ᠣᠷᠣᠨ ᠪᠥᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠴᠢᠳᠠᠪᠤᠷᠢᠲᠠᠳ᠎ᠢ ᠥᠷᠭᠡᠨ᠎ᠢᠶᠠᠷ ᠴᠤᠭᠯᠠᠭᠤᠯᠵᠤ ᠮᠡᠷᠭᠡᠵᠢᠯᠲᠡᠳ᠎ᠢ ᠲᠥᠪᠯᠡᠷᠡᠭᠦᠯᠦᠨ ᠥᠪᠥᠷ ᠮᠣᠩᠭᠤᠯ᠎ᠢᠶᠠᠨ ᠬᠥᠭᠵᠢᠭᠦᠯᠦᠨᠡᠮ  ᠤᠮᠠᠷᠠᠲᠤ ᠬᠢᠵᠠᠭᠠᠷ᠎ᠤᠨ ᠰᠣᠶᠣᠯ ᠵᠢᠴᠢ ᠴᠢᠳᠠᠪᠤᠷᠢᠲᠠᠳ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠨᠢᠯᠴᠠᠭᠤᠯᠬᠤ ᠰᠣᠯᠢᠯᠴᠠᠭᠠᠨ᠎ᠤ ᠠᠵᠢᠯᠯᠠᠭ᠎ᠠ ᠱᠠᠩᠬᠠᠢ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2025-08-28

8 ᠳ᠋ᠤᠭᠠᠷ ᠰᠠᠷ᠎ᠠ᠎ᠶᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠱᠠᠩᠬᠠᠢ᠎ᠳᠤ ᠰᠠᠭᠤᠭ᠎ᠠ ᠬᠡᠷᠡᠭ ᠡᠷᠬᠢᠯᠡᠬᠦ ᠭᠠᠵᠠᠷ᠎ᠠᠴᠠ ᠬᠠᠮᠲᠤᠷᠠᠨ ᠡᠷᠭᠢᠯᠡᠭᠰᠡᠨ ᠤᠮᠠᠷᠠᠲᠤ ᠬᠢᠵᠠᠭᠠᠷ᠎ᠤᠨ ᠰᠣᠶᠣᠯ ᠵᠢᠴᠢ ᠴᠢᠳᠠᠪᠤᠷᠢᠲᠠᠳ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠨᠢᠯᠴᠠᠭᠤᠯᠬᠤ ᠰᠣᠯᠢᠯᠴᠠᠭᠠᠨ᠎ᠤ ᠠᠵᠢᠯᠯᠠᠭ᠎ᠠ ᠱᠠᠩᠬᠠᠶ᠎ᠳᠤ ᠶᠠᠪᠤᠭᠳᠠᠪᠠ᠃

ᠲᠣᠰ ᠤᠳᠠᠭᠠᠨ᠎ᠤ ᠠᠵᠢᠯᠯᠠᠭ᠎ᠠ ᠨᠢ ᠠᠷᠪᠠᠨ ᠭᠤᠷᠪᠠᠳᠤᠭᠠᠷ ᠬᠤᠭᠤᠴᠠᠭᠠᠨ᠎ᠤ ᠥᠪᠥᠷ ᠮᠣᠩᠭᠤᠯ᠎ᠤᠨ 《ᠡᠷᠲᠡᠮᠲᠡᠳ ᠴᠢᠳᠠᠪᠤᠷᠢᠲᠠᠳ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠳᠡᠭᠡᠳᠦ ᠲᠠᠰ᠎ᠤᠨ ᠴᠢᠳᠠᠪᠤᠷᠢᠲᠠᠨ᠎ᠤ ᠬᠠᠮᠲᠤᠷᠠᠯᠴᠠᠭ᠎ᠠ ᠰᠣᠯᠢᠯᠴᠠᠭᠠᠨ᠎ᠤ ᠬᠤᠷᠠᠯ ᠬᠢᠭᠡᠳ ᠴᠢᠳᠠᠪᠤᠷᠢᠲᠠᠨ᠎ᠤ ᠰᠢᠨ᠎ᠡ᠎ᠶᠢ ᠡᠭᠦᠳᠦᠨ ᠦᠢᠯᠡᠰ ᠪᠣᠰᠬᠠᠬᠤ ᠭᠠᠷᠠᠭ᠎ᠤᠨ ᠰᠢᠷᠢᠰ ᠠᠵᠢᠯᠯᠠᠭ᠎ᠠ᠎ᠶᠢᠨ ᠨᠢᠭᠡ ᠪᠣᠯᠤᠨ᠎ᠠ᠃ ᠠᠵᠢᠯᠯᠠᠭ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠲᠢᠩᠬᠢᠮ ᠵᠡᠷᠭᠡ ᠨᠢᠭᠡᠴᠢ᠎ᠶᠢᠨ ᠬᠠᠮᠢᠶ᠎ᠠ ᠪᠥᠬᠦᠶ ᠬᠠᠷᠢᠭᠤᠴᠠᠯᠭᠠᠲᠠᠳ ᠲᠣᠰ ᠲᠣᠰ ᠱᠠᠩᠬᠠᠢ ᠥᠪᠥᠷ ᠮᠣᠩᠭᠤᠯ᠎ᠤᠨ ᠬᠠᠮᠲᠤᠷᠠᠯᠴᠠᠭᠠᠨ᠎ᠤ ᠦᠷ᠎ᠡ ᠪᠦᠲᠦᠮᠵᠢ᠂ ᠥᠪᠥᠷ ᠮᠣᠩᠭᠤᠯ᠎ᠤᠨ ᠴᠢᠳᠠᠪᠤᠷᠢᠲᠠᠨ᠎ᠤ ᠲᠥᠷᠥ᠎ᠶᠢᠨ ᠪᠣᠳᠣᠯᠭ᠎ᠠ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ ᠲᠥᠷᠥ᠎ᠶᠢᠨ ᠪᠣᠳᠣᠯᠭ᠎ᠠ᠎ᠶᠢᠨ ᠲᠤᠬᠠᠶ ᠰᠢᠰᠲᠧᠮ᠎ᠲᠠᠢ ᠤᠬᠠᠭᠤᠯᠤᠨ ᠲᠠᠨᠢᠯᠴᠠᠭᠤᠯᠪᠠ᠃ ᠥᠪᠥᠷ ᠮᠣᠩᠭᠤᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠤᠳᠤᠯᠭᠠᠨ᠎ᠤ ᠬᠦᠷᠢᠶᠡᠯᠡᠩ᠎ᠤᠨ ᠬᠠᠮᠢᠶ᠎ᠠ ᠪᠥᠬᠦᠶ ᠬᠠᠷᠢᠭᠤᠴᠠᠯᠭᠠᠲᠠᠳ ᠲᠡᠭᠦᠨ᠎ᠤ ᠴᠢᠬᠤᠯᠠ ᠶᠡᠭᠡ ᠰᠢᠨ᠎ᠡ᠎ᠶᠢ ᠡᠭᠦᠳᠬᠦ ᠲᠠᠪᠴᠠᠩ᠎ᠤᠨ ᠪᠥᠲᠥᠭᠡᠨ ᠪᠠᠶ᠋ᠢᠭᠤᠯᠤᠯᠲᠠ᠂ ᠭᠤᠤᠯᠳᠠᠯᠭ᠎ᠠ ᠪᠣᠯᠬᠤ ᠲᠥᠷᠥᠯ ᠵᠦᠢᠯ᠎ᠢ ᠰᠤᠳᠤᠯᠤᠨ ᠨᠡᠭᠡᠭᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠠᠵᠤ ᠠᠬᠤᠶ᠋ᠢᠯᠠᠯ᠎ᠢ ᠨᠡᠪᠴᠢᠭᠦᠯᠬᠦ ᠵᠡᠷᠭᠡ ᠲᠠᠯ᠎ᠠ᠎ᠪᠠᠷ᠎ᠬᠢ ᠦᠢᠯᠡᠳᠦᠯᠭᠡ᠎ᠶᠢᠨ ᠦᠷ᠎ᠡ ᠪᠦᠲᠦᠭᠡᠯ᠎ᠦᠳ᠎ᠢ ᠲᠠᠨᠢᠯᠴᠠᠭᠤᠯᠪᠠ᠃

ᠠᠵᠢᠯᠯᠠᠭ᠎ᠠ᠎ᠳᠦ᠂ 《2025 ᠣᠨ᠎ᠤ ᠳᠡᠭᠡᠷ᠎ᠡ ᠬᠠᠭᠠᠰ ᠵᠢᠯ᠎ᠳᠡᠬᠢ ᠱᠠᠩᠬᠠᠶ ᠥᠪᠥᠷ ᠮᠣᠩᠭᠤᠯ᠎ᠤᠨ ᠳᠥᠷᠪᠡᠨ ᠶᠡᠭᠡ ᠠᠵᠤ ᠦᠢᠯᠡᠰ᠎ᠤᠨ ᠬᠥᠭᠵᠢᠯᠲᠡ᠎ᠶᠢᠨ ᠮᠡᠳᠡᠭᠦᠯᠦᠯᠲᠡ》᠎ᠶᠢ ᠨᠡᠢᠲᠡᠯᠡᠪᠡ᠂ ᠲᠣᠰ ᠮᠡᠳᠡᠭᠦᠯᠦᠯᠲᠡ᠎ᠳᠤ ᠮᠥᠩᠭᠦᠨ ᠭᠦᠢᠯᠭᠡᠭᠡ᠂ ᠰᠤᠷᠭᠠᠨ ᠬᠥᠮᠦᠵᠢᠯ᠂ ᠦᠢᠯᠡᠴᠢᠯᠡᠭᠡᠨ᠎ᠤ ᠦᠢᠯᠡᠰ ᠪᠠ ᠳ᠋ᠢᠭᠢᠲᠴᠢᠯᠡᠭᠰᠡᠨ ᠠᠵᠤ ᠠᠬᠤᠶ᠎ᠶᠢᠨ ᠬᠦᠷᠢᠶᠡᠨ᠎ᠳᠠᠬᠢ ᠬᠥᠭᠵᠢᠯᠲᠡ᠎ᠶᠢᠨ ᠣᠳᠣᠬᠢ ᠪᠠᠶ᠋ᠢᠳᠠᠯ᠎ᠢ ᠭᠦᠨᠵᠡᠭᠡᠶ ᠡᠮᠬᠢᠯᠡᠨ ᠳᠢᠭᠯᠡᠭᠰᠡᠨ ᠪᠥᠭᠡᠳ ᠬᠠᠮᠵᠢᠯᠴᠠᠨ ᠬᠥᠭᠵᠢᠬᠦ ᠣᠯᠠᠨ ᠵᠦᠢᠯ᠎ᠤᠨ ᠠᠵᠠ ᠲᠣᠬᠢᠶᠠᠯ᠎ᠢ ᠠᠭᠤᠳᠠᠯᠪᠠ᠃

ᠳᠠᠷᠠᠭᠠᠯᠠᠭᠠᠳ ᠶᠠᠪᠤᠭᠳᠠᠭᠤᠯᠤᠭᠰᠠᠨ ᠱᠠᠩᠬᠠᠶ ᠥᠪᠥᠷ ᠮᠣᠩᠭᠤᠯ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ ᠬᠠᠮᠲᠤᠷᠠᠯᠴᠠᠭᠠᠨ᠎ᠤ ᠬᠤᠯᠪᠣᠭ᠎ᠠ ᠪᠠᠶ᠋ᠢᠭᠤᠯᠬᠤ ᠶᠣᠰᠣᠯᠠᠯ ᠨᠢ ᠲᠣᠰ ᠤᠳᠠᠭᠠᠨ᠎ᠤ ᠠᠵᠢᠯᠯᠠᠭ᠎ᠠ᠎ᠶᠢᠨ ᠴᠢᠬᠤᠯᠠ ᠦᠷ᠎ᠡ ᠪᠦᠲᠦᠭᠡᠯ ᠪᠣᠯᠤᠨ᠎ᠠ᠃ 《ᠬᠤᠯᠪᠣᠭ᠎ᠠ᠎ᠨᠢ ᠬᠤᠶᠠᠷ ᠲᠠᠯ᠎ᠠ᠎ᠶᠢᠨ ᠳᠠᠪᠠᠭᠤᠯᠢᠭ᠋᠎ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠷᠠᠯᠴᠠᠵᠤ ᠬᠠᠮᠲᠤ᠎ᠪᠠᠷ ᠠᠰᠢᠭ᠋ ᠭᠥᠷᠳᠡᠬᠦ᠎ᠶᠢ ᠠᠬᠢᠭᠤᠯᠬᠤ ᠴᠢᠬᠤᠯᠠ ᠲᠣᠭᠲᠠᠴᠠ᠎ᠶᠢᠨ ᠲᠠᠪᠴᠠᠩ ᠪᠣᠯᠤᠭᠰᠠᠨ᠎ᠤ ᠬᠤᠪᠢ᠎ᠳᠤ᠂ ᠰᠢᠨ᠎ᠡ᠎ᠶᠢ ᠡᠭᠦᠳᠬᠦ ᠲᠠᠪᠴᠠᠩ᠎ᠢ ᠬᠠᠮᠲᠤ᠎ᠪᠠᠷ ᠪᠠᠶ᠋ᠢᠭᠤᠯᠬᠤ᠂ ᠵᠠᠩᠭᠢᠯᠠᠭ᠎ᠠ᠎ᠶᠢᠨ ᠮᠡᠷᠭᠡᠵᠢᠯ᠎ᠢ ᠬᠠᠮᠵᠢᠯᠴᠠᠨ ᠪᠣᠭᠤᠮᠲᠠ ᠰᠢᠪᠲᠤᠯᠬᠤ᠂ ᠦᠷ᠎ᠡ ᠪᠦᠲᠦᠭᠡᠯ᠎ᠢ ᠤᠯᠠᠷᠢᠭᠤᠯᠬᠤ ᠪᠠ ᠴᠢᠳᠠᠪᠤᠷᠢᠲᠠᠨ᠎ᠤ ᠰᠣᠯᠢᠯᠴᠠᠭ᠎ᠠ ᠬᠢᠬᠦ ᠵᠡᠷᠭᠡ ᠲᠠᠯ᠎ᠠ᠎ᠳᠤ ᠭᠤᠤᠯᠳᠠᠯᠭ᠎ᠠ᠎ᠲᠠᠢ ᠠᠩᠬᠠᠷᠤᠯ᠎ᠢᠶᠠᠨ ᠲᠥᠪᠯᠡᠷᠡᠭᠦᠯᠵᠦ᠂ ᠱᠠᠩᠬᠠᠶ ᠥᠪᠥᠷ ᠮᠣᠩᠭᠤᠯ ᠬᠤᠶᠠᠷ ᠭᠠᠵᠠᠷ᠎ᠤᠨ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠥᠨᠳᠥᠷ ᠪᠦᠲᠦᠮᠵᠢᠲᠡᠶ᠎ᠪᠠᠷ ᠵᠣᠯᠭᠠᠭᠤᠯᠬᠤ᠎ᠶᠢ ᠪᠥᠬᠦ ᠬᠦᠴᠦᠨ᠎ᠢᠶᠠᠷ᠎ᠢᠶᠠᠨ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠠᠮᠲᠤ᠎ᠪᠠᠷ ᠪᠤᠶ᠋ᠢᠵᠢᠭᠤᠯᠤᠨ ᠬᠥᠭᠵᠢᠭᠦᠯᠦᠨ᠎ᠡ》᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠬᠤᠤ ᠰᠢ ᠬᠤᠩ ᠢᠯᠡᠷᠬᠡᠢᠯᠡᠬᠦ᠎ᠳᠦ᠎ᠪᠡᠨ᠂ ᠣᠷᠣᠨ ᠪᠦᠰᠡ ᠠᠯᠤᠰᠯᠠᠭᠰᠠᠨ ᠬᠠᠮᠲᠤᠷᠠᠯᠴᠠᠭᠠᠨ᠎ᠤ ᠲᠣᠭᠲᠠᠴᠠ᠎ᠶᠢ ᠦᠷᠭᠦᠯᠵᠢᠯᠡᠨ ᠰᠢᠯᠢᠳᠡᠭᠵᠢᠭᠦᠯᠵᠦ᠂ ᠲᠥᠷᠥ᠎ᠶᠢᠨ ᠪᠣᠳᠣᠯᠭ᠎ᠠ ᠬᠢᠭᠡᠳ ᠦᠢᠯᠡᠴᠢᠯᠡᠭᠡᠨ᠎ᠤ ᠳᠡᠮᠵᠢᠯᠭᠡ᠎ᠶᠢ ᠴᠢᠩᠭᠠᠷᠠᠭᠤᠯᠵᠤ᠂ ᠱᠠᠩᠬᠠᠢ ᠥᠪᠥᠷ ᠮᠣᠩᠭᠤᠯ ᠬᠤᠶᠠᠷ ᠭᠠᠵᠠᠷ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ ᠬᠠᠮᠲᠤᠷᠠᠯᠴᠠᠭᠠᠨ᠎ᠤ ᠥᠷᠭᠡᠴᠡ ᠪᠠ ᠭᠦᠨᠴᠡ᠎ᠶᠢ ᠲᠠᠰᠤᠷᠠᠯᠲᠠ ᠦᠭᠡᠢ ᠥᠷᠭᠡᠳᠬᠡᠵᠦ᠂ ᠣᠷᠣᠨ ᠪᠦᠰᠡ᠎ᠶᠢᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠬᠠᠮᠵᠢᠯᠴᠠᠨ ᠰᠢᠨ᠎ᠡ᠎ᠶᠢ ᠡᠭᠦᠳᠬᠦ᠂ ᠴᠢᠨᠠᠷ ᠰᠠᠶ᠋ᠢᠲᠠᠢ ᠬᠥᠭᠵᠢᠯᠲᠡ᠎ᠶᠢ ᠬᠠᠮᠲᠤ᠎ᠪᠠᠷ ᠠᠬᠢᠭᠤᠯᠬᠤ ᠰᠢᠨ᠎ᠡ ᠬᠡᠪ ᠵᠠᠭᠪᠤᠷ᠎ᠢ ᠡᠭᠦᠳᠦᠨ᠎ᠡ ᠭᠡᠵᠡᠢ᠃

ᠬᠠᠮᠲᠤᠷᠠᠯᠴᠠᠭᠠᠨ᠎ᠤ ᠭᠡᠷ᠎ᠡ ᠲᠣᠭᠲᠠᠬᠤ ᠭᠤᠭᠴᠤᠭ᠎ᠠ᠎ᠳᠤ᠂ ᠥᠪᠥᠷ ᠮᠣᠩᠭᠤᠯ᠎ᠤᠨ ᠬᠠᠮᠢᠶ᠎ᠠ ᠪᠦᠬᠦᠢ ᠨᠢᠭᠡᠴᠢ ᠨᠢ ᠱᠠᠩᠬᠠᠶ ᠬᠤᠲᠠ᠎ᠶᠢᠨ ᠣᠯᠠᠨ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ᠂ ᠰᠤᠷᠭᠠᠭᠤᠯᠢ᠎ᠨᠤᠭᠤᠳ ᠯᠤᠭ᠎ᠠ ᠬᠠᠮᠲᠤᠷᠠᠯᠴᠠᠭᠠᠨ᠎ᠤ ᠵᠥᠪᠯᠡᠯᠴᠡᠭᠡᠷ ᠳᠣᠬᠢᠷᠠᠯᠴᠠᠵᠤ᠂ ᠱᠠᠩᠬᠠᠢ ᠥᠪᠥᠷ ᠮᠣᠩᠭᠤᠯ᠎ᠤᠨ ᠭᠦᠨ ᠳᠠᠪᠬᠤᠷᠭ᠎ᠠ᠂ ᠣᠯᠠᠨ ᠲᠠᠯᠠᠲᠤ ᠰᠣᠯᠢᠯᠴᠠᠭ᠎ᠠ᠎ᠶᠢ ᠤᠯᠠᠮ ᠨᠢᠭᠡ ᠠᠯᠬᠤᠮ ᠠᠬᠢᠭᠤᠯᠵᠤ᠂ ᠥᠪᠥᠷ ᠮᠣᠩᠭᠤᠯ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ ᠪᠠ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠠᠮᠵᠢᠯᠴᠠᠨ ᠳᠡᠭᠡᠭᠰᠢᠯᠡᠬᠦ᠎ᠳᠤ ᠬᠦᠴᠦᠨ ᠨᠡᠮᠡᠷᠢᠯᠡᠪᠡ᠃

ᠱᠠᠩᠬᠠᠶ ᠬᠤᠲᠠ᠎ᠶᠢᠨ ᠬᠠᠮᠢᠶ᠎ᠠ ᠪᠥᠬᠦᠶ ᠨᠢᠭᠡᠴᠢ᠎ᠶᠢᠨ ᠱᠠᠩᠬᠠᠶ ᠥᠪᠥᠷ ᠮᠣᠩᠭᠤᠯ᠎ᠤᠨ ᠬᠠᠮᠵᠢᠯᠴᠠᠭ᠎ᠠ᠎ᠳᠤ ᠦᠵᠡᠭᠦᠯᠦᠭᠰᠡᠨ ᠬᠤᠪᠢ ᠨᠡᠮᠡᠷᠢ᠎ᠶᠢ ᠬᠥᠬᠢᠭᠦᠯᠦᠨ ᠰᠠᠶ᠋ᠢᠰᠢᠶᠠᠬᠤ᠎ᠶᠢᠨ ᠲᠥᠯᠥᠭᠡ᠂ ᠠᠵᠢᠯᠯᠠᠭ᠎ᠠ᠎ᠳᠤ ᠪᠠᠰᠠ ᠨᠢᠭᠡ ᠪᠦᠯᠦᠭ ᠬᠠᠶ᠋ᠢᠷ᠎ᠠ ᠬᠠᠯᠠᠮᠵᠢ᠎ᠶᠢᠨ ᠡᠮᠨᠡᠯᠭᠡ᠎ᠶᠢᠨ ᠬᠤᠷᠢᠶ᠎ᠠ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠨᠢᠭᠡᠴᠢ ᠪᠠ ᠪᠠᠶ᠋ᠢᠭᠤᠯᠤᠮᠵᠢ᠎ᠳᠤ ᠲᠠᠯᠠᠷᠬᠠᠯ᠎ᠤᠨ ᠪᠢᠴᠢᠭ ᠭᠠᠷᠳᠠᠭᠤᠯᠪᠠ᠃ ᠳᠠᠷᠠᠭ᠎ᠠ᠎ᠨᠢ᠂ ᠠᠬᠤᠢ ᠲᠠᠯᠠᠪᠠᠶ᠎ᠳᠤ 《ᠬᠥᠬᠡᠮᠥ᠋ᠷᠡᠨ᠎ᠤ ᠭᠤᠷᠪᠠᠯᠵᠢᠨ ᠬᠤᠶ᠋ᠢᠭ᠋᠎ᠤᠨ ᠡᠮᠴᠢᠯᠡᠭᠡᠨ᠎ᠤ ᠲᠤᠰᠬᠠᠶ ᠮᠡᠷᠭᠡᠵᠢᠯᠲᠡᠳ᠎ᠦᠨ ᠥᠪᠥᠷ ᠮᠣᠩᠭᠤᠯ᠎ᠤᠨ ᠬᠢᠯᠢ ᠬᠢᠵᠠᠭᠠᠷ᠎ᠲᠠᠬᠢ ᠠᠶᠠᠯᠠᠯ》᠎ᠤᠨ ᠲᠥᠷᠥᠯ ᠵᠦᠢᠯ᠎ᠢ ᠬᠠᠮᠲᠤ᠎ᠪᠠᠷ ᠪᠠᠶ᠋ᠢᠭᠤᠯᠬᠤ ᠰᠠᠨᠠᠭᠠᠴᠢᠯᠠᠭ᠎ᠠ ᠭᠠᠷᠭᠠᠪᠠ᠂ ᠡᠨᠡ ᠨᠢ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠋᠎ᠤᠨ ᠭᠠᠵᠠᠷ ᠣᠷᠣᠨ᠎ᠤ ᠰᠢᠯᠢᠳᠡᠭ ᠡᠮᠴᠢᠯᠡᠭᠡᠨ᠎ᠤ ᠡᠬᠢ ᠪᠠᠶᠠᠯᠢᠭ᠋᠎ᠢ ᠬᠤᠷᠠᠮᠳᠤᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠥᠪᠥᠷ ᠮᠣᠩᠭᠤᠯ᠎ᠳᠤ ᠬᠦᠷᠴᠦ ᠠᠯᠪᠠᠨ ᠵᠢᠷᠤᠮ᠎ᠤᠨ ᠡᠮᠴᠢᠯᠡᠭᠡ᠂ ᠪᠣᠯᠪᠠᠰᠤᠷᠠᠯ ᠪᠠ ᠡᠷᠳᠡᠮ ᠰᠢᠨᠵᠢᠯᠡᠭᠡᠨ᠎ᠤ ᠰᠣᠯᠢᠯᠴᠠᠭ᠎ᠠ ᠥᠷᠨᠢᠭᠦᠯᠬᠦ᠎ᠶᠢᠨ ᠲᠥᠯᠥᠭᠡ ᠶᠤᠮ᠃

《ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠱᠠᠩᠬᠠᠶ᠎ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠨᠢ ᠴᠣᠩᠬᠣᠪᠴᠢ᠂ ᠬᠥᠭᠦᠷᠭᠡ᠂ ᠬᠤᠯᠪᠣᠭᠠᠰᠤ᠎ᠶᠢᠨ ᠦᠢᠯᠡᠳᠦᠯ᠎ᠢᠶᠠᠨ ᠭᠦᠢᠴᠡᠳ ᠪᠠᠳᠠᠷᠠᠭᠤᠯᠵᠤ᠂ ᠰᠢᠨ᠎ᠡ ᠡᠨᠧᠷᠭᠢ᠂ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ᠂ ᠣᠶᠤᠨᠴᠢ ᠦᠢᠯᠡᠳᠭᠡᠯ᠂ ᠳ᠋ᠢᠭᠢᠲᠴᠢᠯᠡᠭᠰᠡᠨ ᠠᠵᠤ ᠠᠬᠤᠶ ᠵᠡᠷᠭᠡ ᠭᠤᠤᠯᠳᠠᠯᠭ᠎ᠠ ᠪᠣᠯᠬᠤ ᠠᠵᠤ ᠦᠢᠯᠡᠰ᠎ᠲᠤ ᠠᠩᠬᠠᠷᠤᠯ᠎ᠢᠶᠠᠨ ᠲᠥᠪᠯᠡᠷᠡᠭᠦᠯᠵᠦ᠂ ᠠᠵᠤ ᠦᠢᠯᠡᠰ᠎ᠢ ᠬᠠᠮᠲᠤ᠎ᠪᠠᠷ ᠪᠠᠶ᠋ᠢᠭᠤᠯᠬᠤ᠂ ᠴᠢᠳᠠᠪᠤᠷᠢᠲᠠᠨ᠎ᠢ ᠬᠠᠮᠲᠤ᠎ᠪᠠᠷ ᠬᠥᠮᠦᠵᠢᠭᠦᠯᠬᠦ᠂ ᠠᠷᠠᠳ᠎ᠤᠨ ᠠᠮᠢᠳᠤᠷᠠᠯ᠎ᠤᠨ ᠬᠠᠮᠲᠤ᠎ᠪᠠᠷ ᠡᠳ᠋ᠯᠡᠬᠦ ᠭᠤᠤᠯᠳᠠᠯᠭ᠎ᠠ ᠪᠣᠯᠬᠤ ᠭᠤᠷᠪᠠᠨ ᠴᠢᠭᠯᠡᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠱᠠᠩᠬᠠᠶ ᠢᠯᠠᠩᠭᠤᠶ᠎ᠠ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠋ ᠪᠠ ᠥᠪᠥᠷ ᠮᠣᠩᠭᠤᠯ᠎ᠤᠨ ᠬᠠᠮᠲᠤᠷᠠᠯᠴᠠᠭ᠎ᠠ᠎ᠶᠢ ᠭᠦᠨᠵᠡᠭᠡᠶ ᠪᠥᠭᠡᠳ ᠨᠠᠷᠢᠯᠢᠭ᠋ ᠬᠢᠨ᠎ᠡ; ᠴᠢᠳᠠᠪᠤᠷᠢᠲᠠᠨ᠎ᠤ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ ᠬᠤᠯᠪᠣᠭ᠎ᠠ᠂ ᠠᠵᠤ ᠠᠬᠤᠶ᠋ᠢᠯᠠᠯ᠎ᠤᠨ ᠦᠢᠯᠡᠴᠢᠯᠡᠭᠡᠨ᠎ᠤ ᠭᠡᠷ᠂ ᠴᠢᠳᠠᠪᠤᠷᠢᠲᠠᠨ᠎ᠤ ᠦᠢᠯᠡᠴᠢᠯᠡᠭᠡᠨ᠎ᠤ ᠥᠷᠲᠡᠭᠡ ᠴᠡᠭ ᠵᠡᠷᠭᠡ ᠭᠤᠷᠪᠠᠨ ᠲᠠᠪᠴᠠᠩ᠎ᠢ ᠪᠠᠶ᠋ᠢᠭᠤᠯᠵᠤ᠂ ᠬᠦᠴᠦᠨ ᠵᠦᠢᠯ᠎ᠢ ᠨᠢᠭ᠍ᠲᠠᠷᠠᠭᠤᠯᠤᠨ᠎ᠠ; ᠳᠡᠯᠭᠡᠭᠦᠷ᠎ᠤᠨ ᠦᠢᠯᠡᠴᠢᠯᠡᠭᠡ᠂ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠨᠢᠯᠴᠠᠭᠤᠯᠬᠤ᠂ ᠰᠣᠶᠣᠯ᠎ᠢ ᠪᠡᠶᠡᠴᠢᠯᠡᠨ ᠣᠶ᠋ᠢᠯᠠᠭᠠᠬᠤ ᠭᠤᠷᠪᠠᠨ ᠵᠦᠢᠯ᠎ᠤᠨ ᠦᠢᠯᠡᠴᠢᠯᠡᠭᠡ᠎ᠶᠢ ᠳᠡᠰ ᠳᠡᠪᠰᠢᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ ᠨᠠᠷᠢᠯᠢᠭ᠍ᠵᠢᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠱᠠᠩᠬᠠᠢ᠎ᠳᠤ ᠰᠠᠭᠤᠭ᠎ᠠ ᠬᠡᠷᠡᠭ ᠡᠷᠬᠢᠯᠡᠬᠦ ᠭᠠᠵᠠᠷ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠯᠢ ᡁᠢ ᠭᠠᠩ ᠬᠡᠯᠡᠪᠡ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ