ᠥᠪᠥᠷ ᠮᠣᠩᠭᠣᠯ᠎ᠤᠨ ᠰᠢᠯᠢᠳᠡᠭ ᠪᠥᠵᠢᠭ᠎ᠦᠨ ᠪᠦᠲᠦᠭᠡᠯ᠎ᠦᠨ ᠲᠣᠭᠯᠠᠯᠲᠠ ᠨᠢ ᠤᠳᠬ᠎ᠠ ᠤᠷᠠᠯᠢᠭ᠋᠎ᠤᠨ ᠰᠢᠨ᠎ᠡ ᠠᠮᠢᠵᠢᠷᠠᠯ᠎ᠤᠨ ᠬᠦᠴᠦᠨ᠎ᠢ ᠬᠠᠷᠠᠭᠤᠯᠪᠠ
12 ᠳ᠋ᠤᠭᠠᠷ ᠰᠠᠷ᠎ᠠ᠎ᠶᠢᠨ 17᠎ᠤ ᠣᠷᠣᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠤᠳᠬ᠎ᠠ ᠵᠣᠬᠢᠶᠠᠯ ᠤᠷᠠᠯᠢᠭ᠋᠎ᠤᠨ ᠬᠢᠨ᠎ᠦ ᠬᠣᠯᠪᠣᠭ᠎ᠠ᠎ᠠᠴᠠ ᠭᠣᠣᠯᠴᠢᠯᠠᠨ ᠡᠷᠭᠢᠯᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠪᠥᠵᠢᠭ᠎ᠦᠨ ᠪᠦᠲᠦᠭᠡᠯ᠎ᠦᠨ ᠲᠣᠭᠯᠠᠯᠲᠠ》 ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ᠎ᠦᠨ ᠳᠠᠭᠤᠤ ᠬᠥᠭᠵᠢᠮ᠎ᠦᠨ ᠲᠢᠩᠬᠢᠮ᠎ᠳᠦ ᠶᠠᠪᠤᠭᠳᠠᠪᠠ᠃ ᠡᠨᠡ ᠬᠦ᠌ ᠤᠳᠠᠭᠠᠨ᠎ᠤ ᠲᠣᠭᠯᠠᠯᠲᠠ᠎ᠳᠤ ᠣᠢᠷ᠎ᠠ᠎ᠶᠢᠨ ᠵᠢᠯᠦᠳᠲᠡᠬᠢ ᠮᠠᠨ᠎ᠤ ᠣᠷᠣᠨ᠎ᠤ ᠪᠥᠵᠢᠭ᠎ᠦᠨ ᠤᠷᠠᠯᠢᠭ᠋᠎ᠤᠨ ᠬᠢᠨ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠴᠦ ᠣᠯᠣᠭᠰᠠᠨ ᠡᠯᠪᠡᠭ ᠪᠠᠶᠠᠯᠢᠭ᠋ ᠦᠷ᠎ᠡ ᠪᠦᠲᠦᠭᠡᠯ᠎ᠤᠳ᠎ᠢ ᠲᠥᠪᠯᠡᠷᠡᠭᠦᠯᠦᠨ ᠦᠵᠡᠭᠦᠯᠪᠡ᠃ ᠲᠣᠭᠯᠠᠯᠲᠠ ᠨᠢ ᠪᠠᠶᠠᠰᠬᠤᠯᠠᠩ ᠲᠠᠢ ᠰᠠᠢᠬᠠᠨ 《ᠵᠢᠷᠭᠠᠯᠲᠤ ᠠᠮᠢᠳᠤᠷᠠᠯ᠎ᠢᠶᠠᠨ ᠪᠠᠬᠠᠳᠤᠨ ᠳᠠᠭᠤᠯᠠᠶ᠎ᠠ》 ᠭᠡᠬᠦ ᠪᠥᠵᠢᠭ᠎ᠦᠨ ᠳᠤᠮᠳᠠ ᠬᠥᠰᠢᠭᠡ᠎ᠪᠡᠨ ᠰᠡᠬᠦᠵᠡᠢ᠂ ᠡᠵᠡᠨ ᠬᠣᠷᠣᠭ᠎ᠠ ᠬᠣᠰᠢᠭᠤᠨ᠎ᠤ ᠤᠯᠠᠭᠠᠨᠮᠥ᠋ᠴᠢᠷ᠎ᠦᠨ ᠬᠢᠨ ᠠᠮᠢᠳᠤ ᠴᠣᠪᠣᠭᠣᠯᠢᠭ᠋ ᠪᠥᠵᠢᠭ᠎ᠦᠨ ᠠᠯᠬᠤᠭ᠎ᠠ᠎ᠪᠠᠷ᠎ᠢᠶᠡᠨ ᠮᠠᠯᠴᠢᠨ ᠪᠠ ᠮᠣᠷᠢᠨ᠎ᠤ ᠬᠣᠭᠣᠷᠣᠨᠳᠤᠬᠢ ᠭᠦᠨ ᠵᠤᠵᠠᠭᠠᠨ ᠬᠠᠢᠷ᠎ᠠ ᠰᠡᠳᠬᠢᠯᠭᠡ ᠵᠢᠴᠢ ᠲᠠᠯ᠎ᠠ ᠨᠤᠲᠤᠭ᠎ᠤᠨ ᠠᠮᠢᠳᠤᠷᠠᠯ᠎ᠤᠨ ᠡᠶ᠎ᠡ ᠵᠣᠬᠢᠴᠠᠩᠭᠤᠢ ᠪᠠᠢᠳᠠᠯ᠎ᠢ ᠤᠷᠠᠯᠢᠭ᠍ᠵᠢᠭᠤᠯᠤᠨ ᠢᠯᠡᠳᠬᠡᠵᠡᠢ᠃ ᠳᠠᠷᠠᠭ᠎ᠠ᠎ᠪᠠᠷ ᠨᠢ᠂ 《ᠤᠳᠠ ᠮᠣᠳᠣᠨ᠎ᠤ ᠨᠠᠮᠢᠷᠠᠭᠠᠨ》 ᠭᠡᠬᠦ ᠪᠥᠵᠢᠭ ᠨᠢ ᠬᠥᠳᠡᠭᠡ ᠨᠤᠲᠤᠭ᠎ᠤᠨ ᠬᠠᠢᠷ᠎ᠠ ᠰᠡᠳᠬᠢᠯᠭᠡ᠎ᠪᠠᠨ ᠰᠢᠯᠦᠭᠯᠢᠭ᠎ᠢᠶᠠᠷ ᠳᠡᠯᠭᠡᠨ᠂ 《ᠵᠠᠯᠠᠭᠤ ᠨᠠᠰᠤᠨ᠎ᠤ ᠳᠠᠭᠤᠯᠠᠯ》 ᠨᠢ ᠴᠤᠭ ᠵᠣᠯᠢ ᠪᠠᠳᠠᠷᠠᠭᠠᠨ᠂ 《ᠬᠥᠯᠥᠭ᠎ᠦᠨ ᠨᠢᠷᠤᠭᠤᠨ ᠳᠡᠭᠡᠷᠡᠬᠢ ᠮᠣᠷᠢᠲᠠᠨ ᠵᠠᠶᠠᠭ᠎ᠠ》᠎ᠨᠢ ᠬᠥᠮᠥᠨ ᠬᠢᠭᠡᠳ ᠬᠥᠯᠥᠭ ᠬᠣᠶᠠᠷ᠎ᠤᠨ ᠭᠦᠨ ᠰᠡᠳᠬᠢᠯᠭᠡ᠎ᠶᠢᠨ ᠨᠠᠢᠷᠠᠯᠢ ᠢᠯᠡᠷᠡᠭᠦᠯᠵᠡᠢ᠃ ᠠᠷᠪᠠᠨ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠪᠥᠵᠢᠭ᠎ᠤᠨ 《ᠯᠢᠩᠬ᠍ᠸ᠎ᠠ ᠱᠠᠩᠨᠠᠯ》᠎ᠤᠨ ᠣᠲᠣ᠌ ᠦᠶ᠎ᠡ᠎ᠶᠢᠨ ᠪᠥᠵᠢᠭ᠎ᠦᠨ ᠱᠠᠩᠨᠠᠯ ᠭᠥᠷᠳᠡᠭᠰᠡᠨ 《ᠰᠡᠬᠡᠭᠡᠷᠡᠯᠲᠡ》 ᠨᠢ ᠪᠥᠬᠥ ᠲᠠᠯᠠᠪᠡᠢ᠎ᠶᠢᠨ ᠲᠣᠭᠯᠠᠯᠲᠠ᠎ᠶᠢ ᠣᠷᠭᠢᠯ᠎ᠳᠦ ᠨᠢ ᠬᠦᠷᠭᠡᠵᠡᠢ᠂ ᠤᠷᠠᠨ ᠪᠦᠲᠦᠭᠡᠯ ᠨᠢ ᠬᠦᠴᠦᠨ ᠲᠡᠭᠦᠯᠳᠡᠷ ᠪᠡᠶ᠎ᠡ᠎ᠶᠢᠨ ᠬᠥᠳᠡᠯᠦᠯ ᠪᠠ ᠭᠦᠨ ᠭᠦᠨᠵᠡᠭᠡᠢ ᠵᠣᠷᠢᠭ ᠰᠠᠨᠠᠭᠠᠨ᠎ᠤ ᠢᠯᠡᠷᠡᠯ᠎ᠢᠶᠡᠷ ᠲᠠᠯᠠᠪᠠᠢ ᠳᠠᠶᠠᠭᠠᠷ᠎ᠤᠨ ᠦᠵᠡᠭᠴᠢᠳ᠎ᠲᠦ ᠲᠠᠭᠠᠰᠢᠶᠠᠭᠳᠠᠵᠤ ᠬᠠᠯᠠᠭᠤᠨ᠎ᠢᠶᠠᠷ ᠠᠯᠠᠭ᠎ᠠ ᠲᠠᠰᠢᠵᠠᠭᠠᠵᠤ ᠪᠠᠢᠪᠠ᠃ ᠣᠢᠯᠠᠭᠠᠭᠰᠠᠨ᠎ᠢᠶᠠᠷ᠂ 2017 ᠣᠨ᠎ᠠᠴᠠ 2025 ᠣᠨ ᠪᠣᠯᠲᠠᠯ᠎ᠠ᠂ ᠥᠪᠥᠷ ᠮᠣᠩᠭᠣᠯ ᠨᠢ ᠳᠤᠮᠳᠠᠳᠤ ᠤᠯᠤᠰ᠎ᠤᠨ ᠪᠥᠵᠢᠭ᠎ᠦᠨ 《ᠯᠢᠩᠬ᠍ᠸ᠎ᠠ ᠱᠠᠩᠨᠠᠯ》᠎ᠤᠨ ᠰᠢᠷᠢᠰ ᠲᠣᠮᠣ᠌ ᠱᠠᠩᠨᠠᠯ᠎ᠢ ᠲᠠᠪᠤ ᠤᠳᠠᠭ᠎ᠠ ᠳᠠᠷᠠᠭᠠᠯᠠᠨ ᠭᠠᠷᠳᠠᠪᠠ᠃ ᠡᠨᠡ ᠵᠢᠯ᠂ ᠪᠥᠵᠢᠭ 《ᠰᠡᠬᠡᠭᠡᠷᠡᠯᠲᠡ》 ᠨᠢ ᠠᠷᠪᠠᠨ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠪᠥᠵᠢᠭ᠎ᠦᠨ 《ᠯᠢᠩᠬ᠍ᠸ᠎ᠠ ᠱᠠᠩᠨᠠᠯ》᠎ᠤᠨ ᠣᠲᠣ᠌ ᠦᠶ᠎ᠡ᠎ᠶᠢᠨ ᠪᠥᠵᠢᠭ᠎ᠦᠨ ᠱᠠᠩᠨᠠᠯ᠎ᠢ ᠭᠥᠷᠳᠡᠵᠦ᠂ ᠮᠠᠨ᠎ᠤ ᠣᠷᠣᠨ ᠣᠲᠣ᠌ ᠦᠶ᠎ᠡ᠎ᠶᠢᠨ ᠪᠥᠵᠢᠭ᠎ᠦᠨ ᠯᠢᠩᠬ᠍ᠸ᠎ᠠ ᠱᠠᠩᠨᠠᠯ ᠭᠠᠷᠳᠠᠵᠤ ᠥᠩᠭᠡᠷᠡᠭᠰᠡᠨ ᠦᠭᠡᠢ ᠪᠠᠢᠭ᠍ᠰᠠᠨ᠎ᠡᠴᠡ ᠡᠨᠡ ᠬᠦ᠌ ᠱᠠᠩᠨᠠᠯ᠎ᠢ ᠭᠠᠷᠳᠠᠵᠤ ᠰᠢᠨ᠎ᠡ ᠲᠡᠮᠳᠡᠭᠯᠡᠯ ᠡᠭᠦᠳᠴᠡᠢ; ᠪᠥᠵᠢᠭ 《ᠲᠡᠮᠦᠷ ᠬᠡᠦᠬᠡᠨ》 ᠨᠢ ᠠᠷᠪᠠᠨ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠪᠥᠵᠢᠭ᠎ᠤᠨ 《ᠯᠢᠩᠬ᠍ᠸ᠎ᠠ ᠱᠠᠩᠨᠠᠯ》᠎ᠤᠨ ᠦᠨᠳᠦᠰᠦᠲᠡᠨ᠎ᠦ ᠠᠷᠠᠳ᠎ᠤᠨ ᠪᠥᠵᠢᠭ᠎ᠦᠨ ᠱᠠᠩᠨᠠᠯ ᠪᠠ ᠬᠠᠮᠲᠤ᠎ᠶᠢᠨ ᠪᠥᠵᠢᠭ 《ᠬᠡᠷᠡᠯ ᠭᠢᠯᠪᠠᠭᠠᠳᠤ ᠠᠯᠬᠤᠨ ᠣᠷᠣᠨᠠᠮ》 ᠨᠢ ᠠᠷᠪᠠᠨ ᠨᠠᠢ᠍ᠮᠠᠳᠤᠭᠠᠷ ᠬᠤᠭᠤᠴᠠᠭᠠᠨ᠎ᠤ ᠸᠸᠨ ᠬᠤᠸᠠ ᠲᠣᠭᠯᠠᠯᠲᠠ᠎ᠶᠢᠨ ᠱᠠᠩᠨᠠᠯ᠎ᠢ ᠭᠠᠷᠳᠠᠪᠠ᠃
ᠤᠮᠠᠷᠠᠲᠤ ᠬᠢᠵᠠᠭᠠᠷ᠎ᠤᠨ ᠰᠣᠶᠣᠯ᠎ᠤᠨ ᠪᠠᠢᠭᠤᠯᠤᠯᠲᠠ᠎ᠳᠤ ᠦᠢᠯᠡᠴᠢᠯᠡᠭᠰᠡᠨ ᠬᠣᠶᠠᠳᠤᠭᠠᠷ ᠪᠦᠯᠦᠭ᠎ᠦᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠢᠲᠡᠯᠡᠪᠡ
ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠤᠮᠠᠷᠠᠲᠤ ᠬᠢᠵᠠᠭᠠᠷ᠎ᠤᠨ ᠰᠣᠶᠣᠯ᠎ᠤᠨ ᠪᠠᠢᠭᠤᠯᠤᠯᠲᠠ᠎ᠳᠤ ᠦᠢᠯᠡᠴᠢᠯᠡᠭᠰᠡᠨ ᠬᠣᠶᠠᠳᠤᠭᠠᠷ ᠪᠦᠯᠦᠭ᠎ᠤᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠢᠲᠡᠯᠡᠪᠡ᠃ ᠡᠨᠡ ᠤᠳᠠᠭᠠᠨ᠎ᠤ ᠨᠡᠢᠲᠡᠯᠡᠭᠰᠡᠨ ᠨᠡᠢᠲᠡᠯᠢᠭ ᠬᠡᠷᠡᠭ᠎ᠦᠨ ᠵᠢᠱ᠌ᠢᠶ᠎ᠡ ᠨᠢ ᠲᠣᠰ ᠲᠣᠰ᠄ ᠲᠦᠮᠡᠳ ᠵᠡᠭᠦᠨ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠵᠣᠣ ᠤᠯᠤᠰ᠎ᠤᠨ ᠬᠣᠢᠲᠤ ᠤᠷᠲᠤ ᠴᠠᠭᠠᠨ ᠬᠡᠷᠡᠮ᠎ᠦᠨ ᠪᠠᠭᠤᠷᠢ᠎ᠶᠢ ᠰᠢᠮᠳᠠᠭᠤᠯᠤᠨ ᠬᠠᠮᠠᠭᠠᠯᠠᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ᠂ ᠰᠢᠨ᠎ᠡ ᠬᠣᠲᠠ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠳᠠ ᠶᠣᠣ᠎ᠶᠢᠨ ᠪᠠᠭᠤᠷᠢ᠎ᠶᠢ ᠰᠢᠮᠳᠠᠭᠤᠯᠤᠨ ᠬᠠᠮᠠᠭᠠᠯᠠᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ᠂ ᠰᠠᠢᠬᠠᠨ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠴᠢᠶᠠᠨ ᠲᠦᠩ ᠴᠢᠦᠢ ᠰᠤᠪᠠᠭ᠂ ᠶᠦᠩ ᠹᠧᠩ ᠴᠢᠦᠢ ᠰᠤᠪᠠᠭ᠎ᠤᠨ ᠤᠰᠤᠨ ᠠᠰᠢᠭ᠍ᠯᠠᠯᠲᠠ᠎ᠶᠢᠨ ᠪᠡᠯᠡᠳᠬᠡᠮᠵᠢ᠎ᠶᠢᠨ ᠲᠡᠦᠬᠡ ᠰᠣᠶᠣᠯ᠎ᠤᠨ ᠳᠤᠷᠠᠰᠬᠠᠯᠲᠤ ᠵᠦᠢᠯᠡᠰ᠎ᠢ ᠰᠢᠮᠳᠠᠭᠤᠯᠤᠨ ᠬᠠᠮᠠᠭᠠᠯᠠᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ᠂ ᠮᠠᠨᠵᠤᠤᠷ ᠬᠣᠲᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠳᠠᠩᠰᠠ ᠡᠪᠬᠡᠮᠡᠯ᠎ᠢ ᠪᠦᠬᠦ ᠲᠠᠯ᠎ᠠ᠎ᠪᠠᠷ ᠢᠯᠡ ᠪᠣᠯᠭᠠᠬᠤ᠎ᠪᠠᠷ ᠰᠢᠮᠳᠠᠭᠤᠯᠤᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ᠂ ᠰᠢᠯᠤᠭᠤᠨ ᠬᠥᠪᠡᠭᠡᠲᠦ ᠴᠠᠭᠠᠨ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠠᠯᠲᠠᠨ ᠤᠯᠤᠰ᠎ᠤᠨ ᠰᠡᠷᠭᠡᠢᠯᠡᠯᠲᠡ᠎ᠶᠢᠨ ᠰᠤᠪᠠᠭ᠎ᠤᠨ ᠪᠠᠭᠤᠷᠢ᠎ᠶᠢ ᠰᠢᠮᠳᠠᠭᠤᠯᠤᠨ ᠬᠠᠮᠠᠭᠠᠯᠠᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ᠂ ᠹᠸᠩᠵᠸᠨ ᠬᠣᠲᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠮᠢᠩ ᠤᠯᠤᠰ᠎ᠤᠨ ᠤᠷᠲᠤ ᠴᠠᠭᠠᠨ ᠬᠡᠷᠡᠮ᠎ᠦᠨ ᠪᠠᠭᠤᠷᠢ᠎ᠶᠢ ᠰᠢᠮᠳᠠᠭᠤᠯᠤᠨ ᠬᠠᠮᠠᠭᠠᠯᠠᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠶᠤᠸᠠᠨ ᠤᠯᠤᠰ᠎ᠤᠨ ᠦᠶ᠎ᠡ᠎ᠶᠢᠨ ᠵᠢᠨᠢᠩ ᠵᠠᠮ᠎ᠤᠨ ᠡᠷᠲᠡᠨ᠎ᠦ ᠬᠣᠲᠠ᠎ᠶᠢᠨ ᠪᠠᠭᠤᠷᠢ᠂ ᠴᠠᠬᠠᠷ᠎ᠤᠨ ᠦᠨᠳᠦᠰᠦᠲᠡᠨ᠎ᠦ ᠰᠣᠶᠣᠯ᠎ᠤᠨ ᠠᠴᠢᠶᠠᠯᠠᠪᠤᠷᠢ᠎ᠶᠢ ᠰᠢᠮᠳᠠᠭᠤᠯᠤᠨ ᠬᠠᠮᠠᠭᠠᠯᠠᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ᠂ ᠳᠥᠷᠪᠡᠳ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠹᠦ ᠮᠢᠩ ᠵᠧᠨ ᠪᠠᠯᠭᠠᠰᠤᠨ᠎ᠤ ᠬᠠᠭᠤᠴᠢᠨ ᠬᠣᠲᠠ᠎ᠶᠢᠨ ᠪᠠᠭᠤᠷᠢ᠎ᠶᠢ ᠰᠢᠮᠳᠠᠭᠤᠯᠤᠨ ᠬᠠᠮᠠᠭᠠᠯᠠᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ᠂ ᠳ᠋ᠦᠩᠱᠧᠩ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠦᠷᠡᠭᠳᠡᠭᠰᠡᠨ ᠪᠠᠭᠠᠲᠤᠷᠴᠤᠳ᠎ᠤᠨ ᠣᠩᠭᠣᠨ᠎ᠤ ᠬᠦᠷᠢᠶᠡᠯᠡᠩ᠎ᠢ ᠰᠢᠮᠳᠠᠭᠤᠯᠤᠨ ᠬᠠᠮᠠᠭᠠᠯᠠᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ᠂ ᠵᠢᠨᠢᠩ᠎ᠦᠨ ᠲᠡᠮᠦᠷ ᠵᠠᠮ᠎ᠤᠨ ᠲᠡᠭᠡᠭᠡᠪᠦᠷᠢ᠎ᠶᠢᠨ ᠪᠠᠢᠴᠠᠭᠠᠬᠤ ᠬᠣᠷᠢᠶ᠎ᠠ᠎ᠠᠴᠠ ᠵᠦᠸᠧ ᠽᠢ ᠱᠠᠨ ᠪᠠᠯᠭᠠᠰᠤᠨ᠎ᠤ ᠲᠡᠷᠭᠡᠨ ᠥᠷᠲᠡᠭᠡᠨ᠎ᠦ ᠬᠠᠭᠤᠴᠢᠨ ᠪᠠᠭᠤᠷᠢ᠎ᠶᠢ ᠰᠢᠮᠳᠠᠭᠤᠯᠤᠨ ᠬᠠᠮᠠᠭᠠᠯᠠᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ ᠪᠣᠯᠣᠨ᠎ᠠ᠃ ᠣᠢᠯᠠᠭᠠᠭᠰᠠᠨ᠎ᠢᠶᠠᠷ᠂ ᠡᠨᠡ ᠬᠦ᠌ ᠪᠦᠯᠦᠭ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠪᠣᠯ ᠡᠯ᠎ᠡ ᠠᠢᠮᠠᠭ ᠬᠣᠲᠠ᠎ᠶᠢᠨ ᠪᠠᠢᠴᠠᠭᠠᠬᠤ ᠬᠣᠷᠢᠶ᠎ᠠ᠎ᠠᠴᠠ ᠲᠠᠨᠢᠯᠴᠠᠭᠤᠯᠤᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠴᠢᠩᠭ᠎ᠠ ᠰᠢᠯᠢᠨ ᠰᠣᠩᠭᠣᠬᠤ᠎ᠪᠠᠷ ᠳᠠᠮᠵᠢᠭᠤᠯᠵᠤ ᠮᠡᠳᠡᠭᠦᠯᠦᠭᠰᠡᠨ 45 ᠬᠡᠷᠡᠭ᠎ᠦᠨ ᠵᠢᠱ᠌ᠢᠶ᠎ᠡ᠎ᠡᠴᠡ ᠰᠢᠯᠭᠠᠷᠠᠭᠤᠯᠤᠨ ᠭᠠᠷᠭᠠᠭᠰᠠᠨ ᠶᠤᠮ᠃ ᠬᠡᠷᠡᠭ᠎ᠦᠨ ᠵᠢᠱ᠌ᠢᠶ᠎ᠡ ᠨᠢ ᠲᠡᠦᠬᠡ᠎ᠶᠢᠨ ᠳᠤᠷᠠᠰᠬᠠᠯᠲᠤ ᠵᠦᠢᠯᠡᠰ ᠪᠠ ᠰᠣᠶᠣᠯ᠎ᠤᠨ ᠥᠪ᠎ᠦᠨ ᠬᠠᠮᠠᠭᠠᠯᠠᠯᠲᠠ᠂ ᠤᠷᠳᠤ ᠴᠠᠭᠠᠨ ᠬᠡᠷᠡᠮ᠎ᠦᠨ ᠬᠠᠮᠠᠭᠠᠯᠠᠯᠲᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ ᠵᠡᠷᠭᠡ ᠰᠣᠶᠣᠯ᠎ᠤᠨ ᠢᠯᠡᠳᠬᠡᠮᠵᠢ ᠲᠡᠮᠳᠡᠭᠲᠦ ᠠᠩᠬᠠᠷᠤᠯ᠎ᠢᠶᠠᠨ ᠲᠥᠪᠯᠡᠷᠡᠭᠦᠯᠵᠦ᠂ ᠪᠦᠬᠦ ᠣᠷᠣᠨ᠎ᠤ ᠪᠠᠢᠴᠠᠭᠠᠬᠤ ᠪᠠᠢᠭᠤᠯᠭ᠎ᠠ᠎ᠶᠢᠨ 《ᠴᠢᠨᠠᠷ ᠰᠠᠢᠲᠠᠢ ᠦᠷ᠎ᠡ ᠪᠦᠲᠦᠮᠵᠢᠲᠡᠢ᠎ᠪᠡᠷ ᠬᠡᠷᠡᠭ ᠨᠢᠭᠡ ᠪᠦᠷᠢ᠎ᠶᠢ ᠰᠠᠢᠲᠤᠷ ᠭᠦᠢᠴᠡᠳᠬᠡᠵᠦ》 ᠪᠠᠢᠭᠠᠳ ᠤᠮᠠᠷᠠᠲᠤ ᠬᠢᠵᠠᠭᠠᠷ᠎ᠤᠨ ᠰᠣᠶᠣᠯ᠎ᠢ ᠳᠡᠯᠭᠡᠷᠡᠭᠦᠯᠵᠦ ᠪᠠᠳᠠᠷᠠᠭᠤᠯᠵᠤ ᠪᠠᠢᠭ᠎ᠠ ᠪᠠᠢᠴᠠᠭᠠᠬᠤ ᠪᠠᠢᠭᠤᠯᠭ᠎ᠠ᠎ᠶᠢᠨ ᠬᠢᠨ᠎ᠦ ᠦᠢᠯᠡᠳᠦᠯᠭᠡ᠎ᠶᠢ ᠠᠮᠢᠳᠤᠯᠢᠭ᠋᠎ᠢᠶᠠᠷ ᠬᠠᠷᠠᠭᠤᠯᠵᠠᠢ᠃
ᠤᠯᠠᠭ᠋ᠠᠨᠮᠦ᠋ᠴᠢᠷ᠎ᠤᠨ ᠲᠤᠭᠤᠷᠢᠨ ᠲᠣᠭᠯᠠᠭᠰᠠᠨ 60 ᠵᠢᠯ᠎ᠤᠨ ᠤᠢ᠎ᠶᠢᠨ ᠲᠤᠬᠯᠠᠯᠳᠠ ᠶᠠᠪᠤᠭᠳᠠᠵᠠᠢ
11 ᠳ᠋ᠦ᠍ᠭᠡᠷ ᠰᠠᠷ᠎ᠠ᠎ᠶᠢᠨ 11 ᠤ ᠡᠳᠦᠷ᠎ᠤᠨ ᠤᠷᠤᠢ᠂ ᠥᠪᠥᠷ ᠮᠣᠩᠭᠤᠯ᠎ᠤᠨ ᠣᠯᠠᠨ ᠲᠦᠮᠡᠨ᠎ᠤ ᠤᠷᠠᠯᠢᠭ᠎ᠤᠨ ᠣᠷᠳᠣᠨ᠎ᠳᠤ ᠳ᠋ᠧᠩ᠎ᠤᠨ ᠭᠡᠷᠡᠯ ᠳᠤᠸᠠᠯᠠᠨ᠂ ᠳᠠᠭᠤᠤ ᠬᠥᠭᠵᠢᠮ ᠬᠠᠩᠭᠢᠨᠠᠵᠤ᠂ ᠪᠥᠬᠦ ᠣᠷᠣᠨ᠎ᠤ ᠤᠯᠠᠭ᠋ᠠᠨᠮᠥ᠋ᠴᠢᠷ᠎ᠤᠨ ᠲᠣᠭᠯᠠᠭᠴᠢᠳ ᠤᠯᠠᠮᠵᠢᠯᠠᠯᠲᠤ ᠬᠤᠪᠴᠠᠰᠤ ᠵᠠᠰᠠᠯ᠎ᠢᠶᠠᠷ᠎ᠢᠶᠠᠨ ᠭᠤᠶᠣᠯᠠᠵᠤ᠂ ᠴᠤᠭ ᠵᠢᠪᠬᠤᠭ᠎ᠠ ᠲᠠᠢ ᠬᠤᠷᠠᠨ ᠴᠤᠭᠯᠠᠷᠠᠵᠤ᠂ 60 ᠵᠢᠯ᠎ᠤᠨ ᠲᠤᠷᠰᠢᠬᠢ ᠨᠠᠨᠳᠢᠨ ᠳᠤᠷᠠᠰᠤᠮᠵᠢ᠎ᠶᠢ ᠡᠪᠦᠷᠯᠡᠨ᠂ ᠠᠷᠠᠳ ᠲᠦᠮᠡᠨ᠎ᠳᠤ 60 ᠵᠢᠯ᠎ᠤᠨ ᠲᠤᠷᠰᠢ ᠦᠢᠯᠡᠴᠢᠯᠡᠭᠰᠡᠨ ᠬᠠᠯᠠᠭᠤᠨ ᠰᠡᠳᠬᠢᠯᠭᠡ᠎ᠪᠡᠷ ᠤᠯᠠᠭ᠋ᠠᠨᠮᠥ᠋ᠴᠢᠷ᠎ᠤᠨ ᠲᠣᠭᠤᠷᠢᠨ ᠲᠣᠭᠯᠠᠭᠰᠠᠨ 60 ᠵᠢᠯ᠎ᠤᠨ ᠣᠢ᠎ᠶᠢ ᠬᠠᠮᠲᠤ᠎ᠪᠠᠷ ᠤᠭᠲᠤᠨ ᠠᠪᠴᠢᠷᠠᠯ᠎ᠠ᠃ ᠲᠣᠭᠯᠠᠯᠲᠠ᠎ᠶᠢᠨ ᠠᠬᠤᠢ ᠲᠠᠯᠠᠪᠠᠢ᠎ᠳᠤ ᠬᠤᠭᠤᠰᠤᠨ ᠰᠠᠭᠤᠳᠠᠯ ᠦᠯᠡᠳᠡᠭᠡᠯ ᠦᠭᠡᠢ ᠳᠦᠭᠦᠷᠲᠡᠯ᠎ᠡ ᠰᠠᠭᠤᠭᠰᠠᠨ᠂ ᠦᠵᠡᠭᠴᠢᠳ ᠰᠡᠳᠬᠢᠯ ᠳᠣᠭᠳᠣᠯᠤᠩᠭᠤᠢᠪᠠᠷ ᠲᠣᠭᠯᠠᠯᠲᠠ᠎ᠶᠢᠨ ᠲᠠᠢᠰᠠᠨ᠎ᠠ ᠠᠩᠬᠠᠷᠤᠯ᠎ᠢᠶᠠᠨ ᠲᠥᠪᠯᠡᠷᠡᠭᠦᠯᠬᠦ᠎ᠳᠦ᠂ ᠭᠤᠴᠣ ᠰᠠᠶ᠋ᠢᠬᠠᠨ ᠬᠠᠷᠠᠭ᠎ᠠ ᠰᠣᠨᠣᠷ᠎ᠤᠨ ᠦᠪᠡᠳᠡᠭᠰᠢ ᠳᠠᠶ᠋ᠢᠯᠠᠯᠭ᠎ᠠ᠎ᠶᠢᠨ ᠬᠥᠰᠢᠭᠡ ᠰᠡᠬᠦᠭᠳᠡᠪᠡ᠃ ᠳᠠᠭᠤᠤ 《ᠢᠲᠡᠭᠡᠯ ᠪᠢᠰᠢᠷᠡᠯ》᠂ 《ᠠᠯᠳᠠᠨ ᠥᠯᠥᠭᠡᠢ》᠂ ᠪᠥᠵᠢᠭ 《ᠰᠡᠷᠢᠬᠦᠢ》᠂ 《ᠤᠳᠠᠨᠤ ᠰᠡᠭᠦᠳᠡᠷ᠎ᠤᠳ》 ᠁ ᠵᠡᠷᠭᠡ ᠲᠣᠭᠯᠠᠯᠲᠠ᠎ᠨᠢ ᠪᠦᠬᠦ ᠣᠷᠣᠨ᠎ᠤ ᠤᠯᠠᠭ᠋ᠠᠨᠮᠥ᠋ᠴᠢᠷ᠎ᠤᠨ ᠣᠶ᠋ᠢᠷ᠎ᠠ᠎ᠶᠢᠨ ᠵᠢᠯ᠎ᠳᠦ ᠵᠣᠬᠢᠶᠠᠨ ᠪᠦᠲᠦᠭᠡᠭᠰᠡᠨ ᠰᠣᠳᠣᠨ ᠪᠦᠲᠦᠭᠡᠯ᠎ᠦᠳ᠎ᠲᠦ — ᠲᠠᠯ᠎ᠠ ᠨᠤᠲᠤᠭ᠎ᠤᠨ ᠬᠥᠪᠡᠭᠦᠳ ᠥᠬᠢᠳ᠎ᠤᠨ ᠢᠷᠠᠭᠤ ᠠᠯᠳᠠᠷ᠎ᠤᠨ ᠤᠯᠠᠮᠵᠢᠯᠠᠯᠲᠤ ᠳᠠᠭᠤᠤ ᠪᠥᠵᠢᠭ ᠪᠠᠢᠬᠤ ᠮᠥᠷᠲᠡᠭᠡᠨ ᠣᠲᠣ ᠦᠶ᠎ᠡ᠎ᠶᠢᠨ ᠭᠤᠸ᠎ᠠ ᠵᠦᠢᠳᠦ ᠠᠭᠤᠰᠤᠯᠴᠠᠭᠰᠠᠨ᠂ ᠰᠢᠨ᠎ᠡ ᠴᠠᠭ᠎ᠤᠨ ᠳᠦᠷᠰᠦ ᠪᠠᠶ᠋ᠢᠳᠠᠯ᠎ᠢ ᠲᠤᠰᠬᠠᠭᠰᠠᠨ ᠰᠢᠨ᠎ᠡ ᠡᠭᠦᠳᠦᠯᠲᠡ ᠲᠡᠢ ᠫᠷᠤᠭ᠌ᠷᠠᠮ ᠴᠤ᠌ ᠪᠠᠰᠠ ᠪᠣᠶ; ᠤᠯᠠᠭ᠋ᠠᠨᠮᠥ᠋ᠴᠢᠷ᠎ᠤᠨ 《ᠠᠪᠰᠠᠷᠬᠠᠨ ᠪᠥᠭᠡᠳ ᠨᠠᠷᠢᠯᠢᠭ᠂ ᠣᠬᠣᠷᠬᠠᠨ ᠪᠥᠭᠡᠳ ᠣᠯᠠᠨ ᠶᠠᠩᠵᠤ᠎ᠶᠢᠨ᠂ ᠨᠢᠭᠡ᠎ᠳᠤ ᠮᠡᠷᠭᠡᠰᠢᠵᠦ ᠣᠯᠠᠨ᠎ᠳᠤ ᠴᠠᠭᠠᠷᠠᠭᠰᠠᠨ᠂ ᠬᠥᠩᠭᠡᠨ ᠪᠥᠭᠡᠳ ᠠᠮᠢᠳᠤᠯᠢᠭ》 ᠤᠯᠠᠮᠵᠢᠯᠠᠯᠲᠤ ᠣᠨᠴᠠ ᠴᠢᠨᠠᠷ᠎ᠢ ᠪᠠᠭᠲᠠᠭᠠᠭᠰᠠᠨ ᠮᠥᠷᠲᠡᠭᠡᠨ ᠪᠠᠰᠠ ᠳᠠᠭᠤ ᠬᠡᠷᠡᠯ ᠴᠠᠬᠢᠯᠭ᠋ᠠᠨ ᠵᠡᠷᠭᠡ ᠣᠲᠣ ᠦᠶ᠎ᠡ᠎ᠶᠢᠨ ᠲᠠᠢᠰᠠᠨ᠎ᠤ ᠮᠡᠷᠭᠡᠵᠢᠯ᠎ᠢᠶᠡᠷ ᠥᠪᠥᠷ ᠮᠣᠩᠭᠤᠯ᠎ᠤᠨ ᠰᠣᠶᠣᠯ᠎ᠤᠨ ᠷᠢᠳᠢ ᠰᠢᠳᠢ᠎ᠶᠢ ᠠᠮᠢᠳᠤᠯᠢᠭ᠎ᠢᠶᠠᠷ ᠢᠯᠡᠷᠡᠭᠦᠯᠵᠡᠶ᠃ ᠡᠨᠡ ᠵᠢᠯ ᠪᠣᠯ ᠤᠯᠠᠭ᠋ᠠᠨᠮᠦ᠋ᠴᠢᠷ᠎ᠤᠨ ᠠᠩᠬᠠᠳᠠᠭᠴᠢ ᠲᠤᠭᠤᠷᠢᠨ ᠲᠣᠭᠯᠠᠭᠰᠠᠨ 60 ᠵᠢᠯ᠎ᠤᠨ ᠤᠢ ᠪᠣᠯᠣᠨ᠎ᠠ᠂ ᠤᠯᠠᠭ᠋ᠠᠨᠮᠦ᠋ᠴᠢᠷ᠎ᠤᠨ ᠰᠢᠯᠢᠳᠡᠭ ᠤᠯᠠᠮᠵᠢᠯᠠᠯ᠎ᠢ ᠤᠯᠠᠮᠵᠢᠯᠠᠨ ᠪᠠᠳᠠᠷᠠᠭᠤᠯᠵᠤ᠂ ᠤᠯᠠᠨ ᠲᠦᠮᠡᠨ᠎ᠳᠦ ᠨᠢᠭᠤᠷᠳᠠᠨ ᠦᠢᠯᠡᠴᠢᠯᠡᠬᠦ ᠠᠷᠭ᠎ᠠ ᠬᠡᠯᠪᠡᠷᠢ᠎ᠶᠢ ᠢᠯᠡᠷᠡᠬᠦᠯᠬᠦ᠎ᠶᠢᠨ ᠲᠦᠯᠦᠭᠡ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠳᠡᠰ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ ᠪᠦᠬᠦ ᠤᠷᠤᠨ᠎ᠤ ᠤᠯᠠᠭ᠋ᠠᠨᠮᠦ᠋ᠴᠢᠷ᠎ᠤᠨ ᠰᠢᠯᠢᠳᠡᠭ ᠡᠬᠢ ᠪᠠᠶᠠᠯᠢᠭ᠎ᠢ ᠨᠡᠶ᠋ᠢᠳᠭᠡᠵᠤ᠂ ᠤᠯᠠᠭ᠋ᠠᠨᠮᠦ᠋ᠴᠢᠷ᠎ᠤᠨ ᠲᠤᠭᠤᠷᠢᠨ ᠲᠣᠭᠯᠠᠭᠰᠠᠨ 60 ᠵᠢᠯ᠎ᠤᠨ ᠤᠢ᠎ᠶᠢ ᠲᠤᠷᠠᠰᠬᠠᠬᠤ ᠲᠤᠬᠯᠠᠯᠳᠠ᠎ᠶᠢ ᠦᠷᠨᠢᠭᠦᠯᠪᠡ᠃ ᠪᠦᠬᠦ ᠣᠷᠣᠨ᠎ᠤ ᠲᠣᠭᠤᠷᠢᠨ ᠲᠣᠭᠯᠠᠭᠰᠠᠨ 12 ᠤᠯᠠᠭ᠋ᠠᠨᠮᠥ᠋ᠴᠢᠷ᠎ᠤᠨ᠎ᠬᠢᠨ 26 ᠮᠤᠵᠢ ᠣᠷᠣᠨ ᠬᠤᠳᠠ᠎ᠳᠤ 150 ᠭᠠᠷᠤᠢ ᠲᠣᠭᠯᠠᠯᠲᠠ ᠭᠠᠷᠭ᠋ᠠᠵᠤ᠂ ᠬᠦᠷᠦᠭᠰᠡᠨ ᠭᠠᠵᠠᠷ ᠪᠣᠯᠭ᠋ᠠᠨ᠎ᠳᠤ ᠮᠠᠭᠲᠠᠭᠳᠠᠨ ᠰᠠᠢᠰᠢᠶᠠᠭᠳᠠᠭᠰᠠᠨ ᠪᠠᠶ᠋ᠢᠯ᠎ᠠ᠃ ᠡᠨᠡ ᠬᠦ᠌ ᠦᠵᠡᠭᠦᠯᠭᠡ᠎ᠶᠢᠨ ᠲᠣᠭᠯᠠᠯᠲᠠ ᠪᠣᠯ ᠲᠣᠭᠤᠷᠢᠨ ᠲᠣᠭᠯᠠᠭᠰᠠᠨ ᠠᠵᠢᠯᠯᠠᠭ᠎ᠠ᠎ᠶᠢᠨ ᠪᠥᠬᠦ ᠠᠬᠤᠢ᠎ᠶᠢᠨ ᠬᠡᠯᠪᠡᠷᠢ ᠪᠦᠬᠦᠢ ᠦᠵᠡᠭᠦᠯᠭᠡ ᠪᠠ ᠬᠠᠷᠢᠭᠤ ᠮᠡᠳᠡᠭᠦᠯᠦᠯᠲᠡ ᠪᠠᠢᠵᠤ᠂ 2025 ᠣᠨ᠎ᠤ ᠤᠯᠠᠭ᠋ᠠᠨᠮᠥ᠋ᠴᠢᠷ᠎ᠤᠨ ᠪᠥᠬᠦ ᠤᠯᠤᠰ᠎ᠤᠨ ᠲᠣᠭᠤᠷᠢᠨ ᠲᠣᠭᠯᠠᠭᠰᠠᠨ ᠡᠯᠪᠡᠭ ᠪᠠᠶᠠᠯᠢᠭ ᠦᠷ᠎ᠡ ᠪᠦᠲᠦᠭᠡᠯ᠎ᠢ ᠲᠥᠪᠯᠡᠷᠡᠭᠦᠯᠦᠨ ᠢᠯᠡᠷᠡᠭᠦᠯᠪᠡ᠃
《ᠵᠠᠭᠤᠨ ᠤᠷᠠᠯᠢᠭ᠍ᠴᠢᠳ᠎ᠤᠨ ᠤᠷᠠᠨ ᠰᠡᠳᠭᠢᠬᠦᠢ》 ᠠᠷᠠᠳ᠎ᠤᠨ ᠭᠠᠷ ᠤᠷᠠᠯᠠᠯ᠎ᠤᠨ ᠪᠦᠲᠦᠭᠡᠯ᠎ᠦᠨ ᠦᠵᠡᠭᠦᠯᠭᠡ ᠬᠢᠭᠡᠳ ᠬᠠᠩᠵᠧᠦ ᠬᠦᠬᠡᠬᠣᠲᠠ᠎ᠶ᠋ᠢᠨ ᠠᠷᠠᠳ᠎ᠤᠨ ᠭᠠᠷ ᠤᠷᠠᠯᠠᠯ᠎ᠤᠨ ᠬᠠᠮᠲᠤᠷᠠᠭᠰᠠᠨ ᠦᠵᠡᠭᠦᠯᠭᠡ ᠬᠠᠩᠵᠧᠦ᠎ᠳᠦ ᠶᠠᠪᠤᠭᠳᠠᠪᠠ
10 ᠳ᠋ᠤᠭᠠᠷ ᠰᠠᠷ᠎ᠠ᠎ᠶᠢᠨ 28 ᠤ ᠡᠳᠦᠷ᠂ ᠰᠤᠷᠪᠤᠯᠵᠢᠯᠠᠭ᠍ᠴᠢ ᠬᠥᠬᠡᠬᠣᠲᠠ᠎ᠶᠢᠨ ᠤᠳᠬ᠎ᠠ ᠤᠷᠠᠯᠢᠭ᠋᠎ᠤᠨ ᠬᠢᠨ᠎ᠦ ᠬᠣᠯᠪᠣᠭᠠᠲᠤ ᠬᠤᠷᠠᠯ᠎ᠠᠴᠠ ᠣᠢᠯᠠᠭᠠᠭᠰᠠᠨ᠎ᠢᠶᠠᠷ᠂ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠡᠷ ᠤᠯᠠᠷᠢᠭᠤᠯᠬᠤ ᠪᠠ ᠰᠢᠨ᠎ᠡ᠎ᠶᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ᠎ᠶᠢ ᠠᠬᠢᠭᠤᠯᠬᠤ᠎ᠶᠢᠨ ᠲᠥᠯᠥᠭᠡ᠂ ᠬᠠᠩᠵᠧᠦ ᠬᠣᠲᠠ᠎ᠶᠢᠨ 《ᠵᠠᠭᠤᠨ ᠤᠷᠠᠯᠢᠭ᠍ᠴᠢᠳ᠎ᠤᠨ ᠤᠷᠠᠨ ᠰᠡᠳᠭᠢᠬᠦᠢ》 ᠠᠷᠠᠳ᠎ᠤᠨ ᠭᠠᠷ ᠤᠷᠠᠯᠠᠯ᠎ᠤᠨ ᠪᠦᠲᠦᠭᠡᠯ᠎ᠦᠨ ᠦᠵᠡᠭᠦᠯᠭᠡ ᠬᠢᠭᠡᠳ 《ᠬᠠᠩᠵᠧᠦ · ᠬᠥᠬᠡᠬᠣᠲᠠ》᠎ᠶ᠋ᠢᠨ ᠠᠷᠠᠳ᠎ᠤᠨ ᠭᠠᠷ ᠤᠷᠠᠯᠠᠯ᠎ᠤᠨ ᠬᠠᠮᠲᠤᠷᠠᠭᠰᠠᠨ ᠦᠵᠡᠭᠦᠯᠭᠡ ᠣᠢᠷ᠎ᠠ᠎ᠳᠤ ᠬᠠᠩᠵᠧᠦ᠎ᠳᠦ ᠶᠠᠪᠤᠭᠳᠠᠪᠠ᠃ ᠠᠵᠢᠯᠯᠠᠭ᠎ᠠ᠎ᠶᠢᠨ ᠳᠤᠮᠳᠠ᠂ ᠬᠠᠩᠵᠧᠦ ᠬᠤᠲᠠ ᠪᠠ ᠬᠥᠬᠡᠬᠣᠲᠠ ᠬᠣᠶᠠᠷ ᠭᠠᠵᠠᠷ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠤᠯᠠᠮᠵᠢᠯᠠᠭ᠍ᠴᠢ ᠵᠢᠴᠢ ᠰᠢᠯᠢᠳᠡᠭ ᠠᠷᠠᠳ᠎ᠤᠨ ᠤᠷᠠᠯᠢᠭ᠍ᠴᠢᠨ ᠵᠡᠷᠭᠡ ᠮᠠᠰᠢ ᠤᠯᠠᠨ ᠤᠷᠠᠯᠢᠭ᠍ᠴᠢᠳ ᠶᠠᠫᠤᠨ᠎ᠢ ᠡᠰᠡᠷᠭᠦᠴᠡᠭ᠌ᠰᠡᠨ ᠳᠠᠢᠨ ᠢᠯᠠᠯᠲᠠ ᠣᠯᠣᠭᠰᠠᠨ 80 ᠵᠢᠯ᠎ᠦᠨ ᠤᠢ᠎ᠶᠢ ᠳᠤᠷᠠᠰᠬᠠᠬᠤ ᠭᠣᠣᠯ ᠰᠡᠳᠦᠪ᠎ᠦᠨ ᠲᠣᠭᠣᠷᠢᠨ᠎ᠳᠤ ᠡᠯ᠎ᠡ ᠲᠦᠷᠦᠯ᠎ᠦᠨ ᠭᠠᠷ ᠤᠷᠠᠯᠠᠯ᠂ ᠤᠷᠠᠨ ᠪᠢᠴᠢᠯᠭᠡ ᠤᠷᠠᠨ ᠵᠢᠷᠤᠭ᠎ᠤᠨ ᠪᠦᠲᠦᠭᠡᠯ᠎ᠤᠳ᠎ᠢ 200 ᠭᠠᠷᠤᠢ ᠵᠣᠬᠢᠶᠠᠵᠤ ᠳᠡᠯᠭᠡᠨ ᠦᠵᠡᠭᠦᠯᠵᠡᠢ᠃ ᠡᠲᠡᠭᠡᠷ ᠪᠦᠲᠦᠭᠡᠯ᠎ᠤᠳ ᠨᠢ ᠨᠢᠭᠡ ᠲᠠᠯ᠎ᠠ᠎ᠪᠠᠷ ᠪᠢᠷ ᠪᠡᠬᠡᠰ᠎ᠤᠨ ᠷᠢᠳᠢ ᠱᠢᠳᠢ᠎ᠪᠡᠷ ᠲᠠᠢ᠍ᠢᠨ᠎ᠦ ᠳᠠᠷᠢ᠎ᠶᠢᠨ ᠤᠳᠤᠭ᠎ᠠ ᠪᠣᠯᠣᠨ ᠡᠩᠬᠡ ᠲᠠᠢᠪᠤᠩ᠎ᠤᠨ ᠦᠷ᠎ᠦᠨ ᠲᠤᠶᠠᠭ᠎ᠠ᠎ᠶᠢ ᠵᠢᠷᠤᠭ᠍ᠯᠠᠵᠤ ᠨᠥᠭᠥᠭᠡ ᠪᠠᠷ ᠤᠷᠠᠨ ᠭᠠᠷ ᠤᠷᠠᠯᠢᠭ ᠰᠡᠳᠭᠢᠬᠦᠢ᠎ᠪᠡᠷ᠎ᠢᠶᠡᠨ ᠪᠠᠭᠠᠲᠤᠷᠴᠤᠳ᠎ᠤᠨ ᠳᠥᠷᠢ ᠳᠥᠷᠬᠦ᠌ ᠬᠢᠭᠡᠳ ᠦᠨᠳᠦᠰᠦᠲᠡᠨ᠎ᠦ ᠨᠢᠷᠤᠭᠤ ᠲᠤᠯᠭᠠᠭᠤᠷᠢ᠎ᠶ᠋ᠢ ᠱᠤᠭᠤᠨ ᠪᠦᠲᠦᠭᠡᠵᠦ᠍᠂ ᠰᠢᠨ᠎ᠡ ᠴᠠᠭ ᠦᠶ᠎ᠡ᠎ᠶᠢᠨ ᠠᠷᠠᠳ᠎ᠤᠨ ᠤᠷᠠᠯᠢᠭ᠍ᠴᠢᠳ᠎ᠤᠨ ᠭᠣᠢᠳᠠ ᠰᠠᠢᠬᠠᠨ ᠤᠷ᠎ᠠ ᠮᠡᠷᠭᠡᠵᠢᠯ᠎ᠢ ᠢᠯᠡᠷᠡᠭᠦᠯᠦᠨ᠂ ᠠᠷᠠᠳ᠎ᠤᠨ ᠭᠠᠷ ᠤᠷᠠᠯᠠᠯ᠎ᠤᠨ ᠤᠯᠠᠮᠵᠢᠯᠠᠨ ᠵᠠᠯᠭᠠᠮᠵᠢᠯᠠᠭ᠍ᠳᠠᠵᠤ ᠰᠢᠨ᠎ᠡ᠎ᠶᠢ ᠡᠭᠦᠳᠬᠦ ᠶᠠᠪᠤᠴᠠ᠎ᠳᠤ ᠪᠠᠳᠠᠷᠠᠭᠰᠠᠨ ᠴᠤᠭ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠴᠦ᠍ ᠢᠯᠡᠷᠡᠭᠦᠯᠦᠭᠰᠡᠨ ᠪᠠᠢᠨ᠎ᠠ᠃ ᠲᠠᠨᠢᠯᠴᠠᠭᠤᠯᠤᠭᠰᠠᠨ᠎ᠢᠶᠠᠷ᠂ ᠠᠵᠢᠯᠯᠠᠭ᠎ᠠ᠎ᠶᠢᠨ ᠬᠤᠭᠤᠴᠠᠭᠠᠨ᠎ᠳᠤ ᠪᠠᠰᠠ ᠬᠠᠩᠵᠧᠦ ᠬᠣᠲᠠ᠎ᠶᠢᠨ ᠠᠷᠠᠳ᠎ᠤᠨ ᠤᠳᠬ᠎ᠠ ᠤᠷᠠᠯᠢᠭ᠍ᠴᠢᠳ᠎ᠤᠨ ᠨᠡᠢᠭᠡᠮᠯᠢᠭ᠎ᠡᠴᠡ ᠠᠷᠠᠳ᠎ᠤᠨ ᠤᠳᠬ᠎ᠠ ᠤᠷᠠᠯᠢᠭ᠋᠎ᠤᠨ ᠪᠣᠯᠪᠠᠰᠤᠷᠠᠯ ᠰᠣᠯᠢᠯᠴᠠᠭᠠᠨ᠎ᠤ ᠬᠤᠷᠠᠯ᠎ᠢ ᠬᠤᠷᠠᠯᠳᠤᠭᠤᠯᠵᠠᠢ᠃ ᠰᠣᠯᠢᠯᠴᠠᠭᠠᠨ᠎ᠤ ᠠᠵᠢᠯᠯᠠᠭ᠎ᠠ ᠳᠤᠮᠳᠠ᠂ ᠬᠥᠬᠡᠬᠣᠲᠠ᠎ᠶᠢᠨ ᠠᠷᠠᠳ᠎ᠤᠨ ᠤᠳᠬ᠎ᠠ ᠤᠷᠠᠯᠢᠭ᠍ᠴᠢᠳ᠎ᠤᠨ ᠨᠡᠢᠭᠡᠮᠯᠢᠭ᠎ᠦᠨ ᠲᠥᠯᠥᠭᠡᠯᠡᠭᠴᠢᠳ᠎ᠦᠨ ᠪᠦᠯᠬᠦᠮ ᠪᠠ ᠬᠠᠩᠵᠧᠦ ᠬᠤᠲᠠ᠎ᠶᠢᠨ ᠠᠷᠠᠳ᠎ᠤᠨ ᠤᠳᠬ᠎ᠠ ᠤᠷᠠᠯᠢᠭ᠍ᠴᠢᠳ᠎ᠤᠨ ᠨᠡᠢᠭᠡᠮᠯᠢᠭ ᠵᠢᠴᠢ ᠬᠠᠩᠵᠧᠦ ᠬᠤᠲᠠ᠎ᠶᠢᠨ ᠡᠯ᠎ᠡ ᠲᠣᠭᠣᠷᠢᠭ᠋ ᠰᠢᠶᠠᠨ᠎ᠤ ᠠᠷᠠᠳ᠎ᠤᠨ ᠤᠳᠭ᠎ᠠ ᠤᠷᠠᠯᠢᠭ᠍ᠴᠢᠳ᠎ᠤᠨ ᠨᠡᠢᠭᠡᠮᠯᠢᠭ᠎ᠦᠨ ᠵᠠᠭᠤ ᠰᠢᠬᠠᠮ ᠰᠢᠨ᠎ᠡ ᠬᠠᠭᠤᠴᠢᠨ ᠭᠡᠰᠢᠭᠦᠳ ᠬᠠᠮᠲᠤ᠎ᠪᠠᠷ ᠲᠠᠢᠯᠤᠮᠵᠢ᠎ᠶᠢ ᠰᠣᠨᠣᠰᠤᠭ᠍ᠰᠠᠨ᠎ᠤ ᠬᠠᠮᠲᠤ ᠠᠷᠠᠳ᠎ᠤᠨ ᠭᠠᠷ ᠤᠷᠠᠯᠠᠯ᠎ᠳᠤ ᠰᠢᠨ᠎ᠡ᠎ᠶᠢ ᠡᠭᠦᠳᠬᠦ ᠬᠥᠭᠵᠢᠯᠲᠡ᠎ᠶᠢᠨ ᠲᠣᠭᠣᠷᠢᠨ᠎ᠳᠤ ᠶᠠᠷᠢᠯᠴᠠᠭ᠎ᠠ ᠦᠷᠨᠢᠭᠦᠯᠦᠨ᠂ ᠤᠯᠠᠮᠵᠢᠯᠠᠯᠲᠤ ᠭᠠᠷ ᠤᠷᠠᠯᠠᠯ ᠪᠣᠯᠣᠨ ᠤᠳᠤ ᠦᠶ᠎ᠡ᠎ᠶᠢᠨ ᠵᠢᠷᠤᠭ ᠲᠥᠯᠥᠪᠯᠡᠭᠡ᠎ᠶᠢ ᠠᠭᠤᠰᠤᠯᠴᠠᠭᠤᠯᠤᠭᠰᠠᠨ ᠣᠯᠣᠯᠲᠠ ᠪᠠ ᠲᠤᠷᠰᠢᠯᠭ᠎ᠠ᠎ᠪᠠᠨ ᠰᠣᠯᠢᠯᠴᠠᠵᠠᠢ᠃ ᠬᠤᠷᠠᠯ᠎ᠳᠤ ᠣᠷᠣᠯᠴᠠᠭᠰᠠᠳ ᠢᠯᠡᠷᠬᠡᠢᠯᠡᠬᠦ᠎ᠳᠤ᠎ᠪᠠᠨ᠂ ᠠᠷᠠᠳ᠎ᠤᠨ ᠭᠠᠷ ᠤᠷᠠᠯᠠᠯ᠎ᠤᠨ ᠠᠵᠢᠯ ᠡᠷᠬᠢᠯᠡᠭᠴᠢᠳ ᠲᠥᠪ ᠶᠣᠰᠣ᠌᠎ᠶ᠋ᠢ ᠡᠷᠬᠢᠮᠯᠡᠨ ᠰᠢᠨ᠎ᠡ᠎ᠶᠢ ᠡᠭᠦᠳᠬᠦ᠎ᠪᠡᠷ ᠦᠨᠳᠦᠰᠦᠨ ᠵᠠᠷᠴᠢᠮ᠎ᠢᠶᠡᠨ ᠪᠣᠯᠭᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠬᠥᠭᠵᠢᠯᠲᠡ᠎ᠶᠢ ᠲᠦᠷᠭᠡᠳᠬᠡᠬᠦ᠎ᠪᠡᠷ ᠭᠣᠣᠯ ᠬᠠᠷᠠᠯᠲᠠ᠎ᠪᠠᠨ ᠪᠣᠯᠭᠠᠵᠤ᠂ ᠠᠷᠠᠳ᠎ᠤᠨ ᠤᠳᠬ᠎ᠠ ᠤᠷᠠᠯᠢᠭ᠋᠎ᠤᠨ ᠣᠲᠣ᠌ ᠦᠶ᠎ᠡ᠎ᠳᠠᠬᠢ ᠤᠯᠠᠷᠢᠭᠤᠯᠤᠯᠲᠠ᠎ᠶ᠋ᠢᠨ ᠠᠵᠢᠯ᠎ᠢ ᠢᠳᠡᠪᠬᠢᠲᠡᠢ ᠰᠠᠢᠲᠤᠷ ᠬᠢᠬᠦ ᠬᠡᠷᠡᠭᠲᠡᠢ ᠭᠡᠵᠡᠢ᠃ ᠡᠨᠡ ᠬᠦ᠌ ᠤᠳᠠᠭᠠᠨ᠎ᠤ ᠠᠵᠢᠯᠯᠠᠭ᠎ᠠ ᠨᠢ ᠬᠠᠩᠵᠧᠦ ᠬᠦᠬᠡᠬᠣᠲᠠ ᠬᠣᠶᠠᠷ ᠭᠠᠵᠠᠷ᠎ᠤᠨ ᠠᠷᠠᠳ᠎ᠤᠨ ᠤᠷᠠᠯᠢᠭ᠋᠎ᠤᠨ ᠰᠣᠯᠢᠯᠴᠠᠭ᠎ᠠ ᠶᠠᠷᠢᠯᠴᠠᠭ᠎ᠠ᠎ᠶᠢ ᠠᠬᠢᠭᠤᠯᠵᠤ᠂ ᠨᠠᠩ ᠣᠯᠠᠨ ᠤᠷᠠᠯᠢᠭ᠋᠎ᠤᠨ ᠪᠠᠬᠠᠲᠠᠳ᠎ᠲᠤ ᠠᠷᠠᠳ᠎ᠤᠨ ᠤᠷᠠᠯᠢᠭ᠋᠎ᠤᠨ ᠥᠪᠡᠷᠮᠢᠴᠡ ᠷᠢᠳᠢ ᠰᠢᠳᠢ᠎ᠶᠢ ᠣᠢᠯᠠᠭᠠᠭᠤᠯᠤᠨ᠂ ᠳᠤᠮᠳᠠᠳᠤ᠎ᠶ᠋ᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠷᠢᠳᠢ ᠰᠢᠳᠢ ᠪᠠ ᠴᠠᠭ ᠦᠶ᠎ᠡ᠎ᠶᠢᠨ ᠵᠣᠷᠢᠭ᠋ ᠰᠠᠨᠠᠭ᠎ᠠ᠎ᠶᠢ ᠬᠠᠷᠠᠭᠤᠯᠪᠠ᠃ ᠲᠣᠰ ᠠᠵᠢᠯᠯᠠᠭ᠎ᠠ᠎ᠶᠢ ᠬᠠᠩᠵᠧᠦ ᠬᠣᠲᠠ᠎ᠶᠢᠨ ᠤᠳᠬ᠎ᠠ ᠤᠷᠠᠯᠢᠭ᠋᠎ᠤᠨ ᠬᠢᠨ᠎ᠦ ᠬᠣᠯᠪᠣᠭᠠᠲᠤ ᠬᠤᠷᠠᠯ᠂ ᠬᠥᠬᠡᠬᠣᠲᠠ᠎ᠶᠢᠨ ᠤᠳᠬ᠎ᠠ ᠤᠷᠠᠯᠢᠭ᠋᠎ᠤᠨ ᠬᠢᠨ᠎ᠦ ᠬᠣᠯᠪᠣᠭᠠᠲᠤ ᠬᠤᠷᠠᠯ᠂ ᠬᠠᠩᠵᠧᠦ ᠬᠣᠲᠠ᠎ᠶᠢᠨ ᠰᠣᠶᠣᠯ ᠷᠠᠳᠢᠣ᠋ ᠲᠧᠯᠸᠢᠰ ᠵᠢᠭᠤᠯᠴᠢᠯᠠᠯ᠎ᠤᠨ ᠲᠣᠪᠴᠢᠶ᠎ᠠ ᠭᠣᠣᠯᠯᠠᠨ ᠡᠷᠬᠢᠯᠡᠵᠡᠢ᠃