ᠲᠦᠷᠦᠭᠦᠬᠡᠨ᠎ᠳᠤ᠂ 《ᠤᠮᠠᠷᠠᠲᠤ ᠣᠷᠣᠨ᠎ᠤ ᠬᠣᠪᠣᠷ ᠱᠢᠷᠤᠢ᠎ᠶ᠋ᠢ ᠡᠮᠤᠨᠡᠲᠤ ᠣᠷᠣᠨ᠎ᠳᠤ ᠠᠭᠣᠰᠣᠯᠴᠠᠭᠣᠯᠵᠣ · ᠮᠡᠳᠡᠯᠭᠡ ᠦᠮᠴᠢᠯᠡᠬᠦ᠌ ᠡᠷᠬᠡ᠎ᠶ᠋ᠢᠨ ᠠᠮᠢ ᠠᠬᠣᠢ᠎ᠶ᠋ᠢᠨ ᠬᠡᠯᠬᠢᠶ᠎ᠡ᠎ᠪᠠᠷ ᠢᠷᠡᠭᠡᠳᠦᠢ᠎ᠶ᠋ᠢ ᠴᠣᠭ᠍ᠴᠠᠯᠠᠬᠤ》 ᠥᠪᠥᠷ ᠮᠣᠩᠭᠣᠯ ᠵᠧᠵᠢᠶᠠᠩ ᠭᠤᠸᠠᠩᠳᠦ᠋ᠩ᠎ᠤᠨ ᠣᠷᠣᠨ ᠪᠦᠰᠡ ᠠᠯᠤᠰᠯᠠᠭᠰᠠᠨ ᠲᠤᠰᠬᠠᠢ ᠠᠰᠢᠭ᠋᠎ᠢ ᠣᠯᠠᠷᠢᠭᠣᠯᠣᠨ ᠵᠣᠯᠭᠠᠭᠤᠯᠬᠤ ᠠᠵᠢᠯᠯᠠᠭ᠎ᠠ ᠪᠤᠭᠤᠲᠤ ᠬᠣᠲᠠ᠎ᠳᠤ ᠬᠦᠭ᠌ᠵᠢᠶᠡᠨᠲᠡᠢ ᠶᠠᠪᠣᠭ᠍ᠳᠠᠪᠠ᠃ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ 17 ᠠᠵᠤ ᠠᠬᠤᠢᠯᠠᠯ ᠭᠣᠣᠯ ᠬᠦᠴᠦᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠬᠢᠭᠡᠳ ᠵᠧᠵᠢᠶᠠᠩ᠂ ᠭᠤᠸᠠᠩᠳᠦ᠋ᠩ ᠵᠡᠷᠭᠡ ᠭᠠᠵᠠᠷ᠎ᠠᠴᠠ ᠢᠷᠡᠭᠰᠡᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ ᠵᠢᠴᠢ ᠮᠥᠩᠭᠥᠨ ᠭᠦᠢᠯᠭᠡᠭᠡᠨ᠎ᠦ ᠪᠠᠢᠭᠤᠯᠤᠮᠵᠢ ᠯᠣᠭ᠎ᠠ ᠵᠠᠯᠭᠠᠭ᠎ᠠ᠎ᠪᠠᠷ ᠲᠤᠰᠬᠠᠢ ᠠᠰᠢᠭ᠋᠎ᠤᠨ ᠮᠡᠷᠭᠡᠵᠢᠯ᠎ᠦᠨ ᠬᠠᠮᠲᠤᠷᠠᠯᠴᠠᠭ᠎ᠠ᠂ ᠦᠢᠯᠡᠳᠪᠦᠷᠢᠯᠡᠬᠦ᠌ ᠵᠢᠭᠠᠬᠣ ᠰᠣᠳᠣᠯᠠᠬᠤ ᠶ᠋ᠢ ᠵᠣᠬᠢᠴᠠᠭᠣᠯᠬᠣ᠂ ᠲᠤᠰᠬᠠᠢ ᠠᠰᠢᠭ᠋᠎ᠤᠨ ᠵᠥᠪᠰᠢᠶᠡᠷᠡᠯ ᠵᠢᠴᠢ ᠳᠠᠨᠵᠢᠯᠠᠵᠤ ᠪᠡᠯᠡ ᠲᠣᠬᠢᠷᠠᠭᠣᠯᠬᠣ ᠵᠡᠷᠭᠡ ᠤᠯᠠᠨ ᠬᠦᠷᠢᠶ᠎ᠡ᠎ᠶᠢ ᠬᠠᠮᠤᠷᠤᠭᠰᠠᠨ ᠬᠦᠨᠳᠦ ᠴᠢᠬᠤᠯᠠ ᠵᠥᠪᠯᠡᠯᠴᠡᠭᠡᠷ ᠲᠣᠬᠢᠷᠠᠯᠴᠠᠵᠤ᠂ ᠶᠡᠷᠦᠩᠬᠡᠢ ᠵᠣᠭᠣᠰ᠎ᠤᠨ ᠲᠣᠭ᠎ᠠ ᠨᠢ 3.2 ᠳ᠋ᠦᠩᠰᠢᠭᠤᠷ ᠲᠥᠭᠥᠷᠢᠭ᠎ᠢ ᠳᠠᠪᠠᠵᠤ᠂ ᠪᠤᠭᠤᠲᠤ ᠬᠤᠳᠠ᠎ᠶᠢᠨ 《ᠬᠣᠶᠠᠷ ᠬᠣᠪᠣᠷ ᠰᠢᠷᠣᠢ᠎ᠶᠢᠨ ᠰᠠᠭᠤᠷᠢᠨ ᠭᠠᠵᠠᠷ》 ᠢ ᠪᠠᠶ᠋ᠢᠭᠤᠯᠬᠤ᠎ᠳᠤ ᠴᠢᠩᠭ᠎ᠠ ᠬᠦᠴᠦᠲᠡᠢ ᠬᠦᠳᠡᠯᠭᠡᠭ᠌ᠴᠢ ᠬᠦᠴᠦᠨ ᠨᠡᠮᠡᠷᠢᠯᠡᠵᠡᠢ᠃
ᠲᠣᠰ ᠤᠳᠠᠭ᠎ᠠ ᠵᠠᠯᠭᠠᠭ᠎ᠠ᠎ᠪᠠᠷ ᠵᠥᠪᠯᠡᠯᠴᠡᠭᠡᠷ ᠲᠣᠬᠢᠷᠠᠯᠴᠠᠭ᠍ᠰᠠᠨ ᠨᠢ ᠪᠤᠭᠤᠲᠤ᠎ᠶᠢᠨ ᠬᠣᠪᠣᠷ ᠰᠢᠷᠣᠢ᠎ᠶᠢᠨ ᠠᠵᠤ ᠦᠢᠯᠡᠰ᠎ᠦᠨ ᠮᠡᠳᠡᠯᠭᠡ ᠦᠮᠴᠢᠯᠡᠬᠦ᠌ ᠡᠷᠬᠡ᠎ᠶᠢᠨ 《ᠬᠦᠨᠳᠦᠴᠡ》᠎ᠶ᠋ᠢᠨ ᠲᠥᠪᠯᠡᠷᠡᠩᠭᠦᠢ ᠢᠯᠡᠷᠡᠯ ᠪᠣᠯᠣᠨ᠎ᠠ᠃ ᠣᠢᠯᠠᠭᠠᠭᠰᠠᠨ᠎ᠢᠶᠠᠷ᠂ ᠣᠲᠣ ᠪᠣᠯᠲᠠᠯ᠎ᠠ᠂ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠬᠦᠴᠦᠨ ᠪᠦᠬᠦᠢ ᠲᠤᠰᠬᠠᠢ ᠠᠰᠢᠭ᠋᠎ᠤᠨ ᠶᠡᠷᠦᠩᠬᠡᠢ ᠬᠡᠮᠵᠢᠶ᠎ᠡ 7258 ᠬᠤᠪᠢ᠎ᠳᠤ ᠬᠦᠷᠴᠦ᠂ ᠡᠭᠦᠨ᠎ᠳᠦ ᠬᠣᠪᠣᠷ ᠰᠢᠷᠣᠢ᠎ᠶᠢᠨ ᠬᠠᠮᠢᠶ᠎ᠠ ᠪᠦᠬᠦᠢ ᠲᠤᠰᠬᠠᠢ ᠠᠰᠢᠭ᠋ 1962 ᠬᠤᠪᠢ᠎ᠳᠤ ᠬᠦᠷᠴᠡᠢ᠃ ᠭᠢᠯᠠᠯᠵᠠᠭ᠍ᠰᠠᠨ ᠳ᠋ᠠᠢᠲ᠋ᠠ᠎ᠶᠢᠨ ᠠᠷᠤ᠎ᠳᠤ᠂ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠎ᠤᠨ ᠨᠠᠷᠢᠯᠢᠭ ᠨᠢᠮᠪᠠᠢ ᠴᠣᠭ᠍ᠴᠠᠯᠠᠨ ᠪᠠᠢᠭᠤᠯᠤᠭᠰᠠᠨ ᠮᠡᠳᠡᠯᠭᠡ ᠦᠮᠴᠢᠯᠡᠬᠦ᠌ ᠡᠷᠬᠡ᠎ᠶ᠋ᠢᠨ ᠠᠮᠢ ᠠᠬᠤᠢ᠎ᠶ᠋ᠢᠨ ᠬᠡᠯᠬᠢᠶ᠎ᠡ ᠪᠤᠢ; ᠡᠭᠦᠳᠦᠯᠲᠡ᠎ᠶᠢᠨ ᠦᠵᠦᠭᠦᠷ᠎ᠲᠦ᠂ ᠶᠢᠨᠰᠲᠸ ᠬᠣᠪᠣᠷ ᠰᠢᠷᠣᠢ᠎ᠶᠢᠨ ᠪᠠᠢᠩᠭᠤ ᠰᠤᠷᠢᠨᠵᠢᠲᠤ ᠺᠣᠮᠫᠠᠨᠢ᠎ᠪᠠᠷ ᠲᠥᠯᠥᠭᠡᠯᠡᠭᠦᠯᠦᠭᠰᠡᠨ ᠠᠵᠤ ᠠᠬᠤᠢᠯᠠᠯ᠎ᠤᠨ ᠢᠯᠡᠷᠡᠯ ᠲᠣᠪᠣᠢᠮ᠎ᠠ ᠪᠠᠢᠵᠤ᠂ ᠲᠡᠭᠦᠨ᠎ᠦ ᠡᠵᠡᠮᠰᠢᠵᠦ ᠪᠠᠢᠭ᠎ᠠ 360 ᠬᠤᠪᠢ ᠤᠯᠤᠰ᠎ᠤᠨ ᠳᠣᠲᠣᠭᠠᠳᠤ᠎ᠶᠢᠨ ᠲᠤᠰᠬᠠᠢ ᠠᠰᠢᠭ ᠨᠢ ᠠᠵᠤ ᠠᠬᠤᠢᠯᠠᠯ᠎ᠤᠨ 95% ᠡᠴᠡ ᠳᠡᠭᠡᠭᠰᠢᠬᠢ ᠪᠦᠲᠦᠭᠡᠭᠳᠡᠬᠦᠨ᠎ᠢ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ᠎ᠶᠢ ᠲᠤᠯᠭᠠᠭᠤᠷᠢᠯᠠᠵᠠᠢ; ᠬᠡᠷᠡᠭᠯᠡᠭᠡᠨ᠎ᠦ ᠦᠵᠦᠭᠦᠷ᠎ᠲᠦ᠂ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠎ᠲᠤ 《ᠲᠣᠭᠲᠠᠮᠠᠯ ᠬᠥᠷᠥᠩᠭᠡ+ ᠮᠡᠳᠡᠯᠭᠡ ᠦᠮᠴᠢᠯᠡᠬᠦ᠌ ᠡᠷᠬᠡ》᠎ᠶ᠋ᠢᠨ ᠬᠣᠣᠰ ᠳᠠᠨᠵᠢᠯᠠᠭ᠎ᠠ᠎ᠶᠢᠨ ᠬᠡᠪ ᠵᠠᠭᠪᠤᠷ᠎ᠢ ᠰᠢᠨ᠎ᠡ᠎ᠶ᠋ᠢ ᠡᠭᠦᠳᠦᠨ ᠭᠠᠷᠭᠠᠵᠤ᠂ ᠣᠢᠷ᠎ᠠ᠎ᠶᠢᠨ ᠬᠡᠳᠦᠨ ᠵᠢᠯ᠎ᠳᠦ ᠨᠢᠭᠡᠨᠲᠡ 45 ᠠᠵᠤ ᠠᠬᠤᠢᠯᠠᠯ᠎ᠳᠤ ᠮᠡᠳᠡᠯᠭᠡ ᠦᠮᠴᠢᠯᠡᠬᠦ᠌ ᠡᠷᠬᠡ᠎ᠶᠢᠨ ᠳᠠᠨᠵᠢᠯᠠᠨ ᠲᠣᠬᠢᠷᠠᠭᠣᠯᠬᠣ ᠦᠢᠯᠡᠴᠢᠯᠡᠭᠡ ᠬᠠᠩᠭᠠᠵᠤ᠂ 80 ᠬᠤᠪᠢ᠎ᠡᠴᠡ ᠳᠡᠭᠡᠭ᠌ᠰᠢᠬᠢ ᠪᠡᠯᠡ ᠲᠣᠬᠢᠷᠠᠭᠤᠯᠭ᠎ᠠ᠎ᠶᠢᠨ ᠵᠢᠭᠡᠯᠡᠯᠭᠡ᠎ᠶᠢ ᠪᠡᠶᠡᠯᠡᠭᠦᠯᠵᠦ᠂ ᠪᠡᠯᠡ ᠲᠣᠬᠢᠷᠠᠭᠣᠯᠣᠭ᠍ᠰᠠᠨ ᠶᠡᠷᠦᠩᠬᠡᠢ ᠬᠡᠮᠵᠢᠶ᠎ᠡ 40 ᠳ᠋ᠦᠩᠰᠢᠭᠤᠷ ᠲᠥᠭᠥᠷᠢᠭ᠎ᠢ ᠳᠠᠪᠠᠵᠤ᠂ ᠵᠥᠪᠬᠡᠨ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ ᠳᠠᠷᠤᠢ 1.57 ᠳ᠋ᠦᠩᠰᠢᠭᠤᠷ ᠲᠥᠭᠥᠷᠢᠭ᠎ᠦᠨ 《ᠮᠥᠩᠭᠥᠨ ᠭᠦᠢᠯᠭᠡᠭᠡᠨ᠎ᠦ ᠳᠡᠮᠵᠢᠯᠭᠡ》᠎ᠶ᠋ᠢ ᠬᠦᠷᠭᠡᠭᠰᠡᠨ ᠪᠥᠭᠡᠳ ᠠᠵᠤ ᠠᠬᠤᠢᠯᠠᠯ᠎ᠢ ᠬᠠᠪᠰᠤᠷᠤᠨ ᠵᠢᠯᠤᠭᠣᠳᠴᠤ ᠪᠠᠢᠭᠠᠳ ᠬᠣᠲᠠ᠎ᠶᠢᠨ ᠲᠠᠰ᠎ᠤᠨ ᠬᠠᠮᠢᠶ᠎ᠠ ᠪᠦᠬᠦᠢ ᠱᠠᠩᠨᠠᠯ ᠨᠥᠬᠥᠪᠦᠷᠢ᠎ᠶᠢ 255 ᠲᠦᠮᠡᠨ ᠲᠥᠭᠥᠷᠢᠭ ᠭᠥᠷᠳᠡᠪᠡ; ᠬᠠᠮᠠᠭᠠᠯᠠᠯᠲᠠ᠎ᠶᠢᠨ ᠦᠵᠦᠭᠦᠷ᠎ᠲᠦ᠂ ᠡᠨᠡ ᠵᠢᠯ᠎ᠡᠴᠡ ᠨᠠᠭᠠᠰᠢ ᠨᠢᠭᠡᠨᠲᠡ ᠮᠡᠳᠡᠯᠭᠡ ᠦᠮᠴᠢᠯᠡᠬᠦ᠌ ᠡᠷᠬᠡ᠎ᠶ᠋ᠢᠨ ᠵᠠᠰᠠᠭ ᠵᠠᠬᠢᠷᠭᠠᠨ᠎ᠤ ᠬᠠᠮᠠᠭᠠᠯᠠᠯᠲᠠ᠎ᠶᠢᠨ ᠪᠣᠳᠠᠲᠤ ᠶᠠᠪᠤᠳᠠᠯ᠎ᠤᠨ ᠵᠠᠳᠠᠯᠤᠯᠲᠠ᠂ ᠭᠠᠳᠠᠭᠠᠳᠤ᠎ᠳᠠᠬᠢ ᠮᠡᠳᠡᠯᠭᠡ ᠦᠮᠴᠢᠯᠡᠬᠦ᠌ ᠡᠷᠬᠡ᠎ᠶᠢᠨ ᠵᠢᠭᠤᠷᠠᠯᠳᠤᠭᠠᠨ᠎ᠢ ᠠᠷᠭᠠᠴᠠᠬᠤ ᠵᠡᠷᠭᠡ ᠲᠤᠰᠬᠠᠢ ᠰᠡᠳᠦᠪᠲᠦ ᠪᠣᠯᠪᠠᠰᠣᠷᠠᠯ᠎ᠢ 5 ᠲᠠᠯᠠᠪᠤᠷ ᠤᠳᠠᠭ᠎ᠠ ᠵᠣᠬᠢᠶᠠᠨ ᠪᠠᠢᠭᠤᠯᠵᠤ᠂ 100 ᠬᠥᠮᠥᠨ ᠤᠳᠠᠭ᠎ᠠ᠎ᠶᠢ ᠬᠠᠮᠤᠷᠤᠨ᠂ ᠶᠢᠨᠰᠲᠸ ᠺᠣᠮᠫᠠᠨᠢ ᠨᠡᠩ ᠴᠤ᠌ ᠪᠤᠭᠤᠲᠤ ᠬᠣᠲᠠ᠎ᠶᠢᠨ ᠠᠩᠬᠠᠳᠠᠭ᠍ᠴᠢ ᠳ᠋ᠠᠢᠲ᠋ᠠ᠎ᠶᠢᠨ ᠮᠡᠳᠡᠯᠭᠡ ᠦᠮᠴᠢᠯᠡᠬᠦ᠌ ᠡᠷᠬᠡ᠎ᠶᠢᠨ ᠳᠠᠩᠰᠠᠯᠠᠯᠲᠠ᠎ᠶᠢᠨ ᠦᠨᠡᠮᠯᠡᠯ᠎ᠢ ᠠᠮᠵᠢᠯᠲᠠ᠎ᠲᠠᠢ ᠪᠠᠷ ᠣᠯᠣᠭ᠍ᠰᠠᠨ ᠪᠠᠢᠨ᠎ᠠ᠃
ᠣᠷᠣᠨ ᠪᠦᠰᠡ ᠠᠯᠤᠰᠯᠠᠨ ᠬᠠᠮᠵᠢᠯᠴᠡᠨ ᠰᠢᠨ᠎ᠡ᠎ᠶᠢ ᠡᠭᠦᠳᠬᠦ ᠨᠢ ᠶᠠᠭ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠠᠵᠤ ᠦᠢᠯᠡᠰ᠎ᠦᠨ ᠲᠡᠰ ᠳᠡᠪᠰᠢᠬᠦ᠎ᠶᠢ ᠠᠬᠢᠭᠤᠯᠬᠤ ᠭᠣᠣᠯ ᠬᠥᠳᠡᠯᠭᠡᠭᠦᠷ ᠪᠣᠯᠵᠤ ᠪᠠᠢᠨ᠎ᠠ᠃ ᠠᠵᠢᠯᠯᠠᠭ᠎ᠠ᠎ᠶᠢᠨ ᠠᠬᠤᠢ ᠲᠠᠯᠠᠪᠠᠢ ᠳᠤ᠂ ᠤᠯᠤᠰ᠎ᠤᠨ ᠮᠡᠳᠡᠯᠭᠡ ᠦᠮᠴᠢᠯᠡᠬᠦ᠌ ᠡᠷᠬᠡ᠎ᠶ᠋ᠢᠨ ᠲᠣᠪᠴᠢᠶ᠎ᠠ᠎ᠶᠢᠨ ᠱᠢᠯᠭᠠᠷᠠᠭᠤᠯᠤᠭ᠍ᠰᠠᠨ ᠪᠥᠬᠥ ᠤᠯᠤᠰ᠎ᠤᠨ ᠬᠣᠪᠣᠷ ᠰᠢᠷᠣᠢ᠎ᠶᠢᠨ ᠬᠦᠷᠢᠶᠡᠨ᠎ᠳᠡᠬᠢ 《ᠬᠣᠣᠰ ᠲᠠᠪᠤᠨ ᠣᠳᠣᠨ》 ᠲᠤᠰᠬᠠᠢ ᠠᠰᠢᠭ᠋᠎ᠢ ᠨᠡᠶ᠋ᠢᠲᠡ 330ᠬᠤᠪᠢ᠎ᠶ᠋ᠢ ᠵᠢᠩᠬᠢᠨᠢ᠎ᠪᠡᠷ ᠨᠡᠢᠲᠡᠯᠡᠪᠡ᠃ ᠡᠭᠦᠨ᠎ᠳᠦ᠂ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠠᠵᠤ ᠠᠬᠤᠢᠯᠠᠯ ᠬᠥᠮᠥᠰ᠎ᠦᠨ ᠠᠩᠬᠠᠷᠤᠯ᠎ᠢ ᠲᠠᠲᠠᠵᠤ᠂ 46 ᠬᠤᠪᠢ 《ᠬᠣᠣᠰ ᠲᠠᠪᠤᠨ ᠣᠳᠣᠨ》 ᠲᠤᠰᠬᠠᠢ ᠠᠰᠢᠭ᠋᠎ᠲᠠᠢ ᠪᠠᠢᠵᠤ᠂ 13.9%᠎ᠶᠢ ᠡᠵᠡᠯᠡᠪᠡ᠃ ᠡᠲᠡᠭᠡᠷ ᠦᠷ᠎ᠡ ᠪᠦᠲᠦᠭᠡᠯ᠎ᠢ ᠣᠯᠣᠭᠰᠠᠨ ᠨᠢ᠂ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠭᠤᠸᠠᠩᠳᠦ᠋ᠩ ᠰᠢᠶᠠᠩᠭᠠᠩ ᠣᠣᠮᠧᠨ᠂ ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ ᠭᠠᠵᠠᠷ ᠣᠷᠣᠨ ᠯᠤᠭ᠎ᠠ᠎ᠶᠢᠨ 《ᠰᠤᠳᠤᠯᠤᠨ ᠨᠡᠭᠡᠭᠡᠵᠦ ᠨᠡᠪᠴᠢᠭᠦᠯᠬᠦ ᠨᠢ ᠭᠠᠳᠠᠷ ᠣᠷᠣᠨ᠎ᠳᠤ ᠪᠠᠢᠵᠤ᠂ ᠠᠵᠤ ᠦᠢᠯᠡᠰᠵᠢᠭᠦᠯᠦᠯᠲᠡ ᠨᠢ ᠲᠤᠰ ᠣᠷᠣᠨ᠎ᠳᠤ ᠪᠠᠢᠬᠤ》 ᠣᠭᠣᠷᠴᠣᠭ ᠭᠠᠵᠠᠷ᠎ᠤᠨ ᠬᠠᠮᠲᠤᠷᠠᠯᠴᠠᠭᠠᠨ᠎ᠤ ᠬᠡᠪ ᠵᠠᠭᠪᠤᠷ᠎ᠢ ᠭᠦᠨᠵᠡᠭᠡᠢᠷᠡᠭᠦᠯᠦᠭᠰᠡᠨ᠎ᠡᠴᠡ ᠪᠣᠯᠤᠭᠰᠠᠨ ᠪᠥᠭᠡᠳ᠂ ᠾᠧᠩ ᠴᠢᠨ ᠣᠯᠠᠨ ᠤᠯᠤᠰ᠎ᠤᠨ ᠮᠡᠳᠡᠯᠭᠡ ᠦᠮᠴᠢᠯᠡᠬᠦ᠌ ᠡᠷᠬᠡ᠎ᠶᠢᠨ ᠠᠷᠠᠯᠵᠢᠶᠠᠨ᠎ᠤ ᠲᠥᠪ ᠵᠡᠷᠭᠡ ᠲᠤᠰᠬᠠᠢ ᠪᠠᠢᠭᠤᠯᠤᠮᠵᠢ ᠯᠣᠭ᠎ᠠ ᠬᠣᠯᠪᠣᠭᠠᠯᠠᠨ ᠲᠤᠰᠬᠠᠢ ᠠᠰᠢᠭ᠋᠎ᠤᠨ ᠵᠠᠮᠴᠢᠯᠠᠯ ᠪᠠ ᠥᠨᠳᠥᠷ ᠥᠷᠲᠡᠭᠲᠦ ᠲᠤᠰᠬᠠᠢ ᠠᠰᠢᠭ᠋᠎ᠢ ᠪᠣᠢᠵᠢᠭᠤᠯᠬᠤ ᠠᠵᠢᠯ᠎ᠢ ᠬᠠᠮᠲᠤ᠎ᠪᠠᠷ ᠲᠦᠯᠬᠢᠨ ᠠᠬᠢᠭᠤᠯᠤᠭᠰᠠᠨ᠎ᠠᠴᠠ ᠪᠣᠯᠤᠭᠰᠠᠨ ᠶᠤᠮ᠃
ᠣᠳᠣᠬᠠᠨ᠎ᠳᠤ᠂ ᠪᠤᠭᠤᠲᠤ᠎ᠶᠢᠨ ᠬᠣᠪᠣᠷ ᠰᠢᠷᠣᠢ᠎ᠶᠢᠨ ᠠᠵᠤ ᠦᠢᠯᠡᠰ ᠶᠠᠭ ᠤᠯᠠᠮᠵᠢᠯᠠᠯᠲᠤ 《ᠡᠬᠢ ᠪᠠᠶᠠᠯᠢᠭ᠋᠎ᠤᠨ ᠳᠠᠪᠠᠭᠤᠯᠢᠭ᠋》 ᠠ᠋ᠴᠠ᠎ᠪᠠᠨ ᠨᠠᠩ ᠥᠷᠢᠰᠦᠯᠳᠦᠬᠦ ᠬᠦᠴᠦᠨ᠎ᠲᠠᠢ 《ᠰᠢᠨ᠎ᠡ᠎ᠶᠢ ᠡᠭᠦᠳᠬᠦ ᠳᠠᠪᠠᠭᠤᠯᠢᠭ᠋》 ᠲᠡᠢᠰᠢ ᠲᠦᠷᠭᠡᠬᠡᠨ ᠬᠤᠪᠢᠷᠠᠵᠤ᠂ ᠳᠡᠯᠡᠬᠡᠢ᠎ᠶᠢᠨ ᠲᠠᠰ᠎ᠤᠨ ᠠᠵᠤ ᠦᠢᠯᠡᠰ᠎ᠢ ᠴᠣᠭᠴᠠᠯᠠᠬᠤ ᠬᠠᠷᠠᠯᠲᠠ ᠲᠡᠢᠰᠢ ᠯᠠᠪᠳᠠᠭᠤᠨ᠎ᠢᠶᠠᠷ ᠤᠷᠤᠭᠰᠢᠯᠠᠵᠤ ᠪᠠᠢᠨ᠎ᠠ᠃