10 ᠳ᠋ᠤᠭᠠᠷ ᠰᠠᠷ᠎ᠠ᠎ᠶᠢᠨ 14 ᠦ ᠡᠳᠦᠷ᠎ᠡᠴᠡ 15 ᠤ ᠡᠳᠦᠷ ᠪᠣᠯᠲᠠᠯ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠤᠷᠠᠯᠢᠭ᠋᠎ᠤᠨ ᠨᠠᠢᠷ ᠬᠢᠭᠡᠳ ᠠᠷᠪᠠᠨ ᠨᠠᠢ᠍ᠮᠠᠳᠤᠭᠠᠷ ᠬᠤᠭᠤᠴᠠᠭᠠᠨ᠎ᠤ ᠸᠸᠨ ᠬᠤᠸᠠ ᠱᠠᠩᠨᠠᠯ᠎ᠤᠨ ᠰᠢᠯᠭᠠᠷᠠᠭᠤᠯᠤᠯᠲᠠ᠎ᠶᠢᠨ ᠠᠵᠢᠯᠯᠠᠭ᠎ᠠ ᠴᠦᠩᠴᠢᠩ᠎ᠳᠦ ᠶᠠᠪᠤᠭᠳᠠᠪᠠ᠃ ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ᠎ᠦᠨ ᠵᠣᠬᠢᠶᠠᠨ ᠪᠦᠲᠦᠭᠡᠭ᠌ᠰᠡᠨ ᠳᠠᠭᠤᠷᠢ 《ᠵᠠᠩᠭᠠᠷ》 ᠨᠢ ᠸᠸᠨ ᠬᠤᠸᠠ ᠱᠠᠩᠨᠠᠯ᠎ᠤᠨ ᠡᠴᠦᠰ᠎ᠦᠨ ᠰᠢᠯᠭᠠᠷᠠᠭᠤᠯᠤᠯᠲᠠ᠎ᠳᠤ ᠣᠷᠣᠭᠰᠠᠨ ᠥᠪᠥᠷ ᠮᠣᠩᠭᠣᠯ᠎ᠤᠨ ᠪᠦᠲᠦᠭᠡᠯ᠎ᠤᠳ᠎ᠤᠨ ᠨᠢᠭᠡ ᠪᠣᠯᠤᠭᠰᠠᠨ᠎ᠤ ᠬᠤᠪᠢ᠎ᠳᠤ᠂ ᠴᠦᠩᠴᠢᠩ᠎ᠦᠨ ᠭᠦᠸᠧ ᠲᠠᠢ ᠵᠦᠴᠦᠭᠡ᠎ᠶᠢᠨ ᠬᠦᠷᠢᠶᠡᠯᠡᠩ᠎ᠦᠨ ᠲᠠᠢᠰᠠᠨ᠎ᠳᠤ ᠭᠠᠷᠴᠤ᠂ ᠸᠸᠨ ᠬᠤᠸᠠ ᠱᠠᠩᠨᠠᠯ᠎ᠤᠨ ᠰᠢᠷᠦᠭᠦᠨ ᠥᠷᠢᠰᠦᠯᠳᠦᠭᠡᠨ᠎ᠳᠦ ᠣᠷᠣᠯᠴᠠᠭ᠍ᠰᠠᠨ ᠪᠠᠢᠨ᠎ᠠ᠃
10 ᠳ᠋ᠤᠭᠠᠷ ᠰᠠᠷ᠎ᠠ᠎ᠶ᠋ᠢᠨ 14 ᠦ ᠣᠷᠣᠢ᠎ᠶ᠋ᠢᠨ ᠭᠦᠸᠧ ᠲᠠᠢ ᠵᠦᠴᠦᠭᠡ᠎ᠶ᠋ᠢᠨ ᠬᠦᠷᠢᠶᠡᠯᠡᠩ᠎ᠳᠦ ᠬᠦᠮᠦᠨ ᠬᠠᠷ᠎ᠠ ᠴᠤᠭ᠍ᠯᠠᠷᠠᠨ ᠬᠥᠯ ᠬᠥᠭ᠌ᠵᠢᠶᠡᠨ ᠶᠡᠬᠡᠲᠡᠢ᠃ ᠢᠷᠠᠭᠤ ᠴᠡᠭᠡᠯᠬᠡᠨ ᠤᠷᠳᠤ᠎ᠶᠢᠨ ᠳᠠᠭᠤᠤ᠎ᠶ᠋ᠢᠨ ᠳᠤᠮᠳᠠ᠂ ᠳᠠᠭᠤᠷᠢ 《ᠵᠠᠩᠭᠠᠷ》 ᠠᠯᠭᠤᠷᠬᠠᠨ᠎ᠢᠶᠠᠷ ᠬᠥᠰᠢᠭᠡ᠎ᠪᠡᠨ ᠰᠡᠬᠦᠪᠡ᠃
ᠲᠤᠰ ᠤᠳᠠᠭᠠᠨ᠎ᠤ ᠲᠣᠭᠯᠠᠯᠲᠠ᠎ᠶ᠋ᠢᠨ ᠪᠦᠷᠢᠯᠳᠦᠭᠦᠨ ᠨᠢ ᠴᠦᠮ ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ᠎ᠦᠨ ᠡᠯ᠎ᠡ ᠤᠷᠠᠯᠢᠭ᠋᠎ᠤᠨ ᠪᠦᠯᠬᠦᠮ᠎ᠦᠨ ᠲᠣᠭᠯᠠᠭ᠍ᠴᠢᠳ ᠪᠣᠯᠣᠨ᠎ᠠ᠂ ᠲᠡᠳᠡ ᠬᠡᠬᠦᠳᠡᠭ ᠳᠦᠭᠦᠷᠡᠩ ᠤᠷᠮ᠎ᠠ ᠰᠡᠳᠬᠢᠯᠭᠡ᠎ᠪᠡᠷ ᠵᠠᠩᠭᠠᠷ᠎ᠤᠨ ᠭᠠᠢᠬᠠᠮᠰᠢᠭ᠍ᠲᠤ ᠨᠢᠭᠡ ᠨᠠᠰᠤ᠎ᠶᠢ ᠭᠣᠴᠣ ᠰᠠᠢᠬᠠᠨ ᠲᠣᠭ᠍ᠯᠠᠨ ᠦᠵᠡᠭᠦᠯᠵᠡᠢ᠃ ᠨᠠᠢᠷᠠᠯ ᠬᠥᠭᠵᠢᠮ᠎ᠦᠨ ᠪᠦᠯᠬᠦᠮ᠎ᠤᠨ ᠬᠥᠭ᠌ᠵᠢᠮᠳᠡᠵᠦ᠍ ᠲᠣᠭᠯᠠᠭ᠍ᠴᠢᠳ᠎ᠤᠨ ᠲᠣᠭ᠍ᠯᠠᠭ᠍ᠰᠠᠨ ᠨᠢ ᠦᠵᠡᠭᠴᠢᠳ᠎ᠢ ᠰᠦᠷ ᠳᠠᠯᠠᠢᠴᠠᠲᠠᠢ ᠪᠠᠭᠠᠲᠤᠷᠯᠢᠭ᠋ ᠴᠠᠭ ᠦᠶ᠎ᠡ᠎ᠳᠦ ᠪᠠᠢᠭ᠎ᠠ ᠮᠡᠲᠤ ᠰᠠᠨᠠᠭ᠍ᠳᠠᠭᠤᠯᠤᠨ᠎ᠠ᠃ ᠲᠣᠭᠯᠠᠭ᠍ᠴᠢᠳ ᠭᠣᠶᠣ ᠰᠠᠢᠬᠠᠨ ᠦᠨᠳᠦᠰᠦᠲᠡᠨ᠎ᠦ ᠬᠤᠪᠴᠠᠰᠤ ᠵᠠᠰᠠᠯ᠎ᠢᠶᠠᠷ᠎ᠢᠶᠠᠨ ᠭᠣᠶᠣᠵᠤ᠂ ᠭᠣᠢᠳᠠ ᠰᠠᠢᠬᠠᠨ ᠲᠣᠭ᠍ᠯᠠᠯᠲᠠ ᠪᠠ ᠰᠡᠳᠬᠢᠯ ᠬᠥᠳᠡᠯᠭᠡᠮ᠎ᠡ ᠠᠶ᠎ᠠ ᠳᠠᠭᠤᠤ᠎ᠪᠠᠷ᠎ᠢᠶᠠᠨ ᠵᠠᠩᠭᠠᠷ᠎ᠤᠨ ᠡᠷᠡᠯᠬᠡᠭ ᠪᠠᠭᠠᠲᠤᠷᠯᠢᠭ᠋᠂ ᠰᠡᠷᠭᠦᠯᠡᠩ ᠤᠬᠠᠭᠠᠨ᠎ᠢ ᠵᠢᠷᠤᠭ᠍ᠯᠠᠨ ᠪᠦᠲᠦᠭᠡᠵᠡᠢ᠃
《ᠰᠡᠳᠭᠢᠯ ᠳᠣᠭ᠍ᠳᠣᠯᠤᠭᠤᠯᠤᠮ᠎ᠠ ᠶ᠋ᠢᠨ ᠦᠪᠡᠳᠡᠭᠰᠢ ᠨᠠᠢᠷ ᠪᠣᠯᠵᠠᠢ! ᠥᠪᠥᠷ ᠮᠣᠩᠭᠣᠯ᠎ᠤᠨ ᠳᠠᠭᠤᠤ ᠪᠥᠵᠢᠭ ᠨᠡᠷ᠎ᠡ ᠠᠯᠳᠠᠷᠱᠢᠭ᠍ᠰᠠᠨ ᠶᠤᠮ᠂ ᠠᠬᠤᠢ ᠲᠠᠯᠠᠪᠠᠢ᠎ᠶ᠋ᠢᠨ ᠲᠣᠭ᠍ᠯᠠᠯᠲᠠ ᠨᠠᠮᠠᠶ᠋ᠢ ᠶᠡᠬᠡᠪᠡᠷ ᠳᠣᠭ᠍ᠳᠣᠯᠣᠭᠤᠯᠵᠠᠢ》 ᠬᠡᠮᠡᠨ ᠴᠦᠩᠴᠢᠩ᠎ᠦᠨ ᠦᠵᠡᠭ᠌ᠴᠢ ᠶᠠᠩ ᠳ᠋ᠦᠩ ᠶᠠᠷᠢᠵᠠᠢ᠃ ᠲᠡᠭᠦᠨ᠎ᠦ ᠦᠵᠡᠬᠦ᠎ᠪᠡᠷ ᠡᠨᠡ ᠬᠦ᠌ ᠳᠠᠭᠤᠷᠢ᠎ᠶ᠋ᠢᠨ ᠦᠨᠳᠦᠰᠦᠲᠡᠨ᠎ᠦ ᠣᠨᠴᠠᠯᠢᠭ᠋ ᠨᠢ ᠮᠠᠰᠢ ᠶᠡᠬᠡ ᠨᠥᠯᠥᠭᠡᠯᠡᠬᠦ ᠬᠦᠴᠦᠨ᠎ᠲᠠᠢ᠂ ᠬᠦᠦᠷᠨᠢᠯ ᠢᠯᠡᠳᠬᠡᠯ ᠨᠢ ᠭᠦᠨ ᠠᠪᠴᠠᠯᠳᠤᠭ᠎ᠠ ᠲᠠᠢ᠂ ᠲᠠᠢᠰᠠᠨ᠎ᠳᠠᠬᠢ ᠰᠠᠨᠠᠭ᠎ᠠ ᠠᠬᠤᠢ ᠨᠢ ᠭᠦᠨ ᠭᠦᠨᠵᠡᠭᠡᠢ᠂ ᠬᠥᠮᠥᠰ᠎ᠦᠨ ᠰᠡᠳᠬᠢᠯ᠎ᠢ ᠬᠥᠳᠡᠯᠭᠡᠮ᠎ᠡ ᠪᠦᠭᠡᠳ ᠰᠡᠳᠬᠢᠭᠦᠰᠢᠲᠡᠢ ᠰᠣᠳᠣᠨ ᠪᠦᠲᠦᠭᠡᠯ ᠪᠣᠯᠣᠨ᠎ᠠ᠃
ᠳᠠᠭᠤᠷᠢ 《ᠵᠠᠩᠭᠠᠷ》᠎ᠢ ᠺᠧ ᠮᠢᠩ ᠨᠠᠢᠷᠠᠭᠤᠯᠤᠨ ᠵᠣᠬᠢᠶᠠᠵᠤ᠂ ᠳᠤᠮᠳᠠᠳᠤ ᠤᠯᠤᠰ᠎ᠤᠨ ᠭᠤᠷᠪᠠᠨ ᠶᠠᠬᠡ ᠲᠤᠤᠯᠢ᠎ᠶ᠋ᠢᠨ ᠨᠢᠭᠡ ᠪᠣᠯᠬᠤ 《ᠵᠠᠩᠭᠠᠷ》᠎ᠢᠶᠡᠷ ᠵᠣᠬᠢᠶᠠᠨ ᠪᠦᠲᠦᠭᠡᠯᠭᠡ᠎ᠶ᠋ᠢᠨ ᠡᠬᠡ ᠳᠡᠪᠲᠡᠷ᠎ᠢᠶᠡᠨ ᠪᠣᠯᠭᠠᠵᠠᠢ᠂ ᠬᠦᠮᠦᠨ ᠣᠯᠠᠨ᠎ᠤ ᠬᠠᠢᠷ᠎ᠠ ᠬᠠᠯᠠᠮᠵᠢ᠎ᠪᠠᠷ ᠵᠠᠩᠭᠠᠷ ᠦᠰᠦᠨ ᠪᠣᠢᠵᠢᠵᠤ᠂ ᠠᠷᠠᠳ ᠣᠯᠠᠨ᠎ᠢᠶᠠᠨ ᠳᠠᠭᠠᠭᠤᠯᠤᠨ ᠰᠡᠳᠭᠢᠯ ᠨᠢᠭᠡᠳᠬᠡᠨ ᠬᠦᠴᠦ᠎ᠪᠡᠨ ᠬᠠᠮᠲᠤᠳᠬᠠᠵᠤ ᠮᠠᠩᠭᠤᠰᠢ ᠳᠠᠷᠤᠵᠤ᠂ ᠪᠠᠲᠤ ᠴᠢᠩᠭ᠎ᠠ ᠢᠲᠡᠭᠡᠯ ᠵᠣᠷᠢᠭ᠋ ᠪᠠ ᠬᠠᠷᠢᠭᠤᠴᠠᠯᠭ᠎ᠠ ᠡᠭᠦᠷᠭᠡᠯᠡᠯ᠎ᠢᠶᠠᠷ ᠰᠠᠢᠨ ᠰᠠᠢᠬᠠᠨ ᠭᠡᠷ ᠣᠷᠣᠨ᠎ᠢᠶᠠᠨ ᠰᠠᠬᠢᠨ ᠬᠠᠮᠠᠭᠠᠯᠠᠭᠰᠠᠨ ᠥᠯᠢᠭᠡᠷ᠎ᠢ ᠶᠠᠷᠢᠵᠠᠢ᠃
ᠶᠡᠷᠦᠩᠬᠡᠢ ᠤᠳᠤᠷᠢᠳᠤᠭᠠᠴᠢ ᠴᠧᠨ ᠸᠧᠢ᠄ 《ᠳᠠᠭᠤᠷᠢ 〈ᠵᠠᠩᠭᠠᠷ〉 ᠨᠢ ᠳᠤᠮᠳᠠᠳᠤ ᠤᠯᠤᠰ᠎ᠤᠨ ᠬᠡᠯᠪᠡᠷᠢ ᠮᠠᠶᠢᠭ᠋᠂ ᠦᠨᠳᠦᠰᠦᠲᠡᠨ᠎ᠦ ᠵᠣᠷᠢᠭ᠋ ᠰᠠᠨᠠᠭ᠎ᠠ᠂ ᠣᠲᠣ᠌ ᠦᠶ᠎ᠡ᠎ᠶ᠋ᠢᠨ ᠭᠣᠸ᠎ᠠ ᠲᠠᠭᠠᠰᠢᠶᠠᠯ᠂ ᠣᠯᠠᠨ ᠤᠯᠤᠰ᠎ᠤᠨ ᠬᠡᠪ ᠨᠠᠮᠪᠠᠭ᠎ᠠ ᠵᠡᠷᠭᠡ ᠳᠥᠷᠪᠡᠨ ᠣᠨᠴᠠᠯᠢᠭ᠋᠎ᠲᠠᠢ᠂ ᠦᠨᠳᠦᠰᠦᠲᠡᠨ᠎ᠦ ᠲᠤᠤᠯᠢ᠎ᠶ᠋ᠢᠨ ᠲᠠᠢᠰᠠᠨ᠎ᠳᠡᠬᠢ ᠱᠢᠨ᠎ᠡ ᠠᠮᠢᠯᠠᠯ ᠪᠣᠯᠣᠨ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠤᠷᠠᠯᠢᠭ᠋᠎ᠤᠨ ᠨᠠᠢᠷ᠎ᠤᠨ ᠲᠠᠪᠴᠠᠩ᠎ᠢᠶᠠᠷ ᠡᠨᠡ ᠬᠦ᠌ ᠥᠯᠢᠭᠡᠷ᠎ᠢ ᠨᠠᠩ ᠣᠯᠠᠨ ᠬᠥᠮᠥᠨ᠎ᠳᠦ ᠰᠣᠨᠢᠷᠬᠠᠭᠤᠯᠵᠤ ᠰᠣᠨᠣᠷᠳᠠᠭᠤᠯᠤᠭ᠍ᠰᠠᠨ ᠨᠢ ᠮᠠᠰᠢ ᠶᠡᠬᠡ ᠤᠳᠬ᠎ᠠ ᠠᠭᠤᠯᠭ᠎ᠠ᠎ᠲᠠᠢ ᠰᠠᠨᠠᠭᠳᠠᠭᠰᠠᠨ ᠶᠤᠮ》 ᠭᠡᠵᠡᠢ᠃
ᠲᠤᠰ ᠳᠠᠭᠤᠷᠢ᠎ᠶ᠋ᠢ 2023 ᠣᠨ᠎ᠤ 12 ᠳ᠋ᠤᠭᠠᠷ ᠰᠠᠷ᠎ᠠ᠎ᠶᠢᠨ 25 ᠤ ᠡᠳᠦᠷ ᠬᠥᠬᠡᠬᠣᠲᠠ᠎ᠳᠤ ᠠᠩᠬ᠎ᠠ ᠲᠣᠭᠯᠠᠵᠤ᠂ ᠡᠳᠦᠭᠡ ᠪᠣᠯᠲᠠᠯ᠎ᠠ ᠨᠢᠭᠡᠨᠲᠡ 20 ᠭᠠᠷᠤᠢ ᠲᠠᠯᠠᠪᠠᠢ ᠲᠣᠭᠯᠠᠵᠠᠢ᠃ ᠡᠨᠡ ᠵᠢᠯ᠎ᠦᠨ 8 ᠳ᠋ᠤᠭᠠᠷ ᠰᠠᠷ᠎ᠠ᠎ᠳᠤ ᠠᠷᠪᠠᠨ ᠨᠠᠢ᠍ᠮᠠᠳᠤᠭᠠᠷ ᠬᠤᠭᠤᠴᠠᠭᠠᠨ᠎ᠤ ᠸᠸᠨ ᠬᠤᠸᠠ ᠵᠦᠴᠦᠭᠡ᠎ᠶ᠋ᠢᠨ ᠪᠦᠲᠦᠭᠡᠯ᠎ᠦᠨ ᠱᠠᠩᠨᠠᠯ᠎ᠤᠨ ᠡᠴᠦᠰ᠎ᠦᠨ ᠰᠢᠯᠭᠠᠷᠠᠭᠤᠯᠤᠯᠲᠠ᠎ᠳᠤ ᠨᠡᠷ᠎ᠡ ᠳᠤᠷᠠᠳᠤᠭᠳᠠᠭᠰᠠᠨ ᠪᠥᠭᠡᠳ ᠤᠷᠢᠯᠭ᠎ᠠ᠎ᠪᠠᠷ ᠠᠷᠪᠠᠨ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠤᠷᠠᠯᠢᠭ᠋᠎ᠤᠨ ᠨᠠᠢᠷ᠎ᠲᠤ ᠣᠷᠣᠯᠴᠠᠭ᠍ᠰᠠᠨ ᠪᠠᠢᠨ᠎ᠠ᠃