ᠰᠤᠷᠪᠤᠯᠵᠢᠯᠠᠭ᠍ᠴᠢ 10 ᠳ᠋ᠤᠭᠠᠷ ᠰᠠᠷ᠎ᠠ᠎ᠶᠢᠨ 21 ᠦ ᠡᠳᠦᠷ ᠬᠥᠬᠡᠬᠣᠲᠠ᠎ᠶᠢᠨ ᠦᠨᠳᠦᠰᠦᠲᠡᠨ᠎ᠦ ᠬᠡᠷᠡᠭ ᠡᠷᠭᠢᠯᠡᠬᠦ ᠵᠦᠪᠯᠡᠯ᠎ᠡᠴᠡ ᠣᠢᠯᠠᠭᠠᠭᠰᠠᠨ᠎ᠢᠶᠠᠷ᠂ ᠣᠢᠷ᠎ᠠ᠎ᠳᠤ᠂ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠎ᠦᠨ ᠠᠯᠪᠠᠨ ᠲᠢᠩᠬᠢᠮ ᠮᠡᠳᠡᠭᠳᠡᠯ ᠨᠡᠢᠲᠡᠯᠡᠵᠦ᠂ ᠪᠥᠬᠥ ᠤᠯᠤᠰ᠎ᠤᠨ ᠬᠡᠪᠴᠢᠶᠡᠨ᠎ᠡᠴᠡ 36 《ᠵᠢᠭᠤᠯᠴᠢᠯᠠᠯ᠎ᠢᠶᠠᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶ᠋ᠢ ᠠᠬᠢᠭᠤᠯᠬᠤ ᠲᠥᠯᠥᠪᠯᠡᠭᠡ᠎ᠶᠢᠨ 2025 ᠣᠨ᠎ᠤ ᠲᠤᠷᠰᠢᠯᠲᠠ᠎ᠶᠢᠨ ᠴᠡᠭ᠎ᠦᠨ ᠬᠣᠲᠠ ᠪᠠ ᠲᠤᠷᠰᠢᠯᠲᠠ᠎ᠶᠢᠨ ᠴᠡᠭ᠎ᠦᠨ ᠲᠥᠷᠥᠯ ᠵᠦᠢᠯ》᠎ᠢ ᠰᠣᠩᠭᠣᠨ ᠭᠠᠷᠭᠠᠬᠤ᠎ᠶᠢᠨ ᠬᠠᠮᠲᠤ ᠲᠥᠷᠥᠯ ᠵᠦᠢᠯ ᠲᠣᠭ᠍ᠲᠠᠭᠠᠬᠤ᠎ᠶ᠋ᠢ ᠵᠦᠪᠱᠢᠶᠡᠷᠡᠵᠡᠢ᠃ ᠡᠭᠦᠨ᠎ᠳᠦ᠂ ᠬᠥᠬᠡᠬᠣᠲᠠ᠎ᠶᠢᠨ ᠯᠣᠣ ᠨᠢᠦ ᠸᠠᠨ ᠬᠠᠲᠤᠨ ᠭᠣᠣᠯ᠎ᠤᠨ ᠶᠡᠬᠡ ᠬᠠᠪᠴᠢᠯ᠎ᠤᠨ ᠵᠢᠭᠤᠯᠴᠢᠯᠠᠯ᠎ᠤᠨ ᠣᠷᠣᠨ ᠲᠤᠷᠰᠢᠯᠲᠠ᠎ᠶᠢᠨ ᠴᠡᠭ᠎ᠦᠨ ᠲᠦᠷᠦᠯ ᠵᠦᠢᠯ᠎ᠦᠨ ᠨᠡᠷᠡᠰ᠎ᠲᠦ ᠠᠮᠵᠢᠯᠲᠠ᠎ᠲᠠᠢ ᠰᠣᠩᠭᠣᠭᠳᠠᠪᠠ᠃
ᠯᠣᠣ ᠨᠢᠦ ᠸᠠᠨ ᠬᠠᠲᠤᠨ ᠭᠣᠣᠯ᠎ᠤᠨ ᠶᠡᠬᠡ ᠬᠠᠪᠴᠢᠯ᠎ᠤᠨ ᠵᠢᠭᠤᠯᠴᠢᠯᠠᠯ᠎ᠤᠨ ᠣᠷᠣᠨ ᠨᠢ ᠬᠥᠬᠡᠬᠣᠲᠠ᠎ᠶᠢᠨ ᠴᠢᠩ ᠱᠦᠢ ᠾᠧ ᠰᠢᠶᠠᠨ᠎ᠤ ᠡᠮᠦᠨ᠎ᠡ ᠬᠡᠰᠡᠭ᠎ᠲᠦ ᠪᠠᠢᠷᠢᠯᠠᠵᠤ᠂ 9.5 ᠺᠦᠸᠠᠳ᠋ ᠺᠢᠯᠣᠮᠧᠲᠷ ᠭᠠᠵᠠᠷ᠎ᠢ ᠡᠵᠡᠯᠡᠨ ᠱᠠᠨ ᠰᠢ᠂ ᠥᠪᠥᠷ ᠮᠣᠩᠭᠣᠯ᠎ᠤᠨ ᠬᠠᠲᠤᠨ ᠭᠣᠣᠯ᠎ᠤᠨ ᠶᠡᠬᠡ ᠬᠠᠪᠴᠢᠯ᠎ᠤᠨ ᠭᠣᠣᠯ ᠬᠡᠰᠡᠭ ᠵᠢᠴᠢ ᠬᠠᠲᠤᠨ ᠭᠣᠣᠯ᠎ᠤᠨ 《ᠶᠡᠬᠡ ᠲᠣᠬᠣᠢ》᠎ᠶᠢᠨ ᠥᠷᠥᠴᠡ ᠭᠠᠵᠠᠷ᠎ᠲᠤ ᠪᠠᠢᠷᠢᠯᠠᠳᠠᠭ᠃ ᠡᠨᠳᠡ ᠬᠠᠲᠤᠨ ᠭᠣᠣᠯ ᠪᠣᠯᠣᠨ ᠣᠷᠳᠣ᠌ ᠴᠠᠭᠠᠨ ᠬᠡᠷᠡᠮ᠎ᠦᠨ 《ᠠᠭᠤᠯᠵᠠᠷ》 ᠪᠣᠯᠬᠤ᠎ᠪᠠᠷ ᠪᠠᠷᠠᠬᠤ ᠦᠭᠡᠢ᠂ 《ᠲᠡᠭᠷᠢ᠎ᠶᠢᠨ ᠳᠣᠣᠷᠠᠬᠢ ᠬᠠᠲᠤᠨ ᠭᠣᠣᠯ᠎ᠤᠨ ᠨᠢᠭᠡᠳᠦᠭᠡᠷ ᠪᠤᠯᠤᠩ》 《ᠳᠤᠮᠳᠠᠳᠤ ᠤᠯᠤᠰ᠎ᠤᠨ ᠬᠠᠮᠤᠭ᠎ᠤᠨ ᠭᠣᠶᠣ᠌ ᠠᠷᠪᠠᠨ ᠶᠡᠬᠡ ᠬᠠᠪᠴᠢᠯ᠎ᠤᠨ ᠨᠢᠭᠡ》 ᠵᠡᠷᠭᠡ ᠰᠠᠢᠬᠠᠨ ᠠᠯᠳᠠᠷ ᠲᠠᠢ ᠶᠤᠮ᠃ 2015 ᠣᠨ᠎ᠳᠤ ᠤᠯᠤᠰ᠎ᠤᠨ ᠲᠠᠰ᠎ᠤᠨ ᠭᠠᠵᠠᠷ ᠰᠢᠨᠵᠢᠯᠡᠭᠡᠨ᠎ᠦ ᠴᠡᠴᠡᠷᠯᠢᠭ ᠪᠣᠯᠵᠤ᠂ 2024 ᠣᠨ᠎ᠤ ᠡᠴᠦᠰ᠎ᠲᠦ ᠠᠮᠵᠢᠯᠲᠠ ᠲᠠᠢ᠎ᠪᠠᠷ ᠤᠯᠤᠰ᠎ᠤᠨ 5A ᠲᠠᠰ᠎ᠤᠨ ᠵᠢᠭᠤᠯᠴᠢᠯᠠᠯ᠎ᠤᠨ ᠦᠵᠡᠮᠵᠢ᠎ᠶᠢᠨ ᠣᠷᠣᠨ ᠪᠣᠯᠪᠠ᠃ 2024 ᠣᠨ ᠵᠢᠴᠢ 2025 ᠣᠨ᠎ᠤ ᠳᠡᠭᠡᠷ᠎ᠡ ᠬᠠᠭᠠᠰ ᠵᠢᠯ᠎ᠳᠦ 110 ᠭᠠᠷᠤᠢ ᠲᠦᠮᠡᠨ ᠬᠥᠮᠥᠨ ᠤᠳᠠᠭ᠎ᠠ᠎ᠶᠢᠨ ᠵᠢᠭᠤᠯᠴᠢᠯᠠᠭ᠍ᠰᠠᠳ᠎ᠢ ᠬᠦᠯᠢᠶᠡᠨ ᠠᠪᠴᠤ᠂ ᠬᠥᠬᠡᠬᠣᠲᠠ᠎ᠶᠢᠨ ᠵᠢᠭᠤᠯᠴᠢᠯᠠᠯ᠎ᠤᠨ ᠦᠵᠡᠰᠬᠦᠯᠡᠩᠲᠦ ᠰᠠᠢᠬᠠᠨ ᠨᠡᠷ᠎ᠡ᠎ᠶᠢᠨ ᠬᠠᠭᠤᠳᠠᠰᠤ ᠪᠣᠯᠵᠠᠢ᠃
ᠵᠢᠭᠤᠯᠴᠢᠯᠠᠯ᠎ᠤᠨ ᠨᠡᠭᠦᠳᠡᠯ ᠴᠢᠨᠠᠷ᠂ ᠣᠢᠯᠠᠭᠠᠯᠲᠠ᠎ᠶ᠋ᠢᠨ ᠴᠢᠨᠠᠷ᠂ ᠬᠠᠷᠢᠯᠴᠠᠨ ᠦᠢᠯᠡᠳᠦᠯᠴᠡᠬᠦ ᠴᠢᠨᠠᠷ ᠵᠡᠷᠭᠡ ᠣᠨᠴᠠᠯᠢᠭ᠋᠎ᠢ ᠭᠦᠨᠵᠡᠭᠡᠢ ᠡᠵᠡᠮᠳᠡᠬᠦ᠎ᠳᠦ ᠲᠦᠰᠢᠭᠯᠡᠨ᠂ ᠯᠣᠣ ᠨᠢᠦ ᠸᠠᠨ ᠬᠠᠳᠤᠨ ᠭᠣᠣᠯ᠎ᠤᠨ ᠶᠡᠬᠡ ᠬᠠᠪᠴᠢᠯ ᠨᠢ ᠢᠮᠠᠭᠲᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠢ ᠴᠢᠩᠭ᠎ᠠ ᠠᠳᠭᠤᠵᠤ᠂ ᠭᠠᠵᠠᠷ ᠣᠷᠣᠨ᠎ᠤ ᠪᠠᠢᠳᠠᠯ᠎ᠳᠤ᠎ᠪᠠᠨ ᠲᠣᠬᠢᠷᠠᠭᠤᠯᠤᠨ ᠬᠥᠭᠵᠢᠯᠲᠡ᠎ᠶᠢ ᠦᠷᠭᠦᠯᠵᠢᠯᠡᠨ ᠠᠬᠢᠭᠤᠯᠵᠠᠢ᠃ ᠦᠵᠡᠮᠵᠢ᠎ᠶᠢᠨ ᠣᠷᠣᠨ ᠨᠢ 《ᠠᠮᠢ ᠠᠬᠤᠢ + ᠰᠣᠶᠣᠯ ᠵᠢᠭᠤᠯᠴᠢᠯᠠᠯ》᠎ᠤᠨ ᠠᠭᠤᠰᠤᠯᠴᠠᠯ᠎ᠤᠨ ᠣᠨᠣᠯᠵᠢᠬᠤᠨ᠎ᠳᠤ ᠲᠦᠰᠢᠭᠯᠡᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠳᠡᠭᠡᠭ᠌ᠰᠢᠯᠡᠭᠦᠯᠬᠦ᠌ ᠠᠵᠢᠯᠯᠠᠭᠠᠨ ᠬᠡᠷᠡᠭ᠌ᠵᠢᠭᠦᠯᠬᠦ᠌᠎ᠪᠡᠷ ᠳᠠᠮᠵᠢᠭᠤᠯᠤᠨ᠂ ᠬᠠᠲᠤᠨ ᠭᠣᠣᠯ᠎ᠤᠨ ᠬᠠᠪᠴᠢᠯ ᠬᠢᠭᠡᠳ ᠣᠷᠳᠣ᠌ ᠴᠠᠭᠠᠨ ᠬᠡᠷᠡᠮ᠎ᠦᠨ 《ᠠᠭᠤᠯᠵᠠᠷ》᠎ᠤᠨ ᠥᠪᠡᠷᠮᠢᠴᠡ ᠡᠬᠢ ᠪᠠᠶᠠᠯᠢᠭ᠋᠎ᠢ ᠠᠮᠢᠳᠤᠯᠢᠭ᠍ᠵᠢᠭᠤᠯᠤᠭ᠍ᠰᠠᠨᠢᠶᠠᠷ ᠪᠠᠷᠠᠬᠤ ᠦᠭᠡᠢ᠂ ᠨᠠᠩ ᠴᠤ᠌ ᠰᠣᠶᠣᠯ᠎ᠤᠨ ᠡᠯᠧᠮᠧᠨ᠋ᠲ᠎ᠢ ᠠᠭᠤᠯᠠ ᠤᠰᠤᠨ᠎ᠳᠤ ᠠᠭᠤᠰᠬᠠᠵᠤ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶ᠋ᠢ ᠠᠬᠢᠭᠤᠯᠬᠤ ᠣᠯᠠᠨ ᠡᠰᠢᠲᠦ ᠬᠠᠮᠲᠤ᠎ᠪᠠᠷ ᠠᠰᠢᠭ᠋ ᠭᠥᠷᠳᠡᠬᠦ᠎ᠶᠢ ᠪᠡᠶᠡᠯᠡᠭᠦᠯᠵᠦ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶ᠋ᠢ ᠠᠬᠢᠭᠤᠯᠬᠤ ᠠᠮᠢᠳᠤᠯᠢᠭ᠋ ᠦᠢᠯᠡᠳᠦᠯᠭᠡ᠎ᠶᠢᠨ ᠭᠠᠵᠠᠷ ᠪᠠ ᠭᠣᠣᠯᠯᠠᠬᠤ ᠴᠣᠩᠬᠣᠪᠴᠢ᠎ᠶ᠋ᠢ ᠠᠮᠵᠢᠯᠲᠠ᠎ᠲᠠᠢ ᠴᠣᠭᠴᠠᠯᠠᠭᠰᠠᠨ ᠪᠠᠢᠨ᠎ᠠ᠃
ᠳᠠᠷᠠᠭᠠᠴᠢ᠎ᠶᠢᠨ ᠠᠯᠬᠤᠮ᠎ᠳᠤ᠂ ᠬᠥᠬᠡᠬᠣᠲᠠ᠎ᠶᠢᠨ ᠬᠢᠨ ᠯᠣᠣ ᠨᠢᠦ ᠸᠠᠨ ᠬᠠᠲᠤᠨ ᠭᠣᠣᠯ᠎ᠤᠨ ᠶᠡᠬᠡ ᠬᠠᠪᠴᠢᠯ᠎ᠤᠨ ᠵᠢᠭᠤᠯᠴᠢᠯᠠᠯ᠎ᠤᠨ ᠣᠷᠣᠨ᠎ᠤ ᠤᠯᠤᠰ᠎ᠤᠨ ᠲᠤᠷᠰᠢᠯᠲᠠ᠎ᠶᠢᠨ ᠴᠡᠭ᠎ᠦᠨ ᠲᠥᠷᠥᠯ ᠵᠦᠢᠯ᠎ᠳᠦ ᠰᠣᠩᠭᠣᠭᠳᠠᠭᠰᠠᠨ᠎ᠢᠶᠠᠷ ᠠᠵᠠ ᠲᠣᠬᠢᠶᠠᠯ ᠪᠣᠯᠭᠠᠵᠤ᠂ ᠬᠠᠲᠤᠨ ᠭᠣᠣᠯ᠎ᠤᠨ ᠰᠣᠶᠣᠯ ᠪᠠ ᠵᠢᠭᠤᠯᠴᠢᠯᠠᠯ᠎ᠤᠨ ᠠᠵᠤ ᠦᠢᠯᠡᠰ᠎ᠦᠨ ᠠᠭᠤᠰᠤᠯᠴᠠᠭ᠍ᠰᠠᠨ ᠬᠥᠭ᠌ᠵᠢᠯᠲᠡ᠎ᠶ᠋ᠢᠨ ᠲᠠᠰ ᠳᠡᠪᠱᠢᠭ᠌ᠰᠡᠨ ᠪᠠᠢᠳᠠᠯ᠎ᠢ ᠴᠢᠷᠮᠠᠢᠨ ᠪᠣᠶ ᠪᠣᠯᠭᠠᠵᠤ᠂ 《ᠬᠠᠲᠤᠨ ᠭᠣᠣᠯ᠎ᠤᠨ ᠨᠢᠭᠡᠳᠦᠭᠡᠷ ᠪᠤᠯᠤᠩ》 ᠬᠢᠭᠡᠳ 《ᠬᠠᠲᠤᠨ ᠭᠣᠣᠯ ᠣᠷᠳᠣ᠌ ᠴᠠᠭᠠᠨ ᠬᠡᠷᠡᠮ᠎ᠦᠨ ᠠᠭᠤᠯᠵᠠᠷ》 ᠵᠡᠷᠭᠡ ᠳᠤᠮᠳᠠᠳᠤ᠎ᠶᠢᠨ ᠰᠣᠶᠣᠯ᠎ᠤᠨ ᠲᠡᠮᠳᠡᠭ᠎ᠢ ᠭᠡᠷᠡᠯᠲᠦᠭᠦᠯᠬᠦ᠌᠎ᠪᠡᠷ ᠳᠠᠮᠵᠢᠭᠤᠯᠤᠨ᠂ ᠨᠠᠷᠠᠲᠤ ᠲᠡᠮᠳᠡᠭ᠎ᠦᠨ ᠳᠥᠷᠢ ᠳᠥᠷᠬᠦ᠌ᠪᠡᠨ ᠦᠷᠭᠦᠯᠵᠢᠯᠡᠨ ᠳᠡᠭᠡᠭ᠌ᠰᠢᠯᠡᠭᠦᠯᠵᠦ᠍᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶ᠋ᠢ ᠠᠬᠢᠭᠤᠯᠬᠤ ᠳᠤᠮᠳᠠᠬᠢ ᠦᠵᠡᠮᠵᠢ᠎ᠶᠢᠨ ᠣᠷᠣᠨ᠎ᠤ ᠥᠷᠲᠡᠭ ᠠᠭᠤᠯᠤᠭᠳᠠᠬᠤᠨ᠎ᠢ ᠭᠦᠢᠴᠡᠳ ᠢᠯᠡᠷᠡᠭᠦᠯᠦᠨ᠎ᠡ᠃ ᠰᠣᠶᠣᠯ ᠵᠢᠭᠤᠯᠴᠢᠯᠠᠯ᠎ᠤᠨ ᠣᠢᠯᠠᠭᠠᠯᠲᠠ᠎ᠪᠠᠷ ᠳᠠᠮᠵᠢᠭᠤᠯᠵᠤ᠂ ᠵᠢᠭᠤᠯᠴᠢᠯᠠᠭ᠍ᠰᠠᠳ᠎ᠲᠤ ᠳᠤᠮᠳᠠᠳᠤ᠎ᠶ᠋ᠢᠨ ᠰᠣᠶᠣᠯ᠎ᠤᠨ ᠷᠢᠳᠢ ᠰᠢᠳᠢ᠎ᠶᠢ ᠭᠦᠨ ᠣᠢᠯᠠᠭᠠᠭᠤᠯᠵᠤ᠂ ᠯᠣᠣ ᠨᠢᠦ ᠸᠠᠨ ᠬᠠᠳᠤᠨ ᠭᠣᠣᠯ᠎ᠤᠨ ᠶᠡᠬᠡ ᠬᠠᠪᠴᠢᠯ᠎ᠤᠨ ᠵᠢᠭᠤᠯᠴᠢᠯᠠᠯ᠎ᠤᠨ ᠣᠷᠣᠨ᠎ᠢ ᠵᠢᠭᠤᠯᠴᠢᠯᠠᠯ᠎ᠢᠶᠠᠷ 《ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ》᠎ᠶ᠋ᠢ ᠠᠬᠢᠭᠤᠯᠬᠤ ᠭᠣᠣᠯ ᠴᠣᠩᠬᠣᠪᠴᠢ ᠪᠣᠯᠭᠠᠨ ᠪᠦᠲᠦᠭᠡᠨ ᠪᠠᠢᠭᠤᠯᠵᠤ᠂ 《ᠲᠠᠪᠤᠨ ᠬᠠᠮᠲᠤ᠎ᠶ᠋ᠢᠨ ᠲᠠᠨᠢᠯᠲᠠ》᠎ᠶ᠋ᠢ ᠳᠠᠰᠤᠷᠠᠯᠳᠠ ᠦᠭᠡᠢ ᠴᠢᠩᠭᠠᠷᠠᠭᠤᠯᠤᠨ᠂ ᠦᠨᠳᠦᠰᠦᠲᠡᠨ᠎ᠨᠦᠭᠦᠳ᠎ᠦᠨ ᠵᠢᠭᠤᠯᠴᠢᠯᠠᠭ᠍ᠰᠠᠳ᠎ᠤᠨ ᠵᠢᠭᠤᠯᠴᠢᠯᠠᠯ᠎ᠤᠨ ᠶᠠᠪᠤᠴᠠ᠎ᠳᠤ ᠤᠬᠠᠮᠰᠠᠷ᠎ᠠᠴᠠ᠎ᠪᠠᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯᠭᠠᠨ᠎ᠠ᠃