠᠨ ᠠᠷᠠᠯᠵᠢᠶᠠᠯᠠᠬᠤ ᠪᠦᠳᠦᠭᠦᠪᠴᠢ ᠵᠥᠪᠯᠡᠯᠴᠡᠭᠡᠷ》᠎ᠲᠦ ᠭᠠᠷᠤᠨ ᠥᠰᠥᠭ ᠵᠢᠷᠤᠪᠠ᠂ ᠭᠠᠨᠽᠢ ᠵᠧᠦ᠎ᠡᠴᠡ ᠠᠯᠠᠱᠠ ᠠᠢᠮᠠᠭ᠎ᠲᠤ ᠠᠷᠠᠯᠵᠢᠶᠠᠯᠠᠭᠰᠠᠨ ᠤᠰᠤᠨ᠎ᠤ ᠬᠡᠮᠵᠢᠶ᠎ᠡ ᠨᠢ 3 ᠵᠢᠯ᠎ᠳᠦ ᠨᠡᠶ᠋ᠢᠲᠡ 180 ᠲᠦᠮᠡᠨ ᠺᠦᠪ ᠮᠧᠲᠷ ᠪᠠᠢᠵᠤ᠂ ᠥᠪᠥᠷ ᠮᠣᠩᠭᠣᠯ᠎ᠤᠨ ᠮᠤᠵᠢ ᠣᠷᠣᠨ ᠠᠯᠤᠰᠯᠠᠨ ᠤᠰᠤᠨ᠎ᠤ ᠥᠮᠴᠢᠯᠡᠵᠦ ᠬᠡᠷᠡᠭᠯᠡᠬᠦ ᠡᠷᠬᠡ᠎ᠶᠢ ᠰᠢᠯᠵᠢᠭᠦᠯᠦᠨ ᠥᠭᠭᠦᠭᠰᠡᠨ ᠦᠢᠯᠡᠳᠦᠯᠭᠡ᠎ᠶᠢᠨ ᠠᠩᠬᠠᠳᠠᠭ᠍ᠴᠢ ᠬᠡᠷᠡᠭ᠎ᠦᠨ ᠵᠢᠱ᠌ᠢᠶ᠎ᠡ ᠪᠣᠯᠣᠨ᠎ᠠ᠃
ᠤᠰᠤ ᠬᠡᠷᠡᠭᠯᠡᠬᠦ ᠡᠷᠬᠡ᠎ᠶᠢ ᠠᠷᠠᠯᠵᠢᠶᠠᠯᠠᠬᠤ ᠭᠡᠳᠡᠭ ᠨᠢ ᠵᠠᠬ᠎ᠠ ᠳᠡᠯᠭᠡᠭᠦᠷ᠎ᠦᠨ ᠲᠣᠭᠲᠠᠴᠠ᠎ᠪᠠᠷ ᠳᠠᠮᠵᠢᠭᠤᠯᠤᠨ᠂ ᠤᠰᠤᠨ᠎ᠤ ᠡᠬᠢ ᠪᠠᠶᠠᠯᠢᠭ᠋᠎ᠤᠨ ᠬᠡᠷᠡᠭᠯᠡᠬᠦ ᠡᠷᠬᠡ᠎ᠶᠢ ᠭᠠᠵᠠᠷ ᠣᠷᠣᠨ᠎ᠤ ᠬᠣᠭᠣᠷᠣᠨᠳᠤ᠂ ᠰᠠᠪᠠ ᠭᠠᠵᠠᠷ᠎ᠤᠨ ᠬᠣᠭᠣᠷᠣᠨᠳᠤ᠂ ᠰᠠᠪᠠ ᠭᠠᠵᠠᠷ᠎ᠤᠨ ᠳᠡᠭᠡᠳᠦ ᠳᠣᠣᠷᠠᠳᠤ ᠤᠷᠤᠰᠬᠠᠯ᠂ ᠠᠵᠢᠯ ᠲᠥᠷᠥᠯ᠎ᠦᠨ ᠬᠣᠭᠣᠷᠣᠨᠳᠤ᠂ ᠤᠰᠤ ᠬᠡᠷᠡᠭᠯᠡᠬᠦ ᠡᠷᠦᠬᠡ᠎ᠶᠢᠨ ᠬᠣᠭᠣᠷᠣᠨᠳᠤ ᠰᠢᠯᠵᠢᠭᠦᠯᠦᠨ ᠡᠷᠬᠢᠯᠳᠦᠭᠦᠯᠬᠦ᠎ᠶᠢ ᠪᠡᠶᠡᠯᠡᠭᠦᠯᠬᠦ᠎ᠶᠢ ᠵᠢᠭᠠᠵᠤ ᠪᠣᠶ᠃ 2022 ᠣᠨ᠎ᠤ 8 ᠳ᠋ᠤᠭᠠᠷ ᠰᠠᠷ᠎ᠠ᠎ᠳᠤ᠂ ᠤᠰᠤᠨ ᠠᠰᠢᠭ᠍ᠯᠠᠯᠲᠠ᠎ᠶᠢᠨ ᠶᠠᠮᠤᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠦᠨ ᠵᠠᠰᠠᠭ᠎ᠤᠨ ᠶᠠᠮᠤᠨ ᠬᠠᠮᠲᠤᠷᠠᠨ 《ᠤᠰᠤ ᠬᠡᠷᠡᠭᠯᠡᠬᠦ ᠡᠷᠬᠡ᠎ᠶᠢᠨ ᠥᠭᠡᠷᠡᠴᠢᠯᠡᠯᠲᠡ᠎ᠶᠢ ᠠᠬᠢᠭᠤᠯᠬᠤ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ ᠶᠠᠪᠤᠭᠤᠯᠵᠤ᠂ 《ᠤᠰᠤ ᠬᠡᠷᠡᠭᠯᠡᠬᠦ ᠡᠷᠬᠡ᠎ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ᠎ᠶᠢ ᠣᠯᠠᠨ ᠵᠦᠢᠯ᠎ᠦᠨ ᠬᠡᠯᠪᠡᠷᠢ᠎ᠪᠠᠷ ᠠᠬᠢᠭᠤᠯᠤᠨ᠎ᠠ》 ᠭᠡᠵᠦ ᠲᠣᠳᠣᠷᠬᠠᠢ ᠳᠤᠷᠠᠳᠤᠨ ᠭᠠᠷᠭᠠᠪᠠ᠃ 2025 ᠣᠨ᠎ᠤ 6 ᠳ᠋ᠤᠭᠠᠷ ᠰᠠᠷ᠎ᠠ᠎ᠳᠤ᠂ 《ᠬᠠᠲᠤᠨ ᠭᠣᠣᠯ᠎ᠤᠨ ᠰᠠᠪᠠ ᠭᠠᠵᠠᠷ᠎ᠤᠨ ᠮᠤᠵᠢ ᠣᠷᠣᠨ ᠠᠯᠤᠰᠯᠠᠭᠰᠠᠨ ᠤᠰᠤ ᠬᠡᠷᠡᠭᠯᠡᠬᠦ ᠡᠷᠬᠡ᠎ᠶᠢᠨ ᠠᠷᠠᠯᠵᠢᠶ᠎ᠠ᠎ᠶᠢ ᠢᠳᠡᠪᠬᠢᠲᠡᠢ᠎ᠪᠡᠷ ᠬᠠᠢᠨ ᠰᠦᠪᠡᠭᠴᠢᠯᠡᠬᠦ ᠪᠠ ᠵᠢᠷᠤᠮᠵᠢᠭᠤᠯᠤᠨ ᠠᠬᠢᠭᠤᠯᠬᠤ ᠲᠤᠬᠠᠢ ᠤᠰᠤᠨ ᠠᠰᠢᠭ᠍ᠯᠠᠯᠲᠠ᠎ᠶᠢᠨ ᠶᠠᠮᠤᠨ᠎ᠤ ᠰᠠᠨᠠᠯ》᠎ᠢ ᠳᠠᠷᠤᠮᠠᠯᠯᠠᠨ ᠶᠠᠪᠤᠭᠤᠯᠪᠠ᠃
ᠠᠯᠠᠱᠠ ᠠᠢᠮᠠᠭ ᠪᠣᠯ ᠤᠰᠤ ᠳᠤᠲᠠᠭᠳᠠᠵᠤ ᠪᠠᠢᠭ᠎ᠠ ᠬᠦᠨᠳᠦ ᠨᠣᠴᠢᠲᠠᠢ ᠭᠠᠵᠠᠷ ᠣᠷᠣᠨ ᠪᠣᠯᠣᠨ᠎ᠠ᠂ ᠲᠤᠬᠠᠢ᠎ᠶᠢᠨ ᠭᠠᠵᠠᠷ᠎ᠤᠨ ᠠᠵᠤ ᠠᠬᠤᠢ᠎ᠶᠢᠨ ᠬᠥᠭᠵᠢᠯᠲᠡ᠎ᠶᠢ ᠳᠠᠭᠠᠯᠳᠤᠨ᠂ ᠡᠯ᠎ᠡ ᠠᠵᠢᠯ ᠲᠥᠷᠥᠯ᠎ᠦᠨ ᠬᠢᠨ᠎ᠦ ᠤᠰᠤᠨ᠎ᠤ ᠡᠬᠢ ᠪᠠᠶᠠᠯᠢᠭ᠋᠎ᠤᠨ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ᠂ ᠤᠰᠤᠨ᠎ᠤ ᠡᠬᠢ ᠪᠠᠶᠠᠯᠢᠭ᠋ ᠳᠤᠲᠠᠭᠳᠠᠬᠤ ᠨᠢ ᠲᠤᠬᠠᠢ᠎ᠶᠢᠨ ᠭᠠᠵᠠᠷ᠎ᠤᠨ ᠠᠵᠤ ᠠᠬᠤᠢ᠎ᠶᠢᠨ ᠬᠥᠭᠵᠢᠯᠲᠡ᠎ᠶᠢ ᠬᠢᠵᠠᠭᠠᠷᠯᠠᠬᠤ ᠨᠢᠭᠡ ᠶᠡᠬᠡ ᠪᠣᠭᠣᠮᠢ ᠪᠣᠯᠵᠠᠢ᠃ ᠣᠢᠷ᠎ᠠ᠎ᠶᠢᠨ ᠵᠢᠯ᠎ᠤᠳ᠎ᠲᠤ᠂ ᠤᠰᠤᠨ᠎ᠤ ᠡᠬᠢ ᠪᠠᠶᠠᠯᠢᠭ᠋᠎ᠢᠶᠠᠷ ᠪᠠᠭᠤᠷᠠᠢ ᠪᠠᠢᠬᠤ 《ᠰᠠᠭᠤᠷᠢ ᠨᠥᠬᠥᠴᠡᠯ》 ᠪᠠ ᠠᠵᠤ ᠦᠢᠯᠡᠳᠪᠦᠷᠢ᠎ᠳᠦ ᠬᠡᠷᠡᠭᠯᠡᠬᠦ ᠤᠰᠤᠨ᠎ᠤ ᠯᠤᠲᠤ ᠶᠡᠬᠡ ᠳᠤᠲᠠᠭᠤᠳᠠᠯ᠎ᠤᠨ ᠡᠮᠦᠨ᠎ᠡ᠂ ᠠᠯᠠᠱᠠ ᠠᠢᠮᠠᠭ ᠤᠰᠤᠨ᠎ᠤ ᠡᠬᠢ ᠪᠠᠶᠠᠯᠢᠭ᠋᠎ᠢ ᠥᠨᠳᠥᠷ ᠪᠦᠲᠦᠮᠵᠢᠲᠡᠢ ᠠᠰᠢᠭ᠍ᠯᠠᠬᠤ ᠲᠠᠯ᠎ᠠ᠎ᠪᠠᠷ ᠢᠳᠡᠪᠬᠢᠲᠡᠢ᠎ᠪᠡᠷ ᠭᠠᠷᠬᠤ ᠵᠠᠮ ᠡᠷᠢᠯᠬᠢᠯᠡᠭᠰᠡᠨ ᠪᠠᠢᠨ᠎ᠠ᠃ ᠲᠤᠰ ᠤᠳᠠᠭ᠎ᠠ᠎ᠶᠢᠨ ᠪᠦᠳᠦᠭᠦᠪᠴᠢ ᠵᠥᠪᠯᠡᠯᠴᠡᠭᠡᠷ᠎ᠲᠦ᠂ ᠬᠣᠶᠠᠷ ᠲᠠᠯ᠎ᠠ᠎ᠪᠠᠷ᠎ᠢᠶᠠᠨ 《ᠡᠷᠬᠡ ᠲᠡᠭᠰᠢ᠎ᠪᠡᠷ ᠵᠥᠪᠳᠡᠯᠴᠡᠬᠦ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠬᠦ᠂ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠬᠦᠷᠳᠡᠬᠦ》 ᠵᠠᠷᠴᠢᠮ ᠶᠣᠰᠣᠭᠠᠷ᠂ ᠤᠰᠤᠨ᠎ᠤ ᠡᠬᠢ ᠪᠠᠶᠠᠯᠢᠭ᠋᠎ᠤᠨ ᠬᠡᠷᠡᠭᠯᠡᠬᠦ ᠡᠷᠬᠡ᠎ᠶᠢ ᠨᠤᠲᠠᠯᠠᠨ ᠲᠣᠭᠲᠠᠭᠠᠬᠤ᠂ ᠠᠷᠠᠯᠵᠢᠶᠠᠨ᠎ᠤ ᠶᠠᠪᠤᠴᠠ᠎ᠶᠢ ᠵᠢᠷᠤᠮᠵᠢᠭᠤᠯᠬᠤ᠂ ᠠᠰᠢᠭ᠋ ᠲᠤᠰᠠ᠎ᠶᠢᠨ ᠬᠤᠪᠢᠶᠠᠷᠢᠯᠠᠯᠲᠠ᠎ᠶᠢ ᠵᠣᠬᠢᠴᠠᠭᠤᠯᠬᠤ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠶᠢ ᠲᠣᠳᠣᠷᠬᠠᠢᠯᠠᠬᠤ᠎ᠪᠠᠷ ᠳᠠᠮᠵᠢᠭᠤᠯᠵᠤ᠂ ᠤᠰᠤᠨ᠎ᠤ ᠡᠬᠢ ᠪᠠᠶᠠᠯᠢᠭ᠋᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠪᠦᠷᠢᠯᠳᠦᠭᠦᠯᠬᠦ᠎ᠶᠢ ᠠᠬᠢᠭᠤᠯᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠪᠤᠰᠤᠳ ᠮᠤᠵᠢ᠎ᠶᠢᠨ ᠣᠷᠣᠨ ᠪᠦᠰᠡ ᠠᠯᠤᠰᠯᠠᠭᠰᠠᠨ ᠤᠰᠤᠨ᠎ᠤ ᠡᠷᠬᠡ᠎ᠶᠢᠨ ᠠᠷᠠᠯᠵᠢᠶ᠎ᠠ᠎ᠳᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠬᠠᠩᠭᠠᠭᠰᠠᠨ ᠪᠠᠢᠨ᠎ᠠ᠃
ᠲᠣᠰ ᠤᠳᠠᠭ᠎ᠠ᠎ᠶᠢᠨ ᠥᠪᠥᠷ ᠮᠣᠩᠭᠣᠯ ᠪᠠ ᠰᠸᠴᠤᠸᠠᠨ ᠮᠤᠵᠢ᠎ᠶᠢᠨ ᠭᠠᠷ ᠬᠣᠯᠪᠣᠨ ᠬᠠᠮᠲᠤᠷᠠᠯᠴᠠᠭᠰᠠᠨ ᠨᠢ ᠬᠣᠶᠠᠷ ᠭᠠᠵᠠᠷ᠎ᠤᠨ ᠤᠰᠤᠨ᠎ᠤ ᠡᠬᠢ ᠪᠠᠶᠠᠯᠢᠭ᠋᠎ᠤᠨ ᠲᠠᠷᠬᠠᠯᠲᠠ ᠲᠡᠭᠰᠢ ᠪᠤᠰᠤ᠂ ᠬᠠᠩᠭᠠᠯᠭ᠎ᠠ ᠬᠡᠷᠡᠭᠴᠡᠭᠡ᠎ᠶᠢᠨ ᠵᠥᠷᠢᠴᠡᠯ ᠲᠣᠪᠣᠢᠮ᠎ᠠ ᠪᠠᠢᠬᠤ ᠵᠡᠷᠭᠡ ᠠᠰᠠᠭᠤᠳᠠᠯ᠎ᠢ ᠰᠢᠢᠳᠪᠦᠷᠢᠯᠡᠬᠦ᠎ᠳᠦ ᠲᠤᠰᠠᠲᠠᠢ᠂ ᠰᠠᠪᠠ ᠭᠠᠵᠠᠷ᠎ᠤᠨ ᠳᠣᠲᠤᠭᠠᠲᠤ᠎ᠬᠢ ᠠᠵᠤ ᠦᠢᠯᠡᠰ᠎ᠦᠨ ᠪᠦᠲᠦᠴᠡ᠎ᠶᠢ ᠰᠢᠯᠢᠳᠡᠭᠵᠢᠭᠦᠯᠬᠦ᠂ ᠠᠮᠢ ᠠᠬᠤᠢ᠎ᠶᠢᠨ ᠣᠷᠴᠢᠨ ᠲᠣᠭᠣᠷᠢᠨ᠎ᠢ ᠰᠠᠢᠵᠢᠷᠠᠭᠤᠯᠬᠤ ᠪᠠ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠬᠤ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ᠎ᠳᠦ ᠲᠤᠰᠠᠲᠠᠢ ᠶᠤᠮ᠃ ᠬᠣᠶᠠᠷ ᠭᠠᠵᠠᠷ᠎ᠤᠨ ᠬᠢᠨ ᠤᠰᠤᠨ᠎ᠤ ᠡᠷᠬᠡ᠎ᠶᠢᠨ ᠠᠷᠠᠯᠵᠢᠶ᠎ᠠ᠎ᠪᠠᠷ ᠬᠣᠯᠪᠣᠭᠠᠰᠤ ᠪᠣᠯᠭᠠᠵᠤ᠂ ᠠᠮᠢ ᠠᠬᠤᠢ᠎ᠶᠢᠨ ᠬᠠᠮᠠᠭᠠᠯᠠᠯᠲᠠ᠂ ᠪᠣᠬᠢᠷᠲᠤᠯ ᠦᠭᠡᠢ ᠠᠵᠤ ᠦᠢᠯᠡᠰ᠎ᠦᠨ ᠬᠥᠭᠵᠢᠯᠲᠡ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠵᠡᠷᠭᠡ ᠬᠦᠷᠢᠶᠡᠨ᠎ᠳᠡᠬᠢ ᠪᠦᠬᠦ ᠲᠠᠯ᠎ᠠ᠎ᠶᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠮᠤᠵᠢ ᠣᠷᠣᠨ ᠠᠯᠤᠰᠯᠠᠨ ᠬᠠᠮᠵᠢᠯᠴᠠᠨ ᠵᠠᠰᠠᠬᠤ ᠬᠡᠪ ᠳᠠᠭᠤᠷᠢᠶᠠᠯ᠎ᠢ ᠬᠠᠮᠲᠤ᠎ᠪᠠᠷ ᠡᠭᠦᠳᠴᠦ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠣᠯᠣᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠴᠢᠳᠠᠯ᠎ᠢᠶᠠᠨ ᠡᠷᠭᠦᠵᠦ ᠪᠣᠢ᠃