ᠤᠮᠠᠷᠠᠲᠤ ᠬᠢᠵᠠᠭᠠᠷ᠎ᠤᠨ ᠰᠣᠶᠣᠯ᠎ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭᠠᠨ   -   ᠠᠵᠢᠯ ᠶᠠᠪᠤᠭ᠍ᠳᠠᠵᠤ ᠪᠤᠢ
《ᠵᠠᠭᠤᠨ ᠤᠷᠠᠯᠢᠭ᠍ᠴᠢᠳ᠎ᠤᠨ ᠤᠷᠠᠨ ᠰᠡᠳᠭᠢᠬᠦᠢ》 ᠠᠷᠠᠳ᠎ᠤᠨ ᠭᠠᠷ ᠤᠷᠠᠯᠠᠯ᠎ᠤᠨ ᠪᠦᠲᠦᠭᠡᠯ᠎ᠦᠨ ᠦᠵᠡᠭᠦᠯᠭᠡ ᠬᠢᠭᠡᠳ ᠬᠠᠩᠵᠧᠦ ᠬᠦᠬᠡᠬᠣᠲᠠ᠎ᠶ᠋ᠢᠨ ᠠᠷᠠᠳ᠎ᠤᠨ ᠭᠠᠷ ᠤᠷᠠᠯᠠᠯ᠎ᠤᠨ ᠬᠠᠮᠲᠤᠷᠠᠭᠰᠠᠨ ᠦᠵᠡᠭᠦᠯᠭᠡ ᠬᠠᠩᠵᠧᠦ᠎ᠳᠦ ᠶᠠᠪᠤᠭᠳᠠᠪᠠ
ᠨᠡᠶ᠋ᠢᠲᠡᠯᠡᠭᠰᠡᠨ ᠴᠠᠭ᠄ 2025-10-30

10 ᠳ᠋ᠤᠭᠠᠷ ᠰᠠᠷ᠎ᠠ᠎ᠶᠢᠨ 28 ᠎ᠤ ᠡᠳᠦᠷ᠂ ᠰᠤᠷᠪᠤᠯᠵᠢᠯᠠᠭ᠍ᠴᠢ ᠬᠥᠬᠡᠬᠣᠲᠠ᠎ᠶᠢᠨ ᠤᠳᠬ᠎ᠠ ᠤᠷᠠᠯᠢᠭ᠋᠎ᠤᠨ ᠬᠢᠨ᠎ᠦ ᠬᠣᠯᠪᠣᠭᠠᠲᠤ ᠬᠤᠷᠠᠯ᠎ᠠᠴᠠ ᠣᠢᠯᠠᠭᠠᠭᠰᠠᠨ᠎ᠢᠶᠠᠷ᠂ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠡᠷ ᠤᠯᠠᠷᠢᠭᠤᠯᠬᠤ ᠪᠠ ᠰᠢᠨ᠎ᠡ᠎ᠶᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ᠎ᠶᠢ ᠠᠬᠢᠭᠤᠯᠬᠤ᠎ᠶᠢᠨ ᠲᠥᠯᠥᠭᠡ᠂ ᠬᠠᠩᠵᠧᠦ ᠬᠣᠲᠠ᠎ᠶᠢᠨ 《ᠵᠠᠭᠤᠨ ᠤᠷᠠᠯᠢᠭ᠍ᠴᠢᠳ᠎ᠤᠨ ᠤᠷᠠᠨ ᠰᠡᠳᠭᠢᠬᠦᠢ》 ᠠᠷᠠᠳ᠎ᠤᠨ ᠭᠠᠷ ᠤᠷᠠᠯᠠᠯ᠎ᠤᠨ ᠪᠦᠲᠦᠭᠡᠯ᠎ᠦᠨ ᠦᠵᠡᠭᠦᠯᠭᠡ ᠬᠢᠭᠡᠳ 《ᠬᠠᠩᠵᠧᠦ · ᠬᠥᠬᠡᠬᠣᠲᠠ》᠎ᠶ᠋ᠢᠨ ᠠᠷᠠᠳ᠎ᠤᠨ ᠭᠠᠷ ᠤᠷᠠᠯᠠᠯ᠎ᠤᠨ ᠬᠠᠮᠲᠤᠷᠠᠭᠰᠠᠨ ᠦᠵᠡᠭᠦᠯᠭᠡ ᠣᠢᠷ᠎ᠠ᠎ᠳᠤ ᠬᠠᠩᠵᠧᠦ᠎ᠳᠦ ᠶᠠᠪᠤᠭᠳᠠᠪᠠ᠃ 

ᠠᠵᠢᠯᠯᠠᠭ᠎ᠠ᠎ᠶᠢᠨ ᠳᠤᠮᠳᠠ᠂ ᠬᠠᠩᠵᠧᠦ ᠬᠤᠲᠠ ᠪᠠ ᠬᠥᠬᠡᠬᠣᠲᠠ ᠬᠣᠶᠠᠷ ᠭᠠᠵᠠᠷ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠤᠯᠠᠮᠵᠢᠯᠠᠭ᠍ᠴᠢ ᠵᠢᠴᠢ ᠰᠢᠯᠢᠳᠡᠭ ᠠᠷᠠᠳ᠎ᠤᠨ ᠤᠷᠠᠯᠢᠭ᠍ᠴᠢᠨ ᠵᠡᠷᠭᠡ ᠮᠠᠰᠢ ᠤᠯᠠᠨ ᠤᠷᠠᠯᠢᠭ᠍ᠴᠢᠳ ᠶᠠᠫᠤᠨ᠎ᠢ ᠡᠰᠡᠷᠭᠦᠴᠡᠭ᠌ᠰᠡᠨ ᠳᠠᠢᠨ ᠢᠯᠠᠯᠲᠠ ᠣᠯᠣᠭᠰᠠᠨ 80 ᠵᠢᠯ᠎ᠦᠨ ᠤᠢ᠎ᠶᠢ ᠳᠤᠷᠠᠰᠬᠠᠬᠤ ᠭᠣᠣᠯ ᠰᠡᠳᠦᠪ᠎ᠦᠨ ᠲᠣᠭᠣᠷᠢᠨ᠎ᠳᠤ ᠡᠯ᠎ᠡ ᠲᠦᠷᠦᠯ᠎ᠦᠨ ᠭᠠᠷ ᠤᠷᠠᠯᠠᠯ᠂ ᠤᠷᠠᠨ ᠪᠢᠴᠢᠯᠭᠡ ᠤᠷᠠᠨ ᠵᠢᠷᠤᠭ᠎ᠤᠨ ᠪᠦᠲᠦᠭᠡᠯ᠎ᠤᠳ᠎ᠢ 200 ᠭᠠᠷᠤᠢ ᠵᠣᠬᠢᠶᠠᠵᠤ ᠳᠡᠯᠭᠡᠨ ᠦᠵᠡᠭᠦᠯᠵᠡᠢ᠃ ᠡᠲᠡᠭᠡᠷ ᠪᠦᠲᠦᠭᠡᠯ᠎ᠤᠳ ᠨᠢ ᠨᠢᠭᠡ ᠲᠠᠯ᠎ᠠ᠎ᠪᠠᠷ ᠪᠢᠷ ᠪᠡᠬᠡᠰ᠎ᠤᠨ ᠷᠢᠳᠢ ᠱᠢᠳᠢ᠎ᠪᠡᠷ ᠲᠠᠢ᠍ᠢᠨ᠎ᠦ ᠳᠠᠷᠢ᠎ᠶᠢᠨ ᠤᠳᠤᠭ᠎ᠠ ᠪᠣᠯᠣᠨ ᠡᠩᠬᠡ ᠲᠠᠢᠪᠤᠩ᠎ᠤᠨ ᠦᠷ᠎ᠦᠨ ᠲᠤᠶᠠᠭ᠎ᠠ᠎ᠶᠢ ᠵᠢᠷᠤᠭ᠍ᠯᠠᠵᠤ ᠨᠥᠭᠥᠭᠡ ᠎ᠪᠠᠷ ᠤᠷᠠᠨ ᠭᠠᠷ ᠤᠷᠠᠯᠢᠭ ᠰᠡᠳᠭᠢᠬᠦᠢ᠎ᠪᠡᠷ᠎ᠢᠶᠡᠨ ᠪᠠᠭᠠᠲᠤᠷᠴᠤᠳ᠎ᠤᠨ ᠳᠥᠷᠢ ᠳᠥᠷᠬᠦ᠌ ᠬᠢᠭᠡᠳ ᠦᠨᠳᠦᠰᠦᠲᠡᠨ᠎ᠦ ᠨᠢᠷᠤᠭᠤ ᠲᠤᠯᠭᠠᠭᠤᠷᠢ᠎ᠶ᠋ᠢ ᠱᠤᠭᠤᠨ ᠪᠦᠲᠦᠭᠡᠵᠦ᠍᠂ ᠰᠢᠨ᠎ᠡ ᠴᠠᠭ ᠦᠶ᠎ᠡ᠎ᠶᠢᠨ ᠠᠷᠠᠳ᠎ᠤᠨ ᠤᠷᠠᠯᠢᠭ᠍ᠴᠢᠳ᠎ᠤᠨ ᠭᠣᠢᠳᠠ ᠰᠠᠢᠬᠠᠨ ᠤᠷ᠎ᠠ ᠮᠡᠷᠭᠡᠵᠢᠯ᠎ᠢ ᠢᠯᠡᠷᠡᠭᠦᠯᠦᠨ᠂ ᠠᠷᠠᠳ᠎ᠤᠨ ᠭᠠᠷ ᠤᠷᠠᠯᠠᠯ᠎ᠤᠨ ᠤᠯᠠᠮᠵᠢᠯᠠᠨ ᠵᠠᠯᠭᠠᠮᠵᠢᠯᠠᠭ᠍ᠳᠠᠵᠤ ᠰᠢᠨ᠎ᠡ᠎ᠶᠢ ᠡᠭᠦᠳᠬᠦ ᠶᠠᠪᠤᠴᠠ᠎ᠳᠤ ᠪᠠᠳᠠᠷᠠᠭᠰᠠᠨ ᠴᠤᠭ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠴᠦ᠍ ᠢᠯᠡᠷᠡᠭᠦᠯᠦᠭᠰᠡᠨ ᠪᠠᠢᠨ᠎ᠠ᠃ 

ᠲᠠᠨᠢᠯᠴᠠᠭᠤᠯᠤᠭᠰᠠᠨ᠎ᠢᠶᠠᠷ᠂ ᠠᠵᠢᠯᠯᠠᠭ᠎ᠠ᠎ᠶᠢᠨ ᠬᠤᠭᠤᠴᠠᠭᠠᠨ᠎ᠳᠤ ᠪᠠᠰᠠ ᠬᠠᠩᠵᠧᠦ ᠬᠣᠲᠠ᠎ᠶᠢᠨ ᠠᠷᠠᠳ᠎ᠤᠨ ᠤᠳᠬ᠎ᠠ ᠤᠷᠠᠯᠢᠭ᠍ᠴᠢᠳ᠎ᠤᠨ ᠨᠡᠢᠭᠡᠮᠯᠢᠭ᠎ᠡᠴᠡ ᠠᠷᠠᠳ᠎ᠤᠨ ᠤᠳᠬ᠎ᠠ ᠤᠷᠠᠯᠢᠭ᠋᠎ᠤᠨ ᠪᠣᠯᠪᠠᠰᠤᠷᠠᠯ ᠰᠣᠯᠢᠯᠴᠠᠭᠠᠨ᠎ᠤ ᠬᠤᠷᠠᠯ᠎ᠢ ᠬᠤᠷᠠᠯᠳᠤᠭᠤᠯᠵᠠᠢ᠃ ᠰᠣᠯᠢᠯᠴᠠᠭᠠᠨ᠎ᠤ ᠠᠵᠢᠯᠯᠠᠭ᠎ᠠ ᠳᠤᠮᠳᠠ᠂ ᠬᠥᠬᠡᠬᠣᠲᠠ᠎ᠶᠢᠨ ᠠᠷᠠᠳ᠎ᠤᠨ ᠤᠳᠬ᠎ᠠ ᠤᠷᠠᠯᠢᠭ᠍ᠴᠢᠳ᠎ᠤᠨ ᠨᠡᠢᠭᠡᠮᠯᠢᠭ᠎ᠦᠨ ᠲᠥᠯᠥᠭᠡᠯᠡᠭᠴᠢᠳ᠎ᠦᠨ ᠪᠦᠯᠬᠦᠮ ᠪᠠ ᠬᠠᠩᠵᠧᠦ ᠬᠤᠲᠠ᠎ᠶᠢᠨ ᠠᠷᠠᠳ᠎ᠤᠨ ᠤᠳᠬ᠎ᠠ ᠤᠷᠠᠯᠢᠭ᠍ᠴᠢᠳ᠎ᠤᠨ ᠨᠡᠢᠭᠡᠮᠯᠢᠭ ᠵᠢᠴᠢ ᠬᠠᠩᠵᠧᠦ ᠬᠤᠲᠠ᠎ᠶᠢᠨ ᠡᠯ᠎ᠡ ᠲᠣᠭᠣᠷᠢᠭ᠋ ᠰᠢᠶᠠᠨ᠎ᠤ ᠠᠷᠠᠳ᠎ᠤᠨ ᠤᠳᠭ᠎ᠠ ᠤᠷᠠᠯᠢᠭ᠍ᠴᠢᠳ᠎ᠤᠨ ᠨᠡᠢᠭᠡᠮᠯᠢᠭ᠎ᠦᠨ ᠵᠠᠭᠤ ᠰᠢᠬᠠᠮ ᠰᠢᠨ᠎ᠡ ᠬᠠᠭᠤᠴᠢᠨ ᠭᠡᠰᠢᠭᠦᠳ ᠬᠠᠮᠲᠤ᠎ᠪᠠᠷ ᠲᠠᠢᠯᠤᠮᠵᠢ᠎ᠶᠢ ᠰᠣᠨᠣᠰᠤᠭ᠍ᠰᠠᠨ᠎ᠤ ᠬᠠᠮᠲᠤ ᠠᠷᠠᠳ᠎ᠤᠨ ᠭᠠᠷ ᠤᠷᠠᠯᠠᠯ᠎ᠳᠤ ᠰᠢᠨ᠎ᠡ᠎ᠶᠢ ᠡᠭᠦᠳᠬᠦ ᠬᠥᠭᠵᠢᠯᠲᠡ᠎ᠶᠢᠨ ᠲᠣᠭᠣᠷᠢᠨ᠎ᠳᠤ ᠶᠠᠷᠢᠯᠴᠠᠭ᠎ᠠ ᠦᠷᠨᠢᠭᠦᠯᠦᠨ᠂ ᠤᠯᠠᠮᠵᠢᠯᠠᠯᠲᠤ ᠭᠠᠷ ᠤᠷᠠᠯᠠᠯ ᠪᠣᠯᠣᠨ ᠤᠳᠤ ᠦᠶ᠎ᠡ᠎ᠶᠢᠨ ᠵᠢᠷᠤᠭ ᠲᠥᠯᠥᠪᠯᠡᠭᠡ᠎ᠶᠢ ᠠᠭᠤᠰᠤᠯᠴᠠᠭᠤᠯᠤᠭᠰᠠᠨ ᠣᠯᠣᠯᠲᠠ ᠪᠠ ᠲᠤᠷᠰᠢᠯᠭ᠎ᠠ᠎ᠪᠠᠨ ᠰᠣᠯᠢᠯᠴᠠᠵᠠᠢ᠃ ᠬᠤᠷᠠᠯ᠎ᠳᠤ ᠣᠷᠣᠯᠴᠠᠭᠰᠠᠳ ᠢᠯᠡᠷᠬᠡᠢᠯᠡᠬᠦ᠎ᠳᠤ᠎ᠪᠠᠨ᠂ ᠠᠷᠠᠳ᠎ᠤᠨ ᠭᠠᠷ ᠤᠷᠠᠯᠠᠯ᠎ᠤᠨ ᠠᠵᠢᠯ ᠡᠷᠬᠢᠯᠡᠭᠴᠢᠳ ᠲᠥᠪ ᠶᠣᠰᠣ᠌᠎ᠶ᠋ᠢ ᠡᠷᠬᠢᠮᠯᠡᠨ ᠰᠢᠨ᠎ᠡ᠎ᠶᠢ ᠡᠭᠦᠳᠬᠦ᠎ᠪᠡᠷ ᠦᠨᠳᠦᠰᠦᠨ ᠵᠠᠷᠴᠢᠮ᠎ᠢᠶᠡᠨ ᠪᠣᠯᠭᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠬᠥᠭᠵᠢᠯᠲᠡ᠎ᠶᠢ ᠲᠦᠷᠭᠡᠳᠬᠡᠬᠦ᠎ᠪᠡᠷ ᠭᠣᠣᠯ ᠬᠠᠷᠠᠯᠲᠠ᠎ᠪᠠᠨ ᠪᠣᠯᠭᠠᠵᠤ᠂ ᠠᠷᠠᠳ᠎ᠤᠨ ᠤᠳᠬ᠎ᠠ ᠤᠷᠠᠯᠢᠭ᠋᠎ᠤᠨ ᠣᠲᠣ᠌ ᠦᠶ᠎ᠡ᠎ᠳᠠᠬᠢ ᠤᠯᠠᠷᠢᠭᠤᠯᠤᠯᠲᠠ᠎ᠶ᠋ᠢᠨ ᠠᠵᠢᠯ᠎ᠢ ᠢᠳᠡᠪᠬᠢᠲᠡᠢ ᠰᠠᠢᠲᠤᠷ ᠬᠢᠬᠦ ᠬᠡᠷᠡᠭᠲᠡᠢ ᠭᠡᠵᠡᠢ᠃ 

ᠡᠨᠡ ᠬᠦ᠌ ᠤᠳᠠᠭᠠᠨ᠎ᠤ ᠠᠵᠢᠯᠯᠠᠭ᠎ᠠ ᠨᠢ ᠬᠠᠩᠵᠧᠦ ᠬᠦᠬᠡᠬᠣᠲᠠ ᠬᠣᠶᠠᠷ ᠭᠠᠵᠠᠷ᠎ᠤᠨ ᠠᠷᠠᠳ᠎ᠤᠨ ᠤᠷᠠᠯᠢᠭ᠋᠎ᠤᠨ ᠰᠣᠯᠢᠯᠴᠠᠭ᠎ᠠ ᠶᠠᠷᠢᠯᠴᠠᠭ᠎ᠠ᠎ᠶᠢ ᠠᠬᠢᠭᠤᠯᠵᠤ᠂ ᠨᠠᠩ ᠣᠯᠠᠨ ᠤᠷᠠᠯᠢᠭ᠋᠎ᠤᠨ ᠪᠠᠬᠠᠲᠠᠳ᠎ᠲᠤ ᠠᠷᠠᠳ᠎ᠤᠨ ᠤᠷᠠᠯᠢᠭ᠋᠎ᠤᠨ ᠥᠪᠡᠷᠮᠢᠴᠡ ᠷᠢᠳᠢ ᠰᠢᠳᠢ᠎ᠶᠢ ᠣᠢᠯᠠᠭᠠᠭᠤᠯᠤᠨ᠂ ᠳᠤᠮᠳᠠᠳᠤ᠎ᠶ᠋ᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠷᠢᠳᠢ ᠰᠢᠳᠢ ᠪᠠ ᠴᠠᠭ ᠦᠶ᠎ᠡ᠎ᠶᠢᠨ ᠵᠣᠷᠢᠭ᠋ ᠰᠠᠨᠠᠭ᠎ᠠ᠎ᠶᠢ ᠬᠠᠷᠠᠭᠤᠯᠪᠠ᠃ 

ᠲᠣᠰ ᠠᠵᠢᠯᠯᠠᠭ᠎ᠠ᠎ᠶᠢ ᠬᠠᠩᠵᠧᠦ ᠬᠣᠲᠠ᠎ᠶᠢᠨ ᠤᠳᠬ᠎ᠠ ᠤᠷᠠᠯᠢᠭ᠋᠎ᠤᠨ ᠬᠢᠨ᠎ᠦ ᠬᠣᠯᠪᠣᠭᠠᠲᠤ ᠬᠤᠷᠠᠯ᠂ ᠬᠥᠬᠡᠬᠣᠲᠠ᠎ᠶᠢᠨ ᠤᠳᠬ᠎ᠠ ᠤᠷᠠᠯᠢᠭ᠋᠎ᠤᠨ ᠬᠢᠨ᠎ᠦ ᠬᠣᠯᠪᠣᠭᠠᠲᠤ ᠬᠤᠷᠠᠯ᠂ ᠬᠠᠩᠵᠧᠦ ᠬᠣᠲᠠ᠎ᠶᠢᠨ ᠰᠣᠶᠣᠯ ᠷᠠᠳᠢᠣ᠋ ᠲᠧᠯᠸᠢᠰ ᠵᠢᠭᠤᠯᠴᠢᠯᠠᠯ᠎ᠤᠨ ᠲᠣᠪᠴᠢᠶ᠎ᠠ ᠭᠣᠣᠯᠯᠠᠨ ᠡᠷᠬᠢᠯᠡᠵᠡᠢ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ