ᠣᠷᠣᠨ ᠪᠥᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠮᠣᠩᠭᠣᠯ ᠤᠯᠤᠰ᠎ᠤᠨ ᠥᠷᠭᠡᠨ ᠲᠡᠮᠦᠷ ᠵᠠᠮ᠎ᠳᠠᠬᠢ ᠪᠠᠷᠠᠭ᠎ᠠ ᠪᠠᠭᠤᠯᠭᠠᠭ᠍ᠰᠠᠨ ᠬᠣᠭᠣᠰᠤᠨ ᠵᠠᠳᠠᠭᠠᠢ ᠲᠡᠷᠭᠡ᠎ᠶ᠋ᠢ ᠠᠱᠢᠭ᠍ᠯᠠᠪᠠ   ᠬᠠᠭᠠᠰ ᠬᠡᠦᠷᠡᠰᠦ ᠲᠡᠭᠡᠭᠡᠪᠦᠷᠢᠯᠡᠬᠦ ᠡᠷᠢᠶᠡᠨ ᠬᠣᠲᠠ᠎ᠶ᠋ᠢᠨ ᠲᠡᠮᠦᠷ ᠵᠠᠮ᠎ᠤᠨ ᠣᠯᠠᠨ ᠤᠯᠤᠰ᠎ᠤᠨ ᠪᠠᠷᠠᠭᠠᠨ᠎ᠤ ᠭᠦᠢᠯᠭᠡᠭᠡᠨ᠎ᠦ ᠲᠤᠰᠬᠠᠢ ᠭᠠᠯᠲᠤ ᠲᠡᠷᠭᠡ ᠠᠩᠬ᠎ᠠ ᠨᠡᠪᠲᠡᠷᠡᠪᠡ
ᠨᠡᠶ᠋ᠢᠲᠡᠯᠡᠭᠰᠡᠨ ᠴᠠᠭ᠄ 2025-09-23

9 ᠳ᠋ᠦ᠍ᠭᠡᠷ ᠰᠠᠷ᠎ᠠ᠎ᠶᠢᠨ 20 ᠎ᠤ ᠡᠳᠦᠷ᠂ ᠬᠠᠭᠠᠰ ᠬᠡᠦᠷᠡᠰᠦ᠎ᠶ᠋ᠢ ᠳᠦᠭᠦᠷᠲᠡᠯ᠎ᠡ ᠲᠡᠭᠡᠭᠡᠭᠰᠡᠨ ᠨᠢᠭᠡᠨ ᠴᠤᠪᠤᠭ᠎ᠠ 48 ᠲᠡᠷᠭᠡ ᠪᠦᠬᠦᠢ ᠥᠷᠭᠡᠨ ᠵᠠᠮ᠎ᠤᠨ ᠬᠦᠨᠳᠦ ᠠᠴᠢᠶᠠᠨ᠎ᠤ ᠭᠠᠯᠲᠤ ᠲᠡᠷᠭᠡ ᠡᠷᠢᠶᠡᠨ ᠬᠣᠲᠠ᠎ᠠᠴᠠ ᠮᠣᠩᠭᠣᠯ ᠤᠯᠤᠰ᠎ᠤᠨ ᠪᠠᠶᠠᠨ ᠵᠦᠭ ᠮᠣᠷᠳᠠᠪᠠ᠂ ᠡᠨᠡ ᠨᠢ ᠡᠷᠢᠶᠡᠨ ᠬᠣᠲᠠ᠎ᠶᠢᠨ ᠲᠡᠮᠦᠷ ᠵᠠᠮ᠎ᠤᠨ ᠬᠢᠯᠢ᠎ᠶ᠋ᠢᠨ ᠪᠣᠭᠣᠮᠲᠠ᠎ᠶ᠋ᠢᠨ ᠬᠢᠨ ᠮᠣᠩᠭᠣᠯ ᠤᠯᠤᠰ᠎ᠤᠨ ᠥᠷᠭᠡᠨ ᠲᠡᠮᠦᠷ ᠵᠠᠮ᠎ᠳᠠᠬᠢ ᠪᠠᠷᠠᠭ᠎ᠠ ᠪᠠᠭᠤᠯᠭᠠᠭ᠍ᠰᠠᠨ ᠬᠣᠭᠣᠰᠤᠨ ᠵᠠᠳᠠᠭᠠᠢ ᠲᠡᠷᠭᠡ᠎ᠶᠢ ᠨᠢ ᠠᠰᠢᠭ᠍ᠯᠠᠨ ᠲᠡᠭᠡᠭᠡᠪᠦᠷᠢᠯᠡᠭ᠌ᠰᠡᠨ ᠬᠠᠭᠠᠰ ᠬᠡᠦᠷᠡᠰᠦ᠎ᠶ᠋ᠢ ᠮᠣᠩᠭᠣᠯ ᠤᠯᠤᠰ᠎ᠲᠤ ᠵᠢᠩᠬᠢᠨᠢ᠎ᠪᠡᠷ ᠭᠠᠷᠭᠠᠵᠤ ᠪᠠᠢᠭ᠎ᠠ᠎ᠶᠢ ᠬᠠᠷᠠᠭᠤᠯᠪᠠ᠃ 

ᠡᠨᠡ ᠬᠦ᠌ ᠪᠠᠷᠠᠭᠠᠨ᠎ᠤ ᠭᠦᠢᠯᠭᠡᠭᠡᠨ᠎ᠦ ᠲᠦᠷᠦᠯ ᠵᠦᠢᠯ᠎ᠤᠨ ᠥᠨᠳᠥᠷ ᠪᠦᠲᠦᠮᠵᠢᠲᠡᠢ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ᠎ᠶᠢᠨ ᠲᠥᠯᠥᠭᠡ᠂ ᠡᠷᠢᠶᠡᠨ᠎ᠦ ᠲᠡᠮᠦᠷ ᠵᠠᠮ᠎ᠤᠨ ᠬᠢᠯᠢ᠎ᠶ᠋ᠢᠨ ᠪᠣᠭᠣᠮᠲᠠ᠎ᠶᠢᠨ ᠬᠢᠨ 《ᠬᠠᠮ ᠠᠷᠭ᠎ᠠ ᠪᠣᠳᠣᠯᠭ᠎ᠠ》 ᠬᠡᠷᠡᠭᠯᠡᠵᠡᠢ᠃ ᠨᠢᠭᠡ ᠲᠠᠯ᠎ᠠ᠎ᠪᠠᠷ᠂ ᠪᠠᠷᠠᠭᠠᠨ᠎ᠤ ᠭᠦᠢᠯᠭᠡᠭᠡ᠎ᠶᠢ ᠨᠢᠭᠡ ᠴᠣᠭᠴᠠᠵᠢᠭᠤᠯᠤᠨ ᠡᠵᠡᠩᠨᠡᠨ ᠪᠣᠷᠣᠯᠠᠭᠤᠯᠬᠤ ᠲᠣᠭᠲᠠᠴᠠ᠎ᠶᠢ ᠭᠦᠢᠴᠡᠳ ᠬᠥᠭᠵᠢᠭᠡᠵᠦ᠂ ᠡᠵᠡᠩᠨᠡᠨ ᠪᠣᠷᠣᠯᠠᠭᠤᠯᠬᠤ ᠲᠤᠰᠬᠠᠢ ᠳᠤᠭᠤᠢ᠍ᠢᠯᠠᠩ ᠪᠠ ᠲᠡᠭᠡᠭᠡᠪᠦᠷᠢ᠎ᠶᠢᠨ ᠪᠠᠲᠤᠯᠠᠭ᠎ᠠ᠎ᠶᠢᠨ ᠲᠤᠰᠬᠠᠢ ᠠᠩᠭᠢ ᠪᠠᠢᠭᠤᠯᠵᠤ᠂ ᠬᠠᠭᠠᠰ ᠬᠡᠦᠷᠡᠰᠦ᠎ᠶ᠋ᠢᠨ ᠦᠢᠯᠡᠳᠪᠦᠷᠢᠯᠡᠯ᠎ᠦᠨ ᠠᠵᠤ ᠠᠬᠤᠢᠯᠠᠯ᠂ ᠪᠠᠷᠠᠭᠠᠨ᠎ᠤ ᠲᠡᠭᠡᠭᠡᠪᠦᠷᠢ᠎ᠶᠢᠨ ᠣᠷᠣᠯᠠᠨ ᠭᠦᠢᠴᠡᠳᠬᠡᠬᠦ ᠺᠣᠮᠫᠠᠨᠢ ᠵᠢᠴᠢ ᠲᠡᠭᠡᠭᠡᠪᠦᠷᠢ᠎ᠶᠢᠨ ᠪᠤᠰᠤ ᠠᠵᠤ ᠠᠬᠤᠢᠯᠠᠯ ᠯᠤᠭ᠎ᠠ ᠬᠣᠯᠪᠤᠭᠠᠯᠠᠨ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠂ ᠮᠣᠩᠭᠣᠯ ᠤᠯᠤᠰ᠎ᠤᠨ ᠥᠷᠭᠡᠨ ᠲᠡᠮᠦᠷ ᠵᠠᠮ᠎ᠢᠶᠠᠷ 《ᠳᠠᠬᠢᠨᠲᠠ ᠳᠦᠭᠦᠷᠡᠩ ᠠᠴᠢᠶ᠎ᠠ ᠲᠠᠢ ᠭᠠᠷᠴᠤ᠌ ᠣᠷᠣᠬᠤ》 ᠳᠡᠭᠦᠵᠢᠩ ᠮᠠᠶᠢᠭ᠋᠎ᠤᠨ ᠪᠠᠷᠠᠭᠠᠨ᠎ᠤ ᠭᠦᠢᠯᠭᠡᠭᠡᠨ᠎ᠦ ᠲᠥᠰᠥᠯ᠎ᠢ ᠰᠢᠨ᠎ᠡ᠎ᠪᠡᠷ ᠡᠭᠦᠳᠦᠨ ᠲᠥᠯᠥᠪᠯᠡᠵᠦ ᠭᠠᠷᠭᠠᠪᠠ; ᠨᠥᠭᠥᠭᠡ ᠲᠠᠯ᠎ᠠ᠎ᠪᠠᠷ᠂ ᠳᠤᠮᠳᠠᠳᠤ ᠪᠠ ᠮᠣᠩᠭᠣᠯ᠎ᠤᠨ ᠤᠯᠤᠰ᠎ᠤᠨ ᠬᠢᠯᠢ᠎ᠳᠠᠬᠢ ᠲᠡᠮᠦᠷ ᠵᠠᠮ᠎ᠤᠨ 《ᠡᠳᠦᠷ ᠪᠣᠯᠭᠠᠨ ᠶᠠᠷᠢᠯᠴᠠᠨ ᠵᠣᠬᠢᠴᠠᠭᠤᠯᠬᠤ᠂ ᠰᠠᠷ᠎ᠠ ᠪᠦᠷᠢ ᠠᠭᠤᠯᠵᠠᠨ ᠲᠦᠯᠦᠪᠵᠢᠭᠦᠯᠬᠦ᠌》 ᠨᠡᠪᠲᠡᠷᠡᠯᠴᠡᠬᠦ ᠲᠣᠭᠲᠠᠴᠠ᠎ᠳᠤ ᠲᠦᠰᠢᠭᠯᠡᠨ᠂ ᠲᠡᠭᠡᠭᠡᠪᠦᠷᠢ᠎ᠶ᠋ᠢ ᠵᠣᠬᠢᠶᠠᠨ ᠪᠠᠢᠭᠤᠯᠬᠤ ᠴᠤᠪᠤᠷᠠᠯ᠎ᠢᠶᠠᠨ ᠬᠥᠳᠡᠯᠦᠩᠭᠦᠢ᠎ᠪᠡᠷ ᠰᠢᠯᠢᠳᠡᠭᠵᠢᠭᠦᠯᠵᠦ᠂ ᠭᠠᠯᠲᠤ ᠲᠡᠷᠭᠡᠨ᠎ᠦ ᠠᠵᠢᠯᠯᠠᠭᠠᠨ᠎ᠤ ᠲᠥᠯᠥᠪᠯᠡᠭᠡ᠎ᠶᠢ ᠨᠠᠷᠢᠯᠢᠭ᠋ ᠣᠨᠣᠴᠠᠲᠠᠢ᠎ᠪᠠᠷ ᠲᠣᠭᠲᠠᠭᠠᠵᠤ᠂ 《ᠤᠷᠢᠳ᠎ᠢᠶᠠᠷ ᠠᠴᠢᠶᠠᠯᠠᠬᠤ᠂ ᠤᠷᠢᠳ᠎ᠢᠶᠠᠷ ᠵᠣᠬᠢᠶᠠᠨ ᠪᠠᠶ᠋ᠢᠭᠤᠯᠬᠤ᠂ ᠤᠷᠢᠳ᠎ᠢᠶᠠᠷ ᠶᠠᠪᠤᠭᠤᠯᠬᠤ》 《ᠭᠤᠷᠪᠠ᠎ᠶ᠋ᠢ ᠤᠷᠢᠳ᠎ᠢᠶᠠᠷ ᠬᠡᠷᠡᠭ᠌ᠵᠢᠭᠦᠯᠬᠦ᠌》 ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠬᠠᠭᠠᠰ ᠬᠡᠦᠷᠡᠰᠦ᠎ᠶ᠋ᠢᠨ ᠲᠤᠰᠬᠠᠢ ᠭᠠᠯᠲᠤ ᠲᠡᠷᠭᠡ᠎ᠶᠢᠨ ᠥᠨᠳᠥᠷ ᠪᠦᠲᠦᠮᠵᠢᠲᠡᠶ ᠪᠥᠭᠡᠳ ᠲᠣᠭᠲᠠᠭᠤᠨ᠎ᠢᠶᠠᠷ ᠠᠵᠢᠯᠯᠠᠬᠤ᠎ᠶ᠋ᠢ ᠪᠠᠲᠤᠯᠠᠵᠠᠢ᠃ 

ᠲᠤᠰ ᠤᠳᠠᠭᠠᠨ᠎ᠤ ᠲᠤᠰᠬᠠᠢ ᠭᠠᠯᠲᠤ ᠲᠡᠷᠭᠡ᠎ᠶᠢ ᠠᠩᠬ᠎ᠠ ᠨᠡᠪᠲᠡᠷᠡᠭᠦᠯᠦᠭ᠌ᠰᠡᠨ ᠨᠢ ᠠᠯᠤᠰ ᠬᠡᠳᠦ᠎ᠶᠢᠨ ᠠᠴᠢ ᠬᠣᠯᠪᠣᠭ᠍ᠳᠠᠯ ᠲᠠᠢ ᠶᠤᠮ᠃ ᠡᠷᠢᠶᠡᠨ᠎ᠦ ᠲᠡᠷᠭᠡᠨ ᠥᠷᠲᠡᠭᠡᠨ᠎ᠦ ᠥᠷᠭᠡᠨ ᠲᠡᠮᠦᠷ ᠵᠠᠮ᠎ᠳᠤ ᠪᠠᠷᠠᠭ᠎ᠠ ᠪᠠᠭᠤᠯᠭᠠᠭ᠍ᠰᠠᠨ ᠬᠣᠭᠣᠰᠣᠨ ᠵᠠᠳᠠᠭᠠᠢ ᠲᠡᠷᠭᠡᠨ᠎ᠦ ᠡᠬᠢ ᠪᠠᠶᠠᠯᠢᠭ᠋᠎ᠤᠨ ᠳᠠᠪᠠᠭᠤᠯᠢᠭ᠋᠎ᠢ ᠭᠦᠢᠴᠡᠳ ᠠᠭᠤᠳᠠᠯᠵᠤ᠂ ᠬᠢᠯᠢ᠎ᠶ᠋ᠢᠨ ᠪᠣᠭᠣᠮᠲᠠ᠎ᠪᠠᠷ ᠥᠩᠭᠡᠷᠡᠬᠦ ᠲᠡᠭᠡᠭᠡᠪᠦᠷᠢ᠎ᠶᠢᠨ ᠦᠷ᠎ᠡ ᠪᠦᠲᠦᠮᠵᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠢᠯᠠᠯ᠎ᠤᠨ ᠪᠠᠷᠠᠭᠠᠨ᠎ᠤ ᠭᠦᠢᠯᠭᠡᠭᠡᠨ᠎ᠦ ᠥᠪᠡᠷ᠎ᠦᠨ ᠥᠷᠲᠡᠭ᠎ᠢ ᠪᠠᠭᠤᠷᠠᠭᠤᠯᠤᠭᠰᠠᠨ᠎ᠢᠶᠠᠷ ᠪᠠᠷᠠᠬᠤ ᠦᠭᠡᠢ᠂ ᠨᠡᠩ ᠴᠦ᠍ ᠳᠤᠮᠳᠠᠳᠤ ᠪᠠ ᠮᠣᠩᠭᠣᠯ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠎ᠳᠦ ᠰᠢᠨ᠎ᠡ ᠵᠠᠮ᠎ᠢ ᠨᠡᠭᠡᠭᠡᠭ᠌ᠰᠡᠨ ᠪᠠᠢᠨ᠎ᠠ᠃ ᠳᠠᠷᠠᠭᠠᠴᠢ᠎ᠶ᠋ᠢᠨ ᠠᠯᠬᠤᠮ᠎ᠳᠤ᠂ ᠡᠷᠢᠶᠡᠨ ᠬᠤᠳᠠ᠎ᠶᠢᠨ ᠬᠢᠨ ᠲᠤᠰ ᠤᠳᠠᠭᠠᠨ᠎ᠤ ᠠᠱᠢᠭ᠍ᠯᠠᠭ᠍ᠰᠠᠨ ᠠᠩᠬᠠᠳᠠᠬᠢ ᠭᠠᠯᠲᠤ ᠲᠡᠷᠭᠡ᠎ᠪᠡᠷ ᠠᠵᠠ ᠲᠣᠬᠢᠶᠠᠯ ᠪᠣᠯᠭᠠᠵᠤ᠂ ᠬᠢᠯᠢ᠎ᠶ᠋ᠢᠨ ᠪᠣᠭᠣᠮᠲᠠ᠎ᠶᠢᠨ ᠣᠷᠣᠨ ᠪᠠᠢᠷᠢ᠎ᠶᠢᠨ ᠳᠠᠪᠠᠭᠤᠯᠢᠭ᠋᠎ᠢᠶᠠᠨ ᠦᠷᠭᠦᠯᠵᠢᠯᠡᠨ ᠥᠷᠭᠡᠳᠬᠡᠵᠦ᠂ ᠪᠠᠷᠠᠭᠠᠨ᠎ᠤ ᠭᠦᠢᠯᠭᠡᠭᠡᠨ᠎ᠦ ᠬᠡᠪ ᠵᠠᠭᠪᠤᠷ ᠪᠣᠯᠣᠨ ᠬᠠᠮᠲᠤᠷᠠᠯᠴᠠᠭᠠᠨ᠎ᠤ ᠲᠣᠭᠲᠠᠴᠠ᠎ᠳᠤ ᠰᠢᠨ᠎ᠡ᠎ᠶᠢ ᠡᠭᠦᠳᠴᠦ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢᠨ ᠪᠠᠢᠯᠳᠤᠬᠤ ᠪᠣᠳᠣᠯᠭ᠎ᠠ᠎ᠶᠢᠨ ᠲᠤᠯᠭᠠᠭᠤᠷᠢᠯᠠᠬᠤ ᠴᠡᠭ᠎ᠢ ᠲᠦᠷᠭᠡᠳᠭᠡᠨ ᠪᠠᠢᠭᠤᠯᠵᠤ᠂ ᠳᠤᠮᠳᠠᠳᠤ ᠪᠠ ᠮᠣᠩᠭᠣᠯ ᠬᠣᠶᠠᠷ ᠤᠯᠤᠰ᠎ᠤᠨ ᠠᠵᠤ ᠠᠬᠤᠢ ᠠᠷᠠᠯᠵᠢᠶᠠᠨ᠎ᠤ ᠶᠠᠪᠤᠯᠴᠠᠭ᠎ᠠ᠎ᠳᠤ ᠨᠡᠩ ᠤᠯᠠᠨ ᠠᠮᠢᠵᠢᠷᠠᠯ᠎ᠤᠨ ᠬᠦᠴᠦᠨ ᠨᠡᠮᠡᠷᠢᠯᠡᠬᠦ᠌ ᠪᠣᠯᠣᠨ᠎ᠠ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ