9 ᠳ᠋ᠦ᠍ᠭᠡᠷ ᠰᠠᠷ᠎ᠠ᠎ᠶᠢᠨ 22᠎ᠤᠨ ᠡᠳᠦᠷ᠂ 2025 ᠪᠡᠭᠡᠵᠢᠩ᠎ᠦᠨ ᠰᠣᠶᠣᠯ᠎ᠤᠨ ᠶᠠᠷᠢᠶᠠᠨ᠎ᠤ ᠲᠠᠪᠴᠠᠩ᠎ᠤᠨ 《ᠪᠠᠷᠠᠭᠤᠨ ᠯᠢᠶᠣᠤᠾᠧ ᠭᠣᠣᠯ᠎ᠤᠨ ᠰᠣᠶᠣᠯ ᠬᠢᠭᠡᠳ ᠳᠤᠮᠳᠠᠳᠤ᠎ᠶᠢᠨ ᠪᠣᠯᠪᠠᠰᠤᠨ᠎ᠤ ᠡᠭᠦᠰᠦᠯ ᠵᠢᠴᠢ ᠲᠡᠭᠦᠨ᠎ᠦ ᠣᠲᠣ᠌ ᠦᠶ᠎ᠡ᠎ᠳᠡᠬᠢ ᠠᠴᠢ ᠬᠣᠯᠪᠣᠭᠳᠠᠯ》 ᠲᠤᠰᠬᠠᠢ ᠰᠠᠯᠤᠨᠢ ᠡᠷᠬᠢᠯᠡᠪᠡ᠃
ᠲᠤᠰ ᠠᠵᠢᠯᠯᠠᠭ᠎ᠠ᠎ᠶᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠲᠣᠪᠴᠢᠶ᠎ᠠ᠎ᠶᠢᠨ ᠳᠠᠷᠤᠭ᠎ᠠ ᠼᠤᠤ ᠵᠢᠶᠠᠨ ᠡᠧᠨ ᠡᠷᠬᠢᠯᠡᠪᠡ᠃ ᠾᠧᠪᠧᠢ ᠮᠤᠵᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠂ ᠯᠢᠶᠣᠤᠨᠢᠩ ᠮᠤᠵᠢ᠎ᠶᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠭᠤᠴᠢ ᠰᠤᠳᠤᠯᠤᠯ᠎ᠤᠨ ᠰᠤᠳᠤᠯᠭᠠᠨ᠎ᠤ ᠬᠦᠷᠢᠶᠡᠯᠡᠩ ᠲᠣᠰ ᠲᠣᠰ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ ᠬᠠᠭᠤᠴᠢ ᠰᠤᠳᠤᠯᠤᠯ᠎ᠤᠨ ᠦᠷ᠎ᠡ ᠪᠦᠲᠦᠭᠡᠯ᠎ᠢ ᠨᠡᠢᠲᠡᠯᠡᠵᠦ᠂ ᠤᠯᠤᠰ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠤᠯᠤᠰ᠎ᠤᠨ ᠳᠣᠲᠣᠭᠠᠳᠤ᠎ᠶᠢᠨ ᠨᠠᠷᠠᠲᠤ ᠶᠡᠬᠡ ᠳᠡᠭᠡᠳᠦ ᠰᠤᠷᠭᠠᠭᠤᠯᠢ ᠪᠠ ᠣᠷᠣᠨ ᠨᠤᠲᠤᠭ᠎ᠤᠨ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠦᠨ 18 ᠲᠤᠰᠬᠠᠢ ᠮᠡᠷᠭᠡᠵᠢᠯᠲᠡᠳ ᠡᠷᠳᠡᠮᠲᠡᠳ 3 ᠲᠠᠯᠠᠪᠤᠷ ᠡᠷᠳᠡᠮ ᠰᠢᠨᠵᠢᠯᠡᠭᠡᠨ᠎ᠦ ᠶᠠᠷᠢᠯᠴᠠᠭ᠎ᠠ ᠥᠷᠨᠢᠭᠦᠯᠪᠡ᠃
ᠾᠧᠪᠧᠢ ᠮᠤᠵᠢ᠎ᠶᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠭᠤᠴᠢ ᠰᠤᠳᠤᠯᠤᠯ᠎ᠤᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠵᠠᠩ ᠸᠸᠨ ᠷᠦᠢ ᠲᠠᠨᠢᠯᠴᠠᠭᠤᠯᠬᠤᠳᠦᠪᠠᠨ᠂ ᠣᠢᠷ᠎ᠠ᠎ᠶᠢᠨ ᠵᠢᠯ᠎ᠦᠳ᠎ᠲᠦ᠂ ᠾᠧᠪᠧᠢ ᠮᠤᠵᠢ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠠᠴᠠ ᠰᠢᠨ᠎ᠡ ᠴᠢᠯᠠᠭᠤᠨ ᠵᠡᠪᠰᠡᠭ᠎ᠦᠨ ᠦᠶ᠎ᠡ ᠪᠠ ᠱᠠᠩ ᠤᠯᠤᠰ ᠵᠧᠦ ᠤᠯᠤᠰ᠎ᠤᠨ ᠦᠶ᠎ᠡ᠎ᠶᠢᠨ ᠪᠠᠭᠤᠷᠢ᠎ᠶᠢ ᠣᠯᠠᠨᠲᠠ ᠢᠯᠡᠷᠡᠭᠦᠯᠵᠦ᠂ ᠬᠤᠩᠱᠠᠨ ᠰᠣᠶᠣᠯ ᠵᠡᠷᠭᠡ ᠪᠠᠯᠠᠷ ᠡᠷᠲᠡᠨ᠎ᠦ ᠰᠣᠶᠣᠯ᠎ᠢ ᠰᠤᠳᠤᠯᠬᠤ᠎ᠳᠤ ᠵᠠᠩᠭᠢᠯᠠᠭ᠎ᠠ᠎ᠶᠢᠨ ᠮᠠᠲᠧᠷᠢᠶᠠᠯ ᠬᠠᠩᠭᠠᠭᠰᠠᠨ ᠪᠠᠢᠨ᠎ᠠ ᠭᠡᠵᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠭᠤᠴᠢ ᠰᠤᠳᠤᠯᠤᠯ᠎ᠤᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠰᠦᠨ ᠵᠢᠨ ᠰᠥᠩ ᠲᠠᠨᠢᠯᠴᠠᠭᠤᠯᠬᠤᠳᠦᠪᠡᠨ᠂ 2021 ᠣᠨ᠎ᠡᠴᠡ ᠨᠠᠭᠠᠰᠢ᠂ ᠥᠪᠥᠷ ᠮᠣᠩᠭᠣᠯ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠲᠤ ᠥᠷᠨᠢᠭᠦᠯᠦᠭᠰᠡᠨ ᠠᠯᠢ ᠣᠯᠠᠨ ᠬᠠᠭᠤᠴᠢ ᠰᠤᠳᠤᠯᠤᠯ᠎ᠤᠨ ᠪᠠᠢᠴᠠᠭᠠᠯᠲᠠ ᠪᠠ ᠨᠡᠭᠡᠭᠡᠨ ᠮᠠᠯᠲᠠᠬᠤ ᠠᠵᠢᠯ ᠨᠢ ᠡᠯᠪᠡᠭ ᠪᠠᠶᠠᠯᠢᠭ᠋ ᠦᠷ᠎ᠡ ᠪᠦᠲᠦᠭᠡᠯ ᠣᠯᠵᠤ᠂ ᠳᠤᠮᠳᠠᠳᠤ᠎ᠶ᠋ᠢᠨ ᠪᠣᠯᠪᠠᠰᠤᠨ᠎ᠤ ᠡᠬᠢ ᠰᠤᠷᠪᠤᠯᠵᠢ᠎ᠶᠢ ᠬᠠᠢᠨ ᠰᠢᠨᠵᠢᠯᠡᠬᠦ᠎ᠳᠦ ᠴᠢᠬᠤᠯᠠ ᠲᠤᠯᠭᠠᠭᠤᠷᠢᠯᠠᠯ ᠬᠠᠩᠭᠠᠵᠠᠢ᠃ ᠰᠢᠨ᠎ᠡ ᠴᠢᠯᠠᠭᠤᠨ ᠵᠡᠪᠰᠡᠭ᠎ᠦᠨ ᠦᠶ᠎ᠡ᠎ᠶᠢᠨ ᠤᠯᠠᠭᠠᠨᠲᠤᠭ᠎ᠤᠨ ᠪᠠᠭᠤᠷᠢ᠎ᠠᠴᠠ 110 ᠭᠠᠷᠤᠢ ᠭᠡᠷ ᠪᠠᠢᠰᠢᠩ᠎ᠦᠨ ᠣᠷᠣᠮ᠂ ᠦᠨᠡᠰᠦᠨ ᠨᠦᠬᠡ ᠵᠡᠷᠭᠡ᠎ᠶ᠋ᠢ ᠢᠯᠡᠷᠡᠭᠦᠯᠦᠨ᠂ 1800 ᠭᠠᠷᠤᠢ ᠡᠳ᠋ ᠦᠯᠦᠭᠢ ᠮᠠᠯᠲᠠᠨ ᠭᠠᠷᠭᠠᠵᠤ᠂ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ ᠳᠤᠮᠳᠠ ᠲᠡᠩᠭᠡᠯᠢᠭ ᠱᠤᠭᠤᠮ᠎ᠤᠨ ᠪᠠᠷᠢᠯᠭ᠎ᠠ᠎ᠶᠢᠨ ᠪᠠᠢᠷᠢᠰᠢᠭᠤᠯᠤᠯᠲᠠ᠎ᠶᠢᠨ ᠣᠨᠴᠠᠯᠢᠭ᠋᠎ᠢ ᠤᠳᠤ᠎ᠠᠴᠠ 8000 ᠵᠢᠯ᠎ᠦᠨ ᠡᠮᠦᠨ᠎ᠡ ᠬᠦᠷᠲᠡᠯ᠎ᠡ ᠮᠥᠷᠳᠡᠪᠡ᠃ ᠪᠠᠷᠠᠭᠤᠨ ᠯᠢᠦ ᠵᠢᠶᠠ ᠲᠦᠨ ᠲᠣᠰᠬᠣᠨ᠎ᠤ ᠪᠠᠭᠤᠷᠢ᠎ᠠᠴᠠ ᠣᠯᠳᠠᠭᠰᠠᠨ ᠸᠠᠭᠠᠷ᠂ ᠴᠢᠯᠠᠭᠤ᠂ ᠶᠠᠰᠤ᠂ ᠬᠢᠰᠤᠭ᠎ᠠ ᠵᠡᠷᠭᠡ 300 ᠭᠠᠷᠤᠢ ᠪᠠᠭᠠᠵᠢ ᠬᠡᠷᠡᠭᠰᠡᠯ ᠨᠢ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ ᠡᠷᠲᠡ ᠦᠶ᠎ᠡ᠎ᠶᠢᠨ ᠪᠣᠯᠪᠠᠰᠤᠨ᠎ᠤ ᠤᠯᠠᠷᠢᠯ ᠬᠤᠪᠢᠰᠤᠯ ᠵᠢᠴᠢ ᠨᠡᠢᠭᠡᠮ᠎ᠦᠨ ᠬᠥᠭᠵᠢᠯᠲᠡ᠎ᠶ᠋ᠢ ᠰᠤᠳᠤᠯᠬᠤ᠎ᠳᠤ ᠰᠢᠨ᠎ᠡ ᠮᠠᠲᠧᠷᠢᠶᠠᠯ ᠬᠠᠩᠭᠠᠭᠰᠠᠨ ᠪᠠᠢᠨ᠎ᠠ᠃ ᠰᠢᠨ᠎ᠡ ᠴᠢᠯᠠᠭᠤᠨ ᠵᠡᠪᠰᠡᠭ᠎ᠦᠨ ᠦᠶ᠎ᠡ᠎ᠶᠢᠨ ᠼᠠᠢ ᠲᠣᠣ ᠫᠦᠸᠧ᠎ᠶ᠋ᠢᠨ ᠪᠠᠭᠤᠷᠢ᠂ ᠶᠤᠸᠠᠨ ᠪᠦᠦ ᠱᠠᠨ᠎ᠤ ᠣᠪᠣᠭᠠᠯᠠᠭᠰᠠᠨ ᠴᠢᠯᠠᠭᠤᠨ ᠪᠤᠯᠠᠰᠢ ᠵᠢᠴᠢ ᠬᠦᠷᠡᠯ ᠵᠡᠪᠰᠡᠭ᠎ᠦᠨ ᠦᠶ᠎ᠡ᠎ᠶᠢᠨ ᠰᠢᠶᠣᠣ ᠲᠠᠩ ᠱᠠᠨ᠎ᠤ ᠪᠠᠭᠤᠷᠢ᠂ ᠰᠢ ᠳᠡ ᠯᠢᠶᠠᠩ᠎ᠤᠨ ᠪᠠᠭᠤᠷᠢ᠂ ᠳ᠋ᠣᠣ ᠲᠢᠶᠠᠨ ᠲᠣᠰᠬᠣᠨ᠎ᠤ ᠡᠮᠦᠨᠡᠬᠢ ᠪᠠᠭᠤᠷᠢ ᠵᠡᠷᠭᠡ᠎ᠶᠢ ᠠᠭᠤᠳᠠᠯᠤᠨ ᠮᠠᠯᠲᠠᠬᠤ ᠠᠵᠢᠯ ᠨᠢ ᠴᠥᠮ ᠪᠠᠷᠠᠭᠤᠨ ᠯᠢᠶᠣᠤᠾᠧ ᠭᠣᠣᠯ᠎ᠤᠨ ᠰᠣᠶᠣᠯ᠎ᠢ ᠰᠤᠳᠤᠯᠬᠤ᠎ᠳᠤ ᠰᠢᠨ᠎ᠡ ᠭᠡᠷᠡᠴᠢᠯᠡᠯᠲᠡ᠎ᠶᠢ ᠬᠠᠩᠭᠠᠭᠰᠠᠨ ᠪᠠᠢᠨ᠎ᠠ ᠭᠡᠵᠡᠢ ᠃
ᠯᠢᠶᠣᠤᠨᠢᠩ ᠮᠤᠵᠢ᠎ᠶᠢᠨ ᠲᠡᠦᠬᠡ᠎ᠶ᠋ᠢᠨ ᠳᠤᠷᠠᠰᠬᠠᠯᠲᠤ ᠵᠦᠢᠯᠡᠰ᠎ᠦᠨ ᠬᠠᠭᠤᠴᠢ ᠰᠤᠳᠤᠯᠤᠯ᠎ᠤᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠪᠠᠢ ᠪᠦᠦ ᠢᠦᠢ᠎ᠶᠢᠨ ᠲᠠᠨᠢᠯᠴᠠᠭᠤᠯᠤᠭᠰᠠᠨ᠎ᠢᠶᠠᠷ᠂ ᠣᠢᠷ᠎ᠠ᠎ᠶᠢᠨ ᠵᠢᠯ᠎ᠦᠳ᠎ᠲᠦ ᠯᠢᠶᠣᠤᠨᠢᠩ᠎ᠤᠨ ᠴᠣᠣᠶᠠᠩ᠂ ᠹᠦᠰᠢᠨ ᠣᠷᠣᠨ᠎ᠳᠤ ᠪᠠᠢᠴᠠᠭᠠᠯᠲᠠ᠎ᠪᠡᠷ ᠬᠤᠩᠱᠠᠨ ᠰᠣᠶᠣᠯ᠎ᠤᠨ 847 ᠦᠯᠡᠳᠡᠭᠳᠡᠯ᠎ᠢ ᠢᠯᠡᠷᠡᠭᠦᠯᠵᠦ᠂ ᠳ᠋ᠠ ᠯᠢᠩ ᠾᠧ ᠭᠣᠣᠯ᠎ᠤᠨ ᠰᠠᠪᠠ ᠭᠠᠵᠠᠷ᠎ᠤᠨ ᠴᠣᠣᠶᠠᠩ ᠣᠷᠣᠨ᠎ᠤ 6000 ᠰᠢᠬᠠᠮ ᠺᠦᠸᠠᠳ᠋ ᠺᠢᠯᠣᠮᠧᠲᠷ᠎ᠤᠨ ᠪᠠᠢᠴᠠᠭᠠᠯᠲᠠ᠎ᠶᠢᠨ ᠬᠡᠪᠴᠢᠶᠡᠨ᠎ᠳᠦ ᠬᠤᠩᠱᠠᠨ ᠰᠣᠶᠣᠯ᠎ᠤᠨ ᠦᠯᠡᠳᠡᠭᠳᠡᠯ᠎ᠢ 230 ᠭᠠᠷᠤᠢ ᠢᠯᠡᠷᠡᠭᠦᠯᠵᠡᠢ᠂ ᠡᠭᠦᠨ᠎ᠳᠦ 220 ᠭᠠᠷᠤᠢ᠎ᠶ᠋ᠢ ᠨᠢ ᠰᠢᠨ᠎ᠡ᠎ᠪᠡᠷ ᠢᠯᠡᠷᠡᠭᠦᠯᠦᠭᠰᠡᠨ ᠪᠠᠢᠨ᠎ᠠ᠃ ᠪᠠᠢᠴᠠᠭᠠᠯᠲᠠ᠎ᠲᠠᠢ ᠤᠶᠠᠯᠳᠤᠭᠤᠯᠤᠨ ᠢᠯᠡᠷᠡᠭᠦᠯᠦᠭᠰᠡᠨ᠎ᠢᠶᠠᠷ᠂ ᠬᠤᠩᠱᠠᠨ ᠰᠣᠶᠣᠯ᠎ᠤᠨ ᠬᠠᠮᠤᠭ᠎ᠤᠨ ᠶᠡᠬᠡ ᠲᠠᠷᠬᠠᠯᠲᠠ᠎ᠶᠢᠨ ᠬᠡᠪᠴᠢᠶ᠎ᠡ ᠨᠢ ᠨᠢᠭᠡᠨᠲᠡ 30 ᠲᠦᠮᠡᠨ ᠺᠦᠸᠠᠳ᠋ ᠺᠢᠯᠣᠮᠧᠲᠷ᠎ᠲᠦ ᠬᠦᠷᠦᠭᠰᠡᠨ᠎ᠢ ᠠᠩᠬ᠎ᠠ ᠠᠯᠬᠤᠮ ᠨᠤᠲᠠᠯᠠᠪᠠ᠃ ᠡᠭᠦᠨ᠎ᠡᠴᠡ ᠭᠠᠳᠠᠨ᠎ᠠ᠂ ᠯᠢᠶᠣᠤᠨᠢᠩ ᠮᠤᠵᠢ ᠨᠢᠦ ᠾᠧ ᠯᠢᠶᠠᠩ᠎ᠤᠨ ᠪᠠᠭᠤᠷᠢ᠎ᠶᠢᠨ ᠡᠷᠬᠢᠨ ᠲᠣᠭᠣᠷᠢᠨ᠎ᠳᠦ ᠬᠤᠩᠱᠠᠨ ᠰᠣᠶᠣᠯ᠎ᠤᠨ ᠬᠠᠭᠤᠴᠢ ᠰᠤᠳᠤᠯᠤᠯ᠎ᠤᠨ ᠬᠠᠢᠨ ᠰᠢᠨᠵᠢᠯᠡᠯᠲᠡ᠎ᠶᠢ ᠥᠷᠨᠢᠭᠦᠯᠵᠦ᠂ ᠪᠠᠭᠤᠷᠢ᠎ᠶᠢᠨ ᠰᠣᠶᠣᠯ᠎ᠤᠨ ᠠᠭᠤᠯᠤᠭᠳᠠᠬᠤᠨ ᠪᠠ ᠣᠨ ᠵᠢᠯ᠎ᠦᠨ ᠳᠠᠷᠠᠭᠠᠯᠠᠯ᠎ᠢ ᠤᠯᠠᠮ ᠨᠢᠭᠡ ᠠᠯᠬᠤᠮ ᠲᠣᠳᠣᠷᠬᠠᠢᠯᠠᠵᠤ᠂ ᠵᠠᠩᠭᠢᠯᠠᠭ᠎ᠠ ᠪᠣᠯᠬᠤ ᠭᠠᠵᠠᠷ᠎ᠤᠨ ᠳᠠᠪᠬᠤᠷᠭ᠎ᠠ ᠪᠠ ᠦᠯᠡᠳᠡᠭᠳᠡᠯ ᠮᠡᠳᠡᠭᠡ ᠵᠠᠩᠭᠢ᠎ᠶᠢ ᠭᠠᠷᠭᠠᠨ ᠠᠪᠴᠠᠢ ᠭᠡᠪᠡ᠃
ᠯᠢᠶᠣᠤᠨᠢᠩ ᠮᠤᠵᠢ᠎ᠶᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠭᠤᠴᠢ ᠰᠤᠳᠤᠯᠤᠯ᠎ᠤᠨ ᠰᠤᠳᠤᠯᠭᠠᠨ᠎ᠤ ᠬᠦᠷᠢᠶᠡᠯᠡᠩ᠎ᠦᠨ ᠨᠡᠷ᠎ᠡ ᠬᠦᠨᠳᠦᠲᠦ ᠳᠠᠷᠤᠭ᠎ᠠ᠂ ᠯᠢᠶᠣᠤᠨᠢᠩ ᠮᠤᠵᠢ᠎ᠶᠢᠨ ᠰᠣᠶᠣᠯ ᠲᠡᠦᠬᠡ᠎ᠶᠢᠨ ᠰᠤᠳᠤᠯᠭᠠᠨ᠎ᠤ ᠣᠷᠳᠣᠨ᠎ᠤ ᠠᠵᠢᠯᠲᠠᠨ ᠭᠦᠸᠧ ᠳᠡ ᠱᠦᠨ ᠰᠢᠷᠢᠰ ᠬᠠᠭᠤᠴᠢ ᠰᠤᠳᠤᠯᠤᠯ᠎ᠤᠨ ᠰᠢᠨ᠎ᠡ ᠢᠯᠡᠷᠡᠭᠦᠯᠦᠯᠲᠡ᠎ᠳᠦ ᠦᠨᠡᠯᠡᠯᠲᠡ ᠬᠢᠵᠡᠢ᠃
ᠨᠢᠭᠡᠳᠦᠭᠡᠷ ᠲᠠᠯᠠᠪᠤᠷ᠎ᠤᠨ ᠶᠠᠷᠢᠯᠴᠠᠭ᠎ᠠ᠎ᠶᠢᠨ ᠭᠣᠣᠯ ᠰᠡᠳᠦᠪ ᠨᠢ 《ᠪᠠᠷᠠᠭᠤᠨ ᠯᠢᠶᠣᠤᠾᠧ ᠭᠣᠣᠯ᠎ᠤᠨ ᠰᠣᠶᠣᠯ ᠬᠢᠭᠡᠳ ᠳᠤᠮᠳᠠᠳᠤ᠎ᠶᠢᠨ ᠪᠣᠯᠪᠠᠰᠤᠨ᠎ᠤ ᠡᠭᠦᠰᠦᠯ᠂ ᠪᠦᠷᠢᠯᠳᠦᠯ ᠪᠠ ᠡᠷᠲᠡ ᠦᠶ᠎ᠡ᠎ᠶᠢᠨ ᠬᠥᠭᠵᠢᠯᠲᠡ》 ᠪᠣᠯᠣᠨ᠎ᠠ᠃ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠢᠯᠢ ᠬᠢᠵᠠᠭᠠᠷ᠎ᠤᠨ ᠬᠠᠭᠤᠴᠢ ᠰᠤᠳᠤᠯᠤᠯ᠎ᠤᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ᠂ ᠣᠨᠴᠠ ᠤᠷᠢᠭ᠍ᠰᠠᠨ ᠫᠷᠤᠹᠸᠰᠰᠤᠷ ᠸᠧᠢ ᠵᠢᠶᠠᠨ᠂ ᠭᠢᠷᠢᠨ ᠶᠡᠬᠡ ᠰᠤᠷᠭᠠᠭᠤᠯᠢ᠎ᠶᠢᠨ ᠬᠢᠯᠢ ᠬᠢᠵᠠᠭᠠᠷ᠎ᠤᠨ ᠬᠠᠭᠤᠴᠢ ᠰᠤᠳᠤᠯᠤᠯ᠎ᠤᠨ ᠰᠤᠳᠤᠯᠭᠠᠨ᠎ᠤ ᠲᠥᠪ᠎ᠦᠨ ᠤᠤᠯ᠎ᠤᠨ ᠡᠷᠬᠢᠯᠡᠭᠴᠢ᠂ ᠫᠷᠤᠹᠸᠰᠰᠤᠷ ᠵᠤ᠌ ᠬᠣᠩ᠂ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠬᠠᠭᠤᠴᠢ ᠰᠤᠳᠤᠯᠤᠯ᠎ᠤᠨ ᠰᠤᠳᠤᠯᠭᠠᠨ᠎ᠤ ᠭᠠᠵᠠᠷ᠎ᠤᠨ ᠳᠡᠯᠡᠬᠡᠢ᠎ᠶᠢᠨ ᠬᠠᠭᠤᠴᠢ ᠰᠤᠳᠤᠯᠤᠯ᠎ᠤᠨ ᠰᠤᠳᠤᠯᠭᠠᠨ᠎ᠤ ᠲᠠᠰᠤᠭ᠎ᠤᠨ ᠡᠷᠬᠢᠯᠡᠭᠴᠢ᠂ ᠰᠤᠳᠤᠯᠤᠭ᠍ᠴᠢ ᠵᠢᠶᠠ ᠰᠢᠶᠣᠣ ᠪᠢᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠂ ᠯᠢᠶᠣᠤᠨᠢᠩ ᠮᠤᠵᠢ᠂ ᠾᠧᠪᠧᠢ ᠮᠤᠵᠢ᠎ᠶᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠭᠤᠴᠢ ᠰᠤᠳᠤᠯᠤᠯ᠎ᠤᠨ ᠰᠤᠳᠤᠯᠭᠠᠨ᠎ᠤ ᠬᠦᠷᠢᠶᠡᠯᠡᠩ᠎ᠦᠨ ᠬᠠᠷᠢᠭᠤᠴᠠᠯᠭᠠᠲᠠᠨ ᠨᠠᠷ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ ᠪᠣᠯᠪᠠᠰᠤᠨ᠎ᠤ ᠬᠤᠪᠢᠰᠤᠯᠲᠠ᠎ᠶᠢᠨ ᠬᠡᠪ ᠵᠠᠭᠪᠤᠷ᠂ ᠣᠷᠴᠢᠨ ᠲᠣᠭᠣᠷᠢᠨ᠎ᠤ ᠬᠤᠪᠢᠷᠠᠯᠲᠠ ᠪᠣᠯᠣᠨ ᠪᠣᠯᠪᠠᠰᠤᠨ᠎ᠤ ᠮᠠᠨᠳᠤᠯ ᠪᠠᠭᠤᠷᠠᠯ᠎ᠤᠨ ᠬᠠᠷᠢᠯᠴᠠᠨ ᠦᠢᠯᠡᠳᠦᠯᠴᠡᠬᠦ᠌ ᠬᠠᠷᠢᠴᠠᠭ᠎ᠠ ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠶᠠᠷᠢᠯᠴᠠᠭ᠎ᠠ ᠰᠣᠯᠢᠯᠴᠠᠭ᠎ᠠ ᠬᠢᠵᠡᠢ᠃
ᠬᠣᠶᠠᠳᠤᠭᠠᠷ ᠲᠠᠯᠠᠪᠤᠷ᠎ᠤᠨ ᠶᠠᠷᠢᠯᠴᠠᠭ᠎ᠠ᠎ᠳᠤ 《ᠬᠠᠷᠢᠴᠠᠭᠤᠯᠤᠭᠰᠠᠨ ᠬᠠᠷᠠᠭᠠᠰᠤ ᠳᠣᠣᠷᠠᠬᠢ ᠪᠠᠷᠠᠭᠤᠨ ᠯᠢᠶᠣᠤᠾᠧ ᠭᠣᠣᠯ᠎ᠤᠨ ᠰᠣᠶᠣᠯ᠎ᠤᠨ ᠰᠤᠳᠤᠯᠤᠯ》᠎ᠢᠶᠠᠷ ᠭᠣᠣᠯ ᠰᠡᠳᠦᠪ ᠪᠣᠯᠭᠠᠪᠠ᠃ ᠳᠤᠮᠳᠠᠳᠤ ᠤᠯᠤᠰ᠎ᠤᠨ ᠲᠡᠦᠬᠡ᠎ᠶᠢᠨ ᠰᠤᠳᠤᠯᠭᠠᠨ᠎ᠤ ᠬᠦᠷᠢᠶᠡᠯᠡᠩ᠎ᠦᠨ ᠳᠡᠳ᠋ ᠳᠠᠷᠤᠭ᠎ᠠ᠂ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ ᠮᠦᠽᠧᠢ᠎ᠶᠢᠨ ᠳᠠᠷᠤᠭ᠎ᠠ᠂ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ ᠨᠡᠢᠭᠡᠮᠯᠢᠭ᠎ᠦᠨ ᠨᠠᠷᠢᠨ ᠪᠢᠴᠢᠭ᠎ᠦᠨ ᠳᠠᠷᠤᠭ᠎ᠠ ᠯᠢᠦ ᠭᠦᠸᠧ ᠰᠢᠶᠠᠩ᠂ ᠵᠧᠵᠢᠶᠠᠩ ᠮᠤᠵᠢ᠎ᠶᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠭᠤᠴᠢ ᠰᠤᠳᠤᠯᠤᠯ᠎ᠤᠨ ᠰᠤᠳᠤᠯᠭᠠᠨ᠎ᠤ ᠭᠠᠵᠠᠷ᠎ᠤᠨ ᠳᠠᠷᠤᠭ᠎ᠠ᠂ ᠰᠤᠳᠤᠯᠬᠤ ᠰᠠᠩᠴᠢ ᠹᠠᠩ ᠰᠢᠶᠠᠩ ᠮᠢᠩ᠂ ᠾᠧᠨᠠᠨ ᠮᠤᠵᠢ᠎ᠶᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠭᠤᠴᠢ ᠰᠤᠳᠤᠯᠤᠯ᠎ᠤᠨ ᠰᠤᠳᠤᠯᠭᠠᠨ᠎ᠤ ᠬᠦᠷᠢᠶᠡᠯᠡᠩ᠎ᠦᠨ ᠳᠡᠳ᠋ ᠳᠠᠷᠤᠭ᠎ᠠ᠂ ᠰᠤᠳᠤᠯᠬᠤ ᠰᠠᠩᠴᠢ ᠸᠧᠢ ᠰᠢᠩ ᠲᠤᠤ᠂ ᠬᠠᠭᠠᠨ᠎ᠤ ᠣᠷᠳᠣᠨ᠎ᠤ ᠮᠦᠽᠧᠢ᠎ᠶᠢᠨ ᠬᠡᠪᠯᠡᠯ᠎ᠦᠨ ᠬᠡᠯᠲᠡᠰ᠎ᠦᠨ ᠳᠡᠳ᠋ ᠡᠷᠬᠢᠯᠡᠭᠴᠢ᠂ ᠨᠠᠢᠷᠠᠭᠤᠯᠤᠨ ᠬᠢᠨᠠᠭ᠍ᠴᠢ ᠰᠦᠩ ᠰᠢᠶᠣᠣ ᠵᠢᠶᠦ᠋ᠨ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠶᠡᠬᠡ ᠰᠤᠷᠭᠠᠭᠤᠯᠢ᠎ᠶᠢᠨ ᠬᠥᠮᠥᠨ ᠰᠣᠶᠣᠯ᠎ᠤᠨ ᠳᠡᠭᠡᠳᠦ ᠰᠤᠷᠭᠠᠭᠤᠯᠢ᠎ᠶᠢᠨ ᠬᠠᠭᠤᠴᠢ ᠰᠤᠳᠤᠯᠤᠯ ᠬᠢᠭᠡᠳ ᠠᠨᠲᠷᠣᠫᠣᠯᠣᠭᠢ᠎ᠶ᠋ᠢᠨ ᠰᠠᠯᠪᠤᠷᠢ᠎ᠶᠢᠨ ᠡᠷᠬᠢᠯᠡᠭᠴᠢ᠂ ᠣᠨᠴᠠ ᠤᠷᠢᠭ᠍ᠰᠠᠨ ᠫᠷᠤᠹᠸᠰᠰᠤᠷ ᠶᠠᠩ ᠢ ᠮᠢᠨ᠂ ᠵᠶ᠋ᠢ ᠨᠠᠨ ᠶᠡᠬᠡ ᠰᠤᠷᠭᠠᠭᠤᠯᠢ᠎ᠶᠢᠨ ᠫᠷᠤᠹᠸᠰᠰᠤᠷ ᠰᠢᠶᠦ᠋ᠩ ᠽᠧᠩ ᠯᠦᠩ ᠨᠠᠷ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ ᠬᠤᠩᠱᠠᠨ ᠰᠣᠶᠣᠯ ᠬᠢᠭᠡᠳ ᠬᠠᠳᠤᠨ ᠭᠣᠣᠯ᠎ᠤᠨ ᠰᠠᠪᠠ ᠭᠠᠵᠠᠷ᠎ᠤᠨ ᠶᠠᠩᠱᠤᠤ᠎ᠶ᠋ᠢᠨ ᠰᠣᠶᠣᠯ᠂ ᠬᠥᠬᠡᠮᠥ᠋ᠷᠡᠨ᠎ᠦ ᠳᠤᠮᠳᠠᠳᠤ ᠳᠣᠣᠷᠠᠳᠤ ᠤᠷᠤᠰᠬᠠᠯ᠎ᠤᠨ ᠭᠠᠵᠠᠷ ᠣᠷᠣᠨ᠎ᠤ ᠯᠢᠩ ᠵᠢᠶᠠ ᠲᠠᠨ ᠬᠢᠭᠡᠳ ᠯᠢᠶᠠᠩᠵᠤᠶ᠋ᠢᠨ ᠰᠣᠶᠣᠯ᠎ᠤᠨ ᠬᠣᠭᠣᠷᠣᠨᠳᠣᠬᠢ ᠬᠠᠷᠢᠯᠴᠠᠨ ᠦᠢᠯᠡᠳᠦᠯᠴᠡᠬᠦ᠌ ᠬᠠᠷᠢᠴᠠᠭ᠎ᠠ᠎ᠶᠢᠨ ᠲᠣᠭᠣᠷᠢᠨ᠎ᠳᠤ ᠶᠠᠷᠢᠯᠴᠠᠪᠠ᠃ ᠵᠧᠵᠢᠶᠠᠩ ᠮᠤᠵᠢ᠎ᠶᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠭᠤᠴᠢ ᠰᠤᠳᠤᠯᠤᠯ᠎ᠤᠨ ᠰᠤᠳᠤᠯᠭᠠᠨ᠎ᠤ ᠭᠠᠵᠠᠷ᠎ᠤᠨ ᠰᠤᠳᠤᠯᠬᠤ ᠰᠠᠩᠴᠢ ᠸᠠᠩ ᠮᠢᠩ ᠳᠡ᠂ ᠠᠨᠾᠦ᠋ᠢ ᠮᠤᠵᠢ᠎ᠶᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠭᠤᠴᠢ ᠰᠤᠳᠤᠯᠤᠯ᠎ᠤᠨ ᠰᠤᠳᠤᠯᠭᠠᠨ᠎ᠤ ᠭᠠᠵᠠᠷ᠎ᠤᠨ ᠰᠤᠳᠤᠯᠬᠤ ᠰᠠᠩᠴᠢ ᠵᠠᠩ ᠵᠢᠩ ᠭᠦᠸᠧ ᠨᠥᠬᠥᠪᠦᠷᠢ ᠶᠠᠷᠢᠶ᠎ᠠ ᠲᠠᠯᠪᠢᠵᠠᠢ᠃
ᠭᠤᠷᠪᠠᠳᠤᠭᠠᠷ ᠲᠠᠯᠠᠪᠤᠷ᠎ᠤᠨ ᠶᠠᠷᠢᠯᠴᠠᠭ᠎ᠠ᠎ᠳᠤ 《ᠪᠠᠷᠠᠭᠤᠨ ᠯᠢᠶᠣᠤᠾᠧ ᠭᠣᠣᠯ᠎ᠤᠨ ᠰᠣᠶᠣᠯ᠎ᠤᠨ ᠴᠢᠬᠤᠯᠠ ᠨᠡᠢᠭᠡᠮ᠎ᠦᠨ ᠦᠨ᠎ᠡ ᠥᠷᠲᠡᠭ ᠬᠢᠭᠡᠳ ᠪᠣᠳᠠᠲᠤ ᠠᠴᠢ ᠬᠣᠯᠪᠣᠭᠳᠠᠯ》᠎ᠢᠶᠠᠷ ᠭᠣᠣᠯ ᠰᠡᠳᠦᠪ ᠪᠣᠯᠭᠠᠵᠤ᠂ ᠾᠧᠨᠠᠨ ᠮᠤᠵᠢ᠎ᠶᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠭᠤᠴᠢ ᠰᠤᠳᠤᠯᠤᠯ᠎ᠤᠨ ᠨᠡᠢᠭᠡᠮᠯᠢᠭ᠎ᠦᠨ ᠳᠠᠷᠤᠭ᠎ᠠ ᠰᠦᠨ ᠶᠢᠩ ᠮᠢᠨ᠂ ᠯᠢᠶᠣᠤᠨᠢᠩ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠫᠷᠤᠹᠧᠰᠰᠤᠷ ᠰᠢᠦᠢ ᠵᠣᠣ ᠹᠧᠩ᠂ ᠤᠯᠠᠭᠠᠨᠬᠠᠳᠠ ᠬᠤᠳᠠ᠎ᠶᠢᠨ ᠰᠣᠶᠣᠯ ᠵᠢᠭᠤᠯᠴᠢᠯᠠᠯ᠎ᠤᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠬᠤᠸᠠᠩ ᠾᠧ᠂ ᠲᠦᠩᠯᠢᠶᠣᠣ ᠬᠤᠳᠠ᠎ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠧᠦ ᠭᠦᠸᠧ ᠭᠠᠩ᠂ ᠴᠣᠣᠶᠠᠩ ᠬᠤᠳᠠ᠎ᠶᠢᠨ ᠰᠣᠶᠣᠯ ᠵᠢᠭᠤᠯᠴᠢᠯᠠᠯ ᠪᠠ ᠷᠠᠳᠢᠣ᠋ ᠲᠧᠯᠸᠢᠰ᠎ᠦᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠶᠦᠩ ᠬᠤᠢ᠂ ᠠᠨᠶᠠᠩ ᠬᠤᠳᠠ᠎ᠶᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢ ᠰᠢᠶᠣᠣ ᠶᠠᠩ ᠰᠣᠶᠣᠯ᠎ᠤᠨ ᠥᠪ᠎ᠢ ᠬᠠᠮᠠᠭᠠᠯᠠᠬᠤ᠂ ᠠᠮᠢᠳᠤᠯᠢᠭ᠋᠎ᠢᠶᠠᠷ ᠠᠰᠢᠭ᠍ᠯᠠᠬᠤ ᠪᠠ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ᠎ᠶᠢᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠨ ᠶᠠᠷᠢᠯᠴᠠᠪᠠ᠃
ᠲᠤᠬᠠᠢ᠎ᠶᠢᠨ ᠡᠳᠦᠷ᠂ ᠾᠧᠪᠧᠢ᠂ ᠥᠪᠥᠷ ᠮᠣᠩᠭᠣᠯ᠂ ᠯᠢᠶᠣᠤᠨᠢᠩ ᠭᠤᠷᠪᠠᠨ ᠮᠤᠵᠢ ( ᠣᠷᠣᠨ ) 《ᠾᠧᠪᠧᠢ ᠥᠪᠥᠷ ᠮᠣᠩᠭᠣᠯ ᠯᠢᠶᠣᠤᠨᠢᠩ᠎ᠤᠨ ᠪᠠᠷᠠᠭᠤᠨ ᠯᠢᠶᠣᠤᠾᠧ ᠭᠣᠣᠯ᠎ᠤᠨ ᠰᠣᠶᠣᠯ᠎ᠤᠨ ᠬᠥᠭᠵᠢᠯᠲᠡ᠎ᠶᠢᠨ ᠠᠵᠢᠯ᠎ᠤᠨ ᠬᠠᠮᠲᠤᠷᠠᠭᠰᠠᠨ ᠲᠣᠭᠲᠠᠴᠠ》᠎ᠳᠤ ᠭᠠᠷᠤᠨ ᠥᠰᠥᠭ ᠵᠢᠷᠤᠪᠠ᠃ ᠬᠣᠢᠰᠢᠳᠠ ᠭᠤᠷᠪᠠᠨ ᠭᠠᠵᠠᠷ᠎ᠤᠨ ᠬᠢᠨ ᠪᠠᠷᠠᠭᠤᠨ ᠯᠢᠶᠣᠤᠾᠧ ᠭᠣᠣᠯ᠎ᠤᠨ ᠰᠣᠶᠣᠯ᠎ᠢ ᠰᠤᠳᠤᠯᠬᠤ᠂ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ᠂ ᠲᠡᠦᠬᠡ᠎ᠶᠢᠨ ᠳᠤᠷᠠᠰᠬᠠᠯᠲᠤ ᠵᠦᠢᠯ᠎ᠢ ᠬᠠᠮᠠᠭᠠᠯᠠᠬᠤ᠂ ᠰᠣᠶᠣᠯ ᠵᠢᠭᠤᠯᠴᠢᠯᠠᠯ᠎ᠢ ᠬᠥᠭᠵᠢᠭᠦᠯᠬᠦ ᠵᠡᠷᠭᠡ ᠲᠠᠯ᠎ᠠ᠎ᠪᠠᠷ ᠬᠠᠮᠵᠢᠯᠴᠠᠭ᠎ᠠ᠎ᠪᠠᠨ ᠴᠢᠩᠭᠠᠳᠬᠠᠨ᠎ᠠ᠃