ᠣᠷᠣᠨ ᠪᠥᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠪᠡᠷ ᠰᠣᠶᠣᠯ ᠵᠢᠭᠤᠯᠴᠢᠯᠠᠯ᠎ᠢ ᠬᠥᠭ᠌ᠵᠢᠭᠦᠯᠵᠦ᠍ ᠬᠠᠩᠭᠠᠨ ᠪᠣᠷᠤᠯᠠᠭᠤᠯᠭ᠎ᠠ᠎ᠪᠠᠷ ᠲᠠᠷᠢᠶᠠᠯᠠᠩ᠎ᠢ ᠲᠡᠳᠬᠦᠵᠦ ᠬᠡᠷᠡᠭᠯᠡᠭᠡ᠎ᠶᠢ ᠠᠬᠢᠭᠤᠯᠤᠨ᠎ᠠ — ᠲᠠᠯ᠎ᠠ ᠨᠤᠲᠤᠭ᠎ᠤᠨ ᠣᠬᠢ ᠪᠦᠲᠦᠭᠡᠭ᠌ᠳᠡᠬᠦᠨ · ᠥᠪᠥᠷ ᠮᠣᠩᠭᠣᠯ᠎ᠤᠨ ᠲᠠᠷᠢᠶᠠᠯᠠᠩ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ ᠠᠵᠢᠯᠯᠠᠭ᠎ᠠ ᠪᠡᠭᠡᠵᠢᠩ᠎ᠳᠦ ᠶᠠᠪᠤᠭᠳᠠᠪᠠ
ᠨᠡᠶ᠋ᠢᠲᠡᠯᠡᠭᠰᠡᠨ ᠴᠠᠭ᠄ 2025-09-25

ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠵᠢᠭᠠᠪᠤᠷᠢᠯᠠᠭ᠍ᠰᠠᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠡᠭᠡᠵᠢᠩ ᠥᠪᠥᠷ ᠮᠣᠩᠭᠣᠯ᠎ᠤᠨ ᠪᠥᠬᠥ ᠲᠠᠯ᠎ᠠ᠎ᠶᠢᠨ ᠬᠠᠮᠵᠢᠯᠴᠠᠭ᠎ᠠ᠎ᠶᠢ ᠭᠦᠨᠵᠡᠭᠡᠢᠷᠡᠭᠦᠯᠦᠨ᠂ ᠥᠪᠥᠷ ᠮᠣᠩᠭᠣᠯ᠎ᠤᠨ ᠴᠢᠨᠠᠷ ᠰᠠᠢᠲᠠᠢ ᠲᠠᠷᠢᠶᠠᠯᠠᠩ ᠮᠠᠯ᠎ᠤᠨ ᠠᠰᠢᠭ᠋ ᠰᠢᠮ᠎ᠡ᠎ᠶᠢᠨ ᠪᠦᠲᠦᠭᠡᠭᠳᠡᠬᠦᠨ ᠪᠠ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠋᠎ᠢ ᠪᠡᠭᠡᠵᠢᠩ᠎ᠦᠨ ᠵᠠᠬ᠎ᠠ ᠳᠡᠯᠭᠡᠭᠦᠷ ᠯᠦ᠍ᠭᠡ ᠵᠣᠯᠭᠠᠭᠤᠯᠬᠤ᠎ᠶᠢ ᠠᠬᠢᠭᠤᠯᠬᠤ᠎ᠶ᠋ᠢᠨ ᠲᠦᠯᠦᠭᠡ᠂ 《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠪᠡᠷ ᠰᠣᠶᠣᠯ ᠵᠢᠭᠤᠯᠴᠢᠯᠠᠯ᠎ᠢ ᠬᠥᠭ᠌ᠵᠢᠭᠦᠯᠵᠦ᠍ ᠬᠠᠩᠭᠠᠨ ᠪᠣᠷᠤᠯᠠᠭᠤᠯᠭ᠎ᠠ᠎ᠪᠠᠷ ᠲᠠᠷᠢᠶᠠᠯᠠᠩ᠎ᠢ ᠲᠡᠳᠬᠦᠵᠦ ᠬᠡᠷᠡᠭᠯᠡᠭᠡ᠎ᠶᠢ ᠠᠬᠢᠭᠤᠯᠤᠨ᠎ᠠ — ᠵᠢᠩ ᠶᠤᠸᠠᠨ᠎ᠤ ᠲᠠᠷᠢᠶᠠᠯᠠᠩ᠎ᠤᠨ ᠪᠦᠲᠦᠭᠡᠭᠳᠡᠬᠦᠨ᠎ᠤ ᠴᠤᠭ᠍ᠯᠠᠭ᠎ᠠ᠎ᠶ᠋ᠢᠨ ᠬᠠᠩᠭᠠᠨ ᠪᠣᠷᠣᠯᠠᠭᠤᠯᠬᠤ ᠵᠠᠬ᠎ᠠ ᠴᠤᠭ᠍ᠯᠠᠭ᠎ᠠ ᠬᠢᠭᠡᠳ ᠥᠪᠥᠷ ᠮᠣᠩᠭᠣᠯ᠎ᠤᠨ ᠲᠠᠷᠢᠶᠠᠯᠠᠩ ᠰᠣᠶᠣᠯ ᠵᠢᠭᠤᠯᠴᠢᠯᠠᠯ᠎ᠤᠨ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ ᠠᠵᠢᠯᠯᠠᠭ᠎ᠠ》 ᠪᠡᠭᠡᠵᠢᠩ᠎ᠦᠨ ᠵᠢᠩ ᠶᠤᠸᠠᠨ ᠰᠣᠶᠣᠯ ᠤᠷᠠᠯᠢᠭ᠋᠎ᠤᠨ ᠲᠥᠪ᠎ᠲᠦ ᠶᠠᠪᠤᠭᠳᠠᠪᠠ᠃ 

ᠲᠣᠰ ᠤᠳᠠᠭᠠᠨ᠎ᠤ ᠠᠵᠢᠯᠯᠠᠭ᠎ᠠ ᠨᠢ ᠪᠦᠲᠦᠭᠡᠭ᠌ᠳᠡᠬᠦᠨ᠎ᠦ ᠳᠡᠯᠭᠡᠨ ᠪᠣᠷᠣᠯᠠᠭᠤᠯᠭ᠎ᠠ᠂ ᠰᠣᠶᠣᠯ ᠵᠢᠭᠤᠯᠴᠢᠯᠠᠯ᠎ᠤᠨ ᠲᠠᠨᠢᠯᠴᠠᠭᠤᠯᠭ᠎ᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠣᠢᠯᠠᠭᠠᠯᠲᠠ᠂ ᠦᠢᠯᠡᠳᠪᠦᠷᠢᠯᠡᠯ ᠪᠣᠷᠤᠯᠠᠭᠤᠯᠭ᠎ᠠ᠎ᠶ᠋ᠢᠨ ᠵᠣᠯᠭᠠᠯᠴᠠᠭ᠎ᠠ᠎ᠶ᠋ᠢ ᠨᠢᠭᠡ ᠴᠣᠭᠴᠠᠵᠢᠭᠤᠯᠤᠭᠰᠠᠨ ᠶᠡᠷᠦᠩᠬᠡᠢᠯᠡᠭᠰᠡᠨ ᠴᠢᠨᠠᠷᠲᠠᠢ ᠲᠠᠪᠴᠠᠩ᠎ᠢ ᠪᠠᠢᠭᠤᠯᠵᠤ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠡᠬᠢ ᠪᠠᠶᠠᠯᠢᠭ᠋᠎ᠢᠶᠠᠨ ᠬᠠᠮᠲᠤ᠎ᠪᠠᠷ ᠡᠳ᠋ᠯᠡᠬᠦ᠂ ᠵᠠᠬ᠎ᠠ ᠳᠡᠯᠭᠡᠭᠦᠷ᠎ᠢᠶᠠᠨ ᠬᠠᠮᠲᠤ᠎ᠪᠠᠷ ᠥᠷᠭᠡᠳᠬᠡᠬᠦ᠂ ᠨᠠᠷᠠᠲᠤ ᠲᠡᠮᠳᠡᠭ᠎ᠢ ᠬᠠᠮᠲᠤ᠎ᠪᠠᠷ ᠪᠠᠶ᠋ᠢᠭᠤᠯᠬᠤ᠎ᠶ᠋ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ᠎ᠪᠠᠷ ᠵᠣᠷᠢᠭ᠍ᠰᠠᠨ ᠶᠤᠮ᠃ 

ᠠᠵᠢᠯᠯᠠᠭ᠎ᠠ᠎ᠶᠢᠨ ᠡᠬᠢᠯᠡᠯᠲᠡ᠎ᠶᠢᠨ ᠶᠣᠰᠣᠯᠠᠯ᠎ᠳᠤ᠂ ᠪᠡᠭᠡᠵᠢᠩ ᠬᠣᠲᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠣᠲᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠲᠦᠭᠡᠭ᠌ᠳᠡᠬᠦᠨ ᠨᠡᠷᠡᠳᠬᠦᠨ᠎ᠢ ᠪᠡᠭᠡᠵᠢᠩ᠎ᠳᠦ ᠣᠷᠣᠭᠤᠯᠬᠤ᠂ ᠵᠠᠬ᠎ᠠ ᠳᠡᠯᠭᠡᠭᠦᠷ᠎ᠲᠦ ᠠᠭᠤᠰᠤᠯᠴᠠᠭᠤᠯᠬᠤ᠎ᠳᠤ ᠬᠦᠴᠦᠨ ᠨᠡᠮᠡᠷᠢᠯᠡᠬᠦ᠌᠎ᠶ᠋ᠢᠨ ᠲᠣᠭᠣᠷᠢᠨ᠎ᠳᠤ ᠲᠣᠰ ᠲᠣᠰ ᠪᠠᠶᠠᠷ᠎ᠤᠨ ᠦᠭᠡ ᠬᠡᠯᠡᠵᠦ᠂ ᠳᠠᠷᠠᠭ᠎ᠠ ᠨᠢ ᠥᠪᠡᠷᠲᠡᠭᠡᠨ ᠵᠠᠰᠠᠬᠤ ᠣᠷᠣᠨ᠎ᠤ ᠥᠪᠥᠷ ᠮᠣᠩᠭᠣᠯ ᠲᠡᠮᠳᠡᠭ᠌ᠲᠦ᠂ ᠣᠲᠣ᠌ ᠦᠶ᠎ᠡ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠠᠵᠤ ᠦᠢᠯᠡᠰ᠂ ᠰᠣᠶᠣᠯ ᠵᠢᠭᠤᠯᠴᠢᠯᠠᠯ᠂ ᠵᠢᠩ ᠶᠤᠸᠠᠨ᠎ᠤ ᠲᠠᠷᠢᠶᠠᠯᠠᠩ᠎ᠤᠨ ᠪᠦᠲᠦᠭᠡᠭᠳᠡᠬᠦᠨ᠎ᠤ ᠴᠤᠭ᠍ᠯᠠᠭ᠎ᠠ᠎ᠳᠦ ᠵᠣᠯᠭᠠᠭᠤᠯᠬᠤ ᠲᠥᠷᠥᠯ ᠵᠦᠢᠯ᠎ᠦᠨ ᠲᠠᠨᠢᠯᠴᠠᠭᠤᠯᠭ᠎ᠠ ᠪᠠ ᠤᠯᠠᠭᠠᠨᠬᠠᠳᠠ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠲᠤᠰᠬᠠᠢ ᠰᠡᠳᠦᠪᠲᠦ ᠲᠠᠨᠢᠯᠴᠠᠭᠤᠯᠭ᠎ᠠ᠎ᠶ᠋ᠢᠨ ᠠᠵᠢᠯᠯᠠᠭ᠎ᠠ᠎ᠶ᠋ᠢ ᠥᠷᠨᠢᠭᠦᠯᠪᠡ᠃ ᠲᠣᠰ ᠤᠳᠠᠭᠠᠨ᠎ᠤ ᠠᠵᠢᠯᠯᠠᠭ᠎ᠠ᠎ᠳᠤ 70 ᠭᠠᠷᠤᠢ ᠬᠤᠳᠠᠯᠳᠤᠨ ᠠᠪᠬᠤ ᠬᠤᠳᠠᠯᠳᠤᠭᠠᠴᠢᠨ᠎ᠢ ᠤᠷᠢᠵᠤ ᠠᠬᠤᠢ ᠲᠠᠯᠠᠪᠠᠢ᠎ᠶ᠋ᠢᠨ ᠪᠦᠲᠦᠭᠡᠭ᠌ᠳᠡᠬᠦᠨ᠎ᠢ ᠰᠤᠩᠭᠤᠭᠤᠯᠪᠠ᠂ ᠠᠬᠤᠢ ᠲᠠᠯᠠᠪᠠᠢ᠎ᠳᠠᠬᠢ ᠴᠠᠭᠠᠨ ᠢᠳᠡᠭᠡ᠂ ᠦᠬᠡᠷ ᠬᠣᠨᠢᠨ ᠮᠢᠬ᠎ᠠ᠂ ᠠᠮᠤ ᠲᠣᠰᠣ᠂ ᠡᠯᠳᠡᠪ ᠠᠮᠤ᠂ ᠣᠨᠴᠠᠯᠢᠭ᠍ᠲᠤ ᠰᠡᠯᠡᠭᠦᠴᠡᠯ᠎ᠦᠨ ᠢᠳᠡᠭᠡᠨ᠎ᠦ ᠵᠦᠢᠯ ᠨᠢ ᠲᠠᠷᠢᠶᠠᠯᠠᠩ ᠮᠠᠯ ᠠᠵᠤ ᠠᠬᠤᠢ᠎ᠶᠢᠨ ᠨᠠᠷᠠᠲᠤ ᠲᠡᠮᠳᠡᠭ᠎ᠦᠨ ᠦᠨ᠎ᠡ ᠥᠷᠲᠡᠭ᠎ᠢ ᠣᠯᠠᠨ ᠲᠠᠯ᠎ᠠ᠎ᠠᠴᠠ ᠳᠡᠯᠭᠡᠨ ᠦᠵᠡᠭᠦᠯᠵᠡᠢ᠃ ᠵᠦᠪᠯᠡᠯᠴᠡᠭᠡᠷ ᠲᠣᠬᠢᠷᠠᠯᠴᠠᠬᠤ ᠭᠣᠭᠴᠣᠭ᠎ᠠ᠎ᠳᠤ᠂ ᠥᠪᠥᠷ ᠮᠣᠩᠭᠣᠯ᠎ᠤᠨ ᠣᠯᠠᠨ ᠤᠯᠤᠰ᠎ᠤᠨ ᠠᠷᠠᠯᠵᠢᠶᠠᠨ᠎ᠤ ᠪᠦᠯᠦᠭᠯᠡᠯ᠎ᠦᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠮᠧᠩ ᡁᠢ ᠫᠢᠨ ᠬᠠᠩᠭᠠᠯᠭ᠎ᠠ᠎ᠶᠢᠨ ᠬᠡᠯᠬᠢᠶᠡᠨ᠎ᠦ ᠬᠠᠮᠢᠶᠠᠷᠤᠯᠲᠠ᠎ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠮᠣᠨᠢ ᠠᠭᠤᠯᠠ ᠶᠢᠦ ᠮᠠᠢ ᠢᠳᠡᠭᠡᠨ᠎ᠦ ᠬᠢᠵᠠᠭᠠᠷᠲᠤ ᠺᠣᠮᠫᠠᠨᠢ ᠵᠡᠷᠭᠡ ᠬᠤᠳᠠᠯᠳᠤᠨ ᠠᠪᠤᠭ᠍ᠴᠢ 8 ᠠᠵᠤ ᠠᠬᠤᠢᠯᠠᠯ᠎ᠤᠨ ᠬᠠᠷᠢᠭᠤᠴᠠᠯᠭᠠᠲᠠᠳ ᠬᠠᠩᠭᠠᠯᠭ᠎ᠠ᠎ᠶᠢᠨ ᠠᠵᠤ ᠠᠬᠤᠢᠯᠠᠯ ᠯᠤᠭ᠎ᠠ ᠠᠬᠤᠢ ᠲᠠᠯᠠᠪᠠᠢ᠎ᠳᠤ ᠵᠦᠪᠯᠡᠯᠴᠡᠭᠡᠷ ᠲᠣᠬᠢᠷᠠᠯᠴᠠᠵᠤ᠂ ᠰᠠᠨᠠᠮᠵᠢ᠎ᠶ᠋ᠢᠨ ᠴᠢᠨᠠᠷᠲᠠᠢ ᠵᠠᠬᠢᠶᠠᠯᠠᠭ᠎ᠠ᠎ᠶᠢᠨ ᠬᠤᠳᠠᠯᠳᠤᠨ ᠠᠪᠬᠤ ᠵᠣᠭᠣᠰ᠎ᠤᠨ ᠲᠣᠭ᠎ᠠ ᠨᠡᠶ᠋ᠢᠲᠡ 1.07 ᠳ᠋ᠦᠩᠰᠢᠭᠤᠷ ᠲᠥᠭᠥᠷᠢᠭ᠎ᠲᠦ ᠬᠦᠷᠴᠡᠢ᠃ 

ᠲᠣᠰ ᠤᠳᠠᠭᠠᠨ᠎ᠤ ᠠᠵᠢᠯᠯᠠᠭ᠎ᠠ ᠨᠢ 《ᠰᠦᠯᠵᠢᠶᠡᠨ᠎ᠦ ᠭᠠᠳᠠᠭᠤᠷ ᠳᠡᠯᠭᠡᠨ ᠪᠣᠷᠣᠯᠠᠭᠤᠯᠬᠤ + ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ》 ᠠᠷᠭ᠎ᠠ ᠮᠠᠶᠢᠭ᠋᠎ᠢᠶᠠᠷ ᠳᠠᠮᠵᠢᠭᠤᠯᠤᠨ᠂ ᠮᠠᠰᠢ ᠣᠯᠠᠨ ᠨᠡᠷᠡᠲᠦ ᠲᠣᠮᠣ V ᠨᠠᠷ᠎ᠢ ᠤᠷᠢᠵᠤ ᠵᠢᠩ ᠶᠤᠸᠠᠨ᠎ᠳᠡᠬᠢ ᠲᠣᠰ ᠤᠳᠠᠭᠠᠨ᠎ᠤ ᠠᠵᠢᠯᠯᠠᠭ᠎ᠠ᠎ᠳᠤ ᠬᠦᠷ ᠬᠥᠭ᠌ᠵᠢᠶᠡᠨ ᠨᠡᠮᠡᠷᠢᠯᠡᠵᠡᠢ᠃ ᠠᠵᠢᠯᠯᠠᠭ᠎ᠠ᠎ᠶᠢᠨ ᠠᠬᠤᠢ ᠲᠠᠯᠠᠪᠠᠶ᠎ᠳᠤ ᠠᠢᠮᠠᠭ ᠬᠣᠲᠠ᠎ᠶᠢᠨ ᠦᠵᠡᠭᠦᠯᠭᠡ᠎ᠶ᠋ᠢᠨ ᠲᠣᠭᠣᠷᠢᠭ᠋᠂ ᠥᠪᠥᠷ ᠮᠣᠩᠭᠣᠯ᠎ᠤᠨ ᠬᠠᠩᠭᠠᠨ ᠪᠣᠷᠣᠯᠠᠭᠤᠯᠬᠤ ᠬᠣᠷᠱᠢᠶ᠎ᠠ᠎ᠶ᠋ᠢᠨ ᠲᠠᠷᠢᠶᠠᠯᠠᠩ᠎ᠤᠨ ᠪᠦᠲᠦᠭᠡᠭᠳᠡᠬᠦᠨ᠎ᠦ ᠦᠵᠡᠭᠦᠯᠭᠡ᠎ᠶ᠋ᠢᠨ ᠲᠣᠭᠣᠷᠢᠭ᠋᠂ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠳᠡᠯᠭᠡᠨ ᠦᠵᠡᠭᠦᠯᠭᠡ ᠬᠢᠭᠡᠳ ᠬᠠᠷᠢᠯᠴᠠᠨ ᠣᠢᠯᠠᠭᠠᠯᠴᠠᠬᠤ ᠦᠵᠡᠭᠦᠯᠭᠡ᠎ᠶ᠋ᠢᠨ ᠲᠣᠭᠣᠷᠢᠭ᠋᠂ ᠲᠣᠮᠣ᠌ ᠠᠶᠠᠭ᠎ᠠ ᠲᠠᠢ ᠴᠠᠢ᠎ᠶ᠋ᠢ ᠠᠮᠲᠠᠯᠠᠬᠤ ᠲᠣᠭᠣᠷᠢᠭ᠋᠂ ᠺᠢᠨᠣ᠋ ᠦᠵᠡᠬᠦ᠌ ᠲᠣᠭᠣᠷᠢᠭ᠋᠂ ᠬᠠᠭᠤᠴᠢᠨ ᠯᠠᠩᠭᠦᠢ᠂ ᠬᠠᠭᠤᠴᠢᠨ ᠡᠳ᠋ᠯᠡᠯ᠎ᠦᠨ ᠦᠵᠡᠭᠦᠯᠭᠡ᠎ᠶ᠋ᠢᠨ ᠲᠣᠭᠣᠷᠢᠭ᠋᠂ ᠬᠠᠩᠭᠠᠨ ᠪᠣᠷᠣᠯᠠᠭᠤᠯᠬᠤ ᠲᠠᠷᠢᠶᠠᠯᠠᠩ᠎ᠤᠨ ᠪᠦᠲᠦᠭᠡᠭᠳᠡᠬᠦᠨ᠎ᠦ ᠬᠡᠦᠬᠡᠯᠳᠡᠢ᠎ᠶᠢᠨ ᠳᠡᠯᠭᠡᠨ ᠦᠵᠡᠭᠦᠯᠭᠡ᠎ᠶ᠋ᠢᠨ ᠲᠣᠭᠣᠷᠢᠭ᠋ ᠪᠠ ᠮᠣᠩᠭᠣᠯ ᠭᠡᠷ᠂ ᠪᠦᠬᠦᠯᠢ ᠱᠢᠭᠦᠰᠦ ᠵᠡᠷᠭᠡ ᠣᠨᠴᠠᠯᠢᠭ᠍ᠲᠤ ᠦᠵᠡᠭᠦᠯᠭᠡ᠎ᠶ᠋ᠢᠨ ᠪᠠᠢᠷᠢ ᠲᠣᠭᠤᠷᠢᠭ᠎ᠢ ᠲᠣᠬᠢᠷᠠᠭᠤᠯᠵᠠᠢ᠃ ᠣᠷᠣᠨ᠎ᠤ ᠳᠣᠲᠣᠷᠠᠬᠢ ᠠᠵᠤ ᠠᠬᠤᠢᠯᠠᠯ᠎ᠤᠨ ᠨᠠᠷᠠᠲᠤ ᠲᠡᠮᠳᠡᠭ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠦᠲᠦᠭᠡᠭ᠌ᠳᠡᠬᠦᠨ᠂ ᠣᠷᠣᠨ ᠪᠦᠰᠡ᠎ᠶᠢᠨ ᠣᠨᠴᠠᠯᠢᠭ᠍ᠲᠤ ᠬᠡᠷᠡᠭ᠌ᠯᠡᠭᠡ᠎ᠶ᠋ᠢᠨ ᠵᠦᠢᠯ᠂ ᠭᠠᠵᠠᠷ ᠵᠦᠢ᠎ᠶᠢᠨ ᠲᠡᠮᠳᠡᠭᠲᠦ ᠪᠦᠲᠦᠭᠡᠭ᠌ᠳᠡᠬᠦᠨ ᠪᠠ ᠬᠠᠭᠤᠴᠢᠨ ᠨᠠᠷᠠᠲᠤ ᠪᠦᠲᠦᠭᠡᠭ᠌ᠳᠡᠬᠦᠨ ᠵᠡᠷᠭᠡ᠎ᠶᠢ ᠠᠬᠤᠢ ᠲᠠᠯᠠᠪᠠᠢ᠎ᠳᠤ ᠳᠡᠯᠭᠡᠨ ᠦᠵᠡᠭᠦᠯᠵᠦ᠍ ᠪᠣᠷᠣᠯᠠᠭᠤᠯᠪᠠ᠃ ᠡᠯ᠎ᠡ ᠦᠵᠡᠭᠦᠯᠭᠡ᠎ᠶ᠋ᠢᠨ ᠲᠣᠭᠣᠷᠢᠭ᠋᠎ᠲᠤ᠂ ᠦᠵᠡᠰᠬᠦᠯᠡᠩ᠎ᠳᠦ ᠣᠷᠣᠯᠴᠠᠭᠰᠠᠨ ᠠᠵᠤ ᠠᠬᠤᠢᠯᠠᠯ᠎ᠤᠳ ᠬᠤᠳᠠᠯᠳᠤᠨ ᠠᠪᠬᠤ ᠬᠤᠳᠠᠯᠳᠤᠭᠠᠴᠢᠳ ᠪᠣᠯᠣᠨ ᠬᠡᠷᠡᠭᠯᠡᠭᠴᠢᠳ᠎ᠲᠦ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠷᠢᠳᠢ ᠰᠢᠳᠢ᠎ᠶᠢ ᠮᠡᠳᠡᠷᠡᠭᠦᠯᠵᠦ᠂ ᠦᠬᠡᠷ ᠬᠣᠨᠢᠨ ᠮᠢᠬ᠎ᠠ᠂ ᠴᠠᠭᠠᠨ ᠢᠳᠡᠭᠡ᠂ ᠴᠢᠴᠠᠷᠭᠠᠨ᠎ᠠ᠎ᠶᠢᠨ ᠪᠦᠲᠦᠭᠡᠭᠳᠡᠬᠦᠨ ᠵᠡᠷᠭᠡ 《ᠨᠠᠷᠠᠲᠤ ᠣᠨᠴᠠ ᠰᠢᠯᠢᠳᠡᠭ ᠰᠢᠨ᠎ᠡ》 ᠣᠨᠴᠠᠯᠢᠭ᠍ᠲᠤ ᠪᠦᠲᠦᠭᠡᠭᠳᠡᠬᠦᠨ᠎ᠢᠶᠠᠷ ᠨᠠᠩ ᠣᠯᠠᠨ ᠬᠡᠷᠡᠭᠯᠡᠭᠴᠢᠳ᠎ᠲᠦ ᠥᠪᠥᠷ ᠮᠣᠩᠭᠣᠯ᠎ᠤᠨ ᠠᠮᠲᠠᠲᠤ ᠢᠳᠡᠭᠡᠨ ᠤᠮᠳᠠᠭᠠᠨ᠎ᠢ ᠠᠮᠲᠠᠯᠠᠭᠤᠯᠤᠭ᠍ᠰᠠᠨ ᠪᠠᠢᠨ᠎ᠠ᠃ 

ᠨᠠᠷᠠᠲᠤ ᠲᠡᠮᠳᠡᠭ᠎ᠦᠨ ᠪᠠᠢᠭᠤᠯᠤᠯᠲᠠ᠎ᠶᠢ ᠴᠢᠩᠭᠠᠳᠬᠠᠬᠤ ᠪᠣᠯ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶᠢᠨ ᠳᠣᠲᠣᠭᠠᠳᠤ ᠱᠠᠭᠠᠷᠳᠠᠯᠭ᠎ᠠ ᠪᠣᠯᠣᠨ᠎ᠠ᠂ ᠪᠠᠰᠠ ᠴᠤ᠌ 《2025 ᠳᠤᠮᠳᠠᠳᠤ ᠤᠯᠤᠰ᠎ᠤᠨ ᠨᠠᠷᠠᠲᠤ ᠲᠡᠮᠳᠡᠭ᠎ᠦᠨ ᠡᠳᠦᠷ》᠎ᠤᠨ ᠥᠪᠥᠷ ᠮᠣᠩᠭᠣᠯ᠎ᠤᠨ ᠭᠣᠣᠯ ᠰᠡᠳᠦᠪᠲᠦ ᠠᠵᠢᠯᠯᠠᠭ᠎ᠠ᠎ᠶᠢᠨ ᠨᠢᠭᠡ ᠵᠦᠢᠯ᠎ᠦᠨ ᠭᠣᠣᠯᠳᠠᠯᠭ᠎ᠠ ᠪᠣᠯᠬᠤ ᠡᠭᠦᠷᠭᠡ ᠮᠥᠨ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠲᠦᠷᠦᠭᠦᠯᠡᠬᠦ᠌ ᠡᠭᠦᠷᠭᠡ ᠴᠢᠳᠠᠪᠤᠷᠢ᠎ᠶᠢᠨ ᠦᠢᠯᠡᠳᠦᠯ᠎ᠢᠶᠡᠨ ᠪᠠᠳᠠᠷᠠᠭᠤᠯᠵᠤ᠂ ᠳᠡᠯᠭᠡᠨ ᠪᠣᠷᠣᠯᠠᠭᠤᠯᠬᠤ ᠠᠵᠢᠯᠯᠠᠭ᠎ᠠ᠎ᠶᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠷᠠᠲᠤ ᠲᠡᠮᠳᠡᠭ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠨᠡᠢᠭᠡᠮᠯᠢᠭ᠎ᠢ ᠵᠢᠭᠠᠨ ᠵᠢᠯᠣᠭᠣᠳᠴᠤ᠌ ᠪᠠᠢᠭᠠᠳ 《ᠠᠮᠢ ᠠᠬᠤᠢ᠎ᠶᠢᠨ ᠥᠪᠥᠷ ᠮᠣᠩᠭᠣᠯ᠎ᠤᠨ ᠪᠣᠬᠢᠷᠲᠤᠯ ᠦᠭᠡᠢ ᠰᠠᠢᠨ ᠦᠨᠦᠷ ᠠᠮᠲᠠ》 ᠲᠠᠢ ᠨᠠᠷᠠᠲᠤ ᠰᠢᠯᠢᠳᠡᠭ ᠨᠠᠷᠠᠲᠤ ᠲᠡᠮᠳᠡᠭ᠎ᠦᠨ ᠪᠦᠲᠦᠭᠡᠭᠳᠡᠬᠦᠨ᠎ᠢ ᠲᠤᠰᠬᠠᠢ ᠰᠡᠳᠦᠪ᠎ᠢᠶᠡᠷ ᠳᠡᠯᠭᠡᠷᠡᠭᠦᠯᠵᠦ᠂ ᠠᠷᠪᠠᠨ ᠬᠣᠶᠠᠷ ᠠᠢᠮᠠᠭ ᠬᠣᠲᠠ᠎ᠶᠢᠨ 30 ᠭᠠᠷᠤᠢ ᠨᠠᠷᠠᠲᠤ ᠲᠡᠮᠳᠡᠭ᠎ᠦᠨ 100 ᠭᠠᠷᠤᠢ ᠲᠥᠷᠥᠯ᠎ᠦᠨ ᠪᠦᠲᠦᠭᠡᠭᠳᠡᠬᠦᠨ᠎ᠢ ᠲᠦᠪᠯᠡᠷᠡᠭᠦᠯᠦᠨ ᠳᠡᠯᠭᠡᠨ ᠦᠵᠡᠭᠦᠯᠪᠡ᠂ ᠢᠤᠢ ᠬᠠᠩ ᠷᠧᠨ᠂ ᠣᠲᠠᠴᠢ ᠮᠣᠩᠭᠣᠯ ᠡᠮ᠂ ᠢ ᡁᠢ ᠨᠢᠦ ᠦᠬᠡᠷ ᠵᠡᠷᠭᠡ ᠨᠠᠷᠠᠲᠤ ᠲᠡᠮᠳᠡᠭ᠎ᠢ ᠬᠡᠷᠡᠭᠯᠡᠭᠴᠢᠳ ᠶᠡᠬᠡᠳᠡ ᠪᠠᠬᠠᠷᠬᠠᠨ ᠲᠠᠭᠠᠱᠢᠶᠠᠵᠤ ᠪᠠᠢᠯ᠎ᠠ᠂ ᠡᠳᠡᠭᠡᠷ ᠨᠢ ᠥᠪᠥᠷ ᠮᠣᠩᠭᠣᠯ᠎ᠤᠨ ᠨᠠᠷᠠᠲᠤ ᠲᠡᠮᠳᠡᠭ᠎ᠦᠨ ᠥᠷᠲᠡᠭ᠎ᠦᠨ ᠦᠷᠭᠦᠯᠵᠢᠯᠡᠨ ᠳᠡᠭᠡᠭᠰᠢᠯᠡᠬᠦ ᠪᠠ ᠣᠷᠳᠣ ᠬᠤᠭᠤᠴᠠᠭᠠᠨ᠎ᠤ ᠦᠷᠭᠦᠯᠵᠢᠯᠡᠬᠦᠢᠴᠡ ᠬᠥᠭ᠌ᠵᠢᠯᠲᠡ᠎ᠶ᠋ᠢ ᠪᠡᠶᠡᠯᠡᠭᠦᠯᠬᠦ᠎ᠳᠦ ᠬᠦᠴᠦᠨ ᠨᠡᠮᠡᠷᠢᠯᠡᠪᠡ᠃ 

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠲᠢᠩᠬᠢᠮ