9 ᠳ᠋ᠦ᠍ᠭᠡᠷ ᠰᠠᠷ᠎ᠠ᠎ᠶᠢᠨ 16 ᠤ ᠡᠳᠦᠷ᠂ ᠬᠥᠬᠡᠬᠣᠲᠠ ᠮᠦᠽᠧᠢ᠂ ᠥᠪᠥᠷ ᠮᠣᠩᠭᠣᠯ᠎ᠤᠨ ᠪᠠᠢᠭᠠᠯᠢ᠎ᠶᠢᠨ ᠮᠦᠽᠧᠢ᠂ ᠪᠡᠭᠡᠵᠢᠩ᠎ᠦᠨ ᠵᠧᠦ ᠺᠧᠦ ᠳ᠋ᠢᠶᠠᠨ᠎ᠤ ᠪᠠᠭᠤᠷᠢ᠎ᠶᠢᠨ ᠮᠦᠽᠧᠢ ᠵᠡᠷᠭᠡ ᠭᠤᠷᠪᠠᠨ ᠨᠢᠭᠡᠴᠢ᠎ᠶᠢᠨ ᠬᠠᠮᠲᠤᠷᠠᠨ ᠭᠠᠷᠭᠠᠭᠰᠠᠨ 《ᠴᠢᠯᠠᠭᠤᠨ ᠵᠡᠪᠰᠡᠭ᠎ᠢᠶᠡᠷ ᠤᠮᠠᠷᠠᠲᠤ ᠬᠢᠵᠠᠭᠠᠷ᠎ᠢ ᠬᠠᠷᠠᠬᠤᠢ· ᠬᠠᠭᠤᠴᠢᠨ ᠴᠢᠯᠠᠭᠤᠨ ᠵᠡᠪᠰᠡᠭ᠎ᠦᠨ ᠴᠠᠭ ᠦᠶ᠎ᠡ᠎ᠶᠢᠨ ᠢᠷᠠᠭᠤ ᠬᠠᠭᠤᠳᠠᠰᠤ — ᠳᠠ ᠶᠣᠣ᠎ᠶᠢᠨ ᠪᠠᠭᠤᠷᠢ᠎ᠶᠢᠨ ᠬᠠᠭᠤᠴᠢ ᠰᠤᠳᠤᠯᠤᠯ᠎ᠤᠨ ᠦᠷ᠎ᠡ ᠪᠦᠲᠦᠭᠡᠯ᠎ᠦᠨ ᠦᠵᠡᠭᠦᠯᠭᠡ》 ᠨᠢ ᠪᠡᠭᠡᠵᠢᠩ᠎ᠦᠨ ᠵᠧᠦ ᠺᠧᠦ ᠳ᠋ᠢᠶᠠᠨ᠎ᠤ ᠪᠠᠭᠤᠷᠢ᠎ᠶᠢᠨ ᠮᠦᠽᠧᠢ᠎ᠳᠦ ᠶᠠᠪᠤᠭᠳᠠᠪᠠ᠃
ᠲᠤᠰ ᠦᠵᠡᠭᠦᠯᠭᠡ᠎ᠳᠦ ᠴᠢᠯᠠᠭᠤᠨ ᠵᠡᠪᠰᠡᠭ᠂ ᠠᠮᠢᠲᠠᠨ ᠬᠢᠭᠡᠳ ᠤᠷᠭᠤᠮᠠᠯ᠎ᠤᠨ ᠵᠠᠭᠪᠤᠷ ᠵᠡᠷᠭᠡ ᠲᠡᠦᠬᠡ᠎ᠶᠢᠨ ᠬᠣᠪᠣᠷ ᠨᠠᠨᠳᠢᠨ 89 ᠳᠤᠷᠠᠰᠭᠠᠯᠲᠤ ᠵᠦᠢᠯᠡᠰ᠎ᠢ ᠳᠡᠯᠭᠡᠨ ᠦᠵᠡᠭᠦᠯᠵᠦ᠂ ᠪᠣᠳᠠᠲᠤ ᠶᠠᠭᠤᠮ᠎ᠠ᠎ᠶᠢ ᠳᠡᠯᠭᠡᠨ ᠦᠵᠡᠭᠦᠯᠬᠦ᠂ ᠠᠬᠤᠢ ᠪᠠᠢᠳᠠᠯ᠎ᠢ ᠰᠡᠷᠭᠦᠭᠡᠬᠦ ᠬᠢᠭᠡᠳ ᠣᠯᠠᠨ ᠵᠠᠭᠤᠴᠢᠯᠠᠭᠤᠷ᠎ᠤᠨ ᠬᠠᠷᠢᠯᠴᠠᠨ ᠦᠢᠯᠡᠳᠦᠯᠴᠡᠬᠦ ᠵᠡᠷᠭᠡ ᠬᠡᠯᠪᠡᠷᠢ᠎ᠪᠡᠷ ᠳᠠᠮᠵᠢᠭᠤᠯᠤᠨ᠂ ᠦᠵᠡᠭᠴᠢᠳ᠎ᠢ ᠳᠠᠭᠠᠭᠤᠯᠤᠨ ᠬᠡᠳᠦᠨ ᠠᠷᠪᠠᠨ ᠲᠦᠮᠡᠨ ᠵᠢᠯ᠎ᠦᠨ ᠴᠠᠭ ᠬᠤᠭᠤᠴᠠᠭ᠎ᠠ᠎ᠶᠢ ᠳᠠᠪᠠᠨ ᠲᠤᠭᠤᠯᠤᠭᠤᠯᠵᠤ᠂ ᠡᠪᠦᠭᠡ ᠳᠡᠭᠡᠳᠦᠰ᠎ᠦᠨ ᠣᠷᠣᠰᠢᠨ ᠠᠮᠢᠳᠤᠷᠠᠵᠤ ᠪᠠᠢᠭ᠍ᠰᠠᠨ ᠠᠷᠭ᠎ᠠ ᠮᠠᠶᠢᠭ᠋ ᠪᠠ ᠠᠮᠢᠳᠤᠷᠠᠯ᠎ᠤᠨ ᠵᠢᠷᠤᠭ ᠳᠦᠷᠰᠦ᠎ᠶᠢ ᠡᠷᠢᠵᠦ᠍ ᠬᠠᠢᠭ᠍ᠰᠠᠨ ᠪᠠᠢᠨ᠎ᠠ᠃
ᠳᠠ ᠶᠣᠣ᠎ᠶᠢᠨ ᠪᠠᠭᠤᠷᠢ ᠪᠣᠯ ᠳᠤᠮᠳᠠᠳᠤ ᠤᠯᠤᠰ᠎ᠤᠨ ᠤᠮᠠᠷᠠᠲᠤ᠎ᠶᠢᠨ ᠬᠠᠭᠤᠴᠢᠨ ᠴᠢᠯᠠᠭᠤᠨ ᠵᠡᠪᠰᠡᠭ᠎ᠦᠨ ᠴᠢᠬᠤᠯᠠ ᠪᠠᠭᠤᠷᠢ᠎ᠶᠢᠨ ᠨᠢᠭᠡ ᠪᠣᠯᠣᠨ᠎ᠠ᠂ ᠲᠡᠭᠦᠨ᠎ᠢ ᠢᠯᠡᠷᠡᠭᠦᠯᠦᠭᠰᠡᠨ ᠨᠢ ᠥᠪᠥᠷ ᠮᠣᠩᠭᠣᠯ ᠣᠷᠣᠨ᠎ᠳᠤ ᠬᠥᠮᠥᠨ ᠲᠥᠷᠥᠯᠬᠢᠲᠡᠨ᠎ᠦ ᠠᠵᠢᠯᠯᠠᠭ᠎ᠠ ᠣᠷᠣᠱᠢᠵᠤ ᠪᠠᠢᠭ᠍ᠰᠠᠨ ᠲᠡᠦᠬᠡ᠎ᠶᠢ ᠤᠳᠤ᠎ᠠᠴᠠ 50 ᠲᠦᠮᠡᠨ ᠵᠢᠯ᠎ᠦᠨ ᠡᠮᠦᠨ᠎ᠡ ᠬᠦᠷᠲᠡᠯ᠎ᠡ ᠮᠦᠷᠳᠡᠵᠦ᠍ ᠪᠣᠯᠬᠤ ᠪᠣᠯᠭᠠᠵᠠᠢ; ᠵᠧᠦ ᠺᠧᠦ ᠳ᠋ᠢᠶᠠᠨ᠎ᠤ ᠪᠠᠭᠤᠷᠢ ᠨᠢ ᠳᠡᠯᠡᠬᠡᠢ᠎ᠶᠢᠨ ᠰᠣᠶᠣᠯ᠎ᠤᠨ ᠥᠪ ᠪᠠ ᠬᠥᠮᠥᠨ ᠲᠥᠷᠥᠯᠬᠢᠲᠡᠨ᠎ᠦ ᠡᠭᠦᠰᠦᠯ᠎ᠦᠨ ᠰᠤᠳᠤᠯᠤᠯ᠎ᠤᠨ ᠴᠢᠬᠤᠯᠠ ᠰᠠᠭᠤᠷᠢᠨ ᠪᠣᠯᠤᠭᠰᠠᠨ᠎ᠤ ᠬᠤᠪᠢ᠎ᠳᠤ᠂ ᠬᠥᠮᠥᠨ ᠲᠥᠷᠥᠯᠬᠢᠲᠡᠨ᠎ᠦ ᠬᠤᠪᠢᠰᠤᠯ᠎ᠤᠨ ᠲᠡᠦᠬᠡ᠂ ᠬᠠᠭᠤᠴᠢ ᠰᠤᠳᠤᠯᠤᠯ᠎ᠤᠨ ᠬᠥᠭᠵᠢᠯᠲᠡ ᠬᠢᠭᠡᠳ ᠳᠤᠮᠳᠠᠳᠤ᠎ᠶ᠋ᠢᠨ ᠪᠣᠯᠪᠠᠰᠤᠨ᠎ᠤ ᠡᠬᠢ ᠡᠭᠦᠰᠦᠯ᠎ᠦᠨ ᠮᠦᠷᠳᠡᠯᠲᠡ᠎ᠳᠤ ᠣᠷᠣᠯᠠᠭᠤᠯᠵᠤ ᠪᠣᠯᠣᠰᠢ ᠦᠭᠡᠢ ᠰᠢᠨᠵᠢᠯᠡᠬᠦ ᠤᠬᠠᠭᠠᠨ᠎ᠤ ᠦᠨ᠎ᠡ ᠥᠷᠲᠡᠭ ᠪᠠ ᠰᠣᠶᠣᠯ᠎ᠤᠨ ᠠᠴᠢ ᠬᠣᠯᠪᠣᠭᠳᠠᠯ ᠲᠠᠢ ᠶᠤᠮ᠃ ᠲᠤᠰ ᠤᠳᠠᠭᠠᠨ᠎ᠤ ᠦᠵᠡᠭᠦᠯᠭᠡ ᠪᠣᠯ ᠳᠠ ᠶᠣᠣ᠎ᠶᠢᠨ ᠪᠠᠭᠤᠷᠢ᠎ᠶᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠢ ᠪᠡᠭᠡᠵᠢᠩ᠎ᠳᠦ ᠠᠩᠬ᠎ᠠ ᠤᠳᠠᠭ᠎ᠠ ᠳᠡᠯᠭᠡᠨ ᠦᠵᠡᠭᠦᠯᠵᠦ ᠪᠠᠢᠭ᠎ᠠ ᠶᠠᠪᠤᠳᠠᠯ ᠪᠣᠯᠣᠨ᠎ᠠ᠂ ᠡᠨᠡ ᠨᠢ ᠳᠡ ᠶᠣᠣ᠎ᠶᠢᠨ ᠰᠣᠶᠣᠯ᠎ᠢ ᠭᠦᠨᠵᠡᠭᠡᠢ ᠰᠤᠳᠤᠯᠤᠨ ᠳᠡᠯᠭᠡᠷᠡᠭᠦᠯᠬᠦ᠎ᠶᠢ ᠠᠬᠢᠭᠤᠯᠤᠭᠰᠠᠨ ᠪᠥᠭᠡᠳ ᠳᠤᠮᠳᠠᠳᠤ᠎ᠶᠢᠨ ᠪᠣᠯᠪᠠᠰᠤᠨ᠎ᠤ ᠥᠨᠢ ᠤᠳᠠᠭᠠᠨ ᠲᠡᠦᠬᠡ ᠪᠣᠯᠣᠨ ᠭᠦᠨ ᠵᠤᠵᠠᠭᠠᠨ ᠤᠳᠭ᠎ᠠ ᠠᠭᠤᠯᠭ᠎ᠠ᠎ᠶ᠋ᠢᠨ ᠲᠤᠬᠠᠢ ᠤᠯᠠᠨ ᠨᠡᠶ᠋ᠢᠲᠡ᠎ᠶᠢᠨ ᠰᠢᠭᠤᠳ ᠣᠢᠯᠠᠭᠠᠯᠲᠠ᠎ᠶᠢ ᠨᠡᠮᠡᠭᠳᠡᠭᠦᠯᠦᠭᠰᠡᠨ ᠪᠠᠢᠨ᠎ᠠ᠃
ᠣᠢᠯᠠᠭᠠᠭᠰᠠᠨ᠎ᠢᠶᠠᠷ᠂ ᠲᠣᠰ ᠤᠳᠠᠭᠠᠨ᠎ᠤ ᠦᠵᠡᠭᠦᠯᠭᠡ ᠨᠢ ᠬᠣᠶᠠᠷ ᠲᠣᠮᠣ᠌ ᠪᠠᠭᠤᠷᠢ᠎ᠶᠢᠨ ᠬᠣᠭᠣᠷᠣᠨᠳᠤᠬᠢ ᠶᠠᠷᠢᠯᠴᠠᠭ᠎ᠠ᠎ᠪᠠᠷ ᠬᠥᠰᠢᠭᠡ᠎ᠪᠡᠨ ᠰᠡᠬᠦᠵᠡᠢ᠂ 2026 ᠣᠨ᠎ᠳᠤ ᠵᠧᠦ ᠺᠧᠦ ᠳ᠋ᠢᠶᠠᠨ᠎ᠤ ᠪᠠᠭᠤᠷᠢ᠎ᠶᠢᠨ ᠮᠦᠽᠧᠢ᠎ᠶᠢᠨ 《〈ᠪᠢ〉 ᠪᠠᠯᠠᠷ ᠡᠷᠲᠡᠨ᠎ᠡᠴᠡ ᠢᠷᠡᠭᠰᠡᠨ — ᠵᠧᠦ ᠺᠧᠦ ᠳ᠋ᠢᠶᠠᠨ᠎ᠤ ᠪᠠᠭᠤᠷᠢ᠎ᠶᠢᠨ ᠰᠣᠶᠣᠯ᠎ᠤᠨ ᠦᠵᠡᠭᠦᠯᠭᠡ》 ᠨᠢ ᠬᠥᠬᠡᠬᠣᠲᠠ ᠮᠦᠽᠧᠢ᠎ᠳᠦ ᠶᠠᠪᠤᠭᠳᠠᠬᠤ ᠪᠣᠯᠣᠨ᠎ᠠ᠃ ᠲᠤᠬᠠᠢ᠎ᠶᠢᠨ ᠦᠶ᠎ᠡ᠎ᠳᠦ᠂ ᠬᠥᠬᠡᠬᠣᠲᠠ᠎ᠶᠢᠨ ᠬᠣᠲᠠ᠎ᠶᠢᠨ ᠠᠷᠠᠳ ᠬᠢᠭᠡᠳ ᠵᠢᠭᠤᠯᠴᠢᠯᠠᠭ᠍ᠴᠢᠳ ᠵᠧᠦ ᠺᠧᠦ ᠳ᠋ᠢᠶᠠᠨ᠎ᠤ ᠪᠠᠭᠤᠷᠢ᠎ᠶᠢᠨ ᠭᠦᠨ ᠵᠤᠵᠠᠭᠠᠨ ᠰᠣᠶᠣᠯ᠎ᠤᠨ ᠷᠢᠳᠢ ᠰᠢᠳᠢ᠎ᠶᠢ ᠣᠢᠷ᠎ᠠ ᠵᠠᠢ᠎ᠠᠴᠠ ᠣᠢᠯᠠᠭᠠᠬᠤ ᠵᠠᠪᠰᠢᠶᠠᠨ᠎ᠲᠠᠢ ᠪᠣᠯᠣᠨ᠎ᠠ᠃ ᠲᠤᠰ ᠤᠳᠠᠭᠠᠨ᠎ᠤ ᠦᠵᠡᠭᠦᠯᠭᠡ ᠨᠢ 11 ᠳ᠋ᠦ᠍ᠭᠡᠷ ᠰᠠᠷ᠎ᠠ᠎ᠶ᠋ᠢᠨ ᠡᠬᠢᠨ ᠬᠦᠷᠲᠡᠯ᠎ᠡ ᠦᠷᠭᠦᠯᠵᠢᠯᠡᠵᠦ᠂ ᠡᠨᠡ ᠬᠦ᠌ ᠬᠤᠭᠤᠴᠠᠭᠠᠨ᠎ᠳᠤ ᠵᠧᠦ ᠺᠧᠦ ᠳ᠋ᠢᠶᠠᠨ᠎ᠤ ᠪᠠᠭᠤᠷᠢ᠎ᠶ᠋ᠢᠨ ᠬᠢᠨ ᠪᠠᠰᠠ ᠦᠵᠡᠭᠦᠯᠭᠡ᠎ᠶ᠋ᠢᠨ ᠲᠣᠭᠣᠷᠢᠨ᠎ᠳᠤ ᠥᠪᠡᠷᠮᠢᠴᠡ ᠣᠨᠴᠠᠯᠢᠭ᠋ ᠲᠠᠢ ᠠᠵᠢᠯᠯᠠᠭ᠎ᠠ᠎ᠨᠤᠭᠤᠳ᠎ᠢ ᠦᠷᠨᠢᠭᠦᠯᠦᠨ᠎ᠡ᠃