8 ᠳ᠋ᠤᠭᠠᠷ ᠰᠠᠷ᠎ᠠ᠎ᠶᠢᠨ 20᠎ᠤ ᠡᠳᠦᠷ᠂ ᠵᠡᠭᠦᠨ ᠬᠣᠢᠲᠤ᠎ᠶᠢᠨ ᠭᠤᠷᠪᠠᠨ ᠮᠤᠵᠢ ᠨᠢᠭᠡ ᠣᠷᠣᠨ᠎ᠤ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠬᠠᠮᠲᠤᠷᠠᠯᠴᠠᠭ᠎ᠠ ᠰᠣᠯᠢᠯᠴᠠᠭᠠᠨ᠎ᠤ ᠠᠵᠢᠯ᠎ᠤᠨ ᠬᠤᠷᠠᠯᠳᠤᠭᠠᠨ ᠤᠯᠠᠭᠠᠨᠬᠠᠳᠠ᠎ᠳᠤ ᠬᠤᠷᠠᠯᠳᠤᠪᠠ᠃
ᠬᠤᠷᠠᠯᠳᠤᠭᠠᠨ᠎ᠢᠶᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠂ ᠯᠢᠶᠣᠤᠨᠢᠩ ᠮᠤᠵᠢ᠎ᠶᠢᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠂ ᠭᠢᠷᠢᠨ ᠮᠤᠵᠢ᠎ᠶᠢᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠂ ᠬᠠᠷᠠᠮᠥ᠋ᠷᠡᠨ ᠮᠤᠵᠢ᠎ᠶᠢᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ ᠬᠠᠮᠲᠤ᠎ᠪᠠᠷ 《ᠵᠡᠭᠦᠨ ᠬᠣᠢᠲᠤ᠎ᠶᠢᠨ ᠭᠤᠷᠪᠠᠨ ᠮᠤᠵᠢ ᠨᠢᠭᠡ ᠣᠷᠣᠨ ᠬᠠᠮᠵᠢᠯᠴᠠᠨ ᠰᠢᠨ᠎ᠡ᠎ᠶᠢ ᠡᠭᠦᠳᠴᠦ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠬᠤ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠬᠠᠮᠲᠤᠷᠠᠯᠴᠠᠭᠠᠨ᠎ᠤ ᠵᠥᠪᠯᠡᠯᠴᠡᠭᠡᠷ》 ᠲᠣᠬᠢᠷᠠᠯᠴᠠᠪᠠ᠃ ᠲᠦᠷᠪᠡᠨ ᠲᠠᠯ᠎ᠠ᠎ᠪᠠᠷ᠎ᠢᠶᠠᠨ ᠬᠠᠮᠲᠤ᠎ᠪᠠᠷ ᠬᠦᠴᠦᠯᠡᠵᠦ᠂ ᠰᠢᠨ᠎ᠡ᠎ᠶᠢ ᠡᠭᠦᠳᠬᠦ ᠡᠬᠢ ᠪᠠᠶᠠᠯᠢᠭ᠋ ᠲᠠᠷᠠᠬᠠᠢ ᠪᠤᠲᠠᠷᠬᠠᠢ᠂ ᠠᠵᠤ ᠦᠢᠯᠡᠰ᠎ᠦᠨ ᠬᠡᠯᠬᠢᠶᠡᠨ᠎ᠦ ᠵᠣᠯᠭᠠᠯᠴᠠᠭ᠎ᠠ ᠰᠢᠯᠤᠭᠤᠨ ᠪᠤᠰᠤ᠂ ᠰᠢᠨ᠎ᠡ᠎ᠶᠢ ᠡᠭᠦᠳᠬᠦ ᠠᠮᠢ ᠠᠬᠤᠢ᠎ᠶᠢᠨ ᠬᠠᠮᠵᠢᠯᠴᠠᠭ᠎ᠠ ᠬᠦᠷᠦᠯᠴᠡᠬᠦ ᠦᠭᠡᠢ ᠪᠠᠢᠬᠤ ᠵᠡᠷᠭᠡ ᠠᠰᠠᠭᠤᠳᠠᠯ᠎ᠢ ᠰᠢᠢᠳᠪᠦᠷᠢᠯᠡᠨ᠎ᠡ᠃ ᠡᠭᠦᠨ᠎ᠦ ᠬᠠᠮᠲᠤ᠂ ᠲᠦᠷᠪᠡᠨ ᠲᠠᠯ᠎ᠠ᠎ᠪᠠᠷ᠎ᠢᠶᠠᠨ ᠬᠠᠮᠵᠢᠯᠴᠠᠨ ᠰᠢᠨ᠎ᠡ᠎ᠶᠢ ᠡᠭᠦᠳᠬᠦ ᠲᠣᠭᠲᠠᠴᠠ᠎ᠶᠢ ᠢᠳᠡᠪᠬᠢᠲᠡᠢ ᠪᠠᠢᠭᠤᠯᠵᠤ᠂ ᠰᠢᠨ᠎ᠡ᠎ᠶᠢ ᠡᠭᠦᠳᠬᠦ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠵᠦ᠂ ᠬᠠᠮᠲᠤ᠎ᠪᠠᠷ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠦᠭ᠌ᠵᠢᠭᠦᠯᠵᠦ᠍᠂ ᠣᠷᠣᠨ ᠪᠦᠰᠡ᠎ᠶᠢᠨ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌ ᠪᠠ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶ᠋ᠢᠨ ᠬᠦᠴᠦᠨ ᠴᠢᠲᠠᠮᠵᠢ᠎ᠶ᠋ᠢ ᠨᠢ ᠡᠷᠴᠢᠮᠯᠡᠬᠦ᠌ ᠪᠣᠯᠣᠨ᠎ᠠ᠃
ᠵᠡᠭᠦᠨ ᠬᠣᠢᠲᠤ᠎ᠶᠢᠨ ᠭᠤᠷᠪᠠᠨ ᠮᠤᠵᠢ ᠨᠢᠭᠡ ᠣᠷᠣᠨ ᠨᠢ ᠠᠭᠤᠯᠠ ᠤᠰᠤ ᠬᠠᠷᠢᠯᠴᠠᠨ ᠲᠦᠰᠢᠭᠯᠡᠯᠴᠡᠵᠦ᠂ ᠰᠣᠶᠣᠯ᠎ᠤᠨ ᠤᠯᠪᠠᠭ᠎ᠠ ᠬᠣᠯᠪᠣᠯᠳᠤᠵᠤ᠂ ᠠᠵᠤ ᠦᠢᠯᠡᠰ ᠬᠠᠷᠢᠯᠴᠠᠨ ᠨᠥᠬᠥᠪᠦᠷᠢᠯᠡᠵᠦ᠂ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠠᠮᠲᠤᠷᠠᠯᠴᠠᠭ᠎ᠠ ᠨᠢ ᠪᠠᠢᠭᠠᠯᠢ᠎ᠶᠢᠨ ᠳᠠᠪᠠᠭᠤᠯᠢᠭ᠋ ᠪᠠ ᠥᠷᠭᠡᠨ ᠠᠭᠤᠳᠠᠮ ᠣᠷᠣᠨ ᠵᠠᠢ᠎ᠶᠢ ᠪᠦᠷᠢᠯᠳᠦᠭᠦᠯᠦᠭᠰᠡᠨ ᠪᠠᠢᠨ᠎ᠠ᠃ ᠣᠢᠷ᠎ᠠ᠎ᠶᠢᠨ ᠵᠢᠯ᠎ᠤᠳ᠎ᠲᠤ᠂ ᠵᠡᠭᠦᠨ ᠬᠣᠢᠲᠤ᠎ᠶᠢᠨ ᠭᠤᠷᠪᠠᠨ ᠮᠤᠵᠢ ᠨᠢᠭᠡ ᠣᠷᠣᠨ ᠨᠢ ᠭᠠᠵᠠᠷ ᠣᠷᠣᠨ᠎ᠤ ᠪᠠᠢᠳᠠᠯ᠎ᠳᠤ᠎ᠪᠠᠨ ᠲᠣᠬᠢᠷᠠᠭᠤᠯᠤᠨ ᠠᠯᠢ ᠤᠯᠠᠨ ᠰᠢᠨ᠎ᠡ᠎ᠶᠢ ᠡᠭᠦᠳᠦᠭ᠌ᠰᠡᠨ᠂ ᠪᠣᠳᠠᠲᠠᠢ᠎ᠶᠢ ᠡᠷᠬᠢᠮᠯᠡᠭ᠌ᠰᠡᠨ᠂ ᠦᠷ᠎ᠡ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠢᠷᠢ ᠲᠦᠪᠰᠢᠨ ᠮᠡᠳᠡᠭᠳᠡᠮ᠎ᠡ ᠳᠡᠭᠡᠭᠰᠢᠯᠡᠵᠦ᠂ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠦᠳᠡᠯᠭᠡᠭ᠌ᠴᠢ ᠬᠦᠴᠦᠨ ᠪᠦᠲᠦᠮᠵᠢᠲᠡᠢ ᠬᠥᠭᠵᠢᠵᠦ᠂ ᠴᠢᠬᠤᠯᠠ ᠶᠡᠬᠡ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ ᠲᠠᠰᠤᠷᠠᠯᠳᠡ ᠦᠭᠡᠢ ᠴᠣᠯᠭᠣᠷᠠᠨ ᠭᠠᠷᠴᠤ᠂ ᠵᠡᠭᠦᠨ ᠬᠣᠢᠲᠤ᠎ᠶᠢᠨ ᠦᠪᠡᠷᠮᠢᠴᠡ ᠳᠠᠪᠠᠭᠤᠯᠢᠭ ᠪᠦᠬᠦᠢ ᠣᠳᠣᠬᠢᠴᠢᠯᠠᠭᠰᠠᠨ ᠠᠵᠤ ᠦᠢᠯᠡᠰ᠎ᠦᠨ ᠲᠣᠭ᠍ᠲᠠᠯᠴᠠᠭ᠎ᠠ᠎ᠶ᠋ᠢ ᠲᠦᠷᠭᠡᠳᠭᠡᠨ ᠪᠠᠶ᠋ᠢᠭᠤᠯᠬᠤ᠎ᠳᠤ ᠬᠦᠴᠦᠲᠡᠢ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠵᠠᠢ᠃
ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠩ ᠸᠧᠨ ᠲᠤᠤ ᠲᠠᠨᠢᠯᠴᠠᠭᠤᠯᠬᠤ᠎ᠳᠤ᠎ᠪᠠᠨ 《ᠵᠡᠭᠦᠨ ᠬᠣᠢᠲᠤ᠎ᠶᠢᠨ ᠭᠤᠷᠪᠠᠨ ᠮᠤᠵᠢ ᠨᠢᠭᠡ ᠣᠷᠣᠨ᠎ᠤ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠠᠯᠠᠭ᠎ᠠ ᠮᠥᠴᠢᠷ᠎ᠦᠨ ᠬᠢᠨ ᠣᠷᠣᠨ ᠪᠦᠰᠡ᠎ᠶᠢᠨ ᠬᠠᠮᠵᠢᠯᠴᠠᠭ᠎ᠠ᠎ᠪᠠᠨ ᠭᠦᠨᠵᠡᠭᠡᠢᠷᠡᠭᠦᠯᠵᠦ᠂ ᠣᠷᠣᠨ ᠪᠦᠰᠡ᠎ᠶᠢᠨ ᠰᠢᠨ᠎ᠡ᠎ᠶᠢ ᠡᠭᠦᠳᠬᠦ ᠲᠣᠭ᠍ᠲᠠᠯᠴᠠᠭᠠᠨᠤ ᠪᠠᠢᠭᠤᠯᠤᠯᠲᠠ᠎ᠶᠢ ᠬᠦᠴᠦ᠎ᠪᠡᠨ ᠬᠠᠮᠲᠤᠳᠬᠠᠨ ᠲᠦᠯᠬᠢᠨ ᠠᠬᠢᠭᠤᠯᠵᠤ᠂ ᠦᠷ᠎ᠡ ᠪᠦᠲᠦᠭᠡᠯ᠎ᠤᠨ ᠤᠯᠠᠷᠢᠭᠤᠯᠤᠯᠲᠠ᠎ᠶ᠋ᠢᠨ ᠲᠦᠷᠦ᠎ᠶᠢᠨ ᠪᠣᠳᠣᠯᠭ᠎ᠠ᠎ᠪᠠᠨ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠠᠮᠲᠤᠷᠠᠭᠰᠠᠨ ᠲᠤᠰᠬᠠᠢ ᠵᠦᠢᠯ᠎ᠢ ᠬᠡᠷᠡᠭᠵᠢᠭᠦᠯᠦᠨ᠂ ᠳᠠᠭᠠᠭᠤᠯᠤᠭ᠍ᠴᠢ ᠠᠵᠤ ᠠᠬᠤᠢᠯᠠᠯ᠎ᠢ ᠪᠣᠢᠵᠢᠭᠤᠯᠵᠤ᠂ ᠰᠢᠨ᠎ᠡ᠎ᠶᠢ ᠡᠭᠦᠳᠬᠦ ᠲᠠᠪᠴᠠᠩ᠎ᠢ ᠪᠠᠢᠭᠤᠯᠤᠨ᠂ ᠵᠡᠭᠦᠨ ᠬᠣᠢᠲᠤ᠎ᠶᠢᠨ ᠭᠤᠷᠪᠠᠨ ᠮᠤᠵᠢ ᠨᠢᠭᠡ ᠣᠷᠣᠨ᠎ᠤ ᠣᠷᠣᠨ ᠪᠦᠰᠡ᠎ᠶᠢᠨ ᠬᠠᠮᠵᠢᠯᠴᠠᠨ ᠰᠢᠨ᠎ᠡ᠎ᠶᠢ ᠡᠭᠦᠳᠬᠦ᠎ᠶᠢ ᠤᠯᠤᠰ᠎ᠤᠨ 〈ᠠᠷᠪᠠᠨ ᠲᠠᠪᠤᠳᠤᠭᠠᠷ ᠲᠠᠪᠤᠨ ᠵᠢᠯ〉᠎ᠦᠨ ᠲᠥᠯᠦᠪᠵᠢᠭᠦᠯᠭᠡ᠎ᠶ᠋ᠢᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠯᠦᠪᠵᠢᠭᠦᠯᠭᠡ ᠵᠢᠴᠢ ᠤᠯᠤᠰ᠎ᠤᠨ ᠡᠯ᠎ᠡ ᠲᠦᠷᠦᠯ᠎ᠦᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠲᠥᠯᠥᠪᠯᠡᠭᠡ᠎ᠶᠢᠨ ᠲᠦᠷᠦᠯ ᠵᠦᠢᠯᠡᠰ᠎ᠲᠦ ᠣᠷᠣᠭᠤᠯᠬᠤ᠎ᠪᠠᠷ ᠴᠢᠷᠮᠠᠢᠵᠤ᠂ ᠤᠯᠤᠰ᠎ᠤᠨ ᠣᠷᠣᠨ ᠪᠦᠰᠡ᠎ᠶᠢᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠲᠦᠯᠬᠢᠨ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ᠌ ᠶ᠋ᠢ ᠬᠦᠰᠡᠵᠤ ᠪᠠᠢᠨ᠎ᠠ》 ᠭᠡᠵᠦ ᠬᠡᠯᠡᠪᠡ᠃